ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2019/4/2
                       ᠥᠪᠥᠷ ᠵᠠᠰᠠᠭ ᠲᠠᠷᠬᠠᠭᠠᠭᠰᠠᠨ ﹇2018﹈ 46 ᠳ᠋ᠤᠭᠠᠷ ᠲᠣᠭᠠᠲᠤ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ      ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠵᠤ ᠥᠭᠬᠦ ᠴᠢᠳᠠᠪᠤᠷᠢ ᠪᠣᠯᠣᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠬᠤ ᠶᠢᠨ ᠲᠤᠰᠠᠳᠠ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ︽ᠲᠥᠪ ᠤᠨ ᠪᠣᠯᠣᠨ ᠣᠷᠣᠨ ᠨᠤᠲᠤᠭ ᠤᠨ ᠬᠢᠨ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠵᠢᠭᠦᠯᠬᠦ ᠰᠠᠨᠠᠯ︾ ︵ᠲᠥᠷᠥ ᠲᠠᠷᠬᠠᠭᠠᠭᠰᠠᠨ ﹇2016﹈ 49 ᠳ᠋ᠤᠭᠡᠷ ᠲᠣᠭᠠᠲᠤ︶᠂ ︽ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠲᠥᠪ ᠤᠨ ᠪᠣᠯᠣᠨ ᠣᠷᠣᠨ ᠨᠤᠲᠤᠭ ᠤᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ 6 ᠳ᠋ᠤᠭᠠᠷ ᠲᠣᠭᠠᠲᠤ︶ ᠪᠣᠯᠣᠨ ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠵᠡᠷᠭᠡ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠲᠣᠭᠲᠠᠭᠤᠨ ᠪᠠᠶᠢᠯᠭᠠᠬᠤ ᠪᠦᠭᠡᠳ ᠣᠷᠤᠭᠰᠢᠯᠠᠭᠤᠯᠬᠤ ᠪᠠᠷ ᠴᠢᠷᠮᠠᠶᠢᠬᠤ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠴᠢᠨᠠᠷ ᠰᠠᠶᠢᠲᠠᠢ ᠬᠥᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠬᠤ᠂ ᠵᠠᠰᠠᠭ ᠤᠨ ᠣᠷᠳᠣᠨ ᠤ ᠬᠤᠭᠤᠷᠣᠨᠳᠤᠬᠢ ᠡᠷᠬᠡ ᠪᠣᠯᠣᠨ ᠬᠠᠷᠢᠭᠤᠴᠠᠯᠭ᠎ᠠ ᠨᠢ ᠲᠣᠳᠣᠷᠬᠠᠢ᠂ ᠡᠳ᠋ ᠤᠨ ᠬᠦᠴᠦᠨ ᠨᠢ ᠵᠣᠬᠢᠴᠠᠯᠳᠤᠭᠰᠠᠨ᠂ ᠣᠷᠣᠨ ᠪᠦᠰᠡ ᠪᠠᠷ ᠢᠶᠠᠨ ᠲᠡᠩᠴᠡᠭᠦᠨ ᠪᠠᠶᠢᠬᠤ ᠡᠳ᠋ ᠤᠨ ᠵᠠᠰᠠᠭ ᠤᠨ ᠬᠠᠷᠢᠴᠠᠭ᠎ᠠ ᠶᠢ ᠪᠣᠢ ᠪᠣᠯᠭᠠᠬᠤ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠡᠷᠬᠡ ᠪᠣᠯᠣᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠢᠯᠭᠠᠨ ᠲᠣᠭᠲᠠᠭᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠶᠢᠨ ᠬᠡᠪᠴᠢᠶ᠎ᠡ ᠶᠢ ᠲᠣᠭᠲᠠᠭᠠᠨ᠂ ᠦᠨᠳᠦᠰᠦᠨ ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠳᠠᠨ ᠡᠭᠦᠷᠭᠡᠯᠡᠬᠦ ᠠᠷᠭ᠎ᠠ ᠬᠡᠯᠪᠡᠷᠢ ᠶᠢ ᠨᠢ ᠵᠢᠷᠤᠮᠵᠢᠭᠤᠯᠤᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠳᠤ ᠣᠷᠤᠭᠤᠯᠤᠯᠲᠠ ᠪᠠᠨ ᠨᠡᠮᠡᠭᠳᠡᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠰᠢᠬᠦ ᠶᠢ ᠲᠦᠷᠭᠡᠳᠬᠡᠨ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠂ ᠥᠵᠡᠰᠭᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠬᠦᠴᠦᠨ ᠲᠡᠭᠦᠯᠳᠡᠷ ᠪᠠᠲᠤᠯᠠᠭ᠎ᠠ ᠬᠠᠩᠭᠠᠵᠤ ᠥᠭᠭᠦᠨ᠎ᠡ᠃      ᠬᠤᠶᠠᠷ᠂ ᠦᠨᠳᠦᠰᠦᠨ ᠵᠠᠷᠴᠢᠮ      — ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ ᠲᠥᠪ ᠤᠨ ᠥᠭᠡᠷᠡᠴᠢᠯᠡᠯᠲᠡ ᠬᠢᠬᠦ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠣᠨᠣᠪᠴᠢᠲᠠᠢ ᠡᠵᠡᠮᠰᠢᠨ᠂ ᠲᠥᠪ ᠤᠨ ᠲᠣᠭᠲᠠᠭᠠᠭᠰᠠᠨ ᠥᠭᠡᠷᠡᠴᠢᠯᠡᠯᠲᠡ ᠬᠢᠬᠦ ᠵᠠᠮ ᠮᠥᠷ ᠪᠣᠯᠣᠨ ᠠᠷᠭ᠎ᠠ ᠬᠡᠯᠪᠡᠷᠢ ᠶᠣᠰᠣᠭᠠᠷ ᠠᠷᠠᠳ ᠲᠦᠮᠡᠨ ᠤ ᠬᠠᠮᠤᠭ ᠠᠴᠠ ᠬᠠᠯᠠᠮᠵᠢᠯᠠᠵᠤ ᠬᠠᠮᠤᠭ ᠤᠨ ᠰᠢᠭᠤᠳ ᠪᠦᠭᠡᠳ ᠬᠠᠮᠤᠭ ᠤᠨ ᠪᠤᠳᠠᠳᠠᠢ ᠪᠣᠯᠬᠤ ᠠᠰᠢᠭ ᠲᠤᠰᠠ ᠶᠢ ᠰᠢᠢᠳᠪᠦᠷᠢᠯᠡᠬᠦ ᠠᠴᠠ ᠭᠠᠷᠳᠠᠵᠤ᠂ ᠡᠩ ᠲᠡᠷᠢᠭᠦᠨ ᠳᠤ ᠰᠤᠷᠭᠠᠨ ᠬᠥᠮᠥᠵᠢᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠥᠮᠥᠨ ᠯᠦᠭᠡ ᠰᠢᠭᠤᠳ ᠬᠤᠯᠪᠣᠭᠳᠠᠬᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠭᠤᠣᠯ ᠪᠣᠯᠬᠤ ᠵᠦᠢᠯᠡᠰ ᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠶᠢᠨ ᠬᠡᠪᠴᠢᠶᠡᠨ ᠳᠤ ᠣᠷᠤᠭᠤᠯᠬᠤ ᠪᠠᠷ ᠲᠣᠭᠲᠠᠭᠠᠬᠤ ᠶᠢᠨ ᠬᠠᠮᠲᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠬᠤ ᠪᠦᠭᠡᠳ ᠬᠠᠮᠢᠶ᠎ᠠ ᠪᠦᠬᠦᠢ ᠰᠢᠯᠵᠢᠭᠦᠯᠦᠨ ᠣᠯᠭᠤᠬᠤ ᠳᠦᠷᠢᠮ ᠢ ᠲᠡᠭᠦᠯᠳᠡᠷᠵᠢᠭᠦᠯᠦᠨ᠂ ᠠᠷᠠᠳ ᠣᠯᠠᠨ ᠳᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠨᠡᠩ ᠰᠠᠶᠢᠨ ᠢᠶᠠᠷ ᠬᠠᠩᠭᠠᠵᠤ ᠥᠭᠬᠦ ᠶᠢ ᠦᠨᠡᠨ ᠬᠦ ᠪᠠᠲᠤᠯᠠᠨ᠎ᠠ᠃      — ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠵᠢᠯ ᠢ ᠨᠢ ᠠᠬᠢᠭᠤᠯᠬᠤ ᠶᠢ ᠪᠠᠷᠢᠮᠲᠠᠯᠠᠨ᠎ᠠ᠃ ᠡᠯ᠎ᠡ ᠵᠦᠢᠯ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠦᠢᠯᠡᠰ ᠤᠨ ᠴᠢᠬᠤᠯᠠ ᠴᠢᠨᠠᠷ᠂ ᠠᠰᠢᠭ ᠬᠦᠷᠲᠡᠬᠦ ᠬᠡᠪᠴᠢᠶ᠎ᠡ ᠪᠣᠯᠣᠨ ᠲᠡᠩᠴᠡᠭᠦᠷᠢᠰᠢᠬᠦ ᠬᠡᠮᠵᠢᠶ᠎ᠡ᠂ ᠡᠯ᠎ᠡ ᠱᠠᠲᠤᠨ ᠤ ᠡᠳ᠋ ᠤᠨ ᠵᠠᠰᠠᠭ ᠤᠨ ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠵᠠᠷᠤᠯᠭ᠎ᠠ ᠶᠢᠨ ᠬᠠᠷᠢᠭᠤᠴᠠᠯᠭ᠎ᠠ ᠵᠢᠴᠢ ᠬᠤᠪᠢᠳᠠᠨ ᠡᠭᠦᠷᠭᠡᠯᠡᠬᠦ ᠠᠷᠭ᠎ᠠ ᠬᠡᠯᠪᠡᠷᠢ ᠶᠢ ᠲᠣᠭᠲᠠᠭᠠᠨ᠎ᠠ᠃ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠵᠢᠯ ᠢ ᠠᠬᠢᠭᠤᠯᠬᠤ ᠲᠠᠯ᠎ᠠ ᠳᠠᠬᠢ ᠥᠪᠡᠷᠲᠡᠭᠡᠨ ᠵᠠᠰᠠᠬᠤ ᠣᠷᠣᠨ ᠤ ᠡᠭᠦᠷᠭᠡ ᠬᠠᠷᠢᠭᠤᠴᠠᠯᠭ᠎ᠠ ᠶᠢ ᠳᠣᠬᠢᠷᠠᠯᠴᠠᠭᠤᠯᠤᠨ ᠴᠢᠩᠭᠠᠳᠬᠠᠵᠤ᠂ ᠠᠶᠢᠮᠠᠭ ᠬᠤᠲᠠ ᠵᠢᠴᠢ ᠲᠤᠰ ᠱᠠᠲᠤᠨ ᠠᠴᠠ ᠳᠣᠷᠣᠭᠰᠢᠬᠢ ᠵᠠᠰᠠᠭ ᠤᠨ ᠣᠷᠳᠣᠨ ᠤ ᠬᠢᠨ ᠤ ᠣᠷᠣᠨ ᠪᠦᠰᠡ ᠶᠢᠨ ᠬᠠᠮᠢᠶᠠᠷᠤᠯᠲᠠ ᠶᠢᠨ ᠳᠠᠪᠠᠭᠤᠯᠢᠭ ᠪᠣᠯᠣᠨ ᠢᠳᠡᠪᠬᠢᠵᠢᠯ ᠢ ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠶᠢ ᠦᠨᠡᠨ ᠬᠦ ᠭᠦᠢᠴᠡᠳᠬᠡᠯᠭᠡᠵᠦ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠬᠤ ᠶᠢ ᠪᠠᠲᠤᠯᠠᠨ᠎ᠠ᠃      — ᠪᠠᠲᠤᠯᠠᠬᠤ ᠪᠠᠷᠢᠮᠵᠢᠶ᠎ᠠ ᠶᠢᠨ ᠵᠣᠬᠢᠰᠲᠠᠢ ᠲᠣᠬᠢᠷᠠᠯᠴᠠᠭᠤᠯᠬᠤ ᠶᠢ ᠪᠠᠷᠢᠮᠲᠠᠯᠠᠨ᠎ᠠ᠃ ᠮᠠᠨ ᠤ ᠣᠷᠣᠨ ᠤ ᠠᠵᠣ ᠠᠬᠤᠢ ᠶᠢᠨ ᠬᠥᠭᠵᠢᠭᠡᠳᠦᠢ᠂ ᠶᠠᠳᠠᠭᠤ ᠶᠢ ᠲᠡᠳᠭᠦᠬᠦ ᠠᠵᠢᠯ ᠤᠨ ᠬᠥᠨᠳᠦ ᠪᠠᠶᠢᠭ᠎ᠠ ᠪᠣᠳᠠᠲᠠᠢ ᠶᠢ ᠰᠡᠷᠭᠡᠭ ᠢᠶᠠᠷ ᠲᠠᠨᠢᠵᠤ᠂ ᠴᠢᠳᠠᠯ ᠢᠶᠠᠷ ᠢᠶᠠᠨ ᠴᠢᠷᠮᠠᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠵᠢᠯ ᠢ ᠲᠦᠷᠭᠡᠳᠬᠡᠨ ᠠᠬᠢᠭᠤᠯᠵᠤ᠂ ᠴᠠᠭ ᠲᠤ ᠨᠢ ᠲᠣᠬᠢᠷᠠᠭᠤᠯᠤᠨ ᠪᠠᠷᠢᠮᠵᠢᠶ᠎ᠠ ᠶᠢ ᠲᠣᠬᠢᠷᠠᠭᠤᠯᠵᠤ᠂ ᠪᠠᠲᠤᠯᠠᠬᠤ ᠬᠢᠷᠢ ᠲᠥᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠪᠦᠭᠡᠳ ᠴᠢᠳᠠᠯ ᠤᠨ ᠢᠶᠠᠨ ᠬᠢᠷᠢ ᠪᠠᠷ ᠠᠵᠢᠯᠯᠠᠨ ᠠᠷᠠᠳ ᠤᠨ ᠦᠨᠳᠦᠰᠦᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠣᠳᠣᠯᠬᠢᠯᠠᠨ᠂ ᠡᠯ᠎ᠡ ᠱᠠᠲᠤᠨ ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠬᠠᠮᠲᠤ ᠳᠤ ᠨᠢ ᠬᠠᠷᠠᠭᠠᠯᠵᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠲᠤ ᠦᠶ᠎ᠡ ᠠᠴᠠ ᠳᠠᠪᠠᠭᠤᠯᠬᠤ ᠦᠭᠡᠢ ᠪᠠᠷ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠬᠤ ᠱᠤᠭᠤᠮ ᠢ ᠰᠠᠭᠤᠷᠢ ᠠᠴᠠ ᠨᠢ ᠪᠠᠲᠤᠳᠬᠠᠨ᠎ᠠ᠃      — ᠵᠥᠷᠢᠶᠡᠵᠢᠭᠦᠯᠵᠦ ᠬᠤᠪᠢᠳᠠᠨ ᠡᠭᠦᠷᠭᠡᠯᠡᠭᠦᠯᠬᠦ ᠶᠢ ᠪᠠᠷᠢᠮᠲᠠᠯᠠᠨ᠎ᠠ᠃ ᠡᠯ᠎ᠡ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠩᠴᠡᠭᠦᠨ ᠪᠤᠰᠤ ᠪᠠᠶᠢᠭ᠎ᠠ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠥᠪᠡᠷ ᠤᠨ ᠥᠷᠲᠡᠭ ᠪᠣᠯᠣᠨ ᠡᠳ᠋ ᠤᠨ ᠬᠦᠴᠦᠨ ᠤ ᠵᠥᠷᠢᠶ᠎ᠡ ᠨᠢ ᠢᠯᠡᠳᠳᠡ ᠪᠠᠶᠢᠭ᠎ᠠ ᠪᠣᠳᠠᠲᠠᠢ ᠶᠢ ᠭᠦᠢᠴᠡᠳ ᠪᠣᠳᠣᠯᠬᠢᠯᠠᠨ᠂ ᠥᠪᠡᠷᠲᠡᠭᠡᠨ ᠵᠠᠰᠠᠬᠤ ᠣᠷᠣᠨ ᠤ ᠡᠭᠦᠷᠭᠡᠯᠡᠬᠦ ᠵᠠᠷᠤᠯᠭ᠎ᠠ ᠶᠢᠨ ᠬᠠᠷᠢᠭᠤᠴᠠᠯᠭ᠎ᠠ ᠶᠢ ᠵᠢᠭᠠᠬᠠᠨ ᠢᠯᠭᠠᠭ᠎ᠠ ᠲᠠᠢ ᠪᠠᠶᠢᠯᠭᠠᠵᠤ᠂ ᠬᠦᠴᠢᠷᠳᠡᠯᠲᠡᠢ ᠭᠠᠵᠠᠷ ᠣᠷᠣᠨ ᠢ ᠬᠠᠷᠠᠭᠠᠯᠵᠠᠬᠤ᠂ ᠠᠷᠠᠳ ᠤᠨ ᠠᠮᠢᠳᠤᠷᠠᠯ ᠤᠨ ᠴᠢᠬᠤᠯᠠ ᠵᠦᠢᠯᠡᠰ ᠢ ᠬᠠᠷᠠᠭᠠᠯᠵᠠᠬᠤ᠂ ᠰᠠᠭᠤᠷᠢ ᠪᠠᠷᠢᠮᠵᠢᠶ᠎ᠠ ᠶᠢ ᠪᠠᠲᠤᠯᠠᠬᠤ ᠲᠡᠶᠢᠰᠢ ᠬᠡᠰᠡᠭ ᠬᠠᠷᠠᠭᠠᠯᠵᠠᠬᠤ ᠪᠠᠨ ᠢᠯᠡᠷᠡᠭᠦᠯᠬᠦ ᠶᠢᠨ ᠬᠠᠮᠲᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠳᠠᠨ ᠡᠭᠦᠷᠭᠡᠯᠡᠬᠦ ᠠᠷᠭ᠎ᠠ ᠬᠡᠯᠪᠡᠷᠢ ᠶᠢ ᠨᠢ ᠠᠯᠬᠤᠮ ᠠᠯᠬᠤᠮ ᠢᠶᠠᠷ ᠵᠢᠷᠤᠮᠵᠢᠭᠤᠯᠬᠤ ᠪᠠ ᠵᠣᠬᠢᠰᠲᠠᠢ ᠪᠠᠷ ᠳᠥᠭᠦᠮᠴᠢᠯᠡᠨ᠎ᠡ᠃      — ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠨ᠎ᠠ᠃ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠠᠵᠢᠯ ᠪᠣᠯ ᠨᠢᠭᠡᠨ ᠬᠦᠳᠡᠯᠥᠩᠭᠦᠢ ᠪᠠᠷ ᠲᠣᠬᠢᠷᠠᠭᠤᠯᠬᠤ᠂ ᠲᠠᠰᠤᠷᠠᠯᠲᠠ ᠦᠭᠡᠢ ᠲᠡᠭᠦᠯᠳᠡᠷᠵᠢᠭᠦᠯᠬᠦ ᠶᠠᠪᠤᠴᠠ ᠪᠣᠯᠣᠨ᠎ᠠ᠂ ᠲᠥᠪ ᠤᠨ ᠱᠠᠭᠠᠷᠳᠠᠯᠭ᠎ᠠ ᠶᠣᠰᠣᠭᠠᠷ ᠡᠯ᠎ᠡ ᠬᠦᠷᠢᠶᠡᠨ ᠳᠠᠬᠢ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠯᠦᠭᠡ ᠵᠣᠯᠭᠠᠯᠳᠤᠭᠤᠯᠬᠤ ᠶᠢ ᠴᠢᠩᠭᠠᠳᠬᠠᠨ᠂ ᠬᠠᠮᠢᠶᠠᠷᠬᠤ ᠪᠠᠶᠢᠭᠤᠯᠤᠯ ᠪᠣᠯᠣᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠨᠡᠯᠢᠶᠡᠳ ᠲᠣᠳᠣᠷᠬᠠᠢ᠂ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠳᠠᠨ ᠡᠭᠦᠷᠭᠡᠯᠡᠬᠦ ᠲᠣᠭᠲᠠᠴᠠ ᠪᠠᠷ ᠬᠠᠷᠢᠴᠠᠩᠭᠤᠢ ᠲᠣᠭᠲᠠᠭᠤᠨ ᠪᠠᠶᠢᠭ᠎ᠠ ᠠᠷᠠᠳ ᠤᠨ ᠠᠮᠢᠳᠤᠷᠠᠯ ᠤᠨ ᠬᠦᠷᠢᠶᠡᠨ ᠳᠤ ᠤᠷᠢᠳ ᠢᠶᠠᠷ ᠰᠢᠪᠲᠤᠯᠤᠯᠲᠠ ᠲᠠᠢ ᠪᠣᠯᠭᠠᠵᠤ᠂ ᠥᠭᠡᠷᠡᠴᠢᠯᠡᠯᠲᠡ ᠶᠢᠨ ᠠᠬᠢᠴᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃      ᠭᠤᠷᠪᠠ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠶᠢᠨ ᠪᠠᠲᠤᠯᠠᠬᠤ ᠪᠠᠷᠢᠮᠵᠢᠶ᠎ᠠ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ      ᠲᠥᠪ ᠤᠨ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠣᠯᠣᠨ ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠥᠪ ᠤᠨ ᠲᠣᠳᠣᠷᠬᠠᠶᠢᠯᠠᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠲᠥᠪ ᠤᠨ ᠬᠢᠭᠡᠳ ᠣᠷᠣᠨ ᠨᠤᠲᠤᠭ ᠤᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠬᠤ ᠨᠠᠢᠮᠠᠨ ᠲᠣᠮᠣ ᠲᠥᠷᠥᠯ ᠤᠨ 18 ᠵᠦᠢᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠭᠠᠵᠤ ᠲᠣᠭᠲᠠᠭᠠᠨ᠎ᠠ︔ ᠪᠤᠰᠤᠳ ᠵᠦᠢᠯᠡᠰ ᠢ ᠪᠣᠯ ᠲᠥᠪ ᠤᠨ ᠬᠢᠭᠡᠳ ᠣᠷᠣᠨ ᠨᠤᠲᠤᠭ ᠤᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠦᠷᠢᠶ᠎ᠡ ᠬᠤᠪᠢᠶᠠᠵᠤ ᠥᠭᠡᠷᠡᠴᠢᠯᠡᠯᠲᠡ ᠬᠢᠬᠦ ᠲᠥᠰᠥᠯ ᠢᠶᠠᠨ ᠨᠡᠶᠢᠲᠡᠯᠡᠭᠰᠡᠨ ᠤ ᠳᠠᠷᠠᠭ᠎ᠠ᠂ ᠠᠯᠬᠤᠮ ᠠᠯᠬᠤᠮ ᠢᠶᠠᠷ ᠲᠣᠳᠣᠷᠬᠠᠶᠢᠯᠠᠨ᠎ᠠ᠃      ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠪᠠᠶᠢᠷᠢᠰᠢᠯ᠂ ᠡᠯ᠎ᠡ ᠵᠦᠢᠯ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠠᠳᠠᠯᠢ ᠪᠤᠰᠤ ᠬᠠᠷᠢᠶᠠᠯᠠᠭᠳᠠᠬᠤ ᠴᠢᠨᠠᠷ ᠵᠢᠴᠢ ᠡᠳ᠋ ᠤᠨ ᠬᠦᠴᠦᠨ ᠤ ᠪᠣᠳᠠᠲᠤ ᠪᠠᠶᠢᠳᠠᠯ ᠢ ᠦᠨᠳᠦᠰᠦᠯᠡᠨ᠂ ᠲᠥᠪ ᠠᠴᠠ ᠨᠢᠭᠡᠨᠲᠡ ᠲᠣᠳᠣᠷᠬᠠᠶᠢᠯᠠᠭᠰᠠᠨ ᠨᠠᠢᠮᠠᠨ ᠲᠣᠮᠣ ᠲᠥᠷᠥᠯ ᠤᠨ 18 ᠵᠦᠢᠯ ᠳᠠᠬᠢ ᠠᠯᠪᠠᠨ ᠵᠢᠷᠤᠮ ᠤᠨ ᠰᠤᠷᠭᠠᠨ ᠬᠥᠮᠥᠵᠢᠯ ᠠᠯᠪᠠᠨ ᠬᠡᠷᠡᠭᠯᠡᠭᠡᠨ ᠤ ᠵᠠᠷᠤᠳᠠᠯ ᠤᠨ ᠪᠠᠲᠤᠯᠠᠭ᠎ᠠ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ᠠᠮᠢᠳᠤᠷᠠᠯ ᠤᠨ ᠨᠥᠬᠦᠪᠦᠷᠢ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠨᠥᠬᠦᠪᠦᠷᠢ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠤᠷᠤᠭᠴᠢᠳ ᠤᠨ ᠰᠢᠮ᠎ᠡ ᠲᠡᠵᠢᠭᠡᠯ ᠬᠤᠭᠤᠯᠠ ᠢᠳᠡᠭᠡᠨ ᠤ ᠨᠥᠬᠦᠪᠦᠷᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠤᠯᠤᠰ ᠠᠴᠠ ᠣᠯᠭᠤᠬᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠲᠥᠯᠥᠪᠦᠷᠢ ᠦᠭᠡᠢ ᠰᠤᠷᠤᠯᠴᠠᠬᠤ ᠶᠢᠨ ᠨᠥᠬᠦᠪᠦᠷᠢ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠤᠯᠤᠰ ᠠᠴᠠ ᠣᠯᠭᠤᠬᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠰᠤᠷᠤᠯᠭ᠎ᠠ ᠶᠢᠨ ᠰᠤᠯᠠ ᠵᠠᠷᠤᠳᠠᠯ ᠤᠨ ᠨᠥᠬᠦᠪᠦᠷᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠥᠬᠦᠪᠦᠷᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠢ ᠲᠡᠳᠬᠦᠵᠦ ᠲᠤᠰᠠᠯᠠᠬᠤ ᠪᠠᠲᠤᠯᠠᠭ᠎ᠠ 11 ᠵᠦᠢᠯᠡᠰ ᠨᠢ ᠪᠣᠯ ᠣᠷᠣᠨ ᠨᠤᠲᠤᠭ ᠤᠨ ᠬᠢᠨ ᠤ ᠡᠭᠦᠷᠭᠡᠯᠡᠪᠡᠰᠦ ᠵᠣᠬᠢᠬᠤ ᠬᠡᠰᠡᠭ ᠪᠠᠶᠢᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠳᠡᠰ ᠬᠤᠪᠢᠶᠠᠵᠤ ᠬᠤᠪᠢᠳᠠᠨ ᠡᠭᠦᠷᠭᠡᠯᠡᠬᠦ ᠠᠷᠭ᠎ᠠ ᠶᠢ ᠨᠢᠭᠡᠳᠦᠯᠲᠡᠢ ᠬᠡᠷᠡᠭᠵᠢᠭᠦᠯᠦᠨ᠎ᠡ᠂ ᠨᠢᠭᠡᠳᠦᠭᠡᠷ ᠳᠡᠰ ᠲᠤ ᠬᠦᠬᠡᠬᠤᠲᠠ᠂ ᠣᠷᠳᠣᠰ ᠬᠤᠲᠠ᠂ ᠦᠬᠠᠢ ᠬᠤᠲᠠ᠂ ᠮᠠᠨᠵᠤᠤᠷ ᠬᠤᠲᠠ᠂ ᠡᠷᠢᠶᠡᠨ ᠬᠤᠲᠠ 5 ᠬᠤᠲᠠ ᠪᠠᠭᠲᠠᠭᠳᠠᠵᠤ᠂ ᠥᠪᠡᠷᠲᠡᠭᠡᠨ ᠵᠠᠰᠠᠬᠤ ᠣᠷᠣᠨ ᠠᠴᠠ 30% ᠶᠢ ᠨᠢ ᠡᠭᠦᠷᠭᠡᠯᠡᠨ᠂ ᠡᠯ᠎ᠡ ᠠᠶᠢᠮᠠᠭ ᠬᠤᠲᠠ 70% ᠶᠢ ᠨᠢ ᠡᠭᠦᠷᠭᠡᠯᠡᠨ᠎ᠡ︔ ᠬᠤᠶᠠᠳᠤᠭᠠᠷ ᠳᠡᠰ ᠲᠤ ᠪᠤᠭᠤᠲᠤ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ 4 ᠠᠶᠢᠮᠠᠭ ᠬᠤᠲᠠ ᠪᠠᠭᠲᠠᠭᠳᠠᠵᠤ᠂ ᠥᠪᠡᠷᠲᠡᠭᠡᠨ ᠵᠠᠰᠠᠬᠤ ᠣᠷᠣᠨ ᠠᠴᠠ 50% ᠶᠢ ᠨᠢ ᠡᠭᠦᠷᠭᠡᠯᠡᠵᠦ᠂ ᠡᠯ᠎ᠡ ᠠᠶᠢᠮᠠᠭ ᠬᠤᠲᠠ 50% ᠶᠢ ᠨᠢ ᠡᠭᠦᠷᠭᠡᠯᠡᠨ᠎ᠡ︔ ᠭᠤᠷᠪᠠᠳᠤᠭᠠᠷ ᠳᠡᠰ ᠲᠤ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ 5 ᠠᠶᠢᠮᠠᠭ ᠬᠤᠲᠠ ᠪᠠᠭᠲᠠᠭᠳᠠᠵᠤ᠂ ᠥᠪᠡᠷᠲᠡᠭᠡᠨ ᠵᠠᠰᠠᠬᠤ ᠣᠷᠣᠨ ᠠᠴᠠ 70% ᠶᠢ ᠨᠢ ᠡᠭᠦᠷᠭᠡᠯᠡᠵᠦ᠂ ᠡᠯ᠎ᠡ ᠠᠶᠢᠮᠠᠭ ᠬᠤᠲᠠ 30% ᠶᠢ ᠨᠢ ᠡᠭᠦᠷᠭᠡᠯᠡᠨ᠎ᠡ᠃ ᠡᠭᠦᠨ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠳᠡᠰ ᠬᠤᠪᠢᠶᠠᠵᠤ ᠬᠤᠪᠢᠳᠠᠨ ᠡᠭᠦᠷᠭᠡᠯᠡᠬᠦ ᠬᠠᠷᠢᠴᠠᠯ ᠨᠢ ᠡᠨᠡ ᠬᠦ ᠳᠡᠰ ᠬᠤᠪᠢᠶᠠᠵᠤ ᠬᠤᠪᠢᠳᠠᠨ ᠡᠭᠦᠷᠭᠡᠯᠡᠬᠦ ᠬᠠᠷᠢᠴᠠᠯ ᠯᠤᠭ᠎ᠠ ᠨᠢᠭᠡᠳᠦᠯ ᠦᠭᠡᠢ ᠪᠠᠶᠢᠪᠠᠯ᠂ ᠴᠦᠮ ᠡᠭᠦᠨ ᠢ ᠵᠢᠷᠤᠮᠯᠠᠨ ᠬᠡᠷᠡᠭᠵᠢᠭᠦᠯᠦᠨ᠎ᠡ᠃ ᠡᠭᠦᠨ ᠤ ᠳᠠᠭᠠᠤ ᠳᠤ᠂ ᠡᠯ᠎ᠡ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠡᠳ᠋ ᠤᠨ ᠬᠦᠴᠦᠨ ᠤ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠳᠡᠭᠡᠷᠡᠬᠢ ᠳᠡᠰ ᠬᠤᠪᠢᠶᠠᠵᠤ ᠬᠤᠪᠢᠳᠠᠨ ᠡᠭᠦᠷᠭᠡᠯᠡᠬᠦ ᠬᠠᠷᠢᠴᠠᠯ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠴᠠᠭ ᠲᠤ ᠨᠢ ᠲᠣᠬᠢᠷᠠᠭᠤᠯᠵᠤ ᠬᠦᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃ ᠪᠤᠰᠤᠳ 7 ᠵᠦᠢᠯᠡᠰ ᠲᠤ ᠪᠣᠯ ᠲᠥᠷᠥᠯ ᠵᠦᠢᠯ᠂ ᠬᠦᠴᠦᠨ ᠵᠦᠢᠯ ᠢᠶᠠᠷ ᠨᠢ ᠬᠤᠪᠢᠳᠠᠨ ᠡᠭᠦᠷᠭᠡᠯᠡᠬᠦ ᠪᠤᠶᠤ ᠪᠠᠷᠢᠮᠵᠢᠶ᠎ᠠ ᠪᠠᠷ ᠨᠢ ᠨᠣᠷᠮ᠎ᠠ ᠲᠣᠭᠲᠠᠭᠠᠵᠤ ᠨᠥᠬᠦᠪᠦᠷᠢᠯᠡᠨ᠎ᠡ᠃ ᠪᠣᠳᠠᠲᠠᠢ ᠵᠦᠢᠯᠡᠰ ᠢ ᠳᠣᠣᠷᠠᠬᠢ ᠮᠡᠲᠦ ᠪᠠᠷ ᠲᠣᠳᠣᠷᠬᠠᠶᠢᠯᠠᠪᠠ᠄      ︵ᠨᠢᠭᠡ︶ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠥᠷᠥᠯ      1. ᠠᠯᠪᠠᠨ ᠬᠡᠷᠡᠭᠯᠡᠭᠡᠨ ᠤ ᠵᠠᠷᠤᠳᠠᠯ ᠤᠨ ᠪᠠᠲᠤᠯᠠᠭ᠎ᠠ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠡᠭᠦᠨ ᠤ ᠰᠠᠭᠤᠷᠢᠨ ᠳᠡᠭᠡᠷ᠎ᠡ ᠲᠣᠭᠲᠠᠭᠠᠯ ᠶᠣᠰᠣᠭᠠᠷ ᠦᠨᠳᠦᠰᠦᠲᠡᠨ ᠤ ᠰᠤᠷᠭᠠᠭᠤᠯᠢ ᠵᠡᠷᠭᠡ ᠶᠢᠨ ᠠᠯᠪᠠᠨ ᠬᠡᠷᠡᠭᠯᠡᠭᠡᠨ ᠤ ᠵᠠᠷᠤᠳᠠᠯ ᠤᠨ ᠬᠢᠷᠢ ᠲᠦᠪᠰᠢᠨ ᠢ ᠥᠷᠬᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠰᠠᠭᠤᠷᠢ ᠪᠠᠷᠢᠮᠵᠢᠶᠠᠨ ᠳᠠᠬᠢ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 8᠄ 2 ᠢᠶᠠᠷ ᠬᠤᠪᠢᠳᠠᠨ ᠡᠭᠦᠷᠭᠡᠯᠡᠨ᠎ᠡ᠂ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠨᠡᠶᠢᠲᠡᠯᠡᠭᠰᠡᠨ ᠠᠯᠪᠠᠨ ᠬᠡᠷᠡᠭᠯᠡᠭᠡᠨ ᠤ ᠵᠠᠷᠤᠳᠠᠯ ᠢ ᠪᠠᠲᠤᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      2. ᠬᠢᠴᠢᠶᠡᠯ ᠤᠨ ᠪᠢᠴᠢᠭ ᠢ ᠲᠥᠯᠥᠪᠦᠷᠢ ᠦᠭᠡᠢ ᠪᠠᠷ ᠬᠠᠩᠭᠠᠵᠤ ᠥᠭᠭᠦᠨ᠎ᠡ᠃ ᠤᠯᠤᠰ ᠤᠨ ᠲᠣᠭᠲᠠᠭᠠᠯ ᠢᠶᠠᠷ ᠬᠢᠴᠢᠶᠡᠯ ᠤᠨ ᠪᠢᠴᠢᠭ ᠪᠣᠯᠣᠨ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠪᠠᠷᠯᠠᠯ ᠤᠨ ᠰᠤᠷᠤᠭᠴᠢ ᠶᠢᠨ ᠲᠣᠯᠢ ᠪᠢᠴᠢᠭ ᠢ ᠲᠥᠯᠥᠪᠦᠷᠢ ᠦᠭᠡᠢ ᠪᠠᠷ ᠬᠠᠩᠭᠠᠨ ᠥᠭᠬᠦ ᠳᠤ ᠲᠥᠪ ᠠᠴᠠ ᠲᠣᠭᠲᠠᠭᠠᠭᠰᠠᠨ ᠨᠥᠬᠦᠪᠦᠷᠢᠯᠡᠬᠦ ᠪᠠᠷᠢᠮᠵᠢᠶ᠎ᠠ ᠶᠢ ᠬᠡᠷᠡᠭᠵᠢᠭᠦᠯᠵᠦ᠂ ᠲᠥᠪ ᠤᠨ ᠪᠡᠯᠡ ᠮᠥᠩᠭᠦ ᠶᠢ ᠬᠡᠷᠡᠭᠯᠡᠵᠦ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠤᠨ ᠪᠢᠴᠢᠭ ᠢ ᠲᠥᠯᠥᠪᠦᠷᠢ ᠦᠭᠡᠢ ᠪᠠᠷ ᠬᠠᠩᠭᠠᠨ ᠥᠭᠭᠦᠭᠰᠡᠨ ᠤ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠬᠡᠷᠡᠭᠰᠡᠬᠦ ᠵᠠᠷᠤᠳᠠᠯ ᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠨ᠎ᠡ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠭᠲᠠᠭᠠᠭᠰᠠᠨ ᠬᠢᠴᠢᠶᠡᠯ ᠤᠨ ᠪᠢᠴᠢᠭ ᠢ ᠲᠥᠯᠥᠪᠦᠷᠢ ᠦᠭᠡᠢ ᠪᠠᠷ ᠬᠠᠩᠭᠠᠨ ᠥᠭᠭᠦᠭᠰᠡᠨ ᠤ ᠨᠥᠬᠦᠪᠦᠷᠢ ᠶᠢᠨ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠂ ᠬᠡᠷᠡᠭᠰᠡᠬᠦ ᠵᠠᠷᠤᠳᠠᠯ ᠢ ᠨᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠳᠠᠭᠠᠭᠠᠨ ᠡᠭᠦᠷᠭᠡᠯᠡᠨ᠎ᠡ᠃      3. ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ᠠᠮᠢᠳᠤᠷᠠᠯ ᠤᠨ ᠨᠥᠬᠦᠪᠦᠷᠢ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 5᠄ 5 ᠪᠠᠷ ᠬᠤᠪᠢᠳᠠᠨ ᠡᠭᠦᠷᠭᠡᠯᠡᠨ᠎ᠡ᠂ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 50% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠨᠡᠶᠢᠲᠡᠯᠡᠭᠰᠡᠨ ᠪᠠᠶᠢᠷᠢ ᠳᠤ ᠰᠠᠭᠤᠭᠰᠠᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠠᠮᠢᠳᠤᠷᠠᠯ ᠤᠨ ᠨᠥᠬᠦᠪᠦᠷᠢ ᠥᠭᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠬᠥᠮᠥᠨ ᠠᠮᠠ ᠪᠠᠷ ᠨᠡᠯᠢᠶᠡᠳ ᠴᠥᠭᠡᠨ ᠦᠨᠳᠦᠰᠦᠲᠡᠨ ᠤ ᠪᠠᠶᠢᠷᠢ ᠳᠤ ᠰᠠᠭᠤᠭᠰᠠᠨ ᠰᠤᠷᠤᠭᠴᠢᠳ ᠲᠤ ᠠᠮᠢᠳᠤᠷᠠᠯ ᠤᠨ ᠨᠥᠬᠦᠪᠦᠷᠢ ᠶᠢ ᠨᠡᠮᠡᠵᠦ ᠲᠣᠬᠢᠷᠠᠭᠤᠯᠬᠤ ᠳᠤ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠳᠠᠭᠠᠭᠠᠨ ᠡᠭᠦᠷᠭᠡᠯᠡᠨ᠎ᠡ᠃ ᠪᠠᠶᠢᠷᠢ ᠳᠤ ᠰᠠᠭᠤᠭᠰᠠᠨ ᠦᠭᠡᠢ ᠪᠣᠯᠪᠠᠴᠤ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠳᠤ ᠲᠥᠪ ᠠᠴᠠ ᠤᠯᠤᠰ ᠤᠨ ᠰᠠᠭᠤᠷᠢ ᠪᠠᠷᠢᠮᠵᠢᠶ᠎ᠠ ᠶᠢ ᠲᠣᠭᠲᠠᠭᠠᠭᠰᠠᠨ ᠤ ᠳᠠᠷᠠᠭ᠎ᠠ᠂ ᠨᠥᠬᠦᠪᠦᠷᠢᠯᠡᠬᠦ ᠪᠠᠷᠢᠮᠵᠢᠶ᠎ᠠ ᠶᠢ ᠨᠢ ᠳᠠᠬᠢᠵᠤ ᠳᠡᠰ ᠬᠤᠪᠢᠶᠠᠨ ᠲᠣᠭᠲᠠᠭᠠᠨ᠎ᠠ᠃      4. ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠤᠷᠤᠭᠴᠢᠳ ᠤᠨ ᠰᠢᠮ᠎ᠡ ᠲᠡᠵᠢᠭᠡᠯ ᠬᠤᠭᠤᠯᠠ ᠢᠳᠡᠭᠡᠨ ᠤ ᠨᠥᠬᠦᠪᠦᠷᠢ᠃ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠤᠯᠤᠰ ᠤᠨ ᠲᠤᠷᠰᠢᠯᠲᠠ ᠶᠢᠨ ᠴᠡᠭ ︵ᠮᠠᠨ ᠤ ᠣᠷᠣᠨ ᠳᠤ ᠲᠥᠪᠯᠡᠷᠡᠨ ᠵᠠᠯᠭᠠᠯᠳᠤᠭᠰᠠᠨ ᠣᠨᠴᠠ ᠶᠠᠳᠠᠭᠤ ᠬᠦᠴᠢᠷᠳᠡᠯᠲᠡᠢ ᠬᠤᠰᠢᠭᠤ ᠰᠢᠶᠠᠨ 8 ᠪᠣᠢ︶ ᠲᠤ ᠬᠡᠷᠡᠭᠰᠡᠬᠦ ᠵᠠᠷᠤᠳᠠᠯ ᠢ ᠲᠥᠪ ᠤᠨ ᠪᠡᠯᠡ ᠮᠥᠩᠭᠦ ᠪᠠᠷ ᠨᠠᠶᠢᠳᠠᠪᠤᠷᠢᠵᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠡᠭ ︵ᠲᠥᠪᠯᠡᠷᠡᠨ ᠵᠠᠯᠭᠠᠯᠳᠤᠭᠰᠠᠨ ᠣᠨᠴᠠ ᠶᠠᠳᠠᠭᠤ ᠬᠦᠴᠢᠷᠳᠡᠯᠲᠡᠢ 8 ᠬᠤᠰᠢᠭᠤ ᠰᠢᠶᠠᠨ ᠠᠴᠠ ᠪᠤᠰᠤᠳ ᠶᠠᠳᠠᠭᠤ ᠬᠦᠴᠢᠷᠳᠡᠯᠲᠡᠢ ᠬᠤᠰᠢᠭᠤ ᠰᠢᠶᠠᠨ 23 ᠪᠣᠢ︶ ᠲᠤ ᠬᠡᠷᠡᠭᠰᠡᠬᠦ ᠵᠠᠷᠤᠳᠠᠯ ᠢ ᠲᠥᠪ ᠠᠴᠠ ᠨᠥᠬᠦᠪᠦᠷᠢᠯᠡᠭᠰᠡᠨ ᠤ ᠳᠠᠷᠠᠭ᠎ᠠ᠂ ᠬᠡᠷᠡᠭᠰᠡᠬᠦ ᠵᠠᠷᠤᠳᠠᠯ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      ︵ᠬᠤᠶᠠᠷ︶ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥᠯ      5. ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠤᠯᠤᠰ ᠠᠴᠠ ᠣᠯᠭᠤᠬᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠤᠯᠤᠰ ᠠᠴᠠ ᠣᠯᠭᠤᠬᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      6. ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠲᠥᠯᠥᠪᠦᠷᠢ ᠦᠭᠡᠢ ᠰᠤᠷᠤᠯᠴᠠᠬᠤ ᠶᠢᠨ ᠨᠥᠬᠦᠪᠦᠷᠢ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠲᠥᠯᠥᠪᠦᠷᠢ ᠦᠭᠡᠢ ᠰᠤᠷᠤᠯᠴᠠᠬᠤ ᠶᠢᠨ ᠨᠥᠬᠦᠪᠦᠷᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      7. ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠤᠯᠤᠰ ᠠᠴᠠ ᠣᠯᠭᠤᠬᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠃ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 20% ᠶᠢᠨ ᠬᠡᠰᠡᠭ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      8. ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠰᠤᠷᠤᠯᠭ᠎ᠠ ᠶᠢᠨ ᠰᠤᠯᠠ ᠵᠠᠷᠤᠳᠠᠯ ᠤᠨ ᠨᠥᠬᠦᠪᠦᠷᠢ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠨᠡᠶᠢᠲᠡᠯᠡᠭᠰᠡᠨ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠰᠤᠷᠤᠯᠭ᠎ᠠ ᠶᠢᠨ ᠰᠤᠯᠠ ᠵᠠᠷᠤᠳᠠᠯ ᠤᠨ ᠨᠥᠬᠦᠪᠦᠷᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      ︵ᠭᠤᠷᠪᠠ︶ ᠣᠯᠠᠨ ᠨᠡᠶᠢᠲᠡ ᠶᠢᠨ ᠠᠵᠢᠯ ᠣᠯᠭᠤᠬᠤ ᠦᠨᠳᠦᠰᠦᠨ ᠦᠢᠯᠡᠴᠢᠯᠡᠭᠡᠨ ᠤ ᠲᠥᠷᠥᠯ      9. ᠣᠯᠠᠨ ᠨᠡᠶᠢᠲᠡ ᠶᠢᠨ ᠠᠵᠢᠯ ᠣᠯᠭᠤᠬᠤ ᠦᠨᠳᠦᠰᠦᠨ ᠦᠢᠯᠡᠴᠢᠯᠡᠭᠡ᠃ ᠡᠯ᠎ᠡ ᠠᠶᠢᠮᠠᠭ ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠨᠥᠬᠦᠪᠦᠷᠢᠯᠡᠬᠦ ᠪᠠᠷᠢᠮᠵᠢᠶ᠎ᠠ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠭᠤᠣᠯᠳᠠᠭᠤ ᠵᠢᠯ ᠤᠨ ᠡᠴᠦᠰ ᠲᠠᠬᠢ ᠪᠠᠶᠢᠩᠭᠤ ᠰᠠᠭᠤᠭ᠎ᠠ ᠬᠥᠮᠥᠨ ᠠᠮᠠ ᠶᠢᠨ ᠲᠤᠭ᠎ᠠ᠂ ᠠᠵᠢᠯ ᠣᠯᠣᠭᠰᠠᠨ ᠢᠶᠠᠷ ᠲᠡᠮᠳᠡᠭᠯᠡᠭᠦᠯᠦᠭᠰᠡᠨ ᠬᠥᠮᠥᠨ ᠤ ᠲᠤᠭ᠎ᠠ᠂ ᠠᠵᠢᠯ ᠠᠯᠳᠠᠭᠰᠠᠨ ᠢᠶᠠᠷ ᠲᠡᠮᠳᠡᠭᠯᠡᠭᠦᠯᠦᠭᠰᠡᠨ ᠬᠥᠮᠥᠨ ᠤ ᠲᠤᠭ᠎ᠠ᠂ ᠣᠷᠣᠨ ᠨᠤᠲᠤᠭ ᠤᠨ ᠣᠷᠤᠭᠤᠯᠤᠯᠲᠠ ᠶᠢᠨ ᠪᠠᠶᠢᠳᠠᠯ᠂ ᠡᠯ᠎ᠡ ᠭᠠᠵᠠᠷ ᠣᠷᠣᠨ ᠤ ᠡᠳ᠋ ᠤᠨ ᠵᠠᠰᠠᠭ ᠤᠨ ᠬᠦᠴᠢᠷ ᠪᠡᠷᠬᠡ ᠲᠠᠢ ᠪᠠᠶᠢᠭ᠎ᠠ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ ᠬᠤᠪᠢᠶᠠᠷᠢᠯᠠᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ᠃      ︵ᠳᠥᠷᠪᠡ︶ ᠨᠠᠰᠤᠵᠢᠯ ᠤᠨ ᠦᠨᠳᠦᠰᠦᠨ ᠳᠠᠭᠠᠳᠬᠠᠯ ᠤᠨ ᠲᠥᠷᠥᠯ      10. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠨᠥᠬᠦᠪᠦᠷᠢ᠃ ᠲᠥᠪ ᠠᠴᠠ ᠲᠣᠭᠲᠠᠭᠠᠭᠰᠠᠨ ᠤᠯᠤᠰ ᠤᠨ ᠨᠠᠰᠤᠵᠢᠯ ᠤᠨ ᠮᠥᠩᠭᠦᠨ ᠤ ᠰᠠᠭᠤᠷᠢ ᠪᠠᠷᠢᠮᠵᠢᠶ᠎ᠠ ᠪᠠᠷ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠨᠠᠰᠤᠵᠢᠯ ᠤᠨ ᠮᠥᠩᠭᠦᠨ ᠤ ᠰᠠᠭᠤᠷᠢ ᠪᠠᠷᠢᠮᠵᠢᠶᠠᠨ ᠳᠡᠭᠡᠷ᠎ᠡ ᠵᠣᠬᠢᠬᠤ ᠬᠡᠮᠵᠢᠶ᠎ᠡ ᠪᠠᠷ ᠪᠠᠷᠢᠮᠵᠢᠶ᠎ᠠ ᠪᠠᠨ ᠳᠡᠭᠡᠭᠰᠢᠯᠡᠭᠦᠯᠦᠨ᠎ᠡ᠃ ᠤᠯᠤᠰ ᠤᠨ ᠨᠠᠰᠤᠵᠢᠯ ᠤᠨ ᠮᠥᠩᠭᠦᠨ ᠤ ᠰᠠᠭᠤᠷᠢ ᠪᠠᠷᠢᠮᠵᠢᠶᠠᠨ ᠤ ᠬᠡᠰᠡᠭ ᠲᠤ ᠲᠥᠪ ᠤᠨ ᠪᠡᠯᠡ ᠮᠥᠩᠭᠦ ᠶᠢ ᠬᠡᠷᠡᠭᠯᠡᠨ ᠨᠠᠶᠢᠳᠠᠪᠤᠷᠢᠵᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠠᠴᠠ ᠨᠠᠰᠤᠵᠢᠯ ᠤᠨ ᠮᠥᠩᠭᠦᠨ ᠤ ᠰᠠᠭᠤᠷᠢ ᠪᠠᠷᠢᠮᠵᠢᠶᠠᠨ ᠤ ᠳᠡᠭᠡᠭᠰᠢᠯᠡᠭᠦᠯᠦᠭᠰᠡᠨ ᠬᠡᠰᠡᠭ ᠪᠣᠯᠣᠨ ᠳᠠᠭᠠᠳᠬᠠᠯ ᠳᠤ ᠣᠷᠤᠯᠴᠠᠵᠤ ᠰᠦᠢᠳᠬᠡᠯ ᠲᠤᠰᠢᠶᠠᠬᠤ ᠶᠢᠨ ᠨᠡᠮᠡᠭᠦᠷᠢ ᠬᠡᠰᠡᠭ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      ︵ᠲᠠᠪᠤ︶ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠲᠥᠷᠥᠯ      11. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠨᠥᠬᠦᠪᠦᠷᠢ᠃ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 20% ᠶᠢᠨ ᠬᠡᠰᠡᠭ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      12. ᠡᠮᠴᠢᠯᠡᠵᠦ ᠠᠪᠤᠷᠠᠨ ᠲᠤᠰᠠᠯᠠᠬᠤ᠃ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠵᠦ ᠠᠪᠤᠷᠠᠨ ᠲᠤᠰᠠᠯᠠᠬᠤ ᠶᠢᠨ ᠰᠠᠭᠤᠷᠢ ᠪᠠᠷᠢᠮᠵᠢᠶ᠎ᠠ ᠶᠢ ᠲᠣᠭᠲᠠᠭᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠪᠣᠳᠠᠲᠠᠢ ᠲᠠᠢ ᠪᠠᠨ ᠤᠶᠠᠯᠳᠤᠭᠤᠯᠵᠤ ᠪᠣᠳᠠᠳᠠᠢ ᠪᠠᠷᠢᠮᠵᠢᠶ᠎ᠠ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠭᠤᠣᠯᠳᠠᠭᠤ ᠡᠯ᠎ᠡ ᠭᠠᠵᠠᠷ ᠣᠷᠣᠨ ᠤ ᠡᠳ᠋ ᠤᠨ ᠬᠦᠴᠦᠨ ᠤ ᠪᠠᠶᠢᠳᠠᠯ᠂ ᠡᠮᠴᠢᠯᠡᠵᠦ ᠠᠪᠤᠷᠠᠨ ᠲᠤᠰᠠᠯᠠᠬᠤ ᠳᠤ ᠪᠠᠲᠤᠯᠠᠬᠤ ᠬᠥᠮᠥᠰ ᠤᠨ ᠲᠤᠭ᠎ᠠ ᠵᠡᠷᠭᠡ ᠬᠦᠴᠦᠨ ᠵᠦᠢᠯ ᠢ ᠦᠨᠳᠦᠰᠦᠯᠡᠨ ᠬᠤᠪᠢᠶᠠᠷᠢᠯᠠᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ᠃      ︵ᠵᠢᠷᠭᠤᠭ᠎ᠠ︶ ᠦᠨᠳᠦᠰᠦᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠲᠥᠷᠥᠯ      13. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ᠃ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 20% ᠶᠢᠨ ᠬᠡᠰᠡᠭ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      14. ᠲᠥᠯᠥᠪᠯᠡᠭᠡᠲᠦ ᠦᠷᠡᠵᠢᠯ ᠢ ᠲᠡᠳᠬᠦᠵᠦ ᠲᠤᠰᠠᠯᠠᠬᠤ ᠪᠠᠲᠤᠯᠠᠭ᠎ᠠ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠤᠨ ᠬᠢᠭᠡᠳ ᠣᠷᠣᠨ ᠨᠤᠲᠤᠭ ᠤᠨ ᠬᠢᠨ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠢᠨ ᠤ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠨᠡᠶᠢᠲᠡᠯᠡᠭᠰᠡᠨ ᠲᠥᠯᠥᠪᠯᠡᠭᠡᠲᠦ ᠦᠷᠡᠵᠢᠯ ᠢ ᠲᠡᠳᠬᠦᠵᠦ ᠲᠤᠰᠠᠯᠠᠬᠤ ᠪᠠᠲᠤᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃      ︵ᠳᠣᠯᠤᠭ᠎ᠠ︶ ᠦᠨᠳᠦᠰᠦᠨ ᠠᠮᠢᠳᠤᠷᠠᠯ ᠤᠨ ᠲᠠᠯ᠎ᠠ ᠪᠠᠷ ᠬᠢ ᠠᠪᠤᠷᠠᠨ ᠲᠤᠰᠠᠯᠠᠬᠤ ᠲᠥᠷᠥᠯ      15. ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ᠃ ᠥᠪᠡᠷᠲᠡᠭᠡᠨ ᠵᠠᠰᠠᠬᠤ ᠣᠷᠣᠨ ᠠᠴᠠ ᠰᠠᠭᠤᠷᠢ ᠪᠠᠷᠢᠮᠵᠢᠶ᠎ᠠ ᠶᠢ ᠲᠣᠭᠲᠠᠭᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠪᠣᠳᠠᠲᠠᠢ ᠲᠠᠢ ᠪᠠᠨ ᠤᠶᠠᠯᠳᠤᠭᠤᠯᠵᠤ ᠪᠣᠳᠠᠳᠠᠢ ᠪᠠᠷᠢᠮᠵᠢᠶ᠎ᠠ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠭᠤᠣᠯᠳᠠᠭᠤ ᠡᠯ᠎ᠡ ᠭᠠᠵᠠᠷ ᠣᠷᠣᠨ ᠤ ᠡᠳ᠋ ᠤᠨ ᠬᠦᠴᠦᠨ ᠤ ᠪᠠᠶᠢᠳᠠᠯ᠂ ᠠᠪᠤᠷᠠᠨ ᠲᠤᠰᠠᠯᠠᠬᠤ ᠳᠤ ᠪᠠᠲᠤᠯᠠᠬᠤ ᠬᠥᠮᠥᠰ ᠤᠨ ᠲᠤᠭ᠎ᠠ ᠵᠡᠷᠭᠡ ᠬᠦᠴᠦᠨ ᠵᠦᠢᠯ ᠢ ᠦᠨᠳᠦᠰᠦᠯᠡᠨ ᠬᠤᠪᠢᠶᠠᠷᠢᠯᠠᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ᠃      16. ᠭᠠᠮᠰᠢᠭᠳᠠᠭᠰᠠᠨ ᠬᠥᠮᠥᠰ ᠢ ᠠᠪᠤᠷᠠᠨ ᠲᠤᠰᠠᠯᠠᠬᠤ᠃ ᠪᠠᠶᠢᠭᠠᠯᠢ ᠶᠢᠨ ᠭᠠᠮᠰᠢᠭ ᠵᠤᠳ ᠲᠤ ᠬᠦᠨᠳᠦ ᠬᠡᠴᠡᠭᠦᠦ ᠭᠠᠮᠰᠢᠭᠳᠠᠭᠰᠠᠨ ᠪᠣᠯ᠂ ᠲᠥᠪ ᠤᠨ ᠡᠳ᠋ ᠤᠨ ᠵᠠᠰᠠᠭ ᠠᠴᠠ ᠲᠣᠭᠲᠠᠭᠠᠭᠰᠠᠨ ᠨᠥᠬᠦᠪᠦᠷᠢᠯᠡᠬᠦ ᠪᠠᠷᠢᠮᠵᠢᠶ᠎ᠠ ᠪᠠᠷ ᠵᠣᠬᠢᠬᠤ ᠬᠡᠮᠵᠢᠶᠡᠨ ᠤ ᠨᠥᠬᠦᠪᠦᠷᠢ ᠥᠭᠬᠦ ᠶᠢ ᠭᠠᠷᠭᠠᠪᠠᠯ᠂ ᠥᠪᠡᠷᠲᠡᠭᠡᠨ ᠵᠠᠰᠠᠬᠤ ᠣᠷᠣᠨ ᠠᠴᠠ ᠭᠠᠮᠰᠢᠭᠳᠠᠭᠰᠠᠨ ᠬᠥᠮᠥᠨ᠂ ᠭᠠᠵᠠᠷ ᠲᠠᠯᠠᠪᠠᠢ ᠵᠡᠷᠭᠡ ᠬᠦᠴᠦᠨ ᠵᠦᠢᠯ ᠢ ᠦᠨᠳᠦᠰᠦᠯᠡᠨ ᠲᠣᠭᠲᠠᠭᠠᠯ ᠢᠶᠠᠷ ᠵᠣᠬᠢᠬᠤ ᠬᠡᠮᠵᠢᠶᠡᠨ ᠤ ᠨᠥᠬᠦᠪᠦᠷᠢ ᠥᠭᠭᠦᠨ᠎ᠡ᠃ ᠭᠠᠮᠰᠢᠭ ᠵᠤᠳ ᠠᠴᠠ ᠠᠪᠤᠷᠠᠨ ᠲᠤᠰᠠᠯᠠᠬᠤ ᠳᠤ ᠬᠡᠷᠡᠭᠰᠡᠬᠦ ᠪᠤᠰᠤᠳ ᠪᠡᠯᠡ ᠮᠥᠩᠭᠦ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠳᠠᠭᠠᠭᠠᠨ ᠡᠭᠦᠷᠭᠡᠯᠡᠨ᠎ᠡ᠃      17. ᠵᠡᠮᠳᠡᠭᠴᠦᠳ ᠲᠤ ᠲᠤᠰᠠᠯᠠᠬᠤ ᠦᠢᠯᠡᠴᠢᠯᠡᠭᠡ᠃ ᠥᠪᠡᠷᠲᠡᠭᠡᠨ ᠵᠠᠰᠠᠬᠤ ᠣᠷᠣᠨ ᠠᠴᠠ ᠪᠣᠳᠠᠲᠠᠢ ᠲᠠᠢ ᠪᠠᠨ ᠤᠶᠠᠯᠳᠤᠭᠤᠯᠵᠤ ᠨᠥᠬᠦᠪᠦᠷᠢᠯᠡᠬᠦ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ᠲᠥᠪ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠲᠤᠰᠠᠯᠠᠭᠤᠯᠵᠤ ᠦᠢᠯᠡᠴᠢᠯᠡᠭᠦᠯᠬᠦ ᠬᠥᠮᠥᠰ ᠪᠣᠯᠣᠨ ᠬᠥᠮᠥᠨ ᠤ ᠲᠤᠭ᠎ᠠ ᠵᠡᠷᠭᠡ ᠬᠦᠴᠦᠨ ᠵᠦᠢᠯ ᠢᠶᠠᠷ ᠨᠢ ᠬᠤᠪᠢᠶᠠᠷᠢᠯᠠᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ᠃      ︵ᠨᠠᠢᠮᠠ︶ ᠣᠷᠣᠨ ᠰᠠᠭᠤᠴᠠ ᠶᠢᠨ ᠦᠨᠳᠦᠰᠦᠨ ᠪᠠᠲᠤᠯᠠᠭ᠎ᠠ ᠶᠢᠨ ᠲᠥᠷᠥᠯ      18. ᠬᠤᠲᠠ ᠬᠥᠳᠡᠭᠡ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ︵ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠪᠣᠯᠣᠨ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠵᠡᠷᠭᠡ ᠪᠠᠭᠲᠠᠨ᠎ᠠ︶᠃ ᠥᠪᠡᠷᠲᠡᠭᠡᠨ ᠵᠠᠰᠠᠬᠤ ᠣᠷᠣᠨ ᠠᠴᠠ ᠨᠥᠬᠦᠪᠦᠷᠢ ᠶᠢ ᠲᠥᠰᠥᠭᠡᠯᠡᠨ ᠪᠣᠳᠣᠬᠤ ᠪᠠᠷᠢᠮᠵᠢᠶ᠎ᠠ ᠶᠢ ᠲᠣᠭᠲᠠᠭᠠᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨ ᠪᠣᠳᠠᠲᠠᠢ ᠲᠠᠢ ᠪᠠᠨ ᠤᠶᠠᠯᠳᠤᠭᠤᠯᠵᠤ ᠪᠣᠳᠠᠳᠠᠢ ᠨᠥᠬᠦᠪᠦᠷᠢᠯᠡᠬᠦ ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠭᠤᠣᠯᠳᠠᠭᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠬᠦᠴᠦᠨ ᠤ ᠪᠠᠶᠢᠳᠠᠯ᠂ ᠣᠨ ᠤ ᠡᠭᠦᠷᠭᠡ ᠶᠢᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ ᠬᠤᠪᠢᠶᠠᠷᠢᠯᠠᠬᠤ ᠲᠤᠭ᠎ᠠ ᠬᠡᠮᠵᠢᠶ᠎ᠡ ᠶᠢ ᠲᠣᠭᠲᠠᠭᠠᠨ᠎ᠠ᠃      ᠳᠥᠷᠪᠡ᠂ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠪᠠᠷᠢᠯ ᠮᠥᠨ᠂ ᠬᠤᠪᠢᠶᠠᠷᠢ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠢᠨ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠬᠥᠲᠥᠯᠪᠦᠷᠢ ᠪᠣᠯᠣᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠥᠭᠡᠷᠡᠴᠢᠯᠡᠯᠲᠡ ᠬᠢᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠪᠣᠯᠣᠨ ᠪᠡᠷᠬᠡᠰᠢᠶᠡᠯᠲᠦ ᠴᠢᠨᠠᠷ ᠢ ᠭᠦᠢᠴᠡᠳ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠣᠨ ᠥᠭᠡᠷᠡᠴᠢᠯᠡᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠢᠮᠪᠠᠢ ᠲᠣᠬᠢᠷᠠᠭᠤᠯᠤᠨ ᠪᠠᠶᠢᠷᠢᠰᠢᠭᠤᠯᠵᠤ᠂ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠥᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠶᠢᠮᠠᠭ ᠬᠤᠲᠠ ᠶᠢᠨ ᠬᠢᠨ ᠤ ᠡᠭᠦᠷᠭᠡᠯᠡᠬᠦ ᠬᠡᠰᠡᠭ ᠲᠠᠬᠢ ᠡᠯ᠎ᠡ ᠠᠶᠢᠮᠠᠭ ᠬᠤᠲᠠ ᠬᠢᠭᠡᠳ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠤᠪᠢᠳᠠᠨ ᠡᠭᠦᠷᠭᠡᠯᠡᠬᠦ ᠬᠠᠷᠢᠴᠠᠯ ᠢ ᠠᠶᠢᠮᠠᠭ ᠬᠤᠲᠠ ᠠᠴᠠ ᠲᠣᠭᠲᠠᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠬᠠᠭᠤᠯᠤᠨ ᠢᠯᠡᠭᠡᠨ᠎ᠡ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠢᠶ᠎ᠠ ᠪᠦᠬᠦᠢ ᠰᠤᠮᠤ ᠰᠢᠶᠠᠩ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ᠂ ᠭᠠᠶᠢᠯᠢ ᠶᠢᠨ ᠢᠷᠡᠯᠲᠡ ᠶᠢᠨ ᠰᠠᠭᠤᠷᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠷᠢᠯᠠᠵᠤ᠂ ᠰᠤᠮᠤ ᠰᠢᠶᠠᠩ ᠪᠠᠯᠭᠠᠰᠤᠨ ᠤ ᠡᠳ᠋ ᠤᠨ ᠵᠠᠰᠠᠭ ᠤᠨ ᠲᠠᠯ᠎ᠠ ᠪᠠᠷ ᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠲᠤᠯᠠᠬᠤ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠢ᠃      ︵ᠬᠤᠶᠠᠷ︶ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠢᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠳᠤ ᠵᠢᠯᠣᠭᠤᠳᠬᠤ ᠪᠠ ᠬᠢᠨᠠᠯᠲᠠ ᠲᠠᠯᠪᠢᠬᠤ ᠪᠠᠨ ᠦᠨᠡᠨ ᠬᠦ ᠴᠢᠩᠭᠠᠳᠬᠠᠬᠤ ᠶᠢᠨ ᠬᠠᠮᠲᠤ᠂ ᠣᠷᠣᠯᠭ᠎ᠠ ᠬᠤᠪᠢᠶᠠᠷᠢᠯᠠᠬᠤ ᠶᠢ ᠲᠣᠬᠢᠷᠠᠭᠤᠯᠬᠤ᠂ ᠰᠢᠯᠵᠢᠭᠦᠯᠦᠨ ᠣᠯᠭᠤᠬᠤ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠪᠠᠷ ᠳᠠᠮᠵᠢᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠡᠭᠦᠷᠭᠡ ᠴᠢᠳᠠᠮᠵᠢᠲᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠭᠤᠣᠯ ᠴᠣᠭᠴᠠ ᠪᠣᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠮᠢᠶ᠎ᠠ ᠪᠦᠬᠦᠢ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠣᠯᠣᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠳᠠᠭᠠᠭᠠᠨ ᠵᠠᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠳᠦᠷᠢᠮ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠵᠢᠯᠣᠭᠤᠳᠬᠤ ᠪᠠ ᠰᠢᠮᠳᠠᠭᠤᠯᠵᠤ ᠪᠠᠶᠢᠭᠠᠳ ᠬᠠᠮᠢᠶ᠎ᠠ ᠪᠦᠬᠦᠢ ᠪᠠᠲᠤᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠤᠯᠤᠰ ᠤᠨ ᠰᠠᠭᠤᠷᠢ ᠪᠠᠷᠢᠮᠵᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢᠨ ᠨᠠᠶᠢᠳᠠᠪᠤᠷᠢᠵᠢᠵᠤ ᠪᠣᠳᠠᠲᠠᠶᠢᠵᠢᠭᠰᠠᠨ ᠢ ᠦᠨᠡᠨ ᠬᠦ ᠪᠠᠲᠤᠯᠠᠭᠰᠠᠨ ᠤᠷᠢᠳᠠᠯ ᠳᠣᠣᠷ᠎ᠠ᠂ ᠤᠯᠤᠰ ᠤᠨ ᠰᠠᠭᠤᠷᠢ ᠪᠠᠷᠢᠮᠵᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ ᠳᠡᠭᠡᠭᠦᠷ ᠪᠠᠶᠢᠯᠭᠠᠬᠤ ᠭᠠᠵᠠᠷ ᠣᠷᠣᠨ ᠤ ᠪᠠᠷᠢᠮᠵᠢᠶ᠎ᠠ ᠶᠢ ᠲᠣᠭᠲᠠᠭᠠᠨ᠎ᠠ᠂ ᠲᠡᠭᠦᠨ ᠢ ᠬᠡᠷᠡᠭᠵᠢᠭᠦᠯᠬᠦ ᠶᠢᠨ ᠡᠮᠦᠨ᠎ᠡ ᠳᠡᠰ ᠳᠠᠷᠠᠭᠠᠯᠠᠯ ᠶᠣᠰᠣᠭᠠᠷ ᠳᠡᠭᠡᠳᠦ ᠱᠠᠲᠤᠨ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠂ ᠳᠡᠭᠡᠭᠦᠷ ᠪᠠᠶᠢᠯᠭᠠᠬᠤ ᠬᠡᠰᠡᠭ ᠲᠤ ᠬᠡᠷᠡᠭᠰᠡᠬᠦ ᠪᠡᠯᠡ ᠮᠥᠩᠭᠦ ᠶᠢ ᠥᠪᠡᠰᠦᠪᠡᠨ ᠡᠭᠦᠷᠭᠡᠯᠡᠨ᠎ᠡ᠃      ︵ᠭᠤᠷᠪᠠ︶ ᠰᠢᠯᠵᠢᠭᠦᠯᠦᠨ ᠣᠯᠭᠤᠬᠤ ᠳᠦᠷᠢᠮ ᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ ᠣᠯᠭᠤᠬᠤ ᠳᠦᠷᠢᠮ ᠢ ᠲᠡᠭᠦᠯᠳᠡᠷᠵᠢᠭᠦᠯᠦᠨ᠂ ᠲᠥᠪ ᠤᠨ ᠥᠭᠡᠷᠡᠴᠢᠯᠡᠯᠲᠡ ᠬᠢᠬᠦ ᠱᠠᠭᠠᠷᠳᠠᠯᠭ᠎ᠠ ᠶᠣᠰᠣᠭᠠᠷ ᠥᠭᠡᠷᠡᠴᠢᠯᠡᠯᠲᠡ ᠶᠢᠨ ᠡᠮᠦᠨᠡᠬᠢ ᠡᠩ ᠤᠨ ᠴᠢᠨᠠᠷᠲᠠᠢ ᠰᠢᠯᠵᠢᠭᠦᠯᠦᠨ ᠣᠯᠭᠤᠬᠤ ᠪᠠ ᠲᠤᠰᠬᠠᠢ ᠰᠢᠯᠵᠢᠭᠦᠯᠦᠨ ᠣᠯᠭᠤᠬᠤ ᠪᠠᠷ ᠲᠣᠬᠢᠷᠠᠭᠤᠯᠤᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠶᠢᠨ ᠵᠦᠢᠯᠡᠰ ᠢ ᠬᠠᠮᠲᠤ ᠪᠠᠷ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠶᠢᠨ ᠲᠥᠷᠥᠯ ᠪᠣᠯᠣᠨ ᠳᠡᠰ ᠬᠤᠪᠢᠶᠠᠵᠤ ᠰᠢᠯᠵᠢᠭᠦᠯᠦᠨ ᠣᠯᠭᠤᠬᠤ ᠳᠤ ᠨᠢᠭᠡᠳᠦᠯᠲᠡᠢ ᠣᠷᠣᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢ ᠪᠦᠷᠢᠨ ᠢᠶᠠᠷ ᠲᠤᠰᠬᠠᠬᠤ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠡᠳ᠋ ᠤᠨ ᠵᠠᠰᠠᠭ ᠨᠢ ᠥᠪᠡᠷᠲᠡᠭᠡᠨ ᠵᠠᠰᠠᠬᠤ ᠣᠷᠣᠨ ᠤ ᠠᠷᠭ᠎ᠠ ᠬᠢᠳᠡᠯ ᠢᠶᠠᠷ ᠯᠠᠪᠯᠠᠯᠲᠠ ᠪᠣᠯᠭᠠᠨ᠂ ᠰᠢᠯᠵᠢᠭᠦᠯᠦᠨ ᠣᠯᠭᠤᠬᠤ ᠳᠦᠷᠢᠮ ᠢ ᠵᠣᠬᠢᠬᠤ ᠬᠡᠮᠵᠢᠶ᠎ᠡ ᠪᠠᠷ ᠲᠡᠭᠦᠯᠳᠡᠷᠵᠢᠭᠦᠯᠬᠦ ᠬᠡᠷᠡᠭᠲᠡᠢ᠃      ︵ᠳᠥᠷᠪᠡ︶ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠳᠤ ᠲᠥᠰᠥᠪ ᠤᠨ ᠬᠠᠮᠢᠶᠠᠷᠤᠯᠲᠠ ᠬᠢᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠤᠯᠤᠰ ᠤᠨ ᠰᠠᠭᠤᠷᠢ ᠪᠠᠷᠢᠮᠵᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠵᠢᠴᠢ ᠬᠤᠪᠢᠳᠠᠨ ᠡᠭᠦᠷᠭᠡᠯᠡᠬᠦ ᠬᠠᠷᠢᠴᠠᠯ ᠵᠡᠷᠭᠡ ᠬᠦᠴᠦᠨ ᠵᠦᠢᠯ ᠢ ᠦᠨᠳᠦᠰᠦᠯᠡᠨ᠂ ᠬᠠᠮᠢᠶ᠎ᠠ ᠪᠦᠬᠦᠢ ᠰᠢᠯᠵᠢᠭᠦᠯᠦᠨ ᠣᠯᠭᠤᠬᠤ ᠪᠡᠯᠡ ᠮᠥᠩᠭᠦ ᠶᠢ ᠤᠷᠢᠳ ᠢᠶᠠᠷ ᠭᠦᠢᠴᠡᠳ ᠲᠣᠬᠢᠷᠠᠭᠤᠯᠬᠤ ᠶᠢᠨ ᠬᠠᠮᠲᠤ ᠤᠷᠢᠳᠴᠢᠯᠠᠨ ᠪᠠᠭᠤᠯᠭᠠᠵᠤ ᠴᠠᠭ ᠲᠤᠬᠠᠢ ᠳᠤ ᠨᠢ ᠰᠠᠯᠭᠠᠨ ᠥᠭᠭᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ ᠂ ᠲᠤᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠲᠤᠯᠠᠬᠤ ᠪᠠᠷᠢᠮᠵᠢᠶ᠎ᠠ ᠵᠢᠴᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠳᠠᠨ ᠡᠭᠦᠷᠭᠡᠯᠡᠭᠦᠯᠬᠦ ᠬᠠᠷᠢᠴᠠᠯ ᠢ ᠬᠢᠵᠠᠭᠠᠷᠯᠠᠬᠤ ᠱᠠᠭᠠᠷᠳᠠᠯᠭ᠎ᠠ ᠪᠣᠯᠭᠠᠵᠤ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠤᠨ ᠡᠳ᠋ ᠤᠨ ᠬᠦᠴᠦᠨ ᠪᠣᠯᠣᠨ ᠳᠡᠭᠡᠳᠦ ᠱᠠᠲᠤᠨ ᠤ ᠰᠢᠯᠵᠢᠭᠦᠯᠦᠨ ᠣᠯᠭᠤᠭᠰᠠᠨ ᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠳᠤ ᠤᠷᠢᠳ ᠢᠶᠠᠷ ᠬᠡᠷᠡᠭᠯᠡᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠤᠨ ᠲᠥᠰᠥᠪ ᠢ ᠪᠦᠷᠢᠨ ᠭᠦᠢᠴᠡᠳ ᠮᠥᠷᠲᠡᠭᠡᠨ ᠵᠢᠷᠤᠮᠵᠢᠯ ᠲᠠᠢ ᠪᠠᠷ ᠨᠠᠶᠢᠷᠠᠭᠤᠯᠤᠨ ᠵᠣᠬᠢᠶᠠᠵᠤ᠂ ᠲᠥᠰᠥᠪ ᠢᠶᠠᠨ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ ᠡᠭᠦᠷᠭᠡᠯᠡᠵᠦ ᠪᠦᠬᠦᠢ ᠵᠠᠷᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠪᠣᠳᠠᠳᠠᠶᠢᠵᠢᠭᠤᠯᠬᠤ ᠶᠢ ᠦᠨᠡᠨ ᠬᠦ ᠪᠠᠲᠤᠯᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠪᠦᠲᠦᠮᠵᠢᠲᠡᠢ ᠬᠠᠩᠭᠠᠨ ᠥᠭᠬᠦ ᠶᠢ ᠪᠠᠲᠤᠯᠠᠬᠤ ᠬᠡᠷᠡᠭᠲᠡᠢ᠃      ︵ᠲᠠᠪᠤ︶ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠣᠮᠣ ᠳ᠋ᠠᠶᠢᠲ᠋ᠠ ᠶᠢᠨ ᠬᠡᠷᠡᠭᠯᠡᠭᠡᠨ ᠢ ᠴᠢᠩᠭᠠᠳᠬᠠᠨ᠎ᠠ᠃ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠳ᠋ ᠤᠨ ᠵᠠᠰᠠᠭ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠵᠢᠷᠤᠮᠵᠢᠭᠰᠠᠨ ᠳ᠋ᠠᠶᠢᠲ᠋ᠠ ᠴᠤᠭᠯᠠᠭᠤᠯᠬᠤ ᠳᠦᠷᠢᠮ ᠢ ᠪᠠᠶᠢᠭᠤᠯᠵᠤ᠂ ᠳ᠋ᠠᠶᠢᠲ᠋ᠠ ᠶᠢᠨ ᠪᠠᠷᠢᠮᠵᠢᠶ᠎ᠠ ᠶᠢ ᠨᠢᠭᠡᠳᠦᠯᠲᠡᠢ ᠪᠣᠯᠭᠠᠨ᠂ ᠰᠠᠯᠠᠭ᠎ᠠ ᠮᠥᠴᠢᠷ ᠠᠯᠤᠰᠯᠠᠭᠰᠠᠨ ᠭᠠᠵᠠᠷ ᠣᠷᠣᠨ ᠠᠯᠤᠰᠯᠠᠭᠰᠠᠨ ᠠᠵᠢᠯ ᠲᠥᠷᠥᠯ ᠠᠯᠤᠰᠯᠠᠭᠰᠠᠨ ᠮᠡᠳᠡᠭᠡ ᠵᠠᠩᠭᠢ ᠪᠠᠨ ᠬᠤᠯᠪᠣᠭᠠᠯᠠᠭᠰᠠᠨ ᠪᠠ ᠰᠤᠷᠠᠭ ᠴᠢᠮᠡᠭᠡ ᠪᠠᠨ ᠰᠣᠯᠢᠯᠴᠠᠵᠤ ᠬᠠᠮᠲᠤ ᠳᠤ ᠪᠠᠨ ᠬᠡᠷᠡᠭᠯᠡᠬᠦ ᠶᠢ ᠠᠬᠢᠭᠤᠯᠵᠤ᠂ ᠲᠣᠮᠣ ᠳ᠋ᠠᠶᠢᠲ᠋ᠠ ᠶᠢᠨ ᠲᠡᠷᠢᠭᠦᠨ ᠤ ᠣᠨᠣᠯᠵᠢᠬᠤᠨ᠂ ᠮᠡᠷᠭᠡᠵᠢᠯ ᠪᠣᠯᠣᠨ ᠡᠬᠢ ᠪᠠᠶᠠᠯᠢᠭ ᠢ ᠢᠳᠡᠪᠬᠢᠲᠡᠢ ᠬᠡᠷᠡᠭᠯᠡᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠡᠯ᠎ᠡ ᠵᠦᠢᠯ ᠤᠨ ᠬᠠᠮᠢᠶ᠎ᠠ ᠪᠦᠬᠦᠢ ᠳ᠋ᠠᠶᠢᠲ᠋ᠠ ᠶᠢ ᠴᠤᠭᠯᠠᠭᠤᠯᠤᠨ ᠬᠤᠷᠢᠶᠠᠩᠭᠤᠶᠢᠯᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃      ︵ᠵᠢᠷᠭᠤᠭ᠎ᠠ︶ ᠬᠢᠨᠠᠯᠲᠠ ᠲᠠᠯᠪᠢᠵᠤ ᠪᠠᠶᠢᠴᠠᠭᠠᠬᠤ ᠪᠠ ᠠᠮᠵᠢᠯᠲᠠ ᠪᠦᠲᠦᠮᠵᠢ ᠪᠠᠷ ᠬᠠᠮᠢᠶᠠᠷᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠦᠢᠯᠡᠰ ᠤᠨ ᠰᠠᠭᠤᠷᠢ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ᠂ ᠰᠠᠭᠤᠷᠢ ᠳ᠋ᠠᠶᠢᠲ᠋ᠠ ᠶᠢᠨ ᠦᠨᠡᠨ ᠪᠣᠳᠠᠲᠤ ᠴᠢᠨᠠᠷ᠂ ᠪᠡᠯᠡ ᠮᠥᠩᠭᠦᠨ ᠤ ᠬᠠᠮᠢᠶᠠᠷᠴᠤ ᠬᠡᠷᠡᠭᠯᠡᠬᠦ ᠶᠢᠨ ᠵᠢᠷᠤᠮᠵᠢᠭᠰᠠᠨ ᠴᠢᠨᠠᠷ᠂ ᠦᠢᠯᠡᠴᠢᠯᠡᠭᠡᠨ ᠢ ᠳᠦᠬᠦᠮ ᠠᠪᠰᠠᠷᠬᠠᠨ ᠢᠶᠠᠷ ᠬᠦᠷᠲᠡᠭᠡᠵᠦ ᠪᠣᠯᠬᠤᠶᠢᠴᠠ ᠴᠢᠨᠠᠷ ᠵᠡᠷᠭᠡ ᠲᠠᠯ᠎ᠠ ᠪᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠳᠤ ᠠᠮᠵᠢᠯᠲᠠ ᠪᠦᠲᠦᠮᠵᠢ ᠪᠠᠷ ᠬᠠᠮᠢᠶᠠᠷᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠪᠣᠯᠣᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠲᠠᠪᠤ᠂ ᠬᠡᠷᠡᠭᠵᠢᠭᠦᠯᠬᠦ ᠴᠠᠭ ᠬᠤᠭᠤᠴᠠᠭ᠎ᠠ      ᠲᠤᠰ ᠲᠥᠰᠥᠯ ᠢ 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ                     ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ                     ᠬᠢᠭᠡᠳ ᠠᠶᠢᠮᠠᠭ ᠬᠤᠲᠠ ᠶᠢᠨ ᠬᠢᠨ ᠤ ᠬᠠᠮᠲᠤ ᠶᠢᠨ ᠡᠳ᠋ ᠤᠨ ᠵᠠᠰᠠᠭ ᠤᠨ ᠠᠵᠢᠯ                     ᠶᠠᠪᠤᠳᠠᠯ ᠬᠠᠮᠢᠶᠠᠷᠬᠤ ᠡᠷᠬᠡ ᠶᠢᠨ ᠨᠠᠷᠢᠨ ᠬᠠᠭᠤᠳᠠᠰᠤ ᠵᠢᠴᠢ ᠰᠠᠭᠤᠷᠢ ᠪᠠᠷᠢᠮᠵᠢᠶᠠᠨ ᠤ                     ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠰᠠᠨ ᠪᠠᠶᠢᠳᠠᠯ ᠤᠨ ᠬᠦᠰᠦᠨᠦᠭᠲᠦ ᠬᠦᠰᠦᠨᠦᠭᠲᠦ1ᠬᠦᠰᠦᠨᠦᠭᠲᠦ2ᠬᠦᠰᠦᠨᠦᠭᠲᠦ3ᠬᠦᠰᠦᠨᠦᠭᠲᠦ4ᠬᠦᠰᠦᠨᠦᠭᠲᠦ5ᠬᠦᠰᠦᠨᠦᠭᠲᠦ6
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ