ᠪᠥᠬᠦ ᠤᠷᠤᠨ ᠤ ᠭᠡᠭᠡᠷ᠎ᠠ ᠶᠢᠨ ᠠᠮᠢᠳᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠦᠷᠢᠴᠡᠭᠰᠡᠡ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠡ ᠦᠭᠬᠦ ᠲᠤᠰᠬᠠᠢ ᠠᠵᠢᠯᠯᠠᠭ᠎ᠠ ᠶᠢᠨ ᠲᠧᠯᠸᠢᠰ ᠳ᠋ᠢᠶᠠᠩᠬᠤᠸᠠ ᠬᠤᠷᠡᠯ ᠬᠤᠷᠡᠯᠳᠤᠪᠠ  ᠮᠠ ᠰᠢᠤᠸᠠᠢ ᠵᠢᠶᠦ᠋ᠨ ᠬᠤᠷᠡᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/4/22
     4 ᠳ᠋ᠦ᠋ᠭᠡᠷ ᠰᠠᠷ᠎ᠠ ᠶᠢᠨ 19᠎ ᠤ ᠡᠳᠤᠷ᠂ ᠪᠦᠬᠦ ᠤᠷᠤᠨ ᠤ ᠭᠡᠭᠡᠷ᠎ᠠ ᠶᠢᠨ ᠠᠮᠢᠳᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠦᠷᠢᠴᠡᠭᠰᠡᠡ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠡ ᠦᠭᠬᠦ ᠲᠤᠰᠬᠠᠢ ᠠᠵᠢᠯᠯᠠᠭ᠎ᠠ ᠶᠢᠨ ᠲᠧᠯᠸᠢᠰ ᠳ᠋ᠢᠶᠠᠩᠬᠤᠸᠠ ᠬᠤᠷᠡᠯ ᠬᠦᠬᠡᠬᠤᠳᠠ ᠳᠤ ᠬᠤᠷᠡᠯᠳᠤᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠡᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃      ᠮᠠ ᠰᠢᠤᠸᠠᠢ ᠵᠢᠶᠦ᠋ᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠶᠡᠷᠤᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ ᠬᠤᠷᠡᠯ ᠤᠨ ᠦᠪᠤᠷ ᠮᠤᠩᠭᠤᠯ ᠎ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠶᠡᠷᠤᠩᠬᠡᠢ ᠱᠦᠵᠢ ᠰᠢ ᠶᠢᠨ ᠫᠢᠩ ᠎ ᠤᠨ ᠭᠡᠭᠡᠷ᠎ᠠ ᠶᠢᠨ ᠠᠮᠢᠳᠠᠨ ᠤ ᠡᠬᠢ ᠪᠠᠶᠠᠯᠢᠭ ᠢ ᠬᠠᠮᠠᠭᠠᠯᠠᠬᠤ ᠲᠤᠬᠠᠢ ᠴᠢᠬᠤᠯᠠ ᠵᠢᠭᠠᠪᠤᠷᠢ ᠶᠢ ᠰᠤᠷᠤᠯᠴᠠᠨ ᠲᠤᠭᠤᠰᠢᠯᠠᠭᠤᠯᠵᠥ᠂ ᠪᠦᠬᠦ ᠤᠯᠤᠰ ᠤᠨ ᠭᠡᠭᠡᠷ᠎ᠠ ᠶᠢᠨ ᠠᠮᠢᠳᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠬᠦ ᠲᠤᠰᠬᠠᠢ ᠠᠵᠢᠯᠯᠠᠭ᠎ᠠ ᠶᠢᠨ ᠲᠧᠯᠸᠢᠰ ᠳ᠋ᠢᠶᠠᠩᠬᠤᠸᠠ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠢᠳᠡᠪᠬᠢᠳᠠᠢ ᠰᠠᠨᠠᠭᠠᠴᠢᠯᠠᠭ᠎ᠠ ᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠵᠠᠩᠭᠢᠯᠠᠭ᠎ᠠ ᠶᠢᠨ ᠭᠤᠬᠴᠤᠭ᠎ᠠ ᠶᠢ ᠠᠳᠬᠤᠵᠤ᠂ ᠬᠠᠮᠵᠢᠯᠴᠠᠨ ᠬᠠᠪᠰᠤᠷᠤᠯᠴᠠᠬᠤ ᠶᠢ ᠲᠤᠪᠤᠶᠢᠯᠭᠠᠵᠤ᠂ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠲᠤᠰᠬᠠᠢ ᠠᠵᠢᠯᠯᠠᠭ᠎ᠠ ᠶᠢ ᠪᠦᠬᠦ ᠬᠦᠴᠦᠨ ᠢᠶᠠᠷ ᠵᠤᠬᠢᠶᠠᠨ ᠪᠠᠶᠢᠭᠤᠯᠤᠨ ᠦᠷᠨᠢᠬᠦᠯᠵᠤ᠂ ᠭᠡᠭᠡᠷ᠎ᠠ ᠶᠢᠨ ᠠᠮᠢᠳᠠᠨ ᠤ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠦᠨᠳᠦᠷ ᠲᠠᠷᠤᠯᠳᠠᠳᠤ ᠪᠠᠶᠢᠳᠠᠯ ᠢ ᠢᠮᠠᠬᠳᠠ ᠪᠠᠷᠢᠮᠳᠠᠯᠠᠵᠤ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤ ᠪᠠᠷ ᠠᠵᠤ ᠲᠦᠷᠦᠬᠦ ᠶᠢ ᠲᠠᠰᠤᠷᠠᠯᠳᠠ ᠦᠭᠡᠢ ᠠᠬᠢᠭᠤᠯᠵᠤ᠂ ᠪᠤᠳᠠᠳᠠᠢ ᠠᠵᠢᠯᠯᠠᠭ᠎ᠠ ᠪᠠᠷ ᠡᠭᠡ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠡᠳᠤ ᠴᠤᠬᠴᠠᠯᠠᠬᠤ ᠳᠤ ᠢᠳᠡᠪᠬᠢᠳᠠᠢ ᠬᠤᠪᠢ ᠨᠠᠮᠠᠷᠢ ᠦᠵᠡᠬᠦᠯᠬᠦ ᠭᠡᠷᠡᠭᠳᠠᠢ ᠭᠡᠪᠠ᠃      ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠾᠧᠩ ᠰᠢᠶᠤᠤ ᠹᠠᠨ ᠬᠤᠷᠠᠯ ᠢ ᠡᠷᠬᠢᠯᠡᠭᠰᠡᠨ ᠪᠦᠭᠡᠳ ᠲᠤᠰᠬᠠᠢ ᠠᠵᠢᠯᠯᠠᠭ᠎ᠠ ᠳᠤ ᠪᠠᠶᠢᠷᠢᠯᠠᠭᠤᠯᠤᠯᠳᠠ ᠬᠢᠪᠠ᠃ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠡ᠂ ᠶᠡᠭᠡ ᠬᠢᠨᠭ᠍ᠭᠠᠨ ᠲᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠨᠦᠬᠦᠳ ᠬᠤᠷᠠᠯ ᠲᠡᠭᠡᠷ᠎ᠡ ᠦᠭᠡ ᠶᠠᠷᠢᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号