ᠳᠤᠶᠢᠮᠠᠷ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠦ ᠬᠦᠴᠦᠨ ᠢᠶᠠᠨ ᠳᠦᠪᠯᠡᠷᠡᠬᠦᠯᠦᠨ ᠦᠳᠳᠡᠷ ᠳᠦᠷᠬᠡᠨ ᠳᠦᠢᠮᠡᠷ ᠢ ᠰᠡᠷᠬᠡᠶᠢᠯᠡᠨ ᠳᠦᠢᠮᠡᠷ ᠢ ᠤᠨᠳᠠᠷᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠬᠦ ᠬᠡᠷᠡᠭᠳᠡᠢ
ᠨᠡᠶᠢᠲᠡᠯᠡᠭᠰᠡᠨ ᠴᠠᠭ᠄
2019/4/22
     4 ᠳ᠋ᠦ᠋ᠭᠡᠷ ᠰᠠᠷ᠎ᠠ ᠶᠢᠨ 19᠎ ᠤ ᠡᠳᠦᠷ ᠤᠨ ᠤᠷᠤᠢ᠂ ᠶᠡᠭᠡ ᠰᠠᠯᠬᠢᠨ ᠤ ᠨᠦᠯᠦᠬᠡᠯᠡᠯ ᠢᠶᠠᠷ᠂ ᠤᠷᠤᠰ ᠤᠨ ᠬᠢᠯᠢ ᠶᠢᠨ ᠭᠠᠳᠠᠨᠠᠬᠢ ᠳᠤᠶᠢᠮᠠᠷ ᠨᠢ ᠮᠠᠰᠢ ᠲᠦᠷᠭᠡᠨ ᠬᠤᠷᠳᠤᠴᠠ ᠪᠠᠷ ᠬᠦᠯᠦᠨ ᠪᠤᠶᠢᠷ ᠬᠤᠳᠠ ᠶᠢᠨ ᠬᠢᠵᠠᠭᠠᠷ ᠲᠤ ᠤᠷᠤᠵᠦ ᠢᠷᠡᠪᠡ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠳᠦᠢᠮᠡᠷ ᠢ ᠰᠡᠷᠬᠡᠶᠢᠯᠡᠨ ᠳᠦᠢᠮᠡᠷ ᠢ ᠤᠨᠳᠠᠷᠠᠭᠠᠬᠤ ᠠᠵᠢᠯ ᠤᠨ ᠳᠠᠯ᠎ᠠ ᠪᠠᠷ ᠦᠳᠳᠡᠷ ᠳᠦᠷᠬᠡᠨ ᠳᠤᠬᠢᠷᠠᠭᠤᠯᠤᠯᠳᠠ ᠪᠠᠶᠢᠷᠢᠯᠠᠭᠤᠯᠤᠯᠳᠠ ᠬᠢᠵᠡᠢ᠃ 4 ᠳ᠋ᠦ᠋ᠭᠡᠷ ᠰᠠᠷ᠎ᠠ ᠶᠢᠨ 20᠎ ᠤ ᠡᠳᠦᠷ ᠤᠨ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠯᠢ ᠪᠢᠩ ᠷᠦᠩ ᠬᠦᠯᠦᠨ ᠪᠤᠶᠢᠷ ᠬᠤᠳᠠ ᠳᠤ ᠲᠠᠷᠤᠶᠢᠬᠠᠨ ᠬᠦᠷᠴᠤ ᠳᠦᠢᠮᠡᠷ ᠢ ᠰᠡᠷᠬᠡᠶᠢᠯᠡᠨ ᠳᠦᠢᠮᠡᠷ ᠢ ᠤᠨᠳᠠᠷᠠᠭᠠᠬᠤ ᠠᠵᠢᠯ ᠢ ᠵᠢᠯᠤᠭᠤᠳᠪᠠ᠃      ᠬᠦᠯᠦᠨ ᠪᠤᠶᠢᠷ ᠤᠨ ᠤᠢ ᠰᠢᠭᠤᠢ ᠨᠤᠲᠤᠬ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠲᠦᠪ ᠲᠤ᠂ ᠯᠢ ᠪᠢᠩ ᠷᠦᠩ ᠲᠦᠢᠮᠡᠷ ᠤᠨ ᠪᠠᠶᠢᠳᠠᠯ ᠤᠨ ᠠᠯᠤᠰ ᠰᠡᠷᠡᠯ ᠤᠨ ᠳᠠᠭᠠᠭᠤᠯᠢ ᠤᠳᠤᠨ ᠤ ᠬᠢᠨᠠᠨ ᠰᠢᠯᠭᠠᠬᠤ ᠵᠢᠷᠤᠬ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠦᠢᠮᠡᠷ ᠤᠨ ᠪᠠᠶᠢᠳᠠᠯ ᠢ ᠭᠦᠨᠵᠡᠭᠡᠢ ᠰᠤᠳᠤᠯᠤᠨ ᠮᠠᠭᠠᠳᠯᠠᠵᠤ᠂ ᠲᠦᠢᠮᠡᠷ ᠭᠠᠷᠤᠬᠰᠠᠨ ᠭᠠᠵᠠᠷ ᠤᠨ ᠪᠤᠲᠠᠲᠠᠢ ᠪᠠᠶᠢᠳᠠᠯ ᠢ ᠨᠠᠷᠢᠨ ᠤᠶᠢᠯᠠᠭᠠᠵᠤ᠂ ᠲᠦᠢᠮᠡᠷ ᠎ ᠢ ᠰᠡᠷᠭᠡᠶᠢᠯᠡᠨ ᠤᠨᠲᠠᠷᠠᠭᠠᠬᠤ ᠠᠵᠢᠯ ᠢ ᠵᠢᠯᠤᠭᠤᠳᠴᠤ᠂ ᠪᠤᠳᠠᠳᠠᠢ ᠱᠠᠭᠠᠷᠳᠠᠯᠭ᠎ᠠ ᠳᠤᠷᠠᠳᠪᠠ᠃      ᠯᠢ ᠪᠢᠩ ᠷᠦᠩ ᠱᠠᠭᠠᠷᠳᠠᠭᠰᠠᠨ ᠨᠢ᠂ ᠲᠦᠢᠮᠡᠷ ᠭᠠᠷᠤᠬᠰᠠᠨ ᠭᠠᠵᠠᠷ ᠤᠨ ᠡᠮᠦᠨ᠎ᠡ ᠹᠷᠤᠨᠲ ᠤᠨ ᠵᠢᠯᠤᠭᠤᠳᠬᠤ ᠭᠠᠵᠠᠷ ᠴᠠᠬ ᠠᠭᠤᠷ ᠤᠨ ᠨᠦᠬᠦᠴᠡᠯ ᠢ ᠦᠨᠳᠦᠰᠦᠯᠡᠨ ᠯᠠᠪᠳᠠᠭᠤᠨ ᠰᠡᠷᠭᠡᠭ ᠢᠶᠠᠷ ᠲᠦᠢᠮᠡᠷ ᠤᠨ ᠪᠠᠶᠢᠳᠠᠯ ᠢ ᠲᠦᠢᠯ ᠤᠨ ᠣᠨᠤᠪᠴᠢᠲᠠᠢ ᠪᠠᠷ ᠰᠤᠳᠤᠯᠤᠨ ᠮᠠᠭᠠᠳᠯᠠᠵᠤ᠂ ᠲᠦᠶᠮᠡᠷ ᠢ ᠤᠨᠲᠠᠷᠠᠭᠠᠬᠤ ᠬᠦᠴᠦᠨ ᠢᠶᠠᠨ ᠵᠤᠬᠢᠰᠲᠠᠢ ᠪᠠᠶᠢᠷᠢᠯᠠᠭᠤᠯᠵᠤ᠂ ᠡᠷᠲᠡ ᠠᠴᠠ ᠤᠨᠲᠠᠷᠠᠭᠠᠬᠤ᠂ ᠪᠠᠭ᠎ᠠ ᠠᠴᠠ ᠤᠨᠲᠠᠷᠠᠭᠠᠬᠤ᠂ ᠳᠠᠭᠤᠰᠲᠠᠯ᠎ᠠ ᠤᠨᠲᠠᠷᠠᠭᠠᠬᠤ ᠶᠢ ᠪᠠᠷᠢᠮᠲᠠᠯᠠᠵᠤ᠂ ᠬᠠᠮᠤᠬ ᠤᠨ ᠤᠬᠤᠷ ᠴᠠᠬ ᠢᠶᠠᠷ ᠲᠦᠢᠮᠡᠷ ᠢ ᠤᠨᠲᠠᠷᠠᠭᠠᠬᠤ ᠪᠠᠷ ᠴᠢᠷᠮᠠᠶᠢᠬᠤ ᠬᠡᠷᠡᠭᠲᠡᠢ᠃ ᠢᠮᠠᠬᠲᠠ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠷᠰᠢᠯᠭ᠎ᠠ ᠲᠠᠢ ᠨᠦᠬᠦᠷ ᠢ ᠡᠮᠦᠨ᠎ᠡ ᠹᠷᠤᠨᠲ ᠲᠤ ᠳᠤᠬᠢᠷᠠᠭᠤᠯᠤᠨ ᠵᠢᠯᠤᠭᠤᠳᠤᠭᠤᠯᠤᠨ ᠳᠤᠬᠢᠷᠠᠭᠤᠯᠵᠤ᠂ ᠬᠦᠮᠦᠠ ᠬᠠᠷ᠎ᠠ ᠰᠢᠷᠬᠠᠳᠤᠨ ᠠᠳᠡᠬᠦ ᠬᠡᠷᠡᠭ ᠶᠠᠭᠠᠬᠢᠬᠰᠠᠨ ᠴᠤ ᠭᠠᠷᠭᠠᠵᠤ ᠪᠤᠯᠬᠤ ᠦᠭᠡᠢ᠃ ᠡᠬᠦᠨ ᠤ ᠵᠡᠷᠭᠡ ᠪᠠᠷ᠂ ᠬᠢᠯᠢ ᠶᠢᠨ ᠬᠠᠪᠢ ᠪᠠᠷ ᠲᠤᠶᠢᠮᠠᠷ ᠰᠡᠷᠭᠡᠶᠢᠯᠡᠵᠤ ᠲᠤᠶᠢᠮᠠᠷ ᠤᠨᠳᠠᠷᠠᠭᠠᠬᠤ ᠬᠠᠷᠢᠭᠤᠴᠠᠯᠭ᠎ᠠ ᠶᠢᠨ ᠤᠷᠤᠨ ᠢ ᠵᠦᠢ ᠵᠤᠬᠢᠰᠳᠠᠢ ᠪᠠᠷ ᠬᠤᠪᠢᠶᠠᠷᠢᠯᠠᠵᠤ᠂ ᠱᠠᠳᠤ ᠱᠠᠳᠤ ᠪᠠᠷ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠲᠤᠶᠢᠮᠠᠷ ᠰᠡᠷᠭᠡᠶᠢᠯᠡᠵᠤ ᠲᠤᠶᠢᠮᠠᠷ ᠤᠠᠳᠠᠷᠠᠭᠠᠬᠤ ᠬᠦᠴᠦᠨ ᠴᠢᠳᠠᠯ ᠢ ᠴᠢᠩᠭᠠᠳᠬᠠᠵᠤ᠂ ᠴᠢᠩᠭ᠎ᠠ ᠨᠢᠬᠳᠠ ᠰᠡᠷᠭᠡᠶᠢᠯᠡᠨ ᠡᠵᠡᠮᠳᠡᠬᠦ ᠲᠤᠤᠷ ᠢ ᠪᠦᠷᠢᠯᠳᠦᠬᠦᠯᠵᠤ᠂ ᠬᠢᠯᠢ ᠶᠢᠨ ᠭᠠᠳᠠᠨᠠᠬᠢ ᠲᠤᠶᠢᠮᠠᠷ ᠤᠨ ᠪᠠᠶᠢᠳᠠᠯ ᠢ ᠨᠢᠬᠳᠠ ᠬᠢᠨᠠᠵᠤ᠂ ᠬᠢᠯᠢ ᠶᠢᠨ ᠲᠤᠳᠤᠨᠡᠬᠢ ᠬᠠᠷᠠᠭᠠᠯᠵᠠᠬᠰᠡᠨ ᠤᠷᠤᠨ ᠤ ᠬᠡᠪᠴᠢᠶᠡᠨ ᠳᠠᠬᠢ ᠬᠢᠨᠠᠨ ᠬᠡᠮᠵᠢᠵᠤ ᠤᠷᠢᠳᠴᠢᠯᠡᠨ ᠰᠡᠷᠡᠮᠵᠢᠯᠡᠬᠦᠯᠬᠦ ᠶᠢ ᠴᠢᠩᠭᠠᠳᠬᠠᠵᠤ᠂ ᠲᠠᠬᠢᠨ ᠭᠠᠯ ᠲᠤᠶᠢᠮᠠᠷ ᠤᠷᠤᠵᠤ ᠢᠷᠠᠪᠡᠯ ᠬᠠᠮᠤᠭ ᠤᠨ ᠲᠡᠷᠢᠬᠦᠨ ᠳᠤ ᠤᠨᠳᠠᠷᠠᠭᠠᠬᠤ ᠭᠡᠷᠡᠭᠳᠠᠢ ᠭᠡᠪᠡ᠃      ᠯᠢ ᠪᠢᠩ ᠷᠦᠩ ᠴᠢᠬᠤᠯᠠᠴᠢᠯᠠᠭᠰᠠᠨ ᠨᠢ᠂ ︽ᠨᠢᠭᠡ ᠬᠦᠯᠭᠡ ᠰᠢᠳᠠᠷ᠎ᠡ︾᠎ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠤᠳᠠᠳᠤ ᠪᠠᠶᠢᠳᠠᠯ ᠠᠴᠠ ᠡᠬᠦᠰᠴᠤ ᠡᠯ᠎ᠡ ᠱᠠᠳᠤ ᠲᠠᠪᠬᠤᠷᠭ᠎ᠠ ᠶᠢᠨ ᠬᠠᠮᠵᠢᠯᠴᠠᠭᠠᠨ ᠤ ᠲᠤᠬᠳᠠᠴᠠ ᠶᠢ ᠴᠠᠭ ᠲᠤᠬᠠᠢ ᠳᠤ ᠨᠢ ᠲᠡᠬᠦᠯᠳᠡᠷᠵᠢᠬᠦᠯᠵᠤ᠂ ᠲᠤᠶᠢᠮᠠᠷ ᠰᠡᠷᠭᠡᠶᠢᠯᠡᠵᠤ ᠲᠤᠶᠢᠮᠠᠷ ᠤᠨᠳᠠᠷᠠᠭᠠᠬᠤ ᠪᠦᠬᠦᠯᠢ ᠴᠤᠬᠴᠠ ᠶᠢᠨ ᠠᠵᠢᠯ ᠤᠨ ᠵᠤᠬᠢᠴᠠᠭᠤᠯᠤᠨ ᠬᠤᠯᠪᠤᠯᠳᠤᠭᠤᠯᠤᠨ ᠦᠷᠨᠢᠬᠦᠯᠬᠦ ᠶᠢ ᠠᠬᠢᠭᠤᠯᠵᠤ᠂ ᠪᠦᠬᠦ ᠲᠠᠯ᠎ᠡ ᠶᠢᠨ᠂ ᠨᠠᠷᠢᠨ ᠨᠢᠬᠳᠠ᠂ ᠯᠠᠪᠳᠠᠭᠤᠨ ᠪᠠᠳᠤᠳᠠᠢ᠂ ᠡᠮᠬᠢ ᠵᠢᠷᠤᠮ ᠲᠠᠢ ᠠᠬᠢᠭᠤᠯᠵᠤ᠂ ᠰᠡᠷᠭᠡᠶᠢᠯᠡᠵᠤ ᠴᠢᠳᠠᠬᠤ᠂ ᠤᠨᠳᠠᠷᠠᠭᠠᠵᠤ ᠲᠠᠶᠢᠯᠬᠦ ᠶᠢ ᠦᠨᠡᠨ ᠬᠦ ᠪᠠᠳᠤᠯᠠᠬᠤ ᠭᠡᠷᠡᠭᠳᠠᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号