4 ᠳ᠋ᠦ᠋ᠭᠡᠷ ᠰᠠᠷ᠎ᠠ ᠶᠢᠨ 20 ᠤ ᠡᠳᠦᠷ᠂ 2019 ᠣᠨ ᠤ ᠪᠦᠬᠦ ᠤᠷᠤᠨ ᠤ ︽ ᠬᠠᠷᠠᠭ᠎ᠠ ᠰᠡᠷᠭᠦᠭᠡᠬᠦ | ᠠᠶᠠᠯᠠᠯ︾ ᠤᠨ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠠᠶᠠᠨᠨᠠᠭᠤᠷ ᠬᠤᠳᠠ ᠳᠤ ᠶᠠᠪᠤᠬᠳᠠᠬᠰᠠᠨ | ᠵᠢᠴᠢ ︽ᠨᠢᠬᠡ ᠪᠦᠰᠡ ᠨᠢᠬᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ ᠮᠤᠩᠭᠤᠯ ᠤᠯᠤᠰ ᠲᠠᠬᠢ ᠠᠵᠢᠯᠯᠠᠭ᠎ᠠ ᠶᠢ | ᠠᠬᠢᠭᠤᠯᠬᠤ ᠬᠤᠷᠠᠯ ᠤᠷᠠᠳ ᠤᠨ ᠳᠤᠮᠳᠠᠳᠤ ᠬᠤᠰᠢᠭᠤᠨ ᠳᠤ ᠶᠠᠪᠤᠬᠳᠠᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ | ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠤᠳᠤ | ᠳᠠᠷᠤᠭ᠎ᠠ ᠪᠦ᠋ ᠰᠢᠶᠤᠤ ᠯᠢᠨ ︽ᠨᠢᠬᠡ ᠪᠦᠰᠡ ᠨᠢᠬᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ ᠮᠤᠩᠭᠤᠯ | ᠤᠯᠤᠰ ᠲᠠᠬᠢ ᠠᠵᠢᠯᠯᠠᠭᠠᠨ ᠤ ᠡᠮ ᠡᠮᠨᠡᠯᠬᠡ ᠶᠢᠨ ᠠᠩᠬᠢ ᠪᠤᠯᠤᠨ 2019 ᠣᠨ ᠤ ᠪᠦᠬᠦ ᠤᠷᠤᠨ ᠤ ︽ ᠬᠠᠷᠠᠭ᠎ᠠ | ᠰᠡᠷᠭᠦᠭᠡᠬᠦ ᠠᠶᠠᠯᠠᠯ︾ ᠤᠨ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭᠠᠨ ᠤ ᠡᠮ ᠡᠮᠨᠡᠯᠬᠡ ᠶᠢᠨ | ᠠᠩᠬᠢ ᠳᠤ ᠳᠤᠬ ᠤᠯᠭᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ | ᠨᠢᠬᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠸᠠᠩ ᠯᠢ ᠰᠢᠶᠠ ᠶᠠᠷᠢᠶ᠎ᠠ ᠳᠠᠯᠪᠢᠵᠠᠢ᠃ ᠦᠪᠡᠷᠳᠡᠭᠡᠨ ᠵᠠᠰᠠᠬᠤ | ᠤᠷᠤᠨ ᠤ ᠲᠡᠳ᠋ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠲᠠᠷᠤᠭ᠎ᠠ ᠡᠸᠤ ᠶᠠᠩ ᠰᠢᠶᠤᠤ ᠬᠤᠢ ᠬᠤᠷᠠᠯ ᠢ ᠡᠷᠬᠢᠯᠡᠪᠡ᠃ ᠮᠤᠩᠭᠤᠯ ᠤᠯᠤᠰ ᠤᠨ ᠡᠮᠤᠨᠡᠳᠤ ᠭᠤᠪᠢ ᠠᠶᠢᠮᠠᠭ ᠤᠨ | ᠵᠠᠰᠠᠭ ᠤᠨ ᠤᠷᠳᠤᠨ ᠤ ᠲᠦᠯᠦᠭᠡᠯᠡᠭᠴᠢ ᠬᠤᠷᠠᠯ ᠳᠤ ᠤᠷᠤᠯᠴᠠᠵᠠᠢ᠃ | ᠸᠠᠩ ᠯᠢ ᠰᠢᠶᠠ ᠬᠡᠯᠡᠭᠰᠡᠨ ᠨᠢ᠂ ᠡᠨᠡ ᠵᠢᠯ ᠪᠤᠯ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ | ᠪᠠᠶᠢᠭᠤᠯᠤᠬᠳᠠᠬᠰᠡᠨ 70 ᠵᠢᠯ ᠤᠨ ᠤᠢ ᠪᠤᠯᠤᠨ᠎ᠡ᠂ ᠮᠦᠨ ᠴᠦ ᠲᠤᠮᠳᠠᠳᠤ ᠮᠤᠩᠭᠤᠯ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠬᠰᠠᠨ 70 ᠵᠢᠯ ᠤᠨ ᠤᠢ ᠪᠤᠯᠤᠨ᠎ᠠ᠂ ᠡᠨᠡ ᠬᠦ ᠠᠵᠢᠯᠯᠠᠭ᠎ᠠ ᠶᠢ ᠡᠷᠬᠢᠯᠡᠬᠦ ᠶᠢᠨ ᠠᠴᠢ | ᠬᠤᠯᠪᠤᠬᠳᠠᠯ ᠮᠠᠰᠢ ᠴᠢᠬᠤᠯᠠ ᠶᠤᠮ᠃ ᠡᠮᠴᠢ ᠰᠤᠪᠢᠯᠠᠬᠴᠢᠳ᠂ ᠤᠯᠠᠭᠠᠨ ᠵᠠᠭᠠᠯᠮᠠᠶᠢᠳᠠᠨ ᠤ ᠰᠠᠶᠢᠨ ᠲᠤᠷᠠᠴᠤᠤᠯ | ᠪᠤᠯᠤᠨ ᠠᠵᠢᠯᠯᠠᠭ᠎ᠠ ᠳᠤ ᠤᠷᠤᠯᠴᠠᠬᠰᠡᠨ ᠠᠵᠢᠯᠳᠠᠳ ᠤᠯᠠᠮ ᠨᠢᠮᠪᠠᠢ ᠠᠵᠢᠯᠯᠠᠬᠤ᠂ ᠦᠢᠯᠡᠰ ᠢᠶᠠᠨ ᠲᠡᠭᠡᠳᠦᠯᠡᠵᠤ | ᠬᠠᠷᠢᠭᠤᠴᠠᠯᠭ᠎ᠠ ᠡᠬᠦᠷᠭᠡᠯᠡᠬᠦ᠂ ᠬᠦᠴᠢᠷ ᠪᠡᠷᠬᠡ ᠶᠢ ᠲᠡᠰᠪᠤᠷᠢᠯᠡᠬᠦ ᠵᠤᠷᠢᠭ ᠰᠠᠨᠠᠭ᠎ᠠ ᠪᠤᠯᠤᠨ ᠰᠤᠷᠳᠠᠯ ᠢᠶᠠᠨ | ᠦᠷᠬᠦᠯᠵᠢᠯᠡᠨ ᠪᠠᠳᠠᠷᠠᠭᠤᠯᠵᠤ᠂ ᠨᠡᠩ ᠤᠯᠠᠨ ᠶᠠᠳᠠᠭᠤ ᠬᠦᠴᠢᠷᠳᠠᠯᠳᠠᠢ ᠡᠪᠡᠳᠴᠢᠳᠠᠨ ᠳᠤ ᠬᠠᠷᠠᠭ᠎ᠠ ᠤᠷᠤᠭᠤᠯᠬᠤ ᠶᠢ | ᠬᠦᠰᠡᠵᠤ ᠪᠠᠶᠢᠨ᠎ᠡ︔ ᠨᠡᠩ ᠤᠯᠠᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠬᠠᠶᠢᠷ᠎ᠠ ᠬᠠᠯᠠᠮᠵᠢ ᠬᠦᠷᠭᠡᠭᠰᠡᠳ | ︽ᠬᠠᠷᠠᠭ᠎ᠠ ᠰᠡᠷᠭᠦᠭᠡᠬᠦ ᠠᠶᠠᠯᠠᠯ︾ ᠤᠨ ᠠᠵᠢᠯᠯᠠᠭ᠎ᠠ ᠳᠤ ᠤᠷᠤᠯᠴᠠᠵᠤ᠂ ᠬᠤᠶᠠᠷ ᠤᠯᠤᠰ ᠤᠨ ᠨᠦᠬᠦᠷᠯᠡᠯ ᠳᠤ | ᠬᠦᠴᠦᠨ ᠨᠠᠮᠠᠷᠢᠯᠠᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠬᠦᠴᠦᠷᠭᠡᠭ ᠶᠡᠭᠡ ᠬᠠᠮᠳᠤᠷᠠᠯ | ᠬᠦᠴᠦᠨ ᠢ ᠪᠦᠷᠢᠯᠳᠦᠬᠦᠯᠬᠦ ᠶᠢ ᠬᠦᠰᠡᠵᠤ ᠪᠠᠶᠢᠨ᠎ᠡ᠃ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠠᠮᠳᠤ ᠶᠢᠨ | ᠴᠢᠷᠮᠠᠶᠢᠯᠭ᠎ᠠ ᠲᠤᠤᠷ᠎ᠡ ︽ᠬᠠᠷᠠᠭ᠎ᠠ ᠰᠡᠷᠭᠦᠭᠡᠬᠦ ᠠᠶᠠᠯᠠᠯ︾ ᠯᠠᠪᠳᠠᠢ ᠦᠷᠭᠡᠨ ᠠᠭᠤᠳᠠᠮ ᠦᠪᠤᠷ ᠮᠤᠩᠭᠤᠯ ᠤᠨ | ᠦᠨᠳᠦᠷᠯᠢᠭ ᠪᠤᠯᠤᠨ ︽ᠨᠢᠭᠡ ᠪᠦᠰᠡ ᠨᠢᠭᠡ ᠵᠠᠮ︾ ᠲᠠᠭᠠᠤ ᠤᠷᠤᠨ ᠳᠤ ᠪᠤᠯᠪᠠᠰᠤᠨ ᠤ ᠭᠡᠷᠠᠯ ᠭᠡᠭᠡ ᠶᠢ | ᠰᠠᠴᠤᠷᠠᠭᠤᠯᠵᠤ᠂ ᠭᠡᠷᠡᠯ ᠭᠡᠭᠡ ᠶᠢᠨ ᠴᠡᠴᠡᠭ ᠢ ᠲᠡᠯᠭᠡᠷᠡᠬᠦᠯᠤᠨ᠂ ᠬᠦᠰᠡᠯ ᠡᠷᠡᠮᠡᠯᠵᠡᠯ ᠤᠨ ᠦᠷ᠎ᠡ ᠵᠢᠮᠢᠰ ᠢ | ᠰᠠᠭᠤᠯᠭᠠᠬᠤ ᠶᠤᠮ ᠬᠡᠵᠠᠢ᠃ | ᠬᠤᠷᠠᠯ ᠤᠨ ᠳᠠᠷᠠᠭ᠎ᠠ᠂ ᠪᠦ᠋ ᠰᠢᠶᠤᠤ ᠯᠢᠨ ᠨᠠᠷ ᠡᠪᠡᠳᠴᠢᠲᠡᠨ ᠤ ᠦᠷᠦᠭᠡ ᠳᠤ ᠬᠦᠷᠴᠤ ᠳᠤᠮᠳᠠᠳᠤ ᠮᠤᠩᠭᠤᠯ | ᠬᠤᠶᠠᠷ ᠤᠯᠤᠰ ᠤᠨ ᠴᠠᠭᠠᠨ ᠬᠠᠷᠠᠩ ᠡᠪᠡᠳᠴᠢᠲᠡᠳ ᠢ ᠡᠷᠭᠢᠨ ᠦᠵᠡᠪᠡ᠃ | ᠤᠢᠢᠯᠠᠭᠠᠬᠰᠠᠨ ᠢᠶᠠᠷ᠂ ᠮᠠᠨ ᠤ ᠤᠷᠤᠨ ︽ᠬᠠᠷᠠᠭ᠎ᠠ ᠰᠡᠷᠭᠦᠭᠡᠬᠦ ᠠᠶᠠᠯᠠᠯ︾ ᠤᠨ ᠨᠡᠶᠢᠭᠡᠮ ᠤᠨ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠶᠢ ᠶᠠᠪᠤᠭᠳᠠᠭᠤᠯᠤᠭᠰᠠᠨ 4 ᠵᠢᠯ ᠤᠨ ᠲᠤᠷᠰᠢ᠂ ᠨᠢᠭᠡᠨᠲᠡ ᠶᠠᠳᠠᠭᠤ ᠬᠦᠴᠢᠷᠳᠡᠯᠲᠡᠢ ᠭᠡᠷ | ᠪᠦᠯᠢ ᠶᠢᠨ 20959 ᠴᠠᠭᠠᠨ ᠬᠠᠷᠠᠩ ᠡᠪᠡᠳᠴᠢᠲᠡᠨ ᠳᠤ ᠰᠦᠢᠳᠭᠡᠯ ᠦᠭᠡᠢ ᠪᠠᠷ ᠬᠠᠷᠠᠭ᠎ᠠ ᠰᠡᠷᠭᠦᠭᠡᠬᠦ ᠮᠡᠰᠡ ᠵᠠᠰᠠᠯ | ᠬᠢᠵᠦ᠂ ᠴᠠᠭᠠᠨ ᠬᠠᠷᠠᠩ ᠡᠪᠡᠳᠴᠢᠲᠡᠳ ᠤᠨ ︽ᠶᠠᠳᠠᠭᠤ ᠠᠴᠠ ᠪᠤᠯᠵᠤ ᠬᠠᠷᠠᠭ᠎ᠠ ᠠᠯᠳᠠᠬᠤ᠂ ᠬᠠᠷᠠᠭ᠎ᠠ | ᠠᠯᠳᠠᠬᠰᠠᠨ ᠠᠴᠠ ᠪᠤᠯᠵᠤ ᠳᠠᠬᠢᠨ ᠶᠠᠳᠠᠭᠤᠷᠠᠬᠤ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ︽ᠨᠢᠭᠡ | ᠬᠦᠮᠦᠨ ᠳᠤ ᠬᠠᠷᠠᠭ᠎ᠠ ᠤᠷᠤᠭᠤᠯᠵᠤ᠂ ᠨᠢᠭᠡ ᠡᠷᠦᠬᠡ ᠳᠤ ᠵᠢᠷᠭᠠᠯ ᠤᠯᠭᠤᠵᠤ᠂ ᠨᠢᠭᠡ ᠲᠠᠯ᠎ᠠ ᠶᠢ ᠪᠠᠶᠠᠷᠯᠠᠭᠤᠯᠬᠤ | ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃ ︽ᠨᠢᠭᠡ ᠪᠦᠰᠡ ᠨᠢᠭᠡ ᠵᠠᠮ · ᠬᠠᠷᠠᠭ᠎ᠠ ᠰᠡᠷᠭᠦᠭᠡᠬᠦ ᠠᠶᠠᠯᠠᠯ︾ ᠤᠨ | ᠮᠤᠩᠭᠤᠯ ᠤᠯᠤᠰ ᠲᠠᠬᠢ ᠠᠵᠢᠯᠯᠠᠭ᠎ᠠ 2018 ᠣᠨ ᠤ 5 ᠳ᠋ᠤᠭᠠᠷ ᠰᠠᠷ᠎ᠠ ᠠᠴᠠ ᠡᠬᠢᠯᠡᠵᠦ᠂ ᠨᠢᠭᠡᠨᠲᠡ ᠮᠤᠩᠭᠤᠯ | ᠤᠯᠤᠰ ᠤᠨ 90 ᠴᠠᠭᠠᠨ ᠬᠠᠷᠠᠩ ᠡᠪᠡᠳᠴᠢᠲᠡᠨ ᠳᠤ ᠰᠦᠢᠳᠭᠡᠯ ᠦᠭᠡᠢ ᠪᠠᠷ ᠬᠠᠷᠠᠭ᠎ᠠ ᠤᠷᠤᠭᠤᠯᠬᠤ ᠮᠡᠰᠡ ᠵᠠᠰᠠᠯ | ᠬᠢᠵᠤ ᠦᠭᠴᠠᠢ᠃ ᠲᠤᠰ ᠤᠳᠠᠭ᠎ᠠ ᠶᠢᠨ ᠠᠵᠢᠯᠯᠠᠭ᠎ᠠ ᠳᠤ ᠮᠤᠩᠭᠤᠯ ᠤᠯᠤᠰ ᠤᠨ 26 ᠴᠠᠭᠠᠨ ᠬᠠᠷᠠᠩ | ᠡᠪᠡᠳᠴᠢᠲᠡᠨ ᠳᠤ ᠮᠡᠰᠡ ᠵᠠᠰᠠᠯ ᠬᠢᠬᠦ ᠪᠤᠯᠤᠨ᠎ᠠ᠃ |