ᠪᠥ᠋ ᠰᠢᠶᠤᠤ ᠯᠢᠨ᠄ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠤᠨ ᠡᠷᠴᠢᠮ ᠢᠶᠠᠨ ᠴᠢᠩᠭᠠᠷᠠᠭᠤᠯᠵᠤ ᠰᠢᠪᠲᠤᠯᠤᠯᠲᠠ ᠶᠢᠨ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠤᠯᠬᠤ ᠶᠢ ᠦᠨᠡᠨ ᠬᠦ ᠪᠠᠲᠤᠯᠠᠬᠤ ᠭᠡᠷᠡᠭᠲᠡᠢ ᠭᠡᠪᠡ
ᠨᠡᠶᠢᠲᠡᠯᠡᠭᠰᠡᠨ ᠴᠠᠭ᠄
2019/4/22
     4 ᠳ᠋ᠦ᠋ᠭᠡᠷ ᠰᠠᠷ᠎ᠠ ᠶᠢᠨ 20᠎ ᠤ ᠡᠲᠦᠷ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠲᠡᠳ᠋ ᠱᠦᠵᠢ᠂ ᠦᠪᠡᠷᠲᠡᠭᠡᠡ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠠᠶᠠᠠᠨᠠᠭᠤᠷ ᠬᠤᠲᠠ ᠶᠢᠨ ᠤᠷᠠᠳ ᠤᠨ ᠲᠤᠮᠲᠠᠲᠤ ᠬᠤᠰᠢᠭᠤ᠂ ᠤᠷᠠᠳ ᠤᠨ ᠬᠤᠶᠢᠲᠦ ᠬᠤᠰᠢᠭᠤ ᠪᠤᠯᠤᠨ ᠬᠠᠩᠭᠢᠨ ᠬᠤᠶᠢᠲᠦ ᠬᠤᠰᠢᠭᠤᠨ ᠳᠤ ᠬᠦᠷᠴᠤ᠂ ᠶᠠᠲᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠲᠤᠭᠠᠠ ᠤ ᠠᠵᠢᠯ ᠳᠤ ᠪᠠᠶᠢᠴᠠᠭᠠᠠ ᠰᠤᠲᠤᠯᠤᠯᠲᠠ ᠬᠢᠪᠡ᠃      ᠪᠦ᠋ ᠰᠢᠶᠤᠤ ᠯᠢᠨ ᠭᠠᠭᠴᠠᠮᠤᠲᠦ ᠪᠠᠯᠭᠠᠰᠤ ᠶᠢᠨ ᠪᠠᠶᠠᠠᠴᠠᠭᠠᠠ ᠭᠠᠴᠠᠭᠠᠨ ᠤ ︽ᠨᠠᠮ ᠤᠨ ᠭᠡᠰᠢᠭᠦᠨ ᠤ ᠭᠤᠤᠯᠳᠠᠯᠭᠠᠳᠤ ᠡᠷᠦᠭᠡ︾ ᠴᠡᠩᠭᠡᠯᠪᠠᠶᠠᠷ ᠤᠨ ᠳᠤ ᠬᠦᠷᠴᠤ᠂ ︽ᠨᠠᠮ ᠤᠨ ᠭᠡᠰᠢᠭᠦᠠ ᠤ ᠭᠤᠤᠯᠳᠠᠯᠭᠠᠳᠤ ᠡᠷᠦᠭᠡ︾ ᠡᠷᠬᠢᠨ ᠲᠤᠭᠤᠷᠢᠨ ᠤ ᠨᠠᠮ ᠤᠨ ᠭᠡᠰᠢᠭᠦᠨ ᠤᠯᠠᠠ ᠲᠦᠮᠡᠡ ᠢ ᠵᠤᠬᠢᠶᠠᠠ ᠪᠠᠶᠢᠭᠤᠯᠵᠦ ᠠᠵᠢᠯᠯᠠᠭ᠎ᠠ ᠦᠷᠨᠢᠭᠦᠯᠦᠭᠰᠡᠡ ᠪᠠᠶᠢᠲᠠᠯ ᠢ ᠨᠢᠮᠪᠠᠢ ᠤᠶᠢᠯᠠᠭᠠᠵᠠᠢ᠃ ᠴᠡᠩᠭᠡᠯᠪᠠᠶᠠᠷ ᠡᠷᠬᠢᠨ ᠲᠤᠭᠤᠷᠢᠨ ᠤ 20 ᠭᠠᠷᠤᠢ ᠡᠷᠦᠬᠡ ᠶᠢᠨ ᠮᠠᠯᠴᠢᠳ ᠢ ᠨᠦᠯᠦᠭᠡᠯᠡᠡ ᠲᠠᠭᠠᠭᠤᠯᠵᠦ᠂ ᠬᠢᠯᠢ ᠬᠢᠵᠠᠭᠠᠷ ᠤᠨ ᠮᠠᠯᠵᠢᠬᠤ ᠤᠷᠤᠨ ᠤ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠦᠢᠯᠡᠴᠢᠯᠡᠭᠡ ᠶᠢᠨ ᠴᠢᠲᠠᠮᠵᠢ ᠶᠢ ᠪᠦᠲᠦᠮᠵᠢᠲᠠᠢ ᠴᠢᠩᠭᠠᠳᠬᠠᠠᠰᠠᠠ ᠪᠦᠭᠡᠳ ᠪᠠᠰᠠ ︽ᠮᠠᠯᠴᠢᠨ ᠠᠶᠢᠯ ᠤᠨ ᠪᠠᠶᠠᠰᠤᠯ︾᠎ ᠢ ᠢᠲᠠᠪᠬᠢᠲᠠᠢ ᠪᠠᠶᠢᠭᠤᠯᠵᠦ᠂ ᠭᠠᠴᠠᠭᠠᠨ ᠤ ᠮᠠᠯᠴᠢᠳ ᠢᠶᠠᠨ ᠲᠠᠭᠠᠭᠤᠯᠤᠨ ᠤᠷᠤᠯᠭ᠎ᠠ ᠎ ᠶᠢ ᠨᠢ ᠨᠡᠮᠡᠭᠲᠡᠭᠦᠯᠦᠭᠰᠡᠡ ᠢ ᠤᠶᠢᠯᠠᠭᠠᠭᠠᠳ ᠪᠦ᠋ ᠰᠢᠶᠤᠤ ᠯᠢᠨ ᠮᠠᠭᠲᠠᠠ ᠰᠠᠶᠢᠰᠢᠶᠠᠵᠦ᠂ ᠨᠠᠮ ᠤᠨ ᠪᠠᠶᠢᠭᠤᠯᠤᠯᠲᠠ ᠶᠢ ᠠᠳᠬᠤᠨ ᠶᠠᠲᠠᠭᠤ ᠠᠴᠠ ᠠᠩᠭᠢᠵᠢᠷᠠᠭᠤᠯᠬᠤ ᠶᠢ ᠠᠬᠢᠭᠤᠯᠬᠤ ᠪᠠᠶᠢᠭᠤᠯᠤᠮᠵᠢ ᠲᠤᠭᠲᠠᠴᠠ ᠶᠢ ᠲᠡᠭᠦᠯᠲᠡᠷᠵᠢᠭᠦᠯᠦᠨ ᠨᠠᠶᠢᠲᠠᠪᠤᠷᠢᠵᠢᠭᠤᠯᠵᠦ᠂ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠤᠯᠠᠠ ᠲᠦᠮᠡᠡ ᠢᠶᠠᠨ ᠲᠠᠭᠠᠭᠤᠯᠤᠨ ᠶᠠᠲᠠᠭᠤ ᠠᠴᠠ ᠠᠩᠭᠢᠵᠢᠷᠠᠭᠤᠯᠵᠤ ᠪᠠᠶᠠᠵᠢᠨ ᠴᠢᠨᠡᠭᠡᠯᠢᠭᠵᠢᠭᠦᠯᠬᠦ ᠪᠠᠶᠢᠯᠲᠤᠭᠠᠠ ᠤ ᠪᠠᠬᠢᠯᠡᠯᠲᠡ ᠶᠢᠨ ᠦᠢᠯᠡᠳᠦᠯ ᠢ ᠬᠦᠢᠴᠡᠳ ᠪᠠᠲᠠᠷᠠᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃      ᠴᠤᠬᠠᠦ᠋ᠨᠳᠤᠷ ᠪᠠᠯᠭᠠᠰᠤ ᠶᠢᠨ ᠰᠢᠨ᠎ᠠ ᠤᠰᠤ ᠭᠠᠴᠠᠭ᠎ᠠ ᠪᠦᠬᠦ ᠤᠯᠤᠰ ᠤᠨ ᠬᠡᠪᠴᠢᠶ᠎ᠠ ᠪᠠᠷ ᠬᠠᠮᠤᠭ ᠤᠨ ᠶᠡᠭᠡ ᠭᠤᠪᠢ ᠶᠢᠨ ᠤᠯᠠᠭᠠᠠ ᠲᠡᠮᠡᠭᠡᠨ ᠤ ᠠᠵᠦ ᠦᠢᠯᠡᠰ ᠤᠨ ᠰᠠᠭᠤᠷᠢᠨ ᠢ ᠪᠠᠶᠢᠭᠤᠯᠤᠭᠰᠠᠨ ᠪᠠᠶᠢᠨ᠎ᠠ᠃ ᠰᠢᠨ᠎ᠠ ᠤᠰᠤ ᠭᠠᠴᠠᠭ᠎ᠠ ᠳᠤ᠂ ᠪᠦ᠋ ᠰᠢᠶᠤᠤ ᠯᠢᠨ ︽ᠺᠤᠮᠫᠠᠨᠢ + ᠰᠠᠭᠤᠷᠢᠨ + ᠬᠤᠷᠰᠢᠶ᠎ᠠ + ᠮᠠᠯᠵᠢᠬᠤ ᠡᠷᠦᠭᠡ︾᠎ ᠶᠢᠨ ᠬᠦᠭᠵᠢᠯᠳᠡ ᠶᠢᠨ ᠵᠠᠭᠪᠤᠷ ᠤᠨ ᠪᠠᠶᠢᠳᠠᠯ ᠢ ᠬᠦᠨᠵᠡᠭᠡᠢ ᠤᠶᠢᠯᠠᠭᠠᠵᠦ᠂ ᠡᠯᠡᠰᠦᠨ ᠲᠡᠮᠡᠭᠡ ᠶᠢᠨ ᠠᠵᠦ ᠦᠢᠯᠡᠰ ᠤᠨ ᠰᠠᠭᠤᠷᠢᠨ ᠤ ᠪᠦᠲᠦᠭᠡᠡ ᠪᠠᠶᠢᠭᠤᠯᠤᠯᠲᠠ ᠶᠢᠨ ᠪᠠᠶᠢᠲᠠᠯ ᠢ ᠨᠢ ᠪᠠᠶᠢᠴᠠᠭᠠᠠ ᠦᠵᠡᠵᠦ᠂ ᠮᠠᠯᠴᠢᠳ ᠤᠨ ᠦᠢᠯᠡᠳᠪᠦᠷᠢᠯᠡᠯ ᠠᠮᠢᠲᠤᠷᠠᠯ ᠤᠨ ᠪᠠᠶᠢᠲᠠᠯ ᠢ ᠨᠢᠮᠪᠠᠢ ᠤᠶᠢᠯᠠᠭᠠᠪᠠ᠃ ᠲᠡᠷᠡ ᠵᠢᠭᠠᠭᠰᠠᠨ ᠨᠢ᠂ ᠲᠠᠭᠠᠭᠤᠯᠤᠭᠴᠢ ᠠᠵᠦ ᠠᠬᠤᠶᠢᠯᠠᠯ ᠢ ᠴᠢᠨᠠᠭᠰᠢᠲᠠ ᠪᠤᠶᠢᠵᠢᠭᠤᠯᠤᠨ ᠪᠤᠵᠠᠭᠠᠶᠢᠷᠠᠭᠤᠯᠵᠦ᠂ ᠮᠠᠯᠴᠢᠨ ᠲᠠᠷᠢᠶᠠᠴᠢᠳ ᠤᠨ ᠵᠤᠬᠢᠶᠠᠠ ᠪᠠᠶᠢᠭᠤᠯᠤᠯᠲᠠ ᠶᠢᠨ ᠬᠡᠮᠵᠢᠶ᠎ᠠ ᠶᠢ ᠲᠡᠭᠡᠭᠰᠢᠯᠡᠭᠦᠯᠤᠨ᠂ ᠨᠡᠩ ᠨᠢᠭᠳᠠ ᠬᠠᠷᠢᠴᠠᠭ᠎ᠠ ᠲᠠᠢ ᠠᠵᠤ ᠠᠬᠤᠶᠢᠯᠠᠯ ᠬᠢᠬᠡᠳ ᠮᠠᠯᠵᠢᠬᠤ ᠲᠠᠷᠢᠶᠠᠯᠠᠬᠤ ᠡᠷᠦᠬᠡ ᠶᠢᠨ ᠠᠰᠢᠭ ᠲᠤᠰᠠ ᠶᠢᠨ ᠬᠤᠯᠪᠤᠭᠠᠨ ᠤ ᠲᠤᠭᠳᠠᠴᠠ ᠶᠢ ᠴᠤᠭᠴᠠᠯᠠᠵᠤ᠂ ᠮᠠᠯ ᠠᠵᠦ ᠠᠬᠤᠢ ᠲᠠᠷᠢᠶᠠᠯᠠᠩ ᠤᠨ ᠦᠷ᠎ᠠ ᠠᠰᠢᠭ ᠤᠨ ᠨᠡᠮᠡᠭᠳᠡᠯ ᠪᠤᠯᠤᠨ ᠮᠠᠯᠴᠢᠨ ᠲᠠᠷᠢᠶᠠᠴᠢᠠ ᠤ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠭᠡᠷᠡᠭᠲᠡᠢ ᠭᠡᠵᠠᠢ᠃      ᠬᠠᠨᠭ᠍ᠬᠢᠨ ᠬᠤᠶᠢᠳᠤ ᠬᠤᠰᠢᠭᠤᠨ ᠤ ᠪᠦᠬᠦ ᠤᠷᠤᠨ ᠪᠦᠰᠡ ᠶᠢᠨ ᠪᠤᠬᠢᠷᠳᠤᠯ ᠦᠭᠡᠢ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠭᠦᠷᠢᠶᠠᠯᠡᠩ ᠢ ᠲᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠪᠤᠯᠤᠨ ᠦᠪᠤᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠭᠦ ᠤᠠᠬᠭᠠᠨ ᠰᠤᠳᠤᠯᠭᠠᠨ ᠤ ᠪᠦᠯᠭᠦᠮ ᠎ ᠤᠨ ᠬᠢᠨ ᠬᠤᠯᠪᠤᠭᠠᠯᠠᠨ ᠪᠠᠶᠢᠭᠤᠯᠵᠤ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠬᠢᠭᠡᠳ ᠰᠤᠳᠤᠯᠬᠤ ᠰᠤᠷᠤᠭᠴᠢᠳ ᠬᠤᠯᠪᠤᠭᠠᠯᠠᠨ ᠲᠤᠰᠬᠤᠨ ᠳᠤ ᠰᠠᠭᠤᠵᠤ ᠭᠦᠳᠡᠭᠡ ᠠᠵᠤ ᠠᠬᠤᠢ ᠶᠢᠨ ᠮᠡᠷᠭᠡᠵᠢᠯ ᠤᠨ ᠰᠤᠳᠤᠯᠭᠠᠨ ᠦᠷᠨᠢᠭᠦᠯᠵᠤ᠂ ᠲᠠᠷᠢᠶᠠᠯᠠᠬᠤ ᠡᠷᠤᠭᠡ ᠵᠢᠴᠢ ᠦᠢᠯᠡᠳᠪᠤᠷᠢᠯᠠᠯ ᠤᠨ ᠵᠤᠬᠢᠶᠠᠨ ᠪᠠᠶᠢᠭᠤᠯᠤᠯᠳᠠ ᠳᠤ ᠮᠡᠷᠭᠡᠵᠢᠯ ᠤᠨ ᠦᠢᠯᠡᠴᠢᠯᠡᠭᠡ ᠪᠠ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠪᠤᠯᠪᠠᠰᠤᠷᠠᠯ ᠬᠠᠨᠭ᠍ᠭᠠᠵᠤ ᠪᠤᠢ᠃ ᠪᠦ᠋ ᠰᠢᠶᠤᠤ ᠯᠢᠨ ᠮᠸᠡᠭ ᠬᠠᠢ ᠪᠠᠯᠭᠠᠰᠤᠨ ᠤ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠭᠦᠷᠢᠶᠠᠯᠡᠩ ᠳᠤ ᠭᠦᠷᠴᠤ᠂ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠭᠦᠷᠢᠶᠠᠯᠡᠩ ᠤᠨ ᠠᠵᠢᠯ ᠢᠶᠠᠨ ᠦᠷᠨᠢᠭᠦᠯᠵᠤ ᠪᠠᠶᠢᠭ᠎ᠠ ᠪᠠᠶᠢᠳᠠᠯ ᠢ ᠦᠢᠯᠠᠭᠠᠭᠰᠠᠨ ᠪᠦᠭᠡᠳ ᠲᠤᠰᠬᠤᠨ ᠳᠤ ᠰᠠᠭᠤᠭ᠎ᠠ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠪᠠ ᠤᠶᠤᠳᠠᠳ ᠲᠠᠢ ᠪᠤᠳᠤᠯ ᠰᠠᠨᠠᠯ ᠢᠶᠠᠨ ᠰᠤᠯᠢᠯᠴᠠᠵᠤ᠂ ᠲᠡᠳᠠᠨ ᠢ ᠡᠷᠳᠡᠮ ᠮᠡᠳᠡᠯᠬᠡ ᠪᠠᠨ ᠠᠰᠢᠭᠯᠠᠨ ᠲᠠᠷᠢᠶᠠᠴᠢᠳ ᠢ ᠬᠠᠪᠰᠤᠷᠴᠤ ᠦᠢᠯᠡᠳᠪᠤᠷᠢᠯᠠᠯ ᠢ ᠨᠢ ᠠᠬᠢᠭᠤᠯᠤᠨ ᠤᠷᠤᠯᠭ᠎ᠠ ᠶᠢ ᠨᠢ ᠨᠡᠮᠡᠭᠳᠠᠭᠦᠯᠵᠤ᠂ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠲᠤᠬᠠᠢ ᠶᠢᠨ ᠭᠠᠵᠠᠷ ᠤᠨ ᠪᠤᠬᠢᠷᠳᠤᠯ ᠦᠭᠡᠢ ᠠᠵᠤ ᠦᠢᠯᠠᠰ ᠤᠨ ᠭᠦᠭᠵᠢᠯᠳᠠ ᠳᠤ ᠤᠶᠤᠨ ᠤᠬᠠᠭᠠᠨ ᠭᠦᠴᠤᠨ ᠴᠢᠳᠠᠯ ᠢᠶᠠᠨ ᠬᠠᠨᠳᠢᠪᠯᠡᠬᠤ ᠶᠢ ᠵᠤᠷᠢᠭᠵᠢᠭᠤᠯᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠨᠢᠬᠡᠨᠳᠡ ᠰᠢᠢᠳᠪᠦᠷᠢᠲᠦ ᠢᠯᠠᠯᠳᠠ ᠶᠢ ᠤᠯᠬᠤ ᠵᠠᠩᠬᠢᠯᠠᠭ᠎ᠠ ᠶᠢᠨ ᠱᠠᠳᠤᠨ ᠳᠤ ᠤᠷᠤᠵᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ᠂ ᠭᠠᠨᠰᠤ ᠶᠢᠨ ᠲᠦᠯᠤᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠬᠡᠯᠡᠭᠰᠡᠨ ᠴᠢᠬᠤᠯᠠ ᠶᠡᠷᠢᠶ᠎ᠠ ᠪᠤᠯᠤᠨ ᠴᠦᠡᠭᠴᠢᠩ ᠳᠤ ᠬᠤᠷᠠᠯᠳᠤᠭᠤᠯᠤᠭᠰᠠᠨ ︽ᠬᠤᠶᠠᠷ ᠲᠤ ᠵᠤᠪᠠᠭ᠋ᠤ ᠦᠭᠡᠢ ᠭᠤᠷᠪᠠ ᠶᠢ ᠪᠠᠳᠤᠯᠠᠬᠤ︾ ᠲᠠᠯ᠎ᠠ ᠶᠢᠨ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠭᠦ ᠶᠠᠷᠢᠯᠴᠠᠬᠤ ᠬᠤᠷᠠᠯ ᠲᠠᠬᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ ︽ᠲᠦᠷᠪᠡᠨ ᠢᠳᠡᠭᠡᠯ︾᠎ ᠢᠶᠠᠨ ᠪᠠᠳᠤᠳᠬᠠᠨ ︽ᠬᠤᠶᠠᠷ ᠢ ᠬᠠᠮᠠᠭᠠᠯᠠᠬᠤ︾᠎ ᠶᠢ ᠪᠠᠶᠠᠯᠡᠭᠦᠯᠵᠤ᠂ ᠤᠯᠤᠰ ᠲᠦᠷᠤ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠭᠡᠷᠡᠭᠳᠠᠢ᠃ ᠲᠤᠪᠤᠶᠢᠮ᠎ᠠ ᠠᠰᠠᠭᠤᠲᠠᠯ ᠳᠤ ᠠᠩᠬᠠᠷᠤᠯ ᠢᠶᠠᠨ ᠲᠦᠪᠯᠡᠷᠡᠬᠦᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠠᠵᠢᠯ ᠤᠨ ᠠᠷᠭ᠎ᠠ ᠪᠠᠷᠢᠯ ᠢᠶᠠᠨ ᠴᠢᠩᠭᠠᠳᠬᠠᠵᠤ᠂ ᠲᠤᠭᠲᠠᠭᠰᠠᠠ ᠬᠤᠭᠤᠴᠠᠭᠠᠠ ᠳᠤ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠲᠤᠭᠠᠠ ᠤ ᠪᠦᠬᠦ ᠲᠠᠯ᠎ᠠ ᠶᠢᠨ ᠢᠯᠠᠯᠲᠠ ᠶᠢ ᠤᠯᠬᠤ ᠎ ᠶᠢ ᠦᠨᠡᠨ ᠬᠦ ᠪᠠᠲᠤᠯᠠᠬᠤ ᠭᠡᠷᠡᠭᠲᠡᠢ ᠭᠡᠪᠠ᠃      ᠪᠦ᠋ ᠰᠢᠶᠤᠤ ᠯᠢᠨ ᠪᠠᠰᠠ ᠭᠠᠭᠴᠠᠮᠤᠳᠤ ᠬᠢᠯᠢ ᠶᠢᠨ ᠪᠤᠭᠤᠮᠳᠠ ᠳᠤ ᠭᠦᠷᠴᠤ᠂ ᠬᠢᠯᠢ ᠶᠢᠨ ᠪᠤᠭᠤᠮᠳᠠ ᠶᠢᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠢᠭᠡᠲᠦᠮᠡᠯ ᠹᠷᠤᠨᠲ ᠎ ᠤᠨ ᠬᠡᠯᠲᠡᠰ ᠤᠨ ᠳᠠᠷᠤᠭ᠎ᠠ ᠸᠠᠩ ᠯᠢ ᠰᠢᠶᠠ ᠵᠢᠴᠢ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠭᠦᠳ ᠪᠠᠶᠢᠴᠠᠭᠠᠨ ᠰᠤᠳᠤᠯᠤᠯᠲᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号