ᠯᠢ ᠵᠢᠢ ᠾᠧᠩ ᠡᠸ᠋ ᠵᠢᠩ ᠫᠢᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2019/4/23
     4 ᠳ᠋ᠦ᠋ᠭᠡᠷ ᠰᠠᠷ᠎ᠠ ᠶᠢᠨ 21᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠤᠯᠤᠰ ᠤᠨ ᠦᠶᠡᠷ ᠢ ᠰᠡᠷᠬᠡᠶᠢᠯᠡᠵᠥ ᠭᠠᠩ ᠲᠠᠢ ᠲᠡᠮᠡᠴᠡᠬᠦ ᠠᠵᠢᠯ ᠤᠨ ᠶᠡᠷᠦᠩᠬᠡᠢ ᠵᠢᠯᠤᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ᠂ ᠤᠰᠤᠨ ᠠᠰᠢᠬᠯᠠᠯᠳᠠ ᠶᠢᠨ ᠶᠠᠮᠤᠨ ᠤ ᠰᠠᠶᠢᠳ ᠡᠸ᠋ ᠵᠢᠩ ᠫᠢᠩ ᠨᠠᠷ ᠲᠠᠢ ᠠᠭᠤᠯᠵᠠᠪᠠ᠃      ᠯᠢ ᠵᠢᠢ ᠾᠧᠩ ᠡᠸ᠋ ᠵᠢᠩ ᠫᠢᠩ ᠨᠠᠷ ᠤᠨ ᠮᠠᠨ ᠤ ᠤᠷᠤᠨ ᠳᠤ ᠠᠵᠢᠯ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠬᠳᠤᠵᠥ ᠪᠠᠶᠢᠬᠤ ᠪᠠᠨ ᠢᠯᠡᠳᠬᠡᠵᠥ᠂ ᠤᠰᠤᠨ ᠠᠰᠢᠬᠯᠠᠯᠳᠠ ᠶᠢᠨ ᠶᠠᠮᠤᠨ ᠤ ᠦᠪᠦᠷ ᠮᠤᠩᠭᠤᠯ ᠳᠤ ᠦᠵᠡᠬᠦᠯᠦᠭᠰᠡᠨ ᠳᠡᠮᠵᠢᠯᠬᠡ ᠳᠤ ᠳᠠᠯᠠᠷᠬᠠᠵᠥ ᠪᠠᠶᠢᠬᠤ ᠪᠠᠨ ᠢᠯᠡᠳᠬᠡᠪᠡ᠃ ᠬᠤᠶᠠᠷ ᠳᠠᠯ᠎ᠠ ᠪᠠᠷ ᠢᠶᠠᠨ ᠶᠠᠮᠤᠨ ᠤᠷᠤᠨ ᠎ ᠤ ᠬᠠᠮᠳᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠦᠪᠦᠷ ᠮᠤᠩᠭᠤᠯ ᠤᠨ ᠤᠰᠤᠨ ᠠᠰᠢᠬᠯᠠᠯᠳᠠ ᠶᠢᠨ ᠦᠬᠡᠷᠡᠴᠢᠯᠡᠯᠳᠡ ᠬᠦᠭᠵᠢᠯᠳᠡ ᠶᠢ ᠠᠬᠢᠭᠤᠯᠬᠤ ᠲᠤᠬᠠᠢ ᠰᠠᠨᠠᠯ ᠢᠶᠠᠨ ᠬᠦᠨᠵᠡᠬᠡᠢ ᠰᠤᠯᠢᠯᠴᠠᠵᠤ᠂ ᠤᠰᠤᠨ ᠠᠰᠢᠬᠯᠠᠯᠳᠠ ᠶᠢᠨ ᠢᠨᠵᠧᠨᠧᠷᠢᠩ ᠤᠨ ᠳᠤᠳᠠᠭᠤᠳᠠᠯ ᠢ ᠨᠦᠬᠦᠪᠦᠷᠢᠯᠡᠬᠦ᠂ ᠤᠰᠤᠨ ᠠᠰᠢᠬᠯᠠᠯᠳᠠ ᠶᠢᠨ ᠠᠵᠢᠯ ᠳᠦᠷᠦᠯ ᠎ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠬᠤ᠂ ᠦᠶᠡᠷ ᠢ ᠰᠡᠷᠬᠡᠶᠢᠯᠡᠵᠥ ᠭᠠᠩ ᠲᠠᠢ ᠲᠡᠮᠡᠴᠡᠬᠦ ᠠᠵᠢᠯ ᠢ ᠰᠠᠶᠢᠳᠤᠷ ᠬᠢᠬᠦ ᠵᠡᠷᠭᠡ ᠳᠠᠯ᠎ᠠ ᠪᠠᠷ ᠰᠠᠨᠠᠯ ᠢᠶᠠᠨ ᠰᠤᠯᠢᠯᠴᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠨ ᠱᠤᠤ ᠴᠦᠨ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠯᠢ ᠪᠢᠩ ᠷᠦᠩ ᠠᠭᠤᠯᠵᠠᠯᠳᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号