ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠮᠠᠨ ᠤ ᠣᠷᠣᠨ ᠤ ᠵᠠᠰᠠᠭ ᠤᠨ ᠣᠷᠳᠣᠨ ᠤ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠲᠠᠶᠢᠴᠢᠯᠡᠯᠳᠡ ᠶᠢᠨ ᠬᠤᠷᠠᠯ ᠬᠤᠷᠠᠯᠳᠤᠭᠤᠯᠪᠠ  ᠵᠠᠩ ᠰᠢᠦᠢ ᠶᠠᠷᠢᠶ᠎ᠠ ᠳᠠᠯᠪᠢᠵᠤ ᠪᠤᠤ ᠭᠠᠨᠭ᠌ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2019/4/23
     4  ᠳ᠋ᠦ᠋ᠭᠡᠷ ᠰᠠᠷ᠎ᠠ ᠶᠢᠨ 22᠎ ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠮᠠᠨ ᠤ ᠣᠷᠣᠨ ᠤ ᠵᠠᠰᠠᠭ ᠤᠨ ᠣᠷᠳᠣᠨ ᠤ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠲᠠᠶᠢᠴᠢᠯᠡᠯᠳᠡ ᠶᠢᠨ ᠬᠤᠷᠠᠯ ᠬᠤᠷᠠᠯᠳᠤᠭᠤᠯᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠳᠤᠬᠢᠷᠠᠭᠤᠯᠤᠯᠳᠠ ᠶᠢ ᠦᠨᠳᠦᠰᠦᠯᠡᠪᠡᠯ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠨᠠᠢᠮᠠᠳᠤᠭᠠᠷ ᠬᠢᠨᠠᠨ ᠰᠢᠯᠭᠠᠵᠤ ᠳᠤᠭᠤᠷᠢᠨ ᠪᠠᠶᠢᠴᠠᠭᠠᠬᠤ ᠳᠤᠭᠤᠢᠢᠯᠠᠩ 4 ᠳ᠋ᠦ᠋ᠭᠡᠷ ᠰᠠᠷ᠎ᠠ ᠶᠢᠨ 21 — 30᠎ ᠤ ᠡᠳᠦᠷ ᠪᠤᠯᠳᠠᠯ᠎ᠠ ᠮᠠᠨ ᠤ ᠣᠷᠣᠨ ᠤ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠲᠣᠬᠠᠢ ᠶᠢᠨ ᠭᠠᠵᠠᠷ ᠲᠤ ᠨᠢ ᠬᠢᠨᠠᠨ ᠰᠢᠯᠭᠠᠵᠤ ᠳᠤᠭᠤᠷᠢᠨ ᠪᠠᠶᠢᠴᠠᠭᠠᠬᠤ ᠠᠵᠢᠯ ᠢ ᠶᠠᠪᠤᠭᠳᠠᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠨᠠᠢᠮᠠᠳᠤᠭᠠᠷ ᠬᠢᠨᠠᠨ ᠰᠢᠯᠭᠠᠵᠤ ᠳᠤᠭᠤᠷᠢᠨ ᠪᠠᠶᠢᠴᠠᠭᠠᠬᠤ ᠳᠤᠭᠤᠢᠢᠯᠠᠩ ᠤᠨ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠦᠢ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ  ᠤ ᠳᠡᠳ᠋ ᠲᠡᠷᠢᠭᠦᠯᠡᠭᠴᠢ ᠪᠦᠦ ᠭᠠᠩ ᠬᠤᠷᠠᠯ ᠳᠤ ᠣᠷᠣᠯᠴᠠᠪᠠ᠃      ᠵᠠᠩ ᠰᠢᠦᠢ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ  ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠩᠭᠢᠯᠠᠭ᠎ᠠ ᠶᠢᠨ ᠵᠢᠯ ᠪᠤᠯᠤᠨ᠎ᠠ᠃ ᠬᠦᠨᠳᠦ ᠨᠤᠴᠢᠳᠠᠢ ᠣᠨᠴᠠ ᠶᠡᠭᠡ ᠠᠳᠡᠯ ᠢ ᠪᠦᠲᠦᠮᠵᠢᠲᠡᠢ ᠰᠡᠷᠭᠡᠶᠢᠯᠡᠨ ᠬᠢᠵᠠᠭᠠᠷᠯᠠᠵᠤ᠂ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠣᠯ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤ ᠣᠷᠳᠣᠨ ᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠦᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠤᠯᠲᠠ ᠪᠠ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠡᠯᠪᠡᠭ ᠳᠡᠯᠪᠡᠭ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠶᠢᠨ ᠠᠭᠤᠯᠠ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠬᠢᠬᠦ ᠵᠡᠷᠭᠡ ᠦᠨᠳᠦᠷ ᠠᠶᠦᠯ ᠲᠦᠭᠰᠢᠬᠦᠷᠢᠳᠤ ᠠᠵᠢᠯ ᠲᠥᠷᠥᠯ ᠤᠨ ᠲᠥᠷᠥᠯ ᠵᠦᠢᠯ ᠤᠯᠠᠨ ᠪᠠᠶᠢᠵᠤ᠂ ᠡᠯ᠎ᠡ ᠵᠦᠢᠯ ᠤᠨ ᠠᠮᠦᠷ ᠲᠦᠪᠰᠢᠨ ᠤ ᠠᠶᠤᠯ ᠲᠦᠭᠰᠢᠬᠦᠷᠢ ᠰᠤᠯᠪᠢᠴᠠᠵᠤ᠂ ᠬᠠᠮᠢᠶᠠᠷᠤᠯᠳᠠ ᠡᠵᠡᠮᠰᠢᠯᠳᠡ ᠳᠤ ᠪᠠᠭ᠎ᠠ ᠯᠠ ᠬᠦᠴᠦᠯᠡᠬᠦ ᠦᠭᠡᠢ ᠪᠣᠯ ᠬᠦᠨᠳᠤ ᠨᠤᠴᠢᠳᠠᠢ ᠣᠨᠴᠠ ᠶᠡᠭᠡ ᠠᠳᠡᠯ ᠡᠬᠦᠰᠬᠦ ᠪᠣᠯᠤᠮᠵᠢ ᠲᠠᠢ᠃ ᠳᠤᠰ ᠤᠳᠠᠭᠠᠨ ᠤ ᠬᠢᠨᠠᠨ ᠰᠢᠯᠭᠠᠯᠳᠠ ᠳᠤᠭᠤᠷᠢᠨ ᠪᠠᠶᠢᠴᠠᠭᠠᠯᠳᠠ ᠪᠠᠷ ᠳᠠᠮᠵᠢᠨ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠤᠰ ᠲᠥᠷᠥ ᠶᠢᠨ ᠵᠣᠭᠰᠣᠴᠠ ᠶᠢ ᠦᠨᠡᠨ ᠬᠦ ᠳᠡᠭᠡᠭᠰᠢᠯᠡᠬᠦᠯᠵᠤ᠂ ᠬᠤᠷᠢᠭ᠎ᠠ ᠱᠤᠭᠤᠮ ᠤᠨ ᠰᠡᠳᠭᠢᠮᠵᠢ ᠶᠢ ᠪᠠᠷᠢᠮᠳᠠᠯᠠᠵᠤ᠂ ᠠᠶᠦᠯ ᠲᠦᠭᠰᠢᠬᠦᠷᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠠᠮᠦᠷ ᠲᠦᠪᠰᠢᠨ ᠢ ᠪᠠᠳᠤᠯᠠᠬᠤ ᠡᠷᠴᠢᠮ ᠢ ᠢᠮᠬᠠᠳᠠ ᠴᠢᠩᠭᠠᠷᠠᠭᠤᠯᠤᠨ᠂ ᠲᠤᠰ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠭᠤᠷᠠᠢ ᠲᠠᠯ᠎ᠠ ᠪᠠ ᠳᠣᠪᠤᠶᠢᠮ᠎ᠠ ᠠᠰᠠᠭᠤᠳᠠᠯ ᠢ ᠭᠦᠨᠵᠡᠭᠡᠢ ᠡᠷᠢᠬᠦᠯᠵᠤ᠂ ᠨᠡᠩ ᠡᠷᠴᠢᠮᠳᠠᠢ ᠠᠷᠭ᠎ᠠ ᠬᠡᠮᠵᠢᠶ᠎ᠡ ᠠᠪᠴᠤ᠂ ᠰᠡᠷᠬᠡᠶᠢᠯᠡᠨ ᠰᠢᠢᠳᠪᠦᠷᠢᠯᠡᠵᠤ᠂ ᠬᠦᠨᠳᠤ ᠨᠤᠴᠢᠳᠠᠢ ᠣᠨᠴᠠ ᠶᠡᠭᠡ ᠠᠳᠡᠯ ᠭᠠᠷᠬᠤ ᠶᠢ ᠡᠷᠡᠰ ᠬᠢᠵᠠᠭᠠᠷᠯᠠᠬᠤ ᠶᠢ ᠬᠦᠰᠡᠵᠦ ᠪᠠᠶᠢᠨ᠎ᠠ ᠭᠡᠵᠡᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠶᠤᠯ ᠦᠭᠡᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ ᠵᠢᠴᠢ ᠪᠠᠴᠢᠮ ᠪᠠᠶᠢᠳᠠᠯ ᠢ ᠠᠷᠭᠠᠴᠠᠭᠠᠬᠤ᠂ ᠰᠣᠶᠣᠯ ᠪᠠ ᠵᠢᠭᠤᠯᠴᠢᠯᠠᠯ᠂ ᠬᠦᠭᠵᠢᠬᠦᠯᠤᠯᠳᠠ ᠦᠭᠡᠷᠡᠴᠢᠯᠡᠯᠳᠡ ︵ᠡᠨᠧᠷᠬᠢ︶᠂ ᠭᠠᠯ ᠤᠨᠳᠠᠷᠠᠭᠠᠵᠤ ᠠᠪᠤᠷᠠᠨ ᠳᠤᠰᠠᠯᠠᠬᠤ ᠶᠡᠷᠦᠩᠬᠡᠢ ᠠᠩᠬᠢ ᠵᠡᠷᠭᠡ ᠰᠠᠯᠠᠭ᠎ᠠ ᠮᠥᠴᠢᠷ ᠤᠨ  ᠬᠠᠷᠢᠭᠤᠴᠠᠯᠭᠠᠳᠠᠨ ᠨᠠᠷ ᠲᠠᠢ ︽ᠠᠰᠠᠭᠤᠨ ᠯᠠᠪᠯᠠᠬᠤ ᠠᠰᠠᠭᠤᠯᠳᠠ ᠶᠢᠨ ᠬᠦᠳᠦᠯᠪᠦᠷᠢ︾᠎ ᠶᠢ ᠬᠠᠷᠭᠤᠭᠤᠯᠵᠤ ᠶᠠᠷᠢᠯᠴᠠᠨ ᠰᠠᠨᠠᠯ ᠰᠣᠯᠢᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号