ᠥᠪᠥᠷ ᠮᠣᠩᠭᠤᠯ᠄ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠪᠠᠯ ᠡᠳ᠋ ᠤᠨ ᠵᠠᠰᠠᠭ ᠤᠨ ᠨᠥᠬᠦᠪᠥᠷᠢ ᠬᠦᠷᠲᠡᠵᠦ ᠪᠣᠯᠤᠨ᠎ᠠ
ᠨᠡᠶᠢᠲᠡᠯᠡᠭᠰᠡᠨ ᠴᠠᠭ᠄
2019/4/24
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠠᠮᠤᠭ ᠤᠨ ᠰᠢᠨ᠎ᠡ ᠨᠡᠢᠲᠡᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠥᠷᠢ ᠥᠭᠬᠦ ᠭᠠᠷᠴᠠᠭ ᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠡᠮᠰᠢᠨ ᠲᠣᠭᠲᠠᠭᠠᠭᠰᠠᠨ ᠤᠷ᠎ᠠ ᠴᠢᠳᠠᠪᠤᠷᠢ ᠶᠢᠨ ᠲᠥᠷᠥᠯ ᠤᠨ ᠠᠵᠢᠯ ᠮᠡᠷᠭᠡᠵᠢᠯ ︵ᠠᠵᠢᠯ ᠲᠥᠷᠥᠯ︶᠂ ᠰᠢᠨ᠎ᠡ ᠠᠵᠢᠯ ᠮᠡᠷᠭᠡᠵᠢᠯ ︵ᠠᠵᠢᠯ ᠲᠥᠷᠥᠯ︶ ᠪᠦᠬᠦᠨ ᠢ ᠴᠥᠮ ᠵᠠᠰᠠᠭ ᠤᠨ ᠣᠷᠳᠣᠨ ᠤ ᠨᠥᠬᠦᠪᠥᠷᠢ ᠥᠭᠬᠦ ᠪᠣᠯᠪᠠᠰᠤᠷᠠᠭᠤᠯᠤᠯ ᠤᠨ ᠠᠵᠢᠯ ᠮᠡᠷᠭᠡᠵᠢᠯ ︵ᠠᠵᠢᠯ ᠲᠥᠷᠥᠯ︶᠎ ᠤᠨ ᠬᠡᠪᠴᠢᠶᠡᠨ ᠳᠤ ᠣᠷᠣᠭᠤᠯᠪᠠ᠃      ᠲᠠᠨᠢᠯᠴᠠᠭᠤᠯᠤᠭᠰᠠᠨ ᠢᠶᠠᠷ᠂ ᠦᠨᠳᠦᠰᠦᠲᠡᠨ ᠤ ᠣᠨᠴᠠᠯᠢᠭ᠂ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ ᠲᠠᠢ ᠤᠶᠠᠯᠳᠤᠭᠤᠯᠤᠨ᠂ ᠥᠪᠥᠷ ᠮᠣᠩᠭᠤᠯ ᠭᠤᠤᠯᠳᠠᠯᠭ᠎ᠠ ᠲᠠᠢ ᠠᠵᠤ ᠦᠢᠯᠡᠰ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠬᠠᠮᠲᠤ ᠳᠤ ᠨᠢ ᠲᠣᠭᠲᠠᠭᠠᠵᠤ᠂ ᠭᠠᠷᠴᠠᠭ ᠲᠤ ᠣᠷᠣᠭᠰᠠᠨ A ᠲᠥᠷᠥᠯ ᠤᠨ ᠠᠵᠢᠯ ᠮᠡᠷᠭᠡᠵᠢᠯ ︵ᠠᠵᠢᠯ ᠲᠥᠷᠥᠯ︶ ᠪᠦᠬᠦᠨ ᠳᠤ ᠬᠥᠮᠥᠨ ᠪᠣᠯᠭᠠᠨ ᠤᠳᠠᠭ᠎ᠠ ᠪᠦᠷᠢ 1800 ᠲᠥᠭᠦᠷᠢᠭ ᠤᠨ ᠦᠨᠳᠦᠰᠦᠨ ᠪᠠᠷᠢᠮᠵᠢᠶᠠᠲᠤ ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ︔ ᠭᠠᠷᠴᠠᠭ ᠲᠤ ᠣᠷᠣᠭᠰᠠᠨ B ᠲᠥᠷᠥᠯ ᠤᠨ ᠠᠵᠢᠯ ᠮᠡᠷᠭᠡᠵᠢᠯ ︵ᠠᠵᠢᠯ ᠲᠥᠷᠥᠯ︶ ᠪᠦᠬᠦᠨ ᠳᠤ ᠬᠥᠮᠥᠨ ᠪᠣᠯᠭᠠᠨ ᠤᠳᠠᠭ᠎ᠠ ᠪᠦᠷᠢ 1300 ᠲᠦᠬᠦᠷᠢᠭ ᠤᠨ ᠦᠨᠳᠦᠰᠦᠨ ᠪᠠᠷᠢᠮᠵᠢᠶᠠᠲᠤ ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ︔ ᠭᠠᠷᠴᠠᠭ ᠲᠤ ᠣᠷᠣᠭᠰᠠᠨ C ᠲᠥᠷᠥᠯ ᠤᠨ ᠠᠵᠢᠯ ᠮᠡᠷᠭᠡᠵᠢᠯ ︵ᠠᠵᠢᠯ ᠲᠥᠷᠥᠯ︶ ᠪᠦᠬᠦᠨ ᠳᠤ ᠬᠥᠮᠥᠨ ᠪᠣᠯᠭᠠᠨ ᠤᠳᠠᠭ᠎ᠠ ᠪᠦᠷᠢ 600 ᠲᠦᠬᠦᠷᠢᠭ ᠤᠨ ᠦᠨᠳᠦᠰᠦᠨ ᠪᠠᠷᠢᠮᠵᠢᠶᠠᠲᠤ ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ᠃      ᠥᠪᠥᠷ ᠮᠣᠩᠭᠤᠯ ᠲᠣᠲᠣᠷᠬᠠᠢ ᠲᠣᠭᠲᠠᠭᠠᠭᠰᠠᠨ ᠨᠢ᠄ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠮᠣᠩᠭᠤᠯ ᠬᠤᠭᠤᠯᠠ ᠬᠢᠬᠦ᠂ ᠣᠷᠣᠨ ᠨᠤᠲᠤᠭ ᠤᠨ ᠣᠨᠴᠠᠯᠢᠭᠲᠤ ᠢᠳᠡᠭᠡᠨ ᠦᠢᠯᠡᠳᠬᠦ᠂ ᠦᠨᠳᠦᠰᠦᠲᠡᠨ ᠤ ᠬᠤᠪᠴᠠᠰᠤ ᠬᠤᠨᠠᠷ ᠣᠶᠣᠬᠤ ᠵᠡᠷᠭᠡ 200 ᠭᠠᠷᠤᠶ ᠠᠵᠢᠯ ᠮᠡᠷᠭᠡᠵᠢᠯ ︵ᠠᠵᠢᠯ ᠲᠥᠷᠥᠯ︶᠎ ᠢ ᠪᠠᠭᠲᠠᠭᠠᠭᠰᠠᠨ ᠨᠠᠷᠠᠲᠤ ᠲᠥᠷᠥᠯ ᠲᠡᠮᠳᠡᠭᠲᠦ ᠶᠢᠨ ᠪᠣᠯᠪᠠᠰᠤᠷᠠᠭᠤᠯᠤᠯ ᠪᠣᠯᠣᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠪᠣᠯᠪᠠᠰᠤᠷᠠᠭᠤᠯᠤᠯ ᠳᠤ ᠨᠥᠬᠦᠪᠥᠷᠢ ᠶᠢᠨ ᠪᠠᠷᠢᠮᠵᠢᠶ᠎ᠠ ᠶᠢ ᠵᠣᠬᠢᠴᠠᠩᠭᠤᠶ ᠪᠠᠷ ᠳᠡᠭᠡᠭᠰᠢᠯᠡᠭᠦᠯᠵᠦ ᠪᠣᠯᠤᠨ᠎ᠠ ᠭᠡᠵᠡᠢ᠃      ᠣᠶᠢᠯᠠᠭᠠᠭᠰᠠᠨ ᠢᠶᠠᠷ᠂ ᠥᠪᠥᠷ ᠮᠣᠩᠭᠤᠯ ᠡᠯ᠎ᠡ ᠠᠶᠢᠮᠠᠭ ᠬᠤᠲᠠ ᠶᠢᠨ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠵᠠᠰᠠᠭ ᠤᠨ ᠣᠷᠳᠣᠨ ᠤ ᠨᠥᠬᠦᠪᠥᠷᠢ ᠥᠭᠬᠦ ᠪᠣᠯᠪᠠᠰᠤᠷᠠᠭᠤᠯᠤᠯ ᠤᠨ ᠠᠵᠢᠯ ᠮᠡᠷᠭᠡᠵᠢᠯ ︵ᠠᠵᠢᠯ ᠲᠥᠷᠥᠯ︶᠎ ᠤᠨ ᠭᠠᠷᠴᠠᠭ ᠲᠤ ᠲᠣᠬᠢᠷᠠᠭᠤᠯᠤᠯᠲᠠ ᠪᠠ ᠨᠥᠬᠦᠪᠥᠷᠢ ᠬᠢᠬᠦ ᠳᠤ ᠨᠢ ᠳᠡᠮᠵᠢᠯᠭᠡ ᠦᠵᠡᠭᠦᠯᠵᠦ᠂ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠣᠯᠣᠨ ᠠᠵᠤ ᠠᠬᠤᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠦᠷᠨᠢᠭᠦᠯᠬᠦ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号