| | ᠰᠤᠷᠪᠤᠯᠵᠢᠯᠠᠭᠰᠠᠨ ᠴᠠᠭ᠄ | 2019 ᠣᠨ ᠤ 03 ᠳ᠋ᠤᠭᠠᠷ ᠰᠠᠷ᠎ᠠ ᠶᠢᠨ 27 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ︵ᠳᠡᠳ᠋ ᠲᠢᠩᠬᠢᠮ ᠤᠨ ᠳᠡᠰ︶ ᠵᠠᠩ ᠯᠢᠶᠠᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ | ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠳᠤ ᠬᠦᠴᠦᠯᠡᠬᠦ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ ᠬᠢᠯᠭᠡᠪᠡ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠠᠩ ᠯᠢᠶᠠᠩ ᠢ ᠤᠷᠢᠵᠤ᠂ | ᠬᠢᠨᠠᠨ ᠪᠣᠳᠣᠬᠤ ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠣᠯᠬᠤ ᠳᠤ ᠬᠦᠴᠦᠯᠡᠬᠦ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ | ᠬᠢᠯᠭᠡᠬᠦ ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠵᠠᠩ ᠯᠢᠶᠠᠩ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠣᠯᠠᠨ ᠲᠠᠢ ᠰᠠᠨᠠᠯ | ᠰᠣᠯᠢᠯᠴᠠᠵᠤ᠂ ᠬᠢᠨᠠᠨ ᠪᠣᠳᠣᠬᠤ ᠠᠵᠢᠯ ᠤᠨ ᠲᠤᠬᠠᠢ ᠬᠤᠪᠢᠶᠠᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ | ᠪᠠᠶᠢᠨ᠎ᠠ᠃ | ᠬᠥᠲᠥᠯᠥᠭᠴᠢ᠄ | ᠮᠠᠰᠢ ᠣᠯᠠᠨ ᠰᠦᠯᠵᠢᠶᠡᠨ ᠤ ᠠᠨᠳᠠ ᠬᠢᠨᠠᠨ ᠪᠣᠳᠣᠬᠤ ᠶᠢᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠦᠵᠡᠭᠦᠯᠦᠭᠰᠡᠨ ᠦᠢᠯᠡᠳᠦᠯ ᠤᠨ ᠲᠤᠬᠠᠢ ᠲᠡᠳᠦᠢ | ᠣᠶᠢᠯᠭᠠᠬᠤ ᠦᠭᠡᠢ ᠪᠠᠶᠢᠵᠤ ᠮᠡᠳᠡᠨ᠎ᠡ᠃ ᠲᠠ ᠣᠶᠢᠷ᠎ᠠ ᠶᠢᠨ ᠵᠢᠯ ᠤᠳ ᠠᠴᠠ ᠨᠠᠭᠠᠰᠢ ᠥᠪᠡᠷᠲᠡᠭᠡᠨ ᠵᠠᠰᠠᠬᠤ | ᠣᠷᠣᠨ ᠤ ᠬᠢᠨᠠᠨ ᠪᠣᠳᠣᠬᠤ ᠲᠢᠩᠬᠢᠮ ᠠᠴᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠣᠯᠬᠤ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠣᠯᠠᠨ ᠳᠤ ᠲᠠᠨᠢᠯᠴᠠᠭᠤᠯᠤᠭᠠᠳ ᠥᠭᠭᠦᠨ᠎ᠡ | ᠦᠦ︖ | ᠵᠠᠩ ᠯᠢᠶᠠᠩ᠄ | ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠲᠣᠭᠲᠠᠭᠠᠯ︾ ᠢ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠬᠢᠨᠠᠨ ᠪᠣᠳᠣᠬᠤ ᠲᠢᠩᠬᠢᠮ ᠠᠴᠠ ᠲᠦᠷᠭᠡᠨ ᠢᠶᠠᠷ ᠠᠵᠢᠯᠯᠠᠭ᠎ᠠ ᠥᠷᠨᠢᠭᠦᠯᠦᠨ᠂ ᠨᠠᠷᠢᠨ ᠨᠢᠭᠲᠠ | ᠲᠣᠬᠢᠷᠠᠭᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠪᠡ᠃ ᠨᠢᠭᠡ ᠳᠤ᠂ | ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢ ᠪᠦᠷᠢᠨᠰᠢᠭᠦᠯᠦᠨ᠂ ᠪᠦᠬᠦ ᠣᠷᠣᠨ ᠤ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠢᠨᠠᠨ ᠪᠣᠳᠣᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠷᠢᠶᠠᠨ ᠳᠤ ᠨᠢ | ᠲᠤᠬᠠᠢ ᠶᠢᠨ ᠲᠠᠯᠠᠪᠤᠷ ᠤᠨ ᠬᠢᠨᠠᠨ ᠪᠣᠳᠣᠬᠤ ᠳᠤᠭᠤᠶᠢᠯᠠᠩ᠂ ᠪᠠᠶᠢᠴᠠᠭᠠᠯᠲᠠ ᠬᠢᠵᠦ ᠰᠢᠮᠳᠠᠭᠤᠯᠤᠨ ᠵᠢᠯᠣᠭᠤᠳᠬᠤ | ᠳᠤᠭᠤᠶᠢᠯᠠᠩ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠳᠤᠭᠤᠶᠢᠯᠠᠩ ᠲᠣᠬᠢᠷᠠᠭᠤᠯᠤᠭᠰᠠᠨ ᠤ ᠬᠠᠮᠲᠤ᠂ | ᠲᠢᠩᠬᠢᠮ ᠤᠨ ᠨᠢᠭᠡᠨ ᠳᠡᠳ᠋ ᠳᠠᠷᠤᠭ᠎ᠠ ᠪᠠᠷ ᠲᠤᠰ ᠵᠦᠢᠯ ᠤᠨ ᠠᠵᠢᠯ ᠢ ᠲᠤᠰᠬᠠᠶᠢᠯᠠᠨ ᠬᠠᠷᠢᠭᠤᠴᠠᠭᠤᠯᠪᠠ᠃ | ᠬᠤᠶᠠᠷ ᠲᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠦᠬᠦ ᠣᠷᠣᠨ ᠤ ᠬᠢᠨᠠᠨ | ᠪᠣᠳᠣᠬᠤ ᠹᠷᠣᠨᠲ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠪᠣᠳᠣᠬᠤ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠵᠦ᠂ ︽ᠨᠢᠭᠡᠳᠦᠯᠲᠡᠢ ᠵᠣᠬᠢᠶᠠᠨ ᠪᠠᠶᠢᠭᠤᠯᠤᠯᠲᠠ ᠲᠠᠢ᠂ ᠬᠠᠷᠢᠭᠤᠴᠠᠯᠭ᠎ᠠ ᠲᠣᠳᠣᠷᠬᠠᠢ᠂ | ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠬᠦᠴᠦ ᠪᠠᠨ ᠬᠠᠮᠲᠤᠳᠬᠠᠨ ᠰᠢᠪᠲᠤᠯᠤᠯᠲᠠ ᠬᠢᠬᠦ | ᠬᠠᠷᠢᠭᠤᠴᠠᠯᠭ᠎ᠠ ᠶᠢᠨ ᠰᠢᠰᠲ᠋ᠧᠮᠵᠢ︾ ᠶᠢ ᠪᠠᠶᠢᠭᠤᠯᠵᠤ᠂ ︽ᠲᠠᠪᠤ ᠶᠢ ᠨᠢᠭᠡᠳᠬᠡᠬᠦ︾ ᠵᠠᠭᠪᠤᠷ ᠶᠣᠰᠣᠭᠠᠷ᠂ ︽ᠳᠡᠭᠡᠳᠦ | ᠱᠠᠲᠤ ᠨᠢ ᠳᠣᠣᠷᠠᠳᠤ ᠱᠠᠲᠤ ᠪᠠᠨ ᠬᠢᠨᠠᠬᠤ᠂ ᠰᠣᠯᠪᠢᠴᠠᠭᠤᠯᠤᠨ ᠬᠢᠨᠠᠬᠤ︾ ᠠᠷᠭ᠎ᠠ ᠬᠡᠯᠪᠡᠷᠢ ᠪᠠᠷ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠪᠦᠬᠦ ᠲᠠᠯ᠎ᠠ ᠪᠠᠷ ᠮᠥᠷᠳᠡᠵᠦ ᠬᠢᠨᠠᠯᠲᠠ | ᠪᠣᠳᠣᠯᠲᠠ ᠬᠢᠪᠡ᠃ ᠭᠤᠷᠪᠠ ᠳᠤ᠂ ᠳᠦᠷᠢᠮ ᠢ ᠪᠦᠷᠢᠨᠰᠢᠭᠦᠯᠦᠨ᠂ ︽ᠶᠠᠳᠠᠭᠤ ᠶᠢ ᠲᠡᠳᠬᠦᠬᠦ ᠠᠵᠢᠯ ᠤᠨ ᠬᠢᠨᠠᠨ | ᠪᠣᠳᠣᠬᠤ ᠲᠥᠰᠥᠯ︾᠂ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠲᠤᠬᠠᠢ ᠭᠤᠷᠪᠠᠨ ᠵᠢᠯ ᠤᠨ ᠠᠵᠢᠯᠯᠠᠭ᠎ᠠ ᠶᠢᠨ ᠬᠢᠨᠠᠨ ᠪᠣᠳᠣᠬᠤ ᠠᠵᠢᠯ ᠤᠨ ᠲᠥᠰᠥᠯ︾ ᠢ ᠲᠣᠭᠲᠠᠭᠠᠨ | ᠨᠡᠶᠢᠲᠡᠯᠡᠵᠦ᠂ ︽ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠬᠠᠤᠯᠢ ᠲᠣᠭᠲᠠᠭᠠᠯ ᠤᠨ ᠬᠤᠷᠢᠶᠠᠩᠭᠤᠢ︾ ᠪᠠ | ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠠᠯᠳᠠᠭᠳᠠᠯ ᠲᠠᠢ ᠨᠠᠷᠢᠨ ᠬᠠᠭᠤᠳᠠᠰᠤ︾ | ᠶᠢ ᠨᠠᠶᠢᠷᠠᠭᠤᠯᠤᠨ ᠵᠣᠬᠢᠶᠠᠵᠤ᠂ ᠪᠦᠬᠦ ᠣᠷᠣᠨ ᠤ ᠬᠢᠨᠠᠨ ᠪᠣᠳᠣᠬᠤ ᠪᠠᠶᠢᠭᠤᠯᠭ᠎ᠠ ᠶᠢ ᠬᠠᠤᠯᠢ ᠲᠣᠭᠲᠠᠭᠠᠯ ᠶᠣᠰᠣᠭᠠᠷ | ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠥᠷᠨᠢᠭᠦᠯᠵᠦ᠂ | 2020 ᠣᠨ ᠪᠣᠯᠬᠤ ᠳᠤ ᠪᠦᠬᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠠ ᠶᠠᠳᠠᠭᠤ | ᠬᠦᠴᠢᠷᠳᠡᠯᠲᠡᠢ ᠬᠥᠮᠥᠨ ᠠᠮᠠ ᠪᠠᠶᠢᠬᠤ 29 ᠶᠠᠳᠠᠭᠤ ᠬᠦᠴᠢᠷᠳᠡᠯᠲᠡᠢ ᠪᠤᠰᠤ ᠬᠤᠰᠢᠭᠤ ᠰᠢᠶᠠᠨ ᠳᠤ ᠬᠢᠨᠠᠯᠲᠠ | ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ ᠭᠡᠵᠦ ᠲᠣᠳᠣᠷᠬᠠᠶᠢᠯᠠᠪᠠ᠃ | ᠬᠥᠲᠥᠯᠥᠭᠴᠢ᠄ | ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠬᠢᠨᠠᠯᠲᠠ ᠪᠣᠳᠣᠯᠲᠠ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠵᠠᠩ ᠯᠢᠶᠠᠩ᠄ | ᠶᠡᠷᠦᠩᠬᠡᠢ ᠪᠠᠶᠢᠳᠠᠯ ᠠᠴᠠ ᠠᠪᠴᠤ ᠦᠵᠡᠪᠡᠯ᠂ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠳᠤ ᠢᠯᠡᠳᠲᠡ | ᠦᠷ᠎ᠡ ᠪᠦᠲᠦᠮᠵᠢ ᠣᠯᠵᠤ᠂ ᠨᠡᠯᠢᠶᠡᠳ ᠰᠠᠶᠢᠨ ᠬᠢᠨᠠᠯᠲᠠ ᠲᠠᠯᠪᠢᠵᠤ ᠪᠠᠲᠤᠯᠠᠬᠤ ᠦᠢᠯᠡᠳᠦᠯ ᠢ ᠪᠠᠳᠠᠷᠠᠭᠤᠯᠤᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠬᠢᠨᠠᠨ ᠪᠣᠳᠣᠬᠤ | ᠵᠠᠬᠢᠷᠭ᠎ᠠ ᠶᠢᠨ ᠭᠦᠢᠴᠡᠳ ᠨᠤᠲᠠᠯᠠᠯᠲᠠ ᠶᠢ ᠣᠯᠪᠠ᠃ 2016 ᠣᠨ ᠠᠴᠠ 2018 ᠣᠨ ᠤ ᠰᠡᠭᠦᠯᠴᠢ ᠪᠣᠯᠲᠠᠯ᠎ᠠ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ᠂ | ᠲᠢᠩᠬᠢᠮ ᠤᠨ ᠲᠤᠰ ᠱᠠᠲᠤ ᠪᠠ ᠠᠶᠢᠮᠠᠭ ᠬᠤᠲᠠ ᠬᠤᠰᠢᠭᠤ ᠰᠢᠶᠠᠨ ᠭᠤᠷᠪᠠᠨ ᠱᠠᠲᠤᠨ ᠤ ᠬᠢᠨᠠᠨ ᠪᠣᠳᠣᠬᠤ ᠡᠬᠢ | ᠪᠠᠶᠠᠯᠢᠭ ᠢ ᠨᠡᠶᠢᠯᠡᠭᠦᠯᠦᠨ ᠨᠢᠭᠡᠳᠬᠡᠵᠦ᠂ 1000 ᠭᠠᠷᠤᠢ ᠬᠥᠮᠥᠨ ᠢ ᠰᠤᠭᠤᠴᠢᠨ ᠲᠣᠬᠢᠷᠠᠭᠤᠯᠵᠤ᠂ ︽ᠳᠡᠭᠡᠳᠦ | ᠱᠠᠲᠤ ᠨᠢ ᠳᠣᠣᠷᠠᠳᠤ ᠱᠠᠲᠤ ᠪᠠᠨ ᠬᠢᠨᠠᠬᠤ︾ ᠵᠣᠬᠢᠶᠠᠨ ᠪᠠᠶᠢᠭᠤᠯᠬᠤ ᠬᠡᠯᠪᠡᠷᠢ ᠪᠠᠷ᠂ ︽ᠨᠢᠭᠡᠳᠦᠯᠲᠡᠢ ᠪᠠᠷ | ᠲᠥᠯᠥᠪᠯᠡᠬᠦ᠂ ᠨᠢᠭᠡᠳᠦᠯᠲᠡᠢ ᠪᠠᠷ ᠲᠥᠰᠥᠯ ᠲᠣᠭᠲᠠᠭᠠᠬᠤ᠂ ᠨᠢᠭᠡᠳᠦᠯᠲᠡᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠬᠦ᠂ | ᠨᠢᠭᠡᠳᠦᠯᠲᠡᠢ ᠪᠠᠷ ᠢᠯᠭᠠᠨ ᠲᠣᠭᠲᠠᠭᠠᠵᠤ ᠰᠢᠢᠳᠪᠦᠷᠢᠯᠡᠬᠦ᠂ ᠨᠢᠭᠡᠳᠦᠯᠲᠡᠢ ᠪᠠᠷ ᠳᠠᠩᠰᠠᠯᠠᠨ ᠲᠡᠮᠳᠡᠭᠯᠡᠬᠦ︾ ᠬᠢᠨᠠᠨ | ᠪᠣᠳᠣᠬᠤ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠨᠡᠶᠢᠲᠡ 120 ᠬᠤᠰᠢᠭᠤ ᠰᠢᠶᠠᠨ ᠳᠤ ᠮᠥᠷᠳᠡᠨ ᠬᠢᠨᠠᠯᠲᠠ | ᠪᠣᠳᠣᠯᠲᠠ ᠬᠢᠵᠦ᠂ 3100 ᠭᠠᠷᠤᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠵᠣᠭᠤᠰ ᠬᠡᠷᠡᠭᠯᠡᠬᠦ | ᠨᠢᠭᠡᠴᠢ ᠶᠢ ᠬᠢᠨᠠᠨ ᠪᠣᠳᠣᠵᠤ᠂ ᠶᠠᠳᠠᠭᠤ ᠶᠢ ᠲᠡᠳᠬᠦᠬᠦ 5200 ᠭᠠᠷᠤᠢ ᠲᠥᠷᠥᠯ ᠵᠦᠢᠯ ᠢ ᠤᠷᠲᠤᠳᠬᠠᠨ ᠬᠢᠨᠠᠨ | ᠪᠣᠳᠣᠬᠤ ᠪᠠ ᠪᠠᠶᠢᠴᠠᠭᠠᠯᠲᠠ ᠬᠢᠵᠦ᠂ 1.3 ᠲᠦᠮᠡᠨ ᠡᠷᠦᠭᠡ ᠳᠤ ᠣᠷᠣᠵᠤ ᠪᠠᠶᠢᠴᠠᠭᠠᠯᠲᠠ ᠬᠢᠵᠦ᠂ ᠶᠠᠳᠠᠭᠤ | ᠬᠦᠴᠢᠷᠲᠡᠢ 57 ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠪᠡᠯᠡ ᠮᠥᠩᠭᠦ ᠳᠤ ᠬᠢᠨᠠᠯᠲᠠ ᠪᠣᠳᠣᠯᠲᠠ ᠬᠢᠬᠦ ᠶᠢ ᠪᠦᠬᠦ | ᠲᠠᠯ᠎ᠠ ᠪᠠᠷ ᠬᠠᠮᠤᠷᠤᠭᠤᠯᠪᠠ᠃ ᠡᠭᠦᠨ ᠤ ᠬᠠᠮᠲᠤ 14 ᠬᠤᠰᠢᠭᠤ ᠰᠢᠶᠠᠨ ᠤ ᠬᠢᠨᠠᠨ ᠪᠣᠳᠣᠵᠤ ᠴᠡᠭᠴᠡᠯᠡᠨ | ᠥᠭᠡᠷᠡᠴᠢᠯᠡᠭᠰᠡᠨ ᠪᠠᠶᠢᠳᠠᠯ ᠳᠤ ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ ᠪᠠᠶᠢᠴᠠᠭᠠᠯᠲᠠ ᠬᠢᠪᠡ᠃ ᠬᠢᠨᠠᠨ | ᠪᠣᠳᠣᠬᠤ ᠪᠠᠷ ᠳᠠᠮᠵᠢᠭᠤᠯᠤᠨ ᠬᠡᠰᠡᠭ ᠭᠠᠵᠠᠷ ᠣᠷᠣᠨ᠂ ᠰᠠᠯᠠᠭ᠎ᠠ ᠮᠥᠴᠢᠷ ᠪᠠ ᠨᠢᠭᠡᠴᠢ ᠶᠢᠨ ᠶᠠᠳᠠᠭᠤ ᠶᠢ ᠲᠡᠳᠬᠦᠬᠦ | ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠴᠤ ᠬᠡᠷᠡᠭᠯᠡᠬᠦ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠠᠶᠢᠭᠤᠯᠤᠯᠲᠠ | ᠬᠠᠮᠢᠶᠠᠷᠤᠯᠲᠠ ᠬᠢᠭᠡᠳ ᠠᠵᠢᠯ ᠤᠨ ᠦᠷ᠎ᠡ ᠪᠦᠲᠦᠮᠵᠢ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃ | ᠢᠯᠡᠷᠡᠭᠦᠯᠦᠭᠰᠡᠨ ᠠᠰᠠᠭᠤᠳᠠᠯ ᠳᠤ᠂ ᠬᠢᠨᠠᠨ ᠪᠣᠳᠣᠬᠤ ᠲᠢᠩᠬᠢᠮ ᠠᠴᠠ ᠬᠠᠤᠯᠢ ᠲᠣᠭᠲᠠᠭᠠᠯ ᠶᠣᠰᠣᠭᠠᠷ ᠳᠥᠷᠪᠡᠨ | ᠵᠦᠢᠯ ᠤᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠪᠡ᠄ ᠨᠢᠭᠡ ᠳᠤ᠂ ᠡᠯ᠎ᠡ ᠭᠠᠵᠠᠷ ᠤᠨ ᠬᠢᠨ ᠢ ᠰᠢᠮᠳᠠᠭᠤᠯᠤᠨ ᠴᠠᠭ | ᠲᠤᠬᠠᠢ ᠳᠤ ᠨᠢ ᠴᠡᠭᠴᠡᠯᠡᠨ ᠥᠭᠡᠷᠡᠴᠢᠯᠡᠵᠦ᠂ ᠵᠠᠷᠢᠮ ᠨᠢ ᠰᠠᠭᠤᠳᠬᠠᠨ ᠠᠪᠤᠭᠰᠠᠨ ᠰᠤᠯᠠ ᠪᠡᠯᠡ ᠮᠥᠩᠭᠦ ᠶᠢ ᠠᠯᠢ | ᠲᠦᠷᠭᠡᠨ ᠢᠶᠠᠷ ᠰᠠᠯᠭᠠᠨ ᠥᠭᠴᠦ᠂ ᠵᠠᠷᠢᠮ ᠨᠢ ᠪᠡᠯᠡ ᠮᠥᠩᠭᠦ ᠶᠢᠨ ᠤᠤᠯ ᠤᠨ ᠠᠷᠭ᠎ᠠ ᠵᠠᠮ ᠳᠤ ᠡᠷᠭᠢᠭᠦᠯᠦᠨ | ᠪᠤᠴᠠᠭᠠᠵᠤ᠂ ᠵᠠᠷᠢᠮ ᠨᠢ ᠴᠠᠭ ᠲᠤᠬᠠᠢ ᠳᠤ ᠨᠢ ᠤᠯᠤᠰ ᠤᠨ ᠬᠥᠮᠥᠷᠭᠡ ᠳᠤ ᠲᠤᠰᠢᠶᠠᠭᠰᠠᠨ ᠤ ᠬᠠᠮᠲᠤ ᠶᠠᠳᠠᠭᠤ ᠶᠢ | ᠲᠡᠳᠬᠦᠬᠦ ᠲᠥᠷᠥᠯ ᠲᠥᠷᠥᠯ ᠳᠤ ᠲᠣᠬᠢᠷᠠᠭᠤᠯᠤᠨ ᠬᠡᠷᠡᠭᠯᠡᠵᠦ᠂ ᠵᠠᠷᠢᠮ ᠨᠢ ᠲᠥᠷᠥᠯ ᠵᠦᠢᠯ ᠤᠨ ᠬᠡᠷᠡᠭᠵᠢᠭᠦᠯᠬᠦ | ᠠᠬᠢᠴᠠ ᠪᠠᠨ ᠲᠦᠷᠭᠡᠳᠬᠡᠨ᠂ ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠣᠯᠭᠤᠬᠤ ᠶᠢ ᠠᠬᠢᠭᠤᠯᠵᠤ᠂ | ᠦᠯᠡᠳᠡᠭᠡᠨ ᠬᠠᠳᠠᠭᠠᠯᠠᠵᠤ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠳᠠᠬᠢᠨ ᠭᠦᠢᠯᠭᠡᠭᠡᠨ ᠲᠠᠢ ᠪᠣᠯᠭᠠᠵᠤ᠂ | ᠶᠠᠳᠠᠭᠤ ᠶᠢ ᠲᠡᠳᠬᠦᠬᠦ ᠪᠡᠯᠡ ᠮᠥᠩᠭᠦ ᠵᠢᠴᠢ ᠲᠥᠷᠥᠯ ᠵᠦᠢᠯ ᠤᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠡᠢ᠃ | ᠬᠤᠶᠠᠷ ᠲᠤ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ | ᠵᠠᠰᠠᠭ ᠤᠨ ᠰᠠᠬᠢᠯᠭ᠎ᠠ ᠶᠢᠨ ᠰᠢᠢᠳᠬᠡᠯ ᠣᠯᠭᠤᠪᠠ᠃ ᠭᠤᠷᠪᠠ ᠳᠤ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ | ᠳᠦᠷᠢᠮ ᠰᠠᠬᠢᠯᠭ᠎ᠠ ᠶᠢ ᠵᠥᠷᠢᠴᠡᠭᠰᠡᠨ ᠣᠯᠠᠨ ᠬᠡᠷᠡᠭ ᠤᠨ ᠰᠦᠪᠡᠭᠴᠢ ᠶᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠰᠢᠯᠵᠢᠭᠦᠯᠦᠨ ᠬᠦᠷᠭᠡᠭᠰᠡᠨ ᠤ ᠬᠠᠮᠲᠤ ᠬᠡᠷᠡᠭ ᠪᠣᠯᠭᠠᠨ ᠪᠠᠶᠢᠴᠠᠭᠠᠨ ᠰᠢᠢᠳᠪᠦᠷᠢᠯᠡᠵᠦ᠂ ᠰᠦᠷ | ᠦᠵᠡᠭᠦᠯᠬᠦ ᠦᠢᠯᠡᠳᠦᠯ ᠦᠵᠡᠭᠦᠯᠪᠡ᠃ ᠳᠥᠷᠪᠡ ᠳᠤ᠂ ᠬᠢᠨᠠᠨ ᠪᠣᠳᠣᠵᠤ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ᠂ | ᠨᠡᠶᠢᠲᠡᠯᠢᠭ ᠴᠢᠨᠠᠷᠲᠠᠢ ᠠᠰᠠᠭᠤᠳᠠᠯ ᠳᠤ ᠴᠢᠭᠯᠡᠭᠦᠯᠦᠨ ᠪᠠᠶᠢᠭᠤᠯᠤᠯ ᠲᠣᠭᠲᠠᠴᠠ ᠪᠠ ᠳᠦᠷᠢᠮ ᠤᠨ ᠳᠡᠰ | ᠳᠠᠪᠬᠤᠷᠭ᠎ᠠ ᠠᠴᠠ ᠰᠢᠯᠲᠠᠭᠠᠨ ᠢ ᠨᠢ ᠵᠠᠳᠠᠯᠵᠤ᠂ ᠴᠢᠭᠯᠡᠯᠲᠦ ᠴᠢᠨᠠᠷᠲᠠᠢ ᠪᠠᠷ ᠬᠢᠨᠠᠨ ᠪᠣᠳᠣᠬᠤ ᠰᠠᠨᠠᠯ ᠰᠠᠨᠠᠭᠤᠯᠭ᠎ᠠ ᠶᠢ | ᠳᠤᠷᠠᠳᠤᠨ ᠭᠠᠷᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠢᠨ ᠤ ᠬᠡᠳᠦᠨ ᠠᠷᠪᠠᠨ ᠵᠦᠢᠯ ᠤᠨ | ᠳᠦᠷᠢᠮ ᠪᠠ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢ ᠠᠬᠢᠭᠤᠯᠵᠠᠢ᠃ | ᠬᠥᠲᠥᠯᠥᠭᠴᠢ᠄ | ᠵᠠᠩ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠪᠢᠳᠡ ᠬᠢᠨᠠᠯᠲᠠ ᠪᠣᠳᠣᠯᠲᠠ ᠶᠢᠨ | ᠶᠠᠳᠠᠭᠤ ᠶᠢ ᠲᠡᠳᠬᠦᠨ ᠰᠢᠪᠲᠤᠯᠤᠯᠲᠠ ᠬᠢᠬᠦ ᠳᠤᠮᠳᠠ ᠲᠣᠪᠣᠶᠢᠮ᠎ᠠ ᠦᠷ᠎ᠡ ᠪᠦᠲᠦᠮᠵᠢ ᠲᠠᠢ ᠪᠠᠷ ᠬᠠᠩᠭᠠᠨ ᠪᠠᠲᠤᠯᠠᠵᠤ | ᠬᠢᠨᠠᠯᠲᠠ ᠲᠠᠯᠪᠢᠬᠤ ᠦᠢᠯᠡᠳᠦᠯ ᠦᠵᠡᠭᠦᠯᠦᠭᠰᠡᠨ ᠲᠤᠬᠠᠢ ᠣᠶᠢᠯᠠᠭᠠᠯᠲᠠ ᠲᠠᠢ ᠪᠣᠯᠪᠠ᠃ ᠭᠡᠲᠡᠯ᠎ᠡ ᠮᠠᠰᠢ ᠣᠯᠠᠨ | ᠰᠦᠯᠵᠢᠶᠡᠨ ᠤ ᠠᠨᠳᠠ ᠮᠥᠨ ᠬᠦ ᠬᠢᠨᠠᠨ ᠪᠣᠳᠣᠵᠤ ᠬᠢᠨᠠᠯᠲᠠ ᠲᠠᠯᠪᠢᠬᠤ ᠠᠷᠭ᠎ᠠ ᠪᠠᠷᠢᠯ᠂ ᠠᠷᠭ᠎ᠠ ᠬᠡᠮᠵᠢᠶ᠎ᠡ ᠶᠢ | ᠣᠶᠢᠯᠠᠭᠠᠬᠤ ᠦᠭᠡᠢ ᠪᠠᠶᠢᠵᠤ ᠮᠡᠳᠡᠨ᠎ᠡ᠂ ᠲᠠ ᠡᠨᠡ ᠲᠠᠯ᠎ᠠ ᠪᠠᠷ ᠪᠣᠳᠠᠲᠠᠢ ᠪᠠᠷ ᠲᠠᠨᠢᠯᠴᠠᠭᠤᠯᠤᠭᠠᠳ ᠥᠭᠭᠦᠨ᠎ᠡ | ᠦᠦ︖ | ᠵᠠᠩ ᠯᠢᠶᠠᠩ᠄ | ᠲᠡᠭᠡᠶ᠎ᠡ᠃ ᠬᠢᠨᠠᠨ ᠪᠣᠳᠣᠬᠤ ᠪᠣᠯ ᠶᠠᠪᠤᠴᠠ ᠪᠠ ᠠᠷᠭ᠎ᠠ ᠪᠠᠷᠢᠯ ᠪᠣᠯᠣᠨ᠎ᠠ︔ ᠠᠰᠠᠭᠤᠳᠠᠯ ᠢ ᠴᠡᠭᠴᠡᠯᠡᠨ | ᠥᠭᠡᠷᠡᠴᠢᠯᠡᠬᠦ ᠶᠢ ᠠᠬᠢᠭᠤᠯᠬᠤ ᠨᠢ ᠰᠠᠶ᠋ᠢ ᠬᠠᠷᠠᠯᠲᠠ ᠪᠠ ᠦᠷ᠎ᠡ ᠳ᠋ᠦᠩ ᠪᠣᠯᠣᠨ᠎ᠠ᠃ ᠶᠡᠷᠦᠩᠬᠡᠢ ᠱᠦᠵᠢ ᠰᠢ ᠶᠢᠨ | ᠫᠢᠩ ᠲᠥᠪ ᠤᠨ ᠬᠢᠨᠠᠨ ᠪᠣᠳᠣᠬᠤ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠳᠡᠭᠡᠷ᠎ᠡ᠄ ᠬᠢᠨᠠᠨ ᠪᠣᠳᠣᠬᠤ ᠪᠣᠯ | ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠬᠢᠨᠠᠨ | ᠪᠣᠳᠣᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠢᠨᠠᠨ ᠪᠣᠳᠣᠪᠠᠰᠤ ᠵᠣᠬᠢᠬᠤ ᠶᠢ ᠨᠢ | ᠪᠦᠬᠦᠨ ᠢ ᠬᠢᠨᠠᠨ ᠪᠣᠳᠣᠵᠤ᠂ ᠬᠢᠨᠠᠯᠲᠠ ᠪᠣᠳᠣᠯᠲᠠ ᠪᠦᠬᠦᠨ ᠢ ᠴᠢᠩᠭ᠎ᠠ ᠬᠡᠷᠡᠭᠵᠢᠭᠦᠯᠦᠨ᠂ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠶᠢ ᠭᠦᠢᠴᠡᠳᠬᠡᠵᠦ᠂ ᠲᠥᠪᠯᠡᠷᠡᠩᠭᠦᠢ ᠨᠢᠭᠡᠳᠦᠯᠲᠡᠢ᠂ ᠪᠦᠬᠦᠨ ᠢ ᠬᠠᠮᠤᠷᠤᠭᠰᠠᠨ᠂ ᠡᠷᠬᠡ ᠰᠦᠷ ᠲᠠᠢ | ᠪᠥᠭᠡᠳ ᠪᠦᠲᠦᠮᠵᠢ ᠰᠠᠶᠢᠲᠠᠢ ᠬᠢᠨᠠᠨ ᠪᠣᠳᠣᠵᠤ ᠬᠢᠨᠠᠯᠲᠠ ᠲᠠᠯᠪᠢᠬᠤ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠨᠠᠮ | ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠳᠤᠮᠳᠠᠬᠢ ᠬᠢᠨᠠᠨ ᠪᠣᠳᠣᠬᠤ ᠶᠢᠨ ᠴᠢᠬᠤᠯᠠ ᠦᠢᠯᠡᠳᠦᠯ ᠢ ᠨᠡᠩ | ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠨᠴᠠᠭᠠᠶᠢᠯᠠᠨ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠬᠢᠨᠠᠨ ᠪᠣᠳᠣᠬᠤ ᠠᠵᠢᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ | ᠳᠡᠮᠵᠢᠨ ᠬᠠᠮᠵᠢᠯᠴᠠᠵᠤ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠤᠬᠠᠮᠰᠠᠷ ᠠᠴᠠ ᠪᠠᠨ | ᠬᠦᠯᠢᠶᠡᠨ᠂ ᠬᠢᠨᠠᠯᠲᠠ ᠪᠣᠳᠣᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢᠶᠠᠨ ᠬᠢᠨᠠᠮᠠᠭᠠᠢ ᠴᠡᠭᠴᠡᠯᠡᠨ | ᠥᠭᠡᠷᠡᠴᠢᠯᠡᠵᠦ᠂ ᠬᠢᠨᠠᠯᠲᠠ ᠪᠣᠳᠣᠯᠲᠠ ᠳᠤ ᠳᠤᠷᠠᠳᠤᠨ ᠭᠠᠷᠭᠠᠭᠰᠠᠨ ᠰᠠᠨᠠᠭᠤᠯᠭ᠎ᠠ ᠶᠢ ᠭᠦᠨᠵᠡᠭᠡᠢ ᠰᠤᠳᠤᠯᠬᠤ ᠪᠠ | ᠬᠡᠷᠡᠭᠯᠡᠵᠦ᠂ ᠡᠯ᠎ᠡ ᠬᠦᠷᠢᠶ᠎ᠡ ᠴᠠᠷᠠᠭᠠᠨ ᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠳᠦᠷᠢᠮ ᠭᠤᠷᠢᠮ ᠢ | ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ | ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠥᠭᠡᠷᠡᠴᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ ᠶᠠᠳᠠᠭᠤ ᠶᠢ | ᠲᠡᠳᠬᠦᠬᠦ ᠬᠦᠷᠢᠶ᠎ᠡ ᠴᠠᠷᠠᠭ᠎ᠠ ᠳᠤ᠂ ᠣᠯᠠᠨ ᠵᠦᠢᠯ ᠤᠨ ᠠᠷᠭ᠎ᠠ ᠪᠠᠷᠢᠯ ᠪᠠ ᠠᠷᠭ᠎ᠠ ᠬᠡᠮᠵᠢᠶ᠎ᠡ ᠠᠪᠴᠤ ᠪᠠᠶᠢᠭᠠᠳ | ᠴᠡᠭᠴᠡᠯᠡᠨ ᠥᠭᠡᠷᠡᠴᠢᠯᠡᠬᠦ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠠᠢ᠃ | ᠨᠢᠭᠡ ᠳᠤ᠂ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠳᠤ᠂ ᠡᠯ᠎ᠡ ᠬᠤᠰᠢᠭᠤ ᠰᠢᠶᠠᠨ ᠤ ᠵᠠᠰᠠᠭ ᠤᠨ | ᠣᠷᠳᠣᠨ ᠠᠴᠠ ᠪᠠᠶᠢᠴᠠᠭᠠᠯᠲᠠ ᠬᠢᠬᠦ ᠶᠢᠨ ᠳᠠᠭᠠᠤ ᠴᠡᠭᠴᠡᠯᠡᠨ ᠥᠭᠡᠷᠡᠴᠢᠯᠡᠵᠦ᠂ ᠰᠠᠭᠤᠳᠬᠠᠨ ᠦᠯᠡᠳᠡᠭᠡᠭᠰᠡᠨ ᠰᠤᠯᠠ | ᠪᠡᠯᠡ ᠮᠥᠩᠭᠦ ᠶᠢ ᠰᠠᠯᠭᠠᠨ ᠥᠭᠴᠦ᠂ ᠪᠡᠯᠡ ᠮᠥᠩᠭᠦ ᠶᠢᠨ ᠤᠤᠯ ᠤᠨ ᠠᠷᠭ᠎ᠠ ᠵᠠᠮ ᠳᠤ ᠡᠷᠭᠢᠭᠦᠯᠦᠨ ᠪᠤᠴᠠᠭᠠᠵᠤ᠂ | ᠤᠯᠤᠰ ᠤᠨ ᠬᠥᠮᠥᠷᠭᠡ ᠳᠤ ᠲᠤᠰᠢᠶᠠᠵᠤ ᠳᠠᠬᠢᠨ ᠶᠠᠳᠠᠭᠤ ᠶᠢ ᠲᠡᠳᠬᠦᠬᠦ ᠲᠥᠷᠥᠯ ᠵᠦᠢᠯ ᠳᠤ ᠲᠣᠬᠢᠷᠠᠭᠤᠯᠤᠨ | ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠶᠠᠷ ᠲᠤ᠂ ᠳᠠᠷᠤᠢ ᠳᠤ ᠨᠢ ᠬᠡᠷᠡᠭᠵᠢᠭᠦᠯᠦᠨ ᠳᠠᠷᠤᠢ ᠳᠤ ᠨᠢ ᠥᠭᠡᠷᠡᠴᠢᠯᠡᠵᠦ ᠳᠡᠶᠢᠯᠬᠦ ᠦᠭᠡᠢ ᠪᠣᠯ᠂ | ᠬᠢᠨᠠᠨ ᠪᠣᠳᠣᠬᠤ ᠲᠣᠭᠲᠠᠭᠠᠯ ᠭᠠᠷᠭᠠᠵᠤ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ᠂ ︽ | ᠪᠤᠴᠠᠵᠤ ᠪᠠᠶᠢᠴᠠᠭᠠᠨ ᠦᠵᠡᠬᠦ︾ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠪᠠᠶᠢᠭᠠᠳ ᠰᠢᠮᠳᠠᠭᠤᠯᠤᠨ | ᠪᠠᠶᠢᠴᠠᠭᠠᠵᠠᠢ᠃ | ᠭᠤᠷᠪᠠ ᠳᠤ᠂ ᠬᠢᠨᠠᠨ ᠪᠣᠳᠣᠬᠤ ᠶᠠᠪᠤᠴᠠ ᠳᠤ ᠢᠯᠡᠷᠡᠭᠦᠯᠦᠭᠰᠡᠨ ᠡᠭᠦᠷᠭᠡ ᠲᠤᠰᠢᠶᠠᠯ ᠢᠶᠠᠨ | ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠠᠰᠠᠭᠤᠳᠠᠯ ᠳᠤ᠂ ᠵᠠᠰᠠᠭ ᠤᠨ ᠣᠷᠳᠣᠨ ᠵᠢᠴᠢ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠷᠢᠭᠤᠴᠠᠯᠭ᠎ᠠ ᠨᠡᠬᠡᠮᠵᠢᠯᠡᠪᠡ᠃ | ᠳᠥᠷᠪᠡ ᠳᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠳᠤ | ᠬᠤᠯᠪᠣᠭᠳᠠᠭᠰᠠᠨ ᠢᠶᠠᠷ ᠰᠡᠵᠢᠯᠡᠭᠳᠡᠭᠰᠡᠨ ᠪᠣᠯ᠂ ᠰᠠᠬᠢᠯᠭ᠎ᠠ ᠪᠠᠲᠤ ᠪᠠᠶᠢᠴᠠᠭᠠᠵᠤ ᠬᠢᠨᠠᠨ ᠪᠠᠶᠢᠴᠠᠭᠠᠵᠤ ᠰᠠᠯᠠᠭ᠎ᠠ | ᠮᠥᠴᠢᠷ ᠲᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠪᠡ᠃ | ᠲᠠᠪᠤ ᠳᠤ᠂ ᠢᠯᠡᠷᠡᠭᠦᠯᠦᠭᠰᠡᠨ ᠨᠡᠶᠢᠲᠡᠴᠢ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠳᠤ᠂ ᠬᠢᠨᠠᠨ | ᠪᠣᠳᠣᠬᠤ ᠰᠠᠨᠠᠭᠤᠯᠭ᠎ᠠ ᠳᠤᠷᠠᠳᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ ᠳᠦᠷᠢᠮ | ᠲᠣᠭᠲᠠᠭᠠᠯ ᠢ ᠲᠡᠭᠦᠯᠳᠡᠷᠵᠢᠭᠦᠯᠵᠦ᠂ ᠠᠯᠳᠠᠭᠳᠠᠯ ᠳᠤᠲᠠᠭᠳᠠᠯ ᠢ ᠨᠢ ᠨᠥᠬᠦᠪᠦᠷᠢᠯᠡᠪᠡ᠃ | ᠬᠥᠲᠥᠯᠥᠭᠴᠢ᠄ | 2019 ᠣᠨ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠡᠨᠡ | ᠵᠢᠯ ᠤᠨ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠠᠵᠢᠯ ᠳᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ | ᠪᠣᠢ︖ | ᠵᠠᠩ ᠯᠢᠶᠠᠩ᠄ | 2019 ᠣᠨ ᠳᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠶᠡᠷᠦᠩᠬᠡᠢ ᠱᠦᠵᠢ | ᠰᠢ ᠶᠢᠨ ᠫᠢᠩ ᠤᠨ ᠶᠠᠳᠠᠭᠤ ᠶᠢ ᠲᠡᠳᠬᠦᠬᠦ ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠰᠢᠪᠲᠤᠯᠤᠯᠲᠠ ᠶᠢᠨ | ᠳᠠᠶᠢᠯᠠᠯᠳᠤᠭᠠᠨ ᠢ ᠯᠠᠪᠳᠠᠭᠤᠨ ᠪᠠᠲᠤᠲᠠᠢ ᠪᠠᠷ ᠠᠬᠢᠭᠤᠯᠬᠤ ᠲᠤᠬᠠᠢ ᠱᠠᠭᠠᠷᠳᠠᠯᠭ᠎ᠠ ᠶᠣᠰᠣᠭᠠᠷ᠂ ᠲᠤᠶᠢᠯ ᠤᠨ | ᠣᠨᠣᠪᠴᠢᠲᠠᠢ ᠪᠠᠷ ᠶᠠᠳᠠᠭᠤ ᠶᠢ ᠲᠡᠳᠬᠦᠬᠦ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ | ᠦᠨᠳᠦᠰᠦᠨ ᠠᠷᠭ᠎ᠠ ᠪᠣᠳᠣᠯᠭ᠎ᠠ ᠶᠢᠨ ᠲᠣᠭᠤᠷᠢᠨ ᠳᠤ᠂ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠲᠥᠪᠯᠡᠷᠡᠯ ᠤᠨ ᠴᠡᠭ ᠢᠶᠠᠨ ᠠᠯᠳᠠᠬᠤ ᠦᠭᠡᠢ᠂ ᠭᠤᠣᠯᠳᠠᠯᠭ᠎ᠠ ᠪᠠᠨ ᠬᠤᠪᠢᠷᠠᠭᠤᠯᠬᠤ ᠦᠭᠡᠢ᠂ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ | ᠦᠷᠭᠦᠯᠵᠢᠯᠡᠨ ᠥᠷᠨᠢᠭᠦᠯᠬᠦ ᠶᠢᠨ ᠬᠠᠮᠲᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠨᠢᠭᠡ ᠵᠦᠢᠯ ᠤᠨ | ᠴᠢᠬᠤᠯᠠ ᠠᠭᠤᠯᠭ᠎ᠠ ᠪᠣᠯᠭᠠᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ | ᠬᠢᠨᠠᠯᠲᠠ ᠪᠣᠳᠣᠯᠲᠠ ᠳᠤ ᠣᠷᠣᠭᠤᠯᠤᠨ ᠬᠠᠮᠲᠤ ᠳᠤ ᠨᠢ ᠥᠷᠨᠢᠭᠦᠯᠦᠨ᠎ᠡ᠃ | ᠨᠢᠭᠡ ᠳᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ | ᠬᠠᠮᠤᠷᠤᠭᠤᠯᠬᠤ ᠶᠢ ᠦᠷᠭᠦᠯᠵᠢᠯᠡᠨ ᠥᠷᠨᠢᠭᠦᠯᠦᠨ᠎ᠡ᠃ ᠶᠠᠳᠠᠭᠤ ᠶᠢ ᠲᠡᠳᠬᠦᠬᠦ ᠡᠲᠡᠭᠡᠳ ᠲᠤ ᠬᠢᠨᠠᠨ ᠪᠣᠳᠣᠬᠤ ᠶᠢ | ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠨ | ᠬᠠᠮᠢᠶᠠᠷᠴᠤ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠠᠴᠠ᠂ ᠮᠠᠯᠴᠢᠨ ᠲᠠᠷᠢᠶᠠᠴᠢᠨ ᠳᠤ ᠬᠤᠯᠪᠣᠭᠳᠠᠭᠰᠠᠨ ᠪᠡᠯᠡ | ᠮᠥᠩᠭᠦ ᠶᠢ ᠨᠡᠶᠢᠯᠡᠭᠦᠯᠦᠨ ᠨᠢᠭᠡᠳᠬᠡᠵᠦ ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠡᠷᠡᠭᠯᠡᠬᠦ ᠰᠠᠯᠠᠭ᠎ᠠ ᠮᠥᠴᠢᠷ ᠪᠠ | ᠨᠢᠭᠡᠴᠢ ᠳᠤ ᠬᠦᠷᠲᠡᠯ᠎ᠡ ᠬᠥᠨᠳᠡᠯᠡᠨ ᠴᠢᠭᠯᠡᠯ ᠢᠶᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠬᠤᠲᠠ ᠰᠢᠶᠠᠨ ᠤ ᠳᠡᠰ ᠤᠨ | ᠵᠠᠰᠠᠭ ᠤᠨ ᠣᠷᠳᠣᠨ ᠠᠴᠠ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠲᠥᠷᠥᠯ ᠵᠦᠢᠯ ᠢ | ᠬᠠᠮᠤᠷᠤᠭᠤᠯᠤᠭᠰᠠᠨ ᠮᠠᠯᠴᠢᠨ ᠲᠠᠷᠢᠶᠠᠴᠢᠨ ᠡᠷᠦᠬᠡ ᠳᠤ ᠬᠦᠷᠲᠡᠯ᠎ᠡ᠂ ᠭᠤᠯᠳᠤ ᠴᠢᠭᠯᠡᠯ ᠢᠶᠠᠷ ᠬᠠᠮᠤᠷᠤᠭᠤᠯᠬᠤ ᠶᠢ | ᠪᠡᠶᠡᠯᠡᠭᠦᠯᠬᠦ ᠶᠢᠨ ᠬᠠᠮᠲᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥᠯ | ᠵᠦᠢᠯ ᠢ ᠬᠢᠨᠠᠨ ᠪᠣᠳᠣᠬᠤ ᠬᠡᠪᠴᠢᠶᠡᠨ ᠳᠤ ᠣᠷᠣᠭᠤᠯᠵᠤ ᠨᠢᠭᠡ ᠴᠣᠭᠴᠠᠵᠢᠭᠤᠯᠤᠨ ᠬᠢᠨᠠᠯᠲᠠ ᠪᠣᠳᠣᠯᠲᠠ ᠬᠢᠨ᠎ᠡ᠃ | ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ | ᠪᠡᠶᠡᠯᠡᠭᠦᠯᠦᠨ᠎ᠡ᠃ ᠮᠠᠨ ᠤ ᠣᠷᠣᠨ ᠳᠤ ᠨᠡᠶᠢᠲᠡ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠠᠶᠢᠵᠤ᠂ | 2016 ᠣᠨ ᠠᠴᠠ 2018 ᠣᠨ ᠪᠣᠯᠲᠠᠯ᠎ᠠ ᠮᠠᠨ ᠤ ᠲᠢᠩᠬᠢᠮ ᠠᠴᠠ ᠮᠥᠷᠳᠡᠨ ᠬᠢᠨᠠᠯᠲᠠ ᠪᠣᠳᠣᠯᠲᠠ ᠪᠠᠷ | ᠳᠠᠮᠵᠢᠭᠤᠯᠤᠨ᠂ ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ ᠪᠠᠶᠢᠴᠠᠭᠠᠯᠲᠠ ᠶᠢᠨ ᠬᠡᠯᠪᠡᠷᠢ ᠲᠠᠢ | ᠤᠶᠠᠯᠳᠤᠭᠤᠯᠵᠤ ᠪᠠᠶᠢᠭᠠᠳ ᠨᠢᠭᠡᠨᠲᠡ ᠬᠤᠶᠠᠷ ᠡᠭᠡᠯᠵᠢ ᠶᠢᠨ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠪᠡ᠃ 2019 | ᠣᠨ ᠳᠤ᠂ ᠪᠢᠳᠡ ᠭᠤᠷᠪᠠᠳᠤᠭᠠᠷ ᠡᠭᠡᠯᠵᠢ ᠶᠢᠨ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭ᠎ᠠ ᠦᠭᠡᠢ 20 ᠬᠤᠰᠢᠭᠤ ᠰᠢᠶᠠᠨ ᠳᠤ ᠲᠤᠰᠬᠠᠢ ᠵᠦᠢᠯ ᠤᠨ ᠶᠠᠳᠠᠭᠤ ᠶᠢ ᠲᠡᠳᠬᠦᠬᠦ | ᠬᠢᠨᠠᠯᠲᠠ ᠪᠣᠳᠣᠯᠲᠠ ᠬᠢᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ 31 ᠬᠤᠰᠢᠭᠤ ᠰᠢᠶᠠᠨ ᠳᠤ ︽ᠪᠤᠴᠠᠵᠤ | ᠪᠠᠶᠢᠴᠠᠭᠠᠨ ᠦᠵᠡᠬᠦ︾ ᠭᠤᠣᠯᠳᠠᠯᠭ᠎ᠠ ᠲᠠᠢ ᠪᠠᠷ ᠰᠤᠭᠤᠴᠢᠨ ᠬᠢᠨᠠᠬᠤ ᠠᠵᠢᠯᠯᠠᠭ᠎ᠠ ᠥᠷᠨᠢᠭᠦᠯᠦᠨ᠂ ᠶᠠᠳᠠᠭᠤ | ᠬᠦᠴᠢᠷᠳᠡᠯᠲᠡᠢ ᠬᠥᠮᠥᠨ ᠠᠮᠠ ᠲᠠᠢ 29 ᠶᠠᠳᠠᠭᠤ ᠬᠦᠴᠢᠷᠳᠡᠯᠲᠡᠢ ᠪᠤᠰᠤ ᠬᠤᠰᠢᠭᠤ ᠰᠢᠶᠠᠨ ᠳᠤ ᠮᠥᠷᠳᠡᠨ ᠬᠢᠨᠠᠯᠲᠠ | ᠪᠣᠳᠣᠯᠲᠠ ᠬᠢᠵᠦ᠂ 3 ᠬᠤᠰᠢᠭᠤ ᠰᠢᠶᠠᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠯᠲᠠ ᠪᠣᠳᠣᠯᠲᠠ ᠬᠢᠨ᠎ᠡ᠃ ᠡᠭᠦᠨ ᠤ ᠬᠠᠮᠲᠤ᠂ ᠪᠦᠬᠦ ᠣᠷᠣᠨ ᠤ | ᠲᠠᠷᠢᠶᠠᠴᠢᠳ ᠲᠤ ᠠᠰᠢᠭ ᠬᠦᠷᠲᠡᠭᠡᠬᠦ ᠨᠡᠮᠡᠭᠦᠷᠢ ᠶᠢᠨ ︽ᠨᠢᠭᠡ ᠺᠠᠷᠲ ᠢᠶᠠᠷ ᠪᠦᠬᠦᠨ ᠢ ᠭᠦᠢᠴᠡᠳᠬᠡᠬᠦ︾ | ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠲᠤᠰᠬᠠᠢ ᠵᠦᠢᠯ ᠤᠨ ᠬᠢᠨᠠᠯᠲᠠ ᠪᠣᠳᠣᠯᠲᠠ ᠬᠢᠨ᠎ᠡ᠃ ᠣᠳᠣᠬᠠᠨ ᠳᠤ ︽ | ᠲᠠᠪᠤ ᠶᠢ ᠨᠢᠭᠡᠳᠬᠡᠬᠦ︾ ᠬᠤᠶᠠᠷ ᠲᠥᠷᠥᠯ ᠢ ᠶᠠᠭ ᠰᠠᠶᠢᠬᠠᠨ ᠬᠡᠷᠡᠭᠵᠢᠭᠦᠯᠵᠦ ᠪᠠᠶᠢᠨ᠎ᠠ᠃ | ᠬᠤᠶᠠᠷ ᠲᠤ᠂ ᠬᠢᠨᠠᠨ ᠪᠣᠳᠣᠭᠰᠠᠨ ᠦᠷ᠎ᠡ ᠪᠦᠲᠦᠭᠡᠯ ᠢ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠬᠢᠨᠠᠨ | ᠪᠣᠳᠣᠬᠤ ᠶᠠᠪᠤᠴᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠣᠨᠢᠯᠠᠨ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠢᠨᠠᠨ ᠪᠣᠳᠣᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ︽ | ᠡᠴᠦᠰ ᠲᠤ ᠨᠢ ᠲᠤᠯᠲᠠᠯ᠎ᠠ ᠰᠢᠮᠳᠠᠭᠤᠯᠤᠨ ᠪᠠᠶᠢᠴᠠᠭᠠᠵᠤ︾᠂ ᠬᠢᠨᠠᠨ ᠪᠣᠳᠣᠵᠤ ᠴᠡᠭᠴᠡᠯᠡᠨ ᠥᠭᠡᠷᠡᠴᠢᠯᠡᠬᠦ ᠨᠣᠷᠮ᠎ᠠ ᠶᠢ | ᠦᠨᠡᠨ ᠬᠦ ᠳᠡᠭᠡᠭᠰᠢᠯᠡᠭᠦᠯᠦᠨ᠎ᠡ᠃ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠭᠡᠮ ᠳᠤ ᠢᠯᠡ ᠪᠠᠷ ᠨᠡᠶᠢᠲᠡᠯᠡᠵᠦ᠂ | ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠠᠰᠠᠭᠤᠳᠠᠯ ᠳᠤ᠂ ᠳᠦᠷᠢᠮ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ | ᠰᠢᠯᠵᠢᠭᠦᠯᠦᠨ ᠴᠢᠩᠭ᠎ᠠ ᠰᠢᠢᠳᠬᠡᠵᠦ᠂ ᠰᠦᠷ ᠦᠢᠯᠡᠳᠦᠯ ᠦᠵᠡᠭᠦᠯᠬᠦ ᠬᠡᠷᠡᠭᠲᠡᠢ᠃ | ᠭᠤᠷᠪᠠ ᠳᠤ᠂ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠪᠠ ᠬᠢᠨᠠᠨ ᠪᠣᠳᠣᠬᠤ ᠠᠷᠭ᠎ᠠ ᠠᠪᠴᠠᠯ ᠢᠶᠠᠨ | ᠰᠠᠶᠢᠵᠢᠷᠠᠭᠤᠯᠤᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠪᠠᠷ ᠭᠤᠣᠯ ᠱᠤᠭᠤᠮ ᠪᠣᠯᠭᠠᠨ᠂ ᠶᠠᠳᠠᠭᠤ ᠶᠢ ᠲᠡᠳᠬᠦᠬᠦ | ᠲᠥᠷᠥᠯ ᠵᠦᠢᠯ ᠲᠠᠢ ᠤᠶᠠᠯᠳᠤᠭᠤᠯᠵᠤ᠂ ᠬᠢᠨᠠᠨ ᠪᠣᠳᠣᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠂ ᠮᠡᠳᠡᠭᠡ | ᠵᠠᠩᠭᠢᠵᠢᠯᠲᠠ ᠠᠴᠠ ᠡᠬᠢ ᠪᠠᠶᠠᠯᠢᠭ ᠠᠪᠴᠤ᠂ ᠲᠣᠮᠣ ᠳ᠋ᠠᠶᠢᠲ᠋ᠠ ᠪᠠᠷ ᠬᠢᠨᠠᠨ ᠪᠣᠳᠣᠬᠤ ᠠᠷᠭ᠎ᠠ ᠠᠪᠴᠠᠯ ᠢ ᠭᠦᠢᠴᠡᠳ | ᠠᠰᠢᠭᠯᠠᠨ᠂ ᠢᠯᠡᠷᠡᠭᠦᠯᠦᠭᠰᠡᠨ ᠰᠡᠵᠢᠭᠲᠡᠢ ᠬᠡᠷᠡᠭ ᠢ ᠬᠠᠷᠢᠴᠠᠭᠤᠯᠤᠨ ᠵᠠᠳᠠᠯᠬᠤ ᠪᠠᠷ ᠳᠠᠮᠵᠢᠭᠤᠯᠵᠤ᠂ ᠬᠢᠨᠠᠨ ᠪᠣᠳᠣᠬᠤ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠥᠲᠥᠯᠥᠭᠴᠢ᠄ | ᠰᠠᠶᠢᠨ ᠪᠣᠯᠣᠯ᠎ᠠ᠃ ᠴᠠᠭ ᠤᠨ ᠬᠠᠷᠠᠭ᠎ᠠ ᠠᠴᠠ ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ | ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠲᠤᠩ ᠪᠠᠶᠠᠷᠯᠠᠯ᠎ᠠ᠂ ᠮᠥᠨ ᠴᠤ | ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠵᠠᠩ ᠯᠢᠶᠠᠩ᠄ | ᠪᠠᠶᠠᠷᠲᠠᠢ︕ | |