ᠥᠪᠥᠷ ᠵᠠᠰᠠᠭ ᠠᠯᠪᠠᠨ ᠲᠠᠷᠬᠠᠭᠠᠭᠰᠠᠨ ﹇2018﹈ 77 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠠᠭᠤᠰᠤᠯᠴᠠᠯ ᠢ ᠭᠦᠨᠵᠡᠬᠡᠶᠢᠷᠡᠬᠦᠯᠬᠦ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ︾ ︵ᠲᠥᠷᠥ ᠠᠯᠪᠠᠨ ᠲᠠᠷᠬᠠᠭᠠᠭᠰᠠᠨ ﹇ | 2017﹈ 95 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠭᠦ | ᠤᠷᠤᠨ ᠤ ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠤᠨ ᠭᠦᠭᠵᠢᠬᠦᠯᠬᠦ ᠶᠢ ᠭᠦᠨᠵᠡᠬᠡᠢ | ᠠᠬᠢᠭᠤᠯᠤᠨ᠂ ᠰᠤᠷᠭᠠᠨ ᠭᠦᠮᠦᠵᠢᠯ ᠤᠨ ᠬᠡᠯᠬᠢᠶ᠎ᠡ᠂ ᠴᠢᠳᠠᠪᠤᠷᠢᠳᠠᠨ ᠤ ᠬᠡᠯᠬᠢᠶ᠎ᠡ ᠬᠢᠬᠡᠳ ᠠᠵᠦ ᠦᠢᠯᠡᠰ ᠤᠨ ᠬᠡᠯᠬᠢᠶ᠎ᠡ᠂ | ᠰᠢᠨ᠎ᠠ ᠶᠢ ᠡᠭᠦᠳᠬᠦ ᠬᠡᠯᠬᠢᠶ᠎ᠡ ᠶᠢ ᠤᠷᠭᠠᠨᠢᠭ ᠢᠶᠠᠷ ᠵᠤᠯᠭᠠᠭᠤᠯᠬᠤ ᠶᠢ ᠤᠯᠠᠮ ᠨᠢᠬᠡ ᠠᠯᠬᠤᠮ ᠠᠬᠢᠭᠤᠯᠵᠦ᠂ ᠰᠤᠷᠭᠠᠨ | ᠭᠦᠮᠦᠵᠢᠯ ᠤᠨ ᠶᠠᠰᠤ ᠴᠢᠨᠠᠷ ᠢ ᠪᠦᠭᠦ ᠲᠠᠯ᠎ᠠ ᠪᠠᠷ ᠲᠡᠬᠡᠭᠰᠢᠯᠡᠬᠦᠯᠦᠨ᠂ ᠠᠵᠢᠯ ᠤᠯᠭᠤᠵᠦ ᠦᠢᠯᠡᠰ ᠴᠤᠨᠨᠴᠠᠯᠠᠬᠤ ᠶᠢ | ᠦᠷᠬᠡᠳᠬᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠬᠡ ᠲᠤᠤᠷᠠᠬᠢ ᠰᠠᠨᠠᠯ ᠢ ᠲᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠭᠦᠨᠵᠡᠬᠡᠢ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠶᠡᠷᠦᠩᠬᠡᠢ ᠱᠦᠵᠢ ᠰᠢ ᠶᠢᠨ | ᠫᠢᠩ ᠤᠨ ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠪᠠ ᠠᠷᠪᠠᠨ ᠭᠤᠷᠪᠠᠳᠤᠭᠠᠷ ᠬᠤᠭᠤᠴᠠᠭᠠᠨ ᠤ | ᠪᠦᠭᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠤᠨ | ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠭᠦᠮ ᠤᠨ ᠬᠢᠨᠠᠨ ᠵᠦᠪᠯᠡᠬᠦ ᠳᠤ ᠶᠠᠷᠢᠨᠨᠰᠠᠨ ᠴᠢᠬᠤᠯᠠ ᠶᠠᠷᠢᠶᠠᠨ ᠤ | ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠢᠬᠡᠳᠦᠯᠳᠡᠢ ᠲᠦᠯᠦᠪᠯᠡᠨ ᠵᠤᠬᠢᠴᠠᠭᠤᠯᠬᠤ ᠪᠠ | ᠬᠠᠮᠳᠤ ᠪᠠᠷ ᠠᠬᠢᠭᠤᠯᠵᠦ᠂ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠪᠠ ᠪᠦᠳᠦᠴᠡ ᠶᠢ ᠰᠢᠯᠢᠳᠡᠭᠵᠢᠬᠦᠯᠬᠦ᠂ | ᠰᠤᠷᠭᠠᠭᠤᠯᠢ ᠠᠵᠦ ᠠᠬᠤᠶᠢᠯᠠᠯ ᠢ ᠬᠠᠮᠵᠢᠯᠴᠠᠭᠤᠯᠬᠤ ᠪᠠ ᠬᠠᠮᠳᠤᠷᠠᠯᠴᠠᠵᠦ ᠴᠢᠳᠠᠪᠤᠷᠢᠳᠠᠨ ᠭᠦᠮᠦᠵᠢᠬᠦᠯᠬᠦ ᠵᠠᠷᠴᠢᠮ | ᠶᠤᠰᠤᠭᠠᠷ᠂ ᠠᠵᠢᠯ ᠮᠡᠷᠬᠡᠵᠢᠯ ᠤᠨ ᠰᠤᠷᠭᠠᠨ ᠭᠦᠮᠦᠵᠢᠯ᠂ ᠲᠡᠬᠡᠳᠦ ᠵᠡᠷᠬᠡ ᠶᠢᠨ ᠰᠤᠷᠭᠠᠨ ᠭᠦᠮᠦᠵᠢᠯ ᠤᠨ | ᠦᠬᠡᠷᠡᠴᠢᠯᠡᠯᠳᠡ ᠶᠢ ᠭᠦᠨᠵᠡᠬᠡᠶᠢᠷᠡᠬᠦᠯᠦᠨ᠂ ᠠᠵᠦ ᠠᠬᠤᠶᠢᠯᠠᠯ ᠤᠨ ᠴᠢᠬᠤᠯᠠ ᠪᠦᠭᠦᠢ ᠭᠤᠤᠯ ᠴᠤᠨᠨᠴᠠ ᠪᠤᠯᠬᠤ | ᠦᠢᠯᠡᠳᠦᠯ ᠢ ᠪᠠᠳᠠᠷᠠᠭᠤᠯᠵᠦ᠂ ᠴᠢᠳᠠᠪᠤᠷᠢᠳᠠᠨ ᠭᠦᠮᠦᠵᠢᠬᠦᠯᠬᠦ ᠬᠠᠩᠭᠠᠯᠭ᠎ᠠ ᠶᠢᠨ ᠲᠠᠯ᠎ᠠ ᠪᠠ ᠠᠵᠦ ᠦᠢᠯᠡᠰ ᠤᠨ | ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠠᠷ ᠬᠢ ᠪᠦᠳᠦᠴᠡ ᠶᠢᠨ ᠴᠢᠬᠤᠯᠠ ᠭᠦᠴᠦᠨ ᠵᠦᠢᠯ ᠤᠨ ᠪᠦᠭᠦ ᠲᠠᠯ᠎ᠠ ᠪᠠᠷ | ᠠᠭᠤᠰᠤᠯᠴᠠᠬᠤ ᠶᠢ ᠠᠬᠢᠭᠤᠯᠤᠨ᠂ ᠬᠡᠪ ᠴᠢᠨᠠᠷ ᠢᠶᠠᠷ ᠦᠨᠳᠦᠷ ᠰᠢᠨ᠎ᠠ ᠶᠢ ᠡᠭᠦᠳᠬᠦ ᠴᠢᠳᠠᠪᠤᠷᠢᠳᠠᠨ ᠵᠢᠴᠢ ᠮᠡᠷᠬᠡᠵᠢᠯ | ᠤᠷ᠎ᠠ ᠮᠡᠷᠬᠡᠰᠢᠯ ᠲᠠᠢ ᠴᠢᠳᠠᠪᠤᠷᠢᠳᠠᠨ ᠢ ᠭᠦᠮᠦᠵᠢᠬᠦᠯᠵᠦ᠂ ᠮᠠᠨ ᠤ ᠤᠷᠤᠨ ᠤ ᠤᠳᠤ ᠦᠶ᠎ᠡ ᠶᠢᠨ ᠠᠵᠦ ᠦᠢᠯᠡᠰ ᠤᠨ | ᠰᠢᠰᠲ᠋ᠧᠮᠵᠢ ᠶᠢ ᠲᠦᠷᠬᠡᠳᠬᠡᠨ ᠪᠠᠶᠢᠭᠤᠯᠬᠤ᠂ ᠠᠵᠦ ᠠᠬᠤᠢ ᠶᠢᠨ ᠭᠦᠭᠵᠢᠯᠳᠡ ᠶᠢᠨ ᠰᠢᠨ᠎ᠠ ᠭᠦᠳᠡᠯᠬᠡᠭᠴᠢ | ᠴᠢᠳᠠᠪᠤᠷᠢ ᠶᠢ ᠭᠦᠮᠦᠵᠢᠬᠦᠯᠬᠦ ᠳᠤ ᠴᠢᠳᠠᠪᠤᠷᠢᠳᠠᠨ ᠤ ᠲᠠᠯ᠎ᠠ ᠪᠠᠷ ᠭᠦᠴᠦᠳᠡᠢ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠭᠦᠭᠵᠢᠯᠳᠡ ᠶᠢᠨ ᠬᠠᠷᠠᠯᠳᠠ᠃ ᠠᠵᠢᠯ ᠲᠦᠷᠦᠯ ᠤᠨ ᠬᠢᠨ ᠤ ᠠᠵᠦ ᠠᠬᠤᠶᠢᠯᠠᠯ ᠤᠳ ᠤᠨ | ᠰᠤᠷᠭᠠᠭᠤᠯᠢ ᠡᠷᠬᠢᠯᠡᠬᠦ ᠳᠤ ᠤᠷᠤᠯᠴᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠬᠡᠭᠰᠢᠯᠡᠬᠦᠯᠵᠦ᠂ ᠤᠯᠠᠨ | ᠡᠰᠢᠵᠢᠭᠰᠡᠨ ᠰᠤᠷᠭᠠᠭᠤᠯᠢ ᠡᠷᠬᠢᠯᠡᠬᠦ ᠪᠠᠶᠢᠭᠤᠯᠤᠯ ᠢ ᠲᠡᠭᠦᠯᠳᠡᠷᠵᠢᠬᠦᠯᠦᠨ᠂ ᠠᠵᠢᠯ ᠮᠡᠷᠬᠡᠵᠢᠯ ᠤᠨ ᠰᠤᠷᠭᠠᠨ | ᠭᠦᠮᠦᠵᠢᠯ ᠤᠨ ᠤᠨᠴᠠᠯᠢᠭ ᠲᠠᠢ ᠭᠦᠭᠵᠢᠯᠳᠡ ᠶᠢ ᠠᠬᠢᠭᠤᠯᠤᠨ᠎ᠠ᠃ 2020 ᠤᠨ ᠪᠤᠯᠬᠤ ᠳᠤ᠂ ᠨᠢᠬᠡ ᠪᠦᠯᠦᠭ | ᠲᠤᠷᠰᠢᠯᠳᠠ ᠶᠢᠨ ᠴᠡᠭ᠂ ᠵᠢᠱᠢᠶ᠎ᠡ ᠦᠵᠡᠬᠦᠯᠬᠦ ᠲᠦᠷᠦᠯ ᠵᠦᠢᠯ ᠢ ᠭᠤᠤᠯᠳᠠᠯᠭ᠎ᠠ ᠲᠠᠢ ᠡᠬᠢᠯᠡᠬᠦᠯᠵᠦ᠂ ᠠᠵᠦ | ᠦᠢᠯᠡᠰ ᠤᠨ ᠭᠦᠭᠵᠢᠯᠳᠡ ᠳᠤ ᠦᠨᠡᠨ ᠪᠤᠳᠠᠳᠠᠢ ᠲᠤᠯᠭᠠᠭᠤᠷᠢᠯᠠᠬᠤ ᠦᠢᠯᠡᠳᠦᠯ ᠲᠠᠢ ᠨᠢᠬᠡ ᠪᠦᠯᠦᠭ ᠠᠵᠦ ᠦᠢᠯᠡᠰ | ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠬᠤ ᠬᠤᠯᠪᠤᠭ᠎ᠠ ︵ᠪᠦᠯᠦᠭᠯᠡᠯ︶ ᠪᠠᠶᠢᠭᠤᠯᠤᠨ᠎ᠠ ; 2030 ᠤᠨ | ᠪᠤᠯᠬᠤ ᠳᠤ᠂ ᠰᠤᠷᠭᠠᠨ ᠭᠦᠮᠦᠵᠢᠯ ᠪᠠ ᠠᠵᠦ ᠦᠢᠯᠡᠰ ᠢ ᠨᠢᠬᠡᠳᠦᠯᠳᠡᠢ ᠲᠦᠯᠦᠪᠯᠡᠵᠦ ᠠᠭᠤᠰᠤᠯᠴᠠᠭᠤᠯᠬᠤ ᠶᠢ | ᠦᠨᠳᠦᠰᠦᠨ ᠳᠤ ᠪᠠᠨ ᠪᠡᠶᠡᠯᠡᠬᠦᠯᠵᠦ᠂ ᠰᠤᠷᠭᠠᠭᠤᠯᠢ ᠬᠢᠬᠡᠳ ᠠᠵᠦ ᠠᠬᠤᠶᠢᠯᠠᠯ ᠢ ᠬᠠᠮᠵᠢᠯᠴᠠᠭᠤᠯᠵᠦ ᠴᠢᠳᠠᠪᠤᠷᠢᠳᠠᠨ | ᠭᠦᠮᠦᠵᠢᠬᠦᠯᠬᠦ ᠲᠤᠨᠨᠳᠠᠴᠠ ᠶᠢ ᠪᠦᠭᠦ ᠲᠠᠯ᠎ᠠ ᠪᠠᠷ ᠬᠡᠷᠡᠭᠵᠢᠬᠦᠯᠵᠦ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ | ᠪᠣᠯᠭᠠᠭᠰᠠᠨ ᠴᠢᠳᠠᠪᠤᠷᠢᠳᠠᠨ ᠭᠦᠮᠦᠵᠢᠬᠦᠯᠬᠦ ᠵᠬᠠᠪᠤᠷ ᠢ ᠪᠦᠷᠢᠨᠰᠢᠬᠦᠯᠦᠨ ᠲᠡᠭᠦᠯᠳᠡᠷᠵᠢᠬᠦᠯᠵᠦ᠂ ᠠᠵᠦ ᠠᠬᠤᠢ ᠶᠢᠨ | ᠭᠦᠭᠵᠢᠯᠳᠡ ᠪᠠ ᠠᠵᠦ ᠦᠢᠯᠡᠰ ᠤᠨ ᠲᠡᠰ ᠲᠡᠪᠰᠢᠬᠦ ᠳᠤ ᠦᠵᠡᠬᠦᠯᠬᠦ ᠲᠡᠬᠡᠳᠦ ᠵᠡᠷᠬᠡ ᠶᠢᠨ ᠰᠤᠷᠭᠠᠨ ᠭᠦᠮᠦᠵᠢᠯ᠂ | ᠠᠵᠢᠯ ᠮᠡᠷᠬᠡᠵᠢᠯ ᠤᠨ ᠰᠤᠷᠭᠠᠨ ᠭᠦᠮᠦᠵᠢᠯ ᠤᠨ ᠬᠤᠪᠢ ᠨᠡᠮᠡᠷᠢ ᠶᠢ ᠮᠡᠳᠡᠭᠳᠡᠬᠦ᠋ᠢᠴᠡ ᠴᠢᠩᠭᠠᠷᠠᠭᠤᠯᠤᠨ᠎ᠠ᠃ | ᠬᠤᠶᠠᠷ᠂ ᠰᠤᠷᠭᠠᠨ ᠭᠦᠮᠦᠵᠢᠯ ᠪᠠ ᠠᠵᠦ ᠦᠢᠯᠡᠰ ᠢ ᠭᠦᠨᠵᠡᠬᠡᠢ ᠠᠭᠤᠰᠤᠯᠴᠠᠭᠤᠯᠤᠨ ᠭᠦᠭᠵᠢᠬᠦᠯᠬᠦ | ᠪᠠᠶᠢᠷᠢᠰᠢᠯ ᠢ ᠪᠠᠶᠢᠭᠤᠯᠤᠨ᠎ᠠ | ︵ᠭᠤᠷᠪᠠ︶ ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠬᠤ ᠭᠦᠭᠵᠢᠯᠳᠡ ᠶᠢᠨ | ᠲᠦᠯᠦᠪᠵᠢᠭᠦᠯᠬᠡ ᠶᠢ ᠨᠢᠬᠡᠳᠦᠯᠳᠡᠢ ᠲᠦᠯᠦᠪᠯᠡᠨ᠎ᠠ᠃ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ | ᠠᠭᠤᠰᠤᠯᠴᠠᠯ ᠢ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠲᠦᠯᠦᠪᠵᠢᠬᠦᠯᠬᠡ ᠵᠢᠴᠢ ᠤᠷᠤᠨ ᠪᠦᠰᠡ ᠶᠢᠨ | ᠭᠦᠭᠵᠢᠯᠳᠡ᠂ ᠠᠵᠦ ᠦᠢᠯᠡᠰ ᠤᠨ ᠭᠦᠭᠵᠢᠯᠳᠡ᠂ ᠬᠤᠳᠠ ᠶᠢᠨ ᠪᠦᠳᠦᠬᠡᠨ ᠪᠠᠶᠢᠭᠤᠯᠤᠯᠳᠠ ᠪᠠ ᠴᠢᠬᠤᠯᠠ ᠶᠡᠭᠡ | ᠦᠢᠯᠡᠳᠪᠦᠷᠢᠯᠡᠯ ᠤᠨ ᠭᠦᠴᠦᠨ ᠤ ᠪᠠᠶᠢᠷᠢᠰᠢᠭᠤᠯᠤᠯᠳᠠ ᠶᠢᠨ ᠲᠦᠯᠦᠪᠵᠢᠬᠦᠯᠬᠡ ᠳᠤ ᠤᠷᠤᠭᠤᠯᠵᠦ᠂ ᠰᠢᠨ᠎ᠠ ᠶᠢ | ᠡᠭᠦᠳᠬᠦ ᠪᠠᠷ ᠭᠦᠳᠡᠯᠬᠡᠭᠦᠷ ᠪᠤᠯᠭᠠᠨᠨᠰᠠᠨ ᠭᠦᠭᠵᠢᠯᠳᠡ᠂ ᠴᠢᠳᠠᠪᠤᠷᠢᠳᠠᠨ ᠢᠶᠠᠷ ᠤᠷᠤᠨ ᠢᠶᠠᠨ ᠭᠦᠴᠦᠷᠬᠡᠭᠵᠢᠬᠦᠯᠬᠦ᠂ | ᠭᠦᠳᠡᠭᠡ ᠲᠤᠰᠬᠤᠨ ᠢ ᠮᠠᠨᠳᠤᠭᠤᠯᠤᠨ ᠭᠦᠭᠵᠢᠬᠦᠯᠬᠦ᠂ ᠤᠷᠤᠨ ᠪᠦᠰᠡ ᠶᠢ ᠵᠤᠬᠢᠴᠠᠩᠭᠤᠢ ᠭᠦᠭᠵᠢᠬᠦᠯᠬᠦ᠂ ᠴᠡᠷᠢᠭ | ᠠᠷᠠᠳ ᠤᠨ ᠬᠡᠷᠡᠭᠴᠡᠭᠡ ᠶᠢ ᠠᠭᠤᠰᠤᠯᠴᠠᠭᠤᠯᠤᠨ ᠭᠦᠭᠵᠢᠬᠦᠯᠬᠦ ᠶᠢ ᠪᠦᠭᠦ ᠲᠠᠯ᠎ᠠ ᠪᠠᠷ ᠬᠡᠷᠡᠭᠵᠢᠬᠦᠯᠬᠦ ᠵᠡᠷᠬᠡ ᠭᠦᠨᠳᠦ | ᠴᠢᠬᠤᠯᠠ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠵᠦ᠂ ᠠᠵᠦ ᠦᠢᠯᠡᠰ ᠬᠢᠬᠡᠳ ᠰᠤᠷᠭᠠᠨ ᠭᠦᠮᠦᠵᠢᠯ ᠢ | ᠠᠭᠤᠰᠤᠯᠴᠠᠭᠤᠯᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ᠲᠡᠮᠵᠢᠬᠦ ᠠᠷᠭ᠎ᠠ ᠬᠡᠯᠪᠡᠷᠢ᠂ ᠪᠡᠶᠡᠯᠡᠬᠦᠯᠬᠦ | ᠠᠷᠭ᠎ᠠ ᠵᠠᠮ ᠪᠠ ᠴᠢᠬᠤᠯᠠ ᠶᠡᠭᠡ ᠲᠦᠷᠦᠯ ᠵᠦᠢᠯ ᠢ ᠵᠡᠷᠬᠡ ᠳᠤ ᠨᠢ ᠲᠦᠯᠦᠪᠵᠢᠬᠦᠯᠦᠨ᠎ᠠ᠃ ᠭᠦᠬᠡᠬᠤᠳᠠ ᠪᠤᠭᠤᠳᠠ | ᠤᠷᠳᠤᠰ ᠵᠡᠷᠬᠡ ᠠᠵᠦ ᠦᠢᠯᠡᠰ ᠤᠨ ᠰᠠᠭᠤᠷᠢ ᠪᠠᠷ ᠵᠤᠵᠠᠭᠠᠪᠳᠤᠷ ᠪᠤᠯᠬᠤ ᠬᠤᠳᠠ ᠶᠢ ᠲᠡᠮᠵᠢᠵᠦ ᠪᠠᠶᠢᠭᠠᠳ ᠠᠵᠢᠯ | ᠮᠡᠷᠬᠡᠵᠢᠯ ᠤᠨ ᠰᠤᠷᠭᠠᠨ ᠭᠦᠮᠦᠵᠢᠯ ᠳᠤ ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠬᠤ | ᠲᠤᠷᠰᠢᠯᠳᠠ ᠶᠢᠨ ᠴᠡᠭ ᠤᠨ ᠬᠤᠳᠠ ᠶᠢ ᠭᠤᠤᠯᠳᠠᠯᠭ᠎ᠠ ᠲᠠᠢ ᠪᠠᠶᠢᠭᠤᠯᠵᠦ᠂ ᠭᠦᠯᠦᠨ ᠪᠤᠶᠢᠷ ᠬᠤᠳᠠ᠂ ᠲᠦᠩᠯᠢᠶᠤᠤ | ᠬᠤᠳᠠ᠂ ᠤᠯᠠᠭᠠᠨᠬᠠᠳᠠ ᠬᠤᠳᠠ ᠶᠢᠨ ᠠᠵᠦ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠤᠨ ᠠᠵᠦ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠮᠡᠷᠬᠡᠵᠢᠯ ᠤᠷ᠎ᠠ ᠮᠡᠷᠬᠡᠰᠢᠯ ᠲᠠᠢ ᠴᠢᠳᠠᠪᠤᠷᠢᠳᠠᠨ ᠢ ᠬᠤᠤᠰ | ᠡᠰᠢᠵᠢᠯ ᠢᠶᠠᠷ ᠪᠤᠶᠢᠵᠢᠭᠤᠯᠬᠤ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠢ ᠲᠡᠮᠵᠢᠨ ᠠᠬᠢᠭᠤᠯᠵᠦ᠂ ᠠᠵᠢᠯ | ᠮᠡᠷᠬᠡᠵᠢᠯ ᠤᠨ ᠰᠤᠷᠭᠠᠨ ᠭᠦᠮᠦᠵᠢᠯ ᠤᠨ ᠪᠠᠶᠢᠷᠢᠰᠢᠭᠤᠯᠤᠯᠳᠠ ᠶᠢ ᠨᠢᠬᠡᠳᠦᠯᠳᠡᠢ ᠲᠦᠯᠦᠪᠯᠡᠵᠦ ᠰᠢᠯᠢᠳᠡᠭᠵᠢᠬᠦᠯᠦᠨ᠂ | ᠠᠵᠢᠯ ᠮᠡᠷᠬᠡᠵᠢᠯ ᠤᠨ ᠰᠤᠷᠭᠠᠨ ᠭᠦᠮᠦᠵᠢᠯ ᠤᠨ ᠡᠬᠢ ᠪᠠᠶᠠᠯᠢᠭ ᠢ ᠭᠦᠳᠦᠯᠦᠨ ᠵᠢᠯᠤᠭᠤᠳᠴᠤ ᠪᠠᠶᠢᠭᠠᠳ ᠲᠠᠪᠠᠭᠤᠯᠢᠭ | ᠤᠨᠴᠠᠯᠢᠭ ᠲᠠᠢ ᠠᠵᠦ ᠦᠢᠯᠡᠰ ᠪᠠ ᠭᠦᠮᠦᠨ ᠠᠮᠠ ᠲᠦᠪᠯᠡᠷᠡᠨ ᠰᠠᠭᠤᠷᠢᠰᠢᠨᠨᠰᠠᠨ ᠤᠷᠤᠨ ᠲᠡᠶᠢᠰᠢ ᠲᠦᠪᠯᠡᠷᠡᠭᠦᠯᠦᠨ᠎ᠠ᠃ | ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠨᠢ ᠬᠤᠯᠪᠤᠨᠨᠳᠠᠯ ᠪᠦᠭᠦᠢ | ᠰᠠᠯᠠᠭ᠎ᠠ ᠮᠦᠴᠢᠷ ᠲᠠᠢ ᠬᠠᠮᠳᠤᠷᠠᠯᠴᠠᠵᠦ᠂ ᠡᠯ᠎ᠡ ᠠᠶᠢᠮᠠᠭ ᠶᠢᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠤᠷᠳᠤᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠂ ᠲᠦᠷᠦᠬᠦᠨ ᠳᠤ ᠵᠢᠨᠨᠰᠠᠭᠠᠨᠨᠳᠠᠵᠦ ᠪᠠᠶᠢᠭ᠎ᠠ ᠨᠢ | ᠲᠦᠷᠦᠬᠦᠯᠡᠨ ᠬᠠᠷᠢᠭᠤᠴᠠᠬᠤ ᠰᠠᠯᠠᠭ᠎ᠠ ᠮᠦᠴᠢᠷ ᠪᠤᠯᠤᠨ᠎ᠠ᠂ ᠲᠤᠷᠤᠨᠨᠰᠢ ᠠᠳᠠᠯᠢ︶ | ︵ᠲᠦᠷᠪᠡ︶ ᠲᠡᠬᠡᠳᠦ ᠵᠡᠷᠬᠡ ᠶᠢᠨ ᠰᠤᠷᠭᠠᠨ ᠭᠦᠮᠦᠵᠢᠯ ᠬᠢᠬᠡᠳ ᠰᠢᠨ᠎ᠠ ᠡᠭᠦᠳᠦᠯᠳᠡ ᠲᠠᠢ ᠭᠦᠭᠵᠢᠯᠳᠡ ᠶᠢᠨ | ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ᠃ ᠲᠡᠬᠡᠳᠦ ᠵᠡᠷᠬᠡ ᠶᠢᠨ ᠰᠤᠷᠭᠠᠭᠤᠯᠢ ᠢ ᠲᠦᠷᠦᠯ ᠬᠤᠪᠢᠶᠠᠨ | ᠭᠦᠭᠵᠢᠬᠦᠯᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠵᠦ᠂ ᠤᠯᠤᠰ ᠤᠨ ᠲᠤᠳᠤᠭᠠᠳᠤ ᠳᠠᠬᠢ ᠦᠨᠳᠦᠷ | ᠬᠢᠷᠢ ᠲᠦᠪᠰᠢᠨ ᠪᠦᠭᠦᠢ ᠶᠡᠷᠦᠩᠬᠡᠶᠢᠯᠡᠭᠰᠡᠨ ᠬᠡᠯᠪᠡᠷᠢ ᠪᠠ ᠬᠡᠷᠡᠭᠯᠡᠬᠡᠨ ᠤ ᠬᠡᠯᠪᠡᠷᠢ ᠶᠢᠨ ᠨᠢᠬᠡ ᠪᠦᠯᠦᠭ ᠶᠡᠭᠡ | ᠰᠤᠷᠭᠠᠭᠤᠯᠢ ᠶᠢ ᠴᠢᠷᠮᠠᠶᠢᠨ ᠪᠠᠶᠢᠭᠤᠯᠤᠨ᠎ᠠ᠃ ︽ᠬᠤᠶᠠᠷ ᠢ ᠲᠡᠷᠢᠬᠦᠨ ᠪᠠᠶᠢᠷᠢᠨ ᠳᠤ ᠤᠷᠤᠭᠤᠯᠬᠤ︾ | ᠪᠠᠶᠢᠭᠤᠯᠤᠯᠳᠠ ᠶᠢ ᠠᠬᠢᠭᠤᠯᠬᠤ ᠲᠤᠨᠨᠳᠠᠴᠠ ᠶᠢ ᠲᠡᠭᠦᠯᠳᠡᠷᠵᠢᠬᠦᠯᠦᠨ᠂ ᠦᠪᠦᠷ ᠮᠤᠩᠭᠤᠯ ᠤᠨ ᠶᠡᠭᠡ ᠰᠤᠷᠭᠠᠭᠤᠯᠢ ᠢ | ᠲᠦᠷᠦᠭᠦᠯᠡᠨ ᠤᠯᠤᠰ ᠤᠨ ᠲᠤᠳᠤᠭᠠᠳᠤ ᠶᠢᠨ ᠲᠡᠷᠢᠬᠦᠨ ᠵᠡᠷᠬᠡ ᠶᠢᠨ ᠶᠡᠭᠡ ᠰᠤᠷᠭᠠᠭᠤᠯᠢ ᠶᠢᠨ ᠡᠩᠨᠡᠬᠡᠨ ᠳᠤ | ᠤᠷᠤᠭᠤᠯᠬᠤ ᠪᠠᠷ ᠲᠡᠮᠵᠢᠵᠦ᠂ ᠤᠨᠨᠰᠠᠭᠠᠳᠠᠨ ᠵᠦᠢ᠂ ᠲᠤᠮᠳᠠᠳᠤ ᠤᠯᠤᠰ ᠤᠨ ᠬᠡᠯᠡ ᠤᠳᠬ᠎ᠠ ᠵᠤᠬᠢᠶᠠᠯ ︵ᠮᠤᠩᠭᠤᠯ | ᠬᠡᠯᠡ ᠤᠳᠬ᠎ᠠ ᠵᠤᠬᠢᠶᠠᠯ︶᠂ ᠠᠮᠢᠳᠤ ᠪᠤᠳᠠᠰ ᠤᠨ ᠤᠬᠠᠭᠠᠨ᠂ ᠮᠤᠩᠭᠤᠯ ᠠᠨᠠᠭᠠᠬᠤ ᠤᠬᠠᠭᠠᠨ᠂ ᠮᠤᠩᠭᠤᠯ ᠡᠮ ᠤᠨ | ᠰᠤᠳᠤᠯᠤᠯ᠂ ᠡᠳ᠋ ᠮᠠᠲ᠋ᠧᠷᠢᠶᠠᠯ ᠤᠨ ᠰᠢᠨᠵᠢᠯᠡᠬᠦ ᠤᠬᠠᠠᠭᠠᠨ ᠬᠢᠬᠡᠳ ᠢᠨᠵᠧᠨᠧᠷᠢᠩ ︵ᠬᠤᠪᠤᠷ ᠰᠢᠷᠦᠢ ᠶᠢᠨ | ᠢᠨᠵᠧᠨᠧᠷᠢᠩ︶᠂ ᠮᠠᠯ ᠠᠵᠦ ᠠᠬᠤᠢ ᠶᠢᠨ ᠤᠬᠠᠭᠠᠨ ᠵᠡᠷᠬᠡ ᠨᠢᠬᠡ ᠪᠦᠯᠦᠭ ᠰᠤᠷᠭᠠᠭᠤᠯᠢ ᠡᠷᠬᠢᠯᠡᠬᠦ ᠰᠠᠭᠤᠷᠢ ᠪᠠᠷ | ᠨᠡᠯᠢᠶᠡᠳ ᠰᠠᠶᠢᠨ᠂ ᠠᠵᠦ ᠠᠬᠤᠢ ᠨᠡᠶᠢᠬᠡᠮ ᠤᠨ ᠭᠦᠭᠵᠢᠯᠳᠡ ᠳᠤ ᠲᠤᠯᠭᠠᠮ᠎ᠠ ᠱᠠᠭᠠᠷᠳ᠋ᠬᠠᠳᠠᠬᠤ ᠲᠡᠷᠢᠬᠦᠨ ᠵᠡᠷᠬᠡ ᠶᠢᠨ | ᠰᠢᠨᠵᠢᠯᠡᠬᠡᠨ ᠤ ᠰᠠᠯᠠᠭ᠎ᠠ ᠶᠢ ᠪᠠᠶᠢᠭᠤᠯᠤᠨ᠎ᠠ᠃ ᠤᠯᠤᠰ ᠪᠠ ᠦᠪᠡᠷᠳᠡᠬᠡᠨ ᠵᠠᠰᠠᠬᠤ ᠤᠷᠤᠨ ᠤ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠨᠢᠬᠡ ᠪᠦᠯᠦᠭ | ᠬᠠᠮᠵᠢᠯᠴᠬᠠᠰᠠᠨ ᠰᠢᠨ᠎ᠠ ᠡᠭᠦᠳᠦᠯᠳᠡ ᠶᠢᠨ ᠲᠦᠪ ᠢ ᠪᠠᠶᠢᠭᠤᠯᠵᠦ᠂ ᠲᠡᠬᠡᠳᠦ ᠵᠡᠷᠬᠡ ᠶᠢᠨ ᠰᠤᠷᠭᠠᠭᠤᠯᠢ ᠶᠢᠨ ᠬᠢᠨ ᠢ | ᠲᠡᠮᠵᠢᠵᠦ ᠪᠠᠶᠢᠭᠠᠳ ᠦᠨᠳᠦᠷ ᠬᠢᠷᠢ ᠲᠦᠪᠰᠢᠨ ᠪᠦᠭᠦᠢ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ | ᠢᠨᠵᠧᠨᠧᠷᠢᠩ ᠤᠨ ᠮᠡᠷᠬᠡᠵᠢᠯ ᠤᠨ ᠰᠤᠳᠤᠯᠭᠠᠨ ᠤ ᠲᠦᠪ ᠵᠡᠷᠬᠡ ᠰᠢᠨ᠎ᠠ ᠶᠢ ᠡᠭᠦᠳᠴᠤ ᠦᠢᠯᠡᠰ ᠴᠤᠨᠨᠴᠠᠯᠠᠬᠤ | ᠲᠡᠪᠴᠡᠩ ᠢ ᠪᠠᠶᠢᠭᠤᠯᠤᠨ᠎ᠠ᠃ ᠮᠠᠨ ᠤ ᠤᠷᠤᠨ ᠤ ᠬᠡᠰᠡᠭ ᠲᠡᠬᠡᠳᠦ ᠵᠡᠷᠬᠡ ᠶᠢᠨ ᠰᠤᠷᠭᠠᠭᠤᠯᠢ ᠶᠢᠨ ᠬᠡᠯᠪᠡᠷᠢ ᠪᠠᠨ | ᠬᠤᠪᠢᠷᠠᠭᠤᠯᠤᠨ ᠭᠦᠭᠵᠢᠬᠦ ᠶᠢ ᠨᠢ ᠦᠷᠭᠦᠯᠵᠢᠯᠡᠨ ᠠᠬᠢᠭᠤᠯᠵᠦ᠂ ᠡᠯ᠎ᠡ ᠲᠦᠷᠦᠯ ᠤᠨ ᠡᠬᠢ ᠪᠠᠶᠠᠯᠢᠭ ᠢ ᠡᠮᠬᠢᠯᠡᠨ | ᠨᠡᠶᠢᠯᠡᠬᠦᠯᠵᠦ᠂ ᠠᠵᠦ ᠠᠬᠤᠶᠢᠯᠠᠯ ᠢᠶᠠᠷ ᠭᠤᠤᠯ ᠴᠤᠨᠨᠴᠠ ᠪᠤᠯᠭᠠᠨᠨᠰᠠᠨ ᠠᠵᠦ ᠦᠢᠯᠡᠰ ᠤᠨ ᠮᠡᠷᠬᠡᠵᠢᠯ ᠤᠨ ᠰᠢᠨ᠎ᠠ ᠶᠢ | ᠡᠭᠦᠳᠬᠦ ᠬᠤᠯᠪᠤᠭ᠎ᠠ ᠳᠤ ᠢᠳᠡᠪᠬᠢᠳᠡᠢ ᠤᠷᠤᠯᠴᠠᠵᠠᠭᠠᠨ᠂ ᠠᠵᠢᠯ ᠲᠦᠷᠦᠯ ᠤᠨ ᠨᠢᠷᠤᠭᠤᠪᠴᠢ ᠠᠵᠦ ᠠᠬᠤᠶᠢᠯᠠᠯ᠂ | ᠰᠢᠨ᠎ᠠ ᠶᠢ ᠡᠭᠦᠳᠴᠤ ᠦᠢᠯᠡᠰ ᠴᠤᠨᠨᠴᠠᠯᠠᠬᠤ ᠲᠤᠮᠳᠠ ᠵᠢᠵᠢᠭ ᠪᠢᠴᠢᠯ ᠠᠵᠦ ᠠᠬᠤᠶᠢᠯᠠᠯ ᠲᠠᠢ ᠨᠢᠨᠨᠳᠠ | ᠬᠠᠮᠵᠢᠯᠴᠬᠠᠰᠠᠨ ᠰᠢᠨ᠎ᠠ ᠶᠢ ᠡᠭᠦᠳᠬᠦ ᠠᠮᠢ ᠠᠬᠤᠢ ᠶᠢᠨ ᠰᠢᠰᠲ᠋ᠧᠮ ᠢ ᠪᠠᠶᠢᠭᠤᠯᠤᠨ᠂ ᠴᠢᠳᠠᠪᠤᠷᠢᠳᠠᠨ ᠢ ᠬᠤᠷᠠᠵᠦ | ᠴᠤᠨᠨᠯᠠᠷᠠᠭᠤᠯᠬᠤ ᠪᠠ ᠠᠵᠦ ᠦᠢᠯᠡᠰ ᠢᠶᠠᠷ ᠭᠦᠳᠦᠯᠦᠨ ᠲᠠᠭᠠᠭᠤᠯᠵᠦ ᠲᠡᠰ ᠲᠡᠪᠰᠢᠬᠦᠯᠬᠦ ᠴᠢᠳᠠᠪᠤᠷᠢ ᠶᠢ ᠨᠢ | ᠴᠢᠩᠭᠠᠷᠠᠭᠤᠯᠤᠨ᠎ᠠ᠃ ᠲᠡᠬᠡᠳᠦ ᠵᠡᠷᠬᠡ ᠶᠢᠨ ᠰᠤᠷᠭᠠᠭᠤᠯᠢ ᠶᠢᠨ ᠰᠢᠨ᠎ᠠ ᠶᠢ ᠡᠭᠦᠳᠬᠦ ᠦᠢᠯᠡᠳᠦᠯᠬᠡ ᠶᠢᠨ ᠰᠠᠭᠤᠷᠢᠨ | ᠭᠠᠵᠠᠷ ᠤᠨ ᠪᠠᠶᠢᠭᠤᠯᠤᠯᠳᠠ ᠶᠢ ᠲᠦᠷᠬᠡᠳᠬᠡᠵᠦ᠂ ᠲᠡᠬᠡᠳᠦ ᠵᠡᠷᠬᠡ ᠶᠢᠨ ᠰᠤᠷᠭᠠᠭᠤᠯᠢ ᠪᠦᠷᠢ ᠳᠤ ᠨᠠᠭᠠᠳᠤ | ᠵᠠᠬ᠎ᠠ ᠳᠤ ᠪᠠᠨ 1 ᠦᠢᠯᠡᠰ ᠴᠤᠨᠨᠴᠠᠯᠠᠬᠤ ᠤᠷᠤᠨ ᠵᠠᠢ ᠲᠠᠢ ᠪᠠᠶᠢᠯᠭᠠᠨ᠎ᠠ᠃ ︵ᠦᠪᠡᠷᠳᠡᠬᠡᠨ ᠵᠠᠰᠠᠬᠤ ᠤᠷᠤᠨ ᠤ | ᠰᠤᠷᠭᠠᠨ ᠭᠦᠮᠦᠵᠢᠯ ᠤᠨ ᠲᠢᠩᠬᠢᠮ᠂ ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠰᠢᠨᠵᠢᠯᠡᠬᠦ ᠤᠬᠠᠭᠠᠨ | ᠲᠧᠭᠨᠢᠭ ᠮᠡᠷᠬᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠵᠢᠯ ᠤᠨ ᠬᠤᠪᠢᠶᠠᠷᠢᠯᠠᠯ ᠶᠤᠰᠤᠭᠠᠷ | ᠬᠠᠷᠢᠭᠤᠴᠠᠨ᠎ᠠ︶ | ︵ᠲᠠᠪᠤ︶ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠠᠭᠤᠰᠤᠯᠴᠬᠠᠰᠠᠨ ᠬᠢᠴᠢᠶᠡᠯ ᠰᠢᠨᠵᠢᠯᠡᠬᠡᠨ ᠤ | ᠲᠤᠰᠬᠠᠢ ᠮᠡᠷᠬᠡᠵᠢᠯ ᠤᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠠ᠃ ᠠᠵᠦ ᠦᠢᠯᠡᠰ ᠢ ᠲᠠᠭᠠᠵᠦ ᠭᠦᠭᠵᠢᠭᠰᠡᠨ ᠲᠤᠰᠬᠠᠢ | ᠮᠡᠷᠬᠡᠵᠢᠯ ᠳᠤ ᠰᠡᠷᠡᠮᠵᠢᠯᠡᠬᠦᠯᠬᠦ ᠪᠠ ᠭᠦᠳᠡᠯᠦᠩᠬᠦᠢ ᠪᠠᠷ ᠲᠤᠬᠢᠷᠠᠭᠤᠯᠬᠤ ᠲᠤᠨᠨᠳᠠᠴᠠ ᠶᠢ ᠪᠦᠷᠢᠨᠰᠢᠬᠦᠯᠵᠦ᠂ ᠠᠵᠦ | ᠦᠢᠯᠡᠰ ᠤᠨ ᠬᠡᠯᠬᠢᠶ᠎ᠡ᠂ ᠰᠢᠨ᠎ᠠ ᠶᠢ ᠡᠭᠦᠳᠬᠦ ᠬᠡᠯᠬᠢᠶ᠎ᠡ ᠪᠠ ᠦᠪᠡᠷᠳᠡᠬᠡᠨ ᠵᠠᠰᠠᠬᠤ ᠤᠷᠤᠨ ᠤ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠪᠤᠢ ᠪᠤᠯᠤᠨᠨᠰᠠᠨ ᠠᠵᠦ ᠦᠢᠯᠡᠰ ᠤᠨ ᠭᠦᠭᠵᠢᠯᠳᠡ ᠲᠠᠢ ᠨᠢᠨᠨᠳᠠ | ᠵᠠᠯᠭᠠᠯᠳᠤᠭᠤᠯᠤᠨᠨᠰᠠᠨ ᠬᠢᠴᠢᠶᠡᠯ ᠰᠢᠨᠵᠢᠯᠡᠬᠡᠨ ᠤ ᠲᠤᠰᠬᠠᠢ ᠮᠡᠷᠬᠡᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ ᠮᠠᠨ ᠤ | ᠤᠷᠤᠨ ᠤ ᠠᠵᠦ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠦ ᠴᠢᠳᠠᠬᠤᠶᠢᠴᠠ ᠰᠢᠨ᠎ᠠ ᠡᠨᠧᠷᠬᠢ᠂ | ᠰᠢᠨ᠎ᠠ ᠬᠡᠯᠪᠡᠷᠢ ᠶᠢᠨ ᠬᠢᠮᠢ ᠶᠢᠨ ᠠᠵᠦ ᠦᠢᠯᠡᠳᠪᠦᠷᠢ᠂ ᠲᠡᠮᠦᠷᠯᠢᠭ ᠢᠶᠠᠷ ᠪᠤᠯᠪᠠᠰᠤᠷᠠᠭᠤᠯᠤᠨᠨᠰᠠᠨ ᠪᠠᠷᠢᠯᠭ᠎ᠠ ᠶᠢᠨ | ᠮᠠᠲ᠋ᠧᠷᠢᠶᠠᠯ᠂ ᠪᠤᠬᠢᠷᠳᠤᠯ ᠦᠬᠡᠢ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠢ ᠡᠳ᠋ᠰᠢᠬᠦᠯᠬᠦ᠂ ᠠᠮᠢᠳᠤ | ᠪᠤᠳᠠᠰ ᠤᠨ ᠡᠮ ᠡᠮᠨᠡᠯᠬᠡ᠂ ᠲᠤᠨᠤᠭ ᠲᠦᠭᠦᠬᠡᠷᠦᠮᠵᠢ ᠦᠢᠯᠡᠳᠬᠦ᠂ ᠡᠯᠧᠺᠲᠷᠤᠨ ᠮᠡᠳᠡᠭᠡ ᠵᠠᠩᠬᠢ ᠵᠡᠷᠬᠡ ᠬᠢᠴᠢᠶᠡᠯ | ᠰᠢᠨᠵᠢᠯᠡᠬᠡᠨ ᠤ ᠲᠤᠰᠬᠠᠢ ᠮᠡᠷᠬᠡᠵᠢᠯ ᠢ ᠲᠦᠷᠬᠡᠳᠬᠡᠨ ᠭᠦᠭᠵᠢᠬᠦᠯᠦᠨ᠎ᠠ᠃ ᠴᠢᠳᠠᠪᠤᠷᠢᠳᠠᠨ ᠤ ᠲᠠᠯ᠎ᠠ ᠪᠠᠷ ᠬᠢ | ᠬᠡᠷᠡᠭᠴᠡᠭᠡ ᠱᠠᠭᠠᠷᠳᠠᠯᠭ᠎ᠠ ᠶᠢ ᠲᠦᠰᠦᠬᠡᠯᠡᠵᠦ ᠰᠡᠷᠡᠮᠵᠢᠯᠡᠬᠦᠯᠬᠦ ᠲᠤᠨᠨᠳᠠᠴᠠ ᠶᠢ ᠪᠠᠶᠢᠭᠤᠯᠵᠦ᠂ ᠦᠪᠡᠷᠳᠡᠬᠡᠨ ᠵᠠᠰᠠᠬᠤ | ᠤᠷᠤᠨ ᠤ ᠵᠢᠩᠬᠢᠨᠢ ᠠᠩᠬᠢ ᠬᠢᠬᠡᠳ ᠲᠤᠰᠬᠠᠢ ᠮᠡᠷᠬᠡᠵᠢᠯ ᠤᠨ ᠰᠤᠷᠭᠠᠨ ᠭᠦᠮᠦᠵᠢᠯ ᠪᠠ ᠠᠰᠫᠢᠷᠠᠨᠲ ᠤᠨ ᠰᠤᠷᠭᠠᠨ | ᠭᠦᠮᠦᠵᠢᠯ ᠤᠨ ᠶᠠᠰᠤ ᠴᠢᠨᠠᠷ ᠤᠨ ᠤᠨ ᠤ ᠮᠡᠳᠡᠬᠦᠯᠦᠯᠳᠡ ᠪᠠ ᠲᠡᠬᠡᠳᠦ ᠵᠡᠷᠬᠡ ᠶᠢᠨ ᠰᠤᠷᠭᠠᠭᠤᠯᠢ ᠲᠡᠭᠦᠰᠦᠭᠰᠡᠳ ᠤᠨ | ᠠᠵᠢᠯ ᠤᠯᠬᠤ ᠶᠠᠰᠤ ᠴᠢᠨᠠᠷ ᠤᠨ ᠤᠨ ᠤ ᠮᠡᠳᠡᠬᠦᠯᠦᠯᠳᠡ ᠶᠢ ᠦᠷᠬᠦᠯᠵᠢᠯᠡᠨ ᠨᠡᠶᠢᠳᠡᠯᠡᠵᠦ᠂ ᠠᠵᠢᠯ ᠮᠡᠷᠬᠡᠵᠢᠯ ᠤᠨ | ᠰᠤᠷᠭᠠᠨ ᠭᠦᠮᠦᠵᠢᠯ ᠤᠨ ᠶᠠᠰᠤ ᠴᠢᠨᠠᠷ ᠤᠨ ᠤᠨ ᠤ ᠮᠡᠳᠡᠬᠦᠯᠦᠯᠳᠡ ᠶᠢᠨ ᠲᠦᠷᠢᠮ ᠢ ᠪᠠᠶᠢᠭᠤᠯᠤᠨ | ᠲᠡᠭᠦᠯᠳᠡᠷᠵᠢᠬᠦᠯᠦᠨ᠎ᠠ᠃ ᠲᠤᠰᠬᠠᠢ ᠮᠡᠷᠬᠡᠵᠢᠯ ᠳᠤ ᠵᠦᠪᠰᠢᠶᠡᠷᠡᠨ ᠤᠷᠤᠭᠤᠯᠬᠤ ᠬᠢᠬᠡᠳ ᠪᠤᠴᠠᠭᠠᠨ ᠭᠠᠷᠭᠠᠬᠤ | ᠲᠦᠷᠢᠮ ᠢ ᠲᠡᠭᠦᠯᠳᠡᠷᠵᠢᠬᠦᠯᠵᠦ᠂ ᠵᠠᠬ᠎ᠠ ᠲᠡᠯᠬᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠯ᠂ ᠠᠵᠢᠯ | ᠤᠯᠭᠤᠯᠳᠠ ᠶᠢᠨ ᠶᠠᠰᠤ ᠴᠢᠨᠠᠷ ᠢ ᠰᠤᠷᠭᠠᠭᠤᠯᠢ ᠶᠢᠨ ᠬᠢᠴᠢᠶᠡᠯ ᠰᠢᠨᠵᠢᠯᠡᠬᠡᠨ ᠤ ᠲᠤᠰᠬᠠᠢ ᠮᠡᠷᠬᠡᠵᠢᠯ ᠲᠠᠢ ᠪᠤᠯᠭᠠᠬᠤ ᠪᠠ | ᠲᠤᠬᠢᠷᠠᠭᠤᠯᠬᠤ᠂ ᠲᠡᠬᠡᠳᠦ ᠵᠡᠷᠬᠡ ᠶᠢᠨ ᠰᠤᠷᠭᠠᠭᠤᠯᠢ ᠶᠢ ᠭᠦᠳᠦᠯᠦᠨ ᠵᠢᠯᠤᠭᠤᠳᠴᠤ ᠪᠠᠶᠢᠭᠠᠳ ᠠᠵᠦ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ᠂ ᠮᠡᠷᠬᠡᠵᠢᠯ ᠳᠤ ᠰᠢᠨ᠎ᠠ ᠶᠢ ᠡᠭᠦᠳᠬᠦ ᠪᠠ ᠠᠵᠦ ᠠᠬᠤᠢ | ᠨᠡᠶᠢᠬᠡᠮ ᠤᠨ ᠭᠦᠭᠵᠢᠯᠳᠡ ᠶᠢᠨ ᠱᠠᠭᠠᠷᠳᠠᠯᠭ᠎ᠠ ᠶᠢᠨ ᠲᠤᠭᠤᠷᠢᠨ ᠳᠤ ᠲᠤᠰᠬᠠᠢ ᠮᠡᠷᠬᠡᠵᠢᠯ ᠢ ᠲᠤᠬᠢᠷᠠᠭᠤᠯᠬᠤ᠂ | ᠭᠦᠮᠦᠵᠢᠬᠦᠯᠬᠦ ᠬᠡᠪᠴᠢᠶ᠎ᠡ ᠪᠠᠨ ᠲᠤᠨᠨᠳᠠᠭᠠᠬᠤ ᠶᠢᠨ ᠴᠢᠬᠤᠯᠠ ᠦᠨᠳᠦᠰᠦᠯᠡᠯ ᠪᠤᠯᠭᠠᠨ᠂ ᠦᠪᠡᠷᠳᠡᠬᠡᠨ ᠵᠠᠰᠠᠬᠤ | ᠤᠷᠤᠨ ᠤ ᠭᠤᠤᠯᠳᠠᠯᠭ᠎ᠠ ᠲᠠᠢ ᠠᠵᠦ ᠦᠢᠯᠡᠰ ᠪᠤᠯᠭᠠᠨ ᠳᠤ ᠭᠤᠤᠯᠯᠬᠠᠴᠢ ᠬᠢᠴᠢᠶᠡᠯ ᠰᠢᠨᠵᠢᠯᠡᠬᠡᠨ ᠤ ᠲᠤᠰᠬᠠᠢ | ᠮᠡᠷᠬᠡᠵᠢᠯ ᠤᠨ ᠲᠤᠯᠭᠠᠭᠤᠷᠢᠯᠠᠯ ᠲᠠᠢ ᠪᠤᠯᠭᠠᠨᠨᠰᠠᠨ ᠴᠢᠳᠠᠪᠤᠷᠢᠳᠠᠨ ᠭᠦᠮᠦᠵᠢᠬᠦᠯᠬᠦ ᠪᠠᠶᠢᠷᠢᠰᠢᠯ ᠢ ᠪᠤᠢ ᠪᠤᠯᠭᠠᠨ᠎ᠠ᠃ ︵ | ᠦᠪᠡᠷᠳᠡᠬᠡᠨ ᠵᠠᠰᠠᠬᠤ ᠤᠷᠤᠨ ᠤ ᠰᠤᠷᠭᠠᠨ ᠭᠦᠮᠦᠵᠢᠯ ᠤᠨ ᠲᠢᠩᠬᠢᠮ᠂ ᠭᠦᠮᠦᠨ ᠤ ᠭᠦᠴᠦᠨ ᠤ ᠡᠬᠢ ᠪᠠᠶᠠᠯᠢᠭ ᠪᠠ | ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ᠭᠤᠷᠪᠠ᠂ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠠᠭᠤᠰᠤᠯᠴᠠᠯ ᠳᠠᠬᠢ ᠠᠵᠦ ᠠᠬᠤᠶᠢᠯᠠᠯ ᠤᠨ | ᠴᠢᠬᠤᠯᠠ ᠪᠦᠭᠦᠢ ᠭᠤᠤᠯ ᠴᠤᠨᠨᠴᠠ ᠶᠢᠨ ᠦᠢᠯᠡᠳᠦᠯ ᠢ ᠴᠢᠩᠭᠠᠷᠠᠭᠤᠯᠤᠨ᠎ᠠ | ︵ᠵᠢᠷᠭᠤᠭ᠎ᠠ︶ ᠠᠵᠦ ᠠᠬᠤᠶᠢᠯᠠᠯ ᠤᠨ ᠤᠷᠤᠯᠴᠠᠬᠤ ᠠᠷᠭ᠎ᠠ ᠵᠠᠮ ᠢ ᠦᠷᠬᠡᠳᠬᠡᠨ᠎ᠠ᠃ ᠠᠵᠦ | ᠠᠬᠤᠶᠢᠯᠠᠯ ᠤᠳ ᠤᠨ ᠭᠦᠷᠦᠩᠬᠡ᠂ ᠮᠡᠷᠬᠡᠵᠢᠯ᠂ ᠲᠦᠭᠦᠬᠡᠷᠦᠮᠵᠢ᠂ ᠬᠠᠮᠢᠶᠠᠷᠤᠯᠳᠠ ᠵᠡᠷᠬᠡ ᠴᠢᠬᠤᠯᠠ ᠭᠦᠴᠦᠨ | ᠵᠦᠢᠯ ᠢᠶᠠᠷ ᠢᠶᠠᠨ ᠦᠢᠯᠡᠴᠢᠯᠡᠭᠡ ᠬᠤᠳᠠᠯᠳᠤᠨ ᠠᠪᠬᠤ᠂ ᠨᠠᠶᠢᠳᠠᠵᠦ ᠬᠠᠮᠢᠶᠠᠷᠤᠭᠤᠯᠬᠤ ᠵᠡᠷᠬᠡ ᠠᠷᠭ᠎ᠠ ᠮᠠᠶ᠋ᠢᠭ ᠢᠶᠠᠷ | ᠲᠠᠮᠵᠢᠵᠦ ᠠᠵᠢᠯ ᠮᠡᠷᠬᠡᠵᠢᠯ ᠤᠨ ᠰᠤᠷᠭᠠᠨ ᠭᠦᠮᠦᠵᠢᠯ᠂ ᠲᠡᠬᠡᠳᠦ ᠵᠡᠷᠬᠡ ᠶᠢᠨ ᠰᠤᠷᠭᠠᠨ ᠭᠦᠮᠦᠵᠢᠯ ᠡᠷᠬᠢᠯᠡᠬᠦ ᠳᠤ | ᠤᠷᠤᠯᠴᠠᠬᠤ ᠶᠢᠨ ᠬᠠᠮᠳᠤ ᠵᠤᠬᠢᠬᠤ ᠡᠷᠬᠡ ᠠᠰᠢᠭ ᠭᠦᠷᠳᠡᠬᠦ ᠶᠢ ᠨᠢ ᠲᠡᠮᠵᠢᠨ᠎ᠠ᠃ ᠠᠵᠦ ᠠᠬᠤᠶᠢᠯᠠᠯ ᠢ ᠭᠦᠳᠦᠯᠦᠨ | ᠵᠢᠯᠤᠭᠤᠳᠴᠤ ᠪᠠᠶᠢᠭᠠᠳ ᠤᠯᠠᠨ ᠵᠦᠢᠯ ᠤᠨ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ ᠲᠤᠰᠬᠠᠢ ᠮᠡᠷᠬᠡᠵᠢᠯ ᠤᠨ | ᠲᠦᠯᠦᠪᠵᠢᠬᠦᠯᠬᠡ᠂ ᠬᠢᠴᠢᠶᠡᠯ ᠤᠨ ᠲᠤᠬᠢᠷᠠᠭᠤᠯᠤᠯᠳᠠ᠂ ᠵᠢᠭᠠᠬᠤ ᠮᠠᠲ᠋ᠧᠷᠢᠶᠠᠯ ᠤᠨ ᠨᠡᠬᠡᠬᠡᠯᠳᠡ ᠭᠦᠭᠵᠢᠯᠳᠡ᠂ | ᠲᠠᠳᠤᠯᠭ᠎ᠠ ᠪᠤᠯᠪᠠᠰᠤᠷᠠᠯ ᠳᠤ ᠤᠷᠤᠯᠴᠠᠬᠤ ᠶᠢ ᠲᠡᠮᠵᠢᠵᠦ᠂ ᠠᠵᠦ ᠠᠬᠤᠶᠢᠯᠠᠯ ᠤᠨ ᠪᠤᠳᠠᠳᠠᠢ ᠦᠢᠯᠡᠳᠪᠦᠷᠢᠯᠡᠯ ᠤᠨ | ᠤᠷᠴᠢᠨ᠂ ᠡᠭᠦᠷᠬᠡ ᠭᠦᠢᠴᠡᠳᠬᠡᠬᠦ ᠪᠠᠷ ᠭᠦᠳᠡᠯᠬᠡᠬᠦᠷ ᠪᠤᠯᠭᠠᠬᠤ᠂ ᠠᠵᠢᠯᠯᠠᠵᠦ ᠰᠤᠷᠤᠯᠴᠠᠬᠤ ᠶᠢ ᠤᠶᠠᠯᠳᠤᠭᠤᠯᠬᠤ ᠳᠤ | ᠬᠠᠨᠳᠤᠭᠤᠯᠤᠨᠨᠰᠠᠨ ᠬᠢᠴᠢᠶᠡᠯ ᠤᠨ ᠵᠢᠭᠠᠨ ᠰᠤᠷᠭᠠᠯᠳᠠ ᠶᠢᠨ ᠵᠬᠠᠪᠤᠷ ᠪᠠ ᠴᠢᠳᠠᠪᠤᠷᠢᠳᠠᠨ ᠭᠦᠮᠦᠵᠢᠬᠦᠯᠬᠦ ᠵᠬᠠᠪᠤᠷ ᠢ | ᠬᠡᠷᠡᠭᠵᠢᠬᠦᠯᠵᠦ᠂ ᠠᠵᠢᠯ ᠮᠡᠷᠬᠡᠵᠢᠯ ᠤᠨ ᠰᠤᠷᠭᠠᠭᠤᠯᠢ᠂ ᠲᠡᠬᠡᠳᠦ ᠵᠡᠷᠬᠡ ᠶᠢᠨ ᠰᠤᠷᠭᠠᠭᠤᠯᠢ ᠳᠤ ᠨᠠᠶᠢᠳᠠᠬᠤ ᠪᠤᠶᠤ | ᠲᠡᠳᠡᠨ ᠲᠠᠢ ᠬᠤᠯᠪᠤᠭᠠᠯᠠᠨ ᠠᠵᠦ ᠦᠢᠯᠡᠰ ᠤᠨ ᠲᠡᠬᠡᠳᠦ ᠰᠤᠷᠭᠠᠭᠤᠯᠢ ᠪᠠ ᠰᠢᠨ᠎ᠠ ᠡᠭᠦᠳᠦᠯᠳᠡ ᠶᠢᠨ ᠰᠠᠭᠤᠷᠢᠨ | ᠭᠠᠵᠠᠷ᠂ ᠮᠡᠷᠬᠡᠵᠢᠯ ᠤᠷᠠᠯᠠᠯ ᠪᠠ ᠦᠢᠯᠡᠳᠬᠦᠨ ᠢ ᠨᠡᠬᠡᠬᠡᠨ ᠭᠦᠭᠵᠢᠬᠦᠯᠬᠦ ᠲᠦᠪ᠂ ᠠᠵᠢᠯ ᠲᠦᠷᠦᠯ ᠤᠨ ᠤᠷ᠎ᠠ | ᠮᠡᠷᠬᠡᠰᠢᠯ ᠪᠤᠶᠤ ᠠᠵᠦ ᠠᠬᠤᠶᠢᠯᠠᠯ ᠤᠨ ᠲᠠᠳᠤᠯᠭ᠎ᠠ ᠬᠢᠵᠦ ᠪᠤᠯᠪᠠᠰᠤᠷᠠᠭᠤᠯᠬᠤ ᠰᠠᠭᠤᠷᠢᠨ ᠭᠠᠵᠠᠷ᠂ ᠤᠷ᠎ᠠ | ᠮᠡᠷᠬᠡᠰᠢᠯ ᠲᠠᠢ ᠲᠠᠷᠬᠠᠳ ᠤᠨ ᠠᠵᠢᠯᠯᠠᠬᠤ ᠲᠠᠰᠤᠭ ᠢ ᠪᠠᠶᠢᠭᠤᠯᠵᠦ᠂ ᠠᠵᠦ ᠠᠬᠤᠶᠢᠯᠠᠯ ᠤᠨ ᠠᠵᠢᠯ ᠤᠨ ᠪᠠᠶᠢᠷᠢ ᠳᠠᠬᠢ | ᠱᠠᠭᠠᠷᠳᠠᠯᠭ᠎ᠠ ᠶᠢ ᠨᠢ ᠴᠢᠳᠠᠪᠤᠷᠢᠳᠠᠨ ᠭᠦᠮᠦᠵᠢᠬᠦᠯᠬᠦ ᠭᠤᠨᠨᠴᠤᠭᠠᠨ ᠳᠤ ᠪᠠᠭᠳᠠᠭᠠᠬᠤ ᠪᠤᠯᠭᠠᠨ᠎ᠠ᠃ ᠤᠷᠤᠨ ᠤ | ᠲᠤᠳᠤᠷᠠᠬᠢ ᠨᠢᠷᠤᠭᠤᠪᠴᠢ ᠠᠵᠦ ᠠᠬᠤᠶᠢᠯᠠᠯ ᠢ ᠵᠤᠷᠢᠨᠨᠵᠢᠭᠤᠯᠵᠦ ᠠᠵᠢᠯ ᠮᠡᠷᠬᠡᠵᠢᠯ ᠤᠨ ᠰᠤᠷᠭᠠᠭᠤᠯᠢ ᠨᠤᠭᠤᠳ ᠤᠨ | ᠵᠠᠬᠢᠶᠠᠯᠠᠭ᠎ᠠ ᠮᠠᠶ᠋ᠢᠭ ᠢᠶᠠᠷ ᠭᠦᠮᠦᠵᠢᠬᠦᠯᠬᠦ ᠵᠡᠷᠬᠡ ᠤᠯᠠᠨ ᠵᠦᠢᠯ ᠤᠨ ᠬᠡᠯᠪᠡᠷᠢ ᠪᠠᠷ ᠲᠠᠮᠵᠢᠵᠦ ᠲᠤᠳ᠋ᠬᠠᠳᠠᠵᠦ ᠪᠠᠶᠢᠭ᠎ᠠ | ᠠᠵᠢᠯ ᠤᠨ ᠲᠦᠷᠦᠯ ᠤᠨ ᠤᠷ᠎ᠠ ᠮᠡᠷᠬᠡᠰᠢᠯ ᠲᠠᠢ ᠴᠢᠳᠠᠪᠤᠷᠢᠳᠠᠨ ᠢ ᠬᠠᠨᠳᠤᠯᠭ᠎ᠠ ᠲᠠᠢ ᠪᠠᠷ ᠭᠦᠮᠦᠵᠢᠬᠦᠯᠬᠦ | ᠬᠠᠮᠳᠤᠷᠠᠯᠴᠠᠭ᠎ᠠ ᠶᠢ ᠦᠷᠨᠢᠬᠦᠯᠦᠨ᠂ ᠨᠢᠷᠤᠭᠤᠪᠴᠢ ᠠᠵᠦ ᠠᠬᠤᠶᠢᠯᠠᠯ ᠬᠢᠬᠡᠳ ᠠᠵᠢᠯ ᠮᠡᠷᠬᠡᠵᠢᠯ ᠤᠨ ᠰᠤᠷᠭᠠᠭᠤᠯᠢ᠂ | ᠲᠡᠬᠡᠳᠦ ᠵᠡᠷᠬᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠭᠦᠷᠢᠶᠡᠯᠡᠩ ᠭᠠᠵᠠᠷ ᠬᠤᠯᠪᠤᠭᠠᠯᠠᠵᠦ | ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠠᠭᠤᠰᠤᠯᠴᠬᠠᠰᠠᠨ ᠪᠦᠯᠦᠭᠯᠡᠯ ︵ᠬᠤᠯᠪᠤᠭ᠎ᠠ︶ ᠢ ᠬᠠᠮᠳᠤ ᠪᠠᠷ | ᠪᠠᠶᠢᠭᠤᠯᠬᠤ ᠶᠢ ᠠᠬᠢᠭᠤᠯᠵᠦ᠂ ᠲᠤᠮᠳᠠ ᠵᠢᠵᠢᠭ ᠠᠵᠦ ᠠᠬᠤᠶᠢᠯᠠᠯ ᠲᠠᠶᠢᠴᠢᠯᠠᠨ ᠤᠷᠤᠯᠴᠠᠭᠤᠯᠵᠦ ᠪᠠᠶᠢᠭᠠᠳ᠂ | ᠪᠤᠳᠠᠳᠤ ᠴᠤᠨᠨᠴᠠᠵᠢᠬᠤ ᠠᠵᠢᠯᠯᠠᠭᠠᠨ ᠢ ᠠᠬᠢᠭᠤᠯᠤᠨ᠎ᠠ᠃ ᠠᠵᠢᠯ ᠮᠡᠷᠬᠡᠵᠢᠯ ᠤᠨ ᠰᠤᠷᠭᠠᠭᠤᠯᠢ ᠶᠢᠨ ᠰᠢᠨ᠎ᠠ ᠪᠠᠷ | ᠪᠠᠶᠢᠭᠤᠯᠤᠨᠨᠰᠠᠨ ᠲᠤᠰᠬᠠᠢ ᠮᠡᠷᠬᠡᠵᠢᠯ ᠳᠤ ᠵᠠᠷᠴᠢᠮ ᠶᠤᠰᠤᠭᠠᠷ ᠪᠤᠯ ᠬᠠᠮᠢᠶ᠎ᠠ ᠪᠦᠭᠦᠢ ᠠᠵᠢᠯ ᠲᠦᠷᠦᠯ ᠤᠨ ᠬᠢᠨ ᠤ | ᠠᠵᠦ ᠠᠬᠤᠶᠢᠯᠠᠯ ᠤᠷᠤᠯᠴᠬᠠᠰᠠᠨ ᠪᠠᠶᠢᠬᠤ ᠬᠡᠷᠡᠭᠳᠡᠢ᠃ ᠠᠵᠦ ᠠᠬᠤᠶᠢᠯᠠᠯ ᠤᠨ ᠪᠠᠶᠢᠭ᠎ᠠ ᠭᠠᠵᠠᠷ ᠤᠨ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠤ ᠬᠢᠨ ᠤ ᠬᠠᠨᠳᠤᠯᠭ᠎ᠠ ᠲᠠᠢ ᠭᠦᠮᠦᠵᠢᠬᠦᠯᠬᠦ ᠵᠠᠷᠤᠳᠠᠯ ᠳᠤ ᠨᠦᠭᠦᠪᠦᠷᠢ | ᠦᠭᠬᠦ ᠶᠢ ᠵᠤᠷᠢᠨᠨᠵᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠰᠤᠷᠭᠠᠨ ᠭᠦᠮᠦᠵᠢᠯ ᠤᠨ ᠲᠢᠩᠬᠢᠮ᠂ ᠠᠵᠦ | ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠤᠯᠤᠰ ᠤᠨ ᠦᠮᠴᠢᠯᠡᠯᠳᠦ ᠡᠳ᠋ ᠭᠦᠷᠦᠩᠬᠡ ᠶᠢᠨ | ᠬᠢᠨᠠᠯᠳᠠ ᠬᠠᠮᠢᠶᠠᠷᠤᠯᠳᠠ ᠶᠢᠨ ᠵᠦᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠤᠷᠳᠤᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ︵ᠲᠤᠯᠤᠭ᠎ᠠ︶ ᠦᠢᠯᠡᠳᠪᠦᠷᠢᠯᠡᠯ ᠤᠨ ᠴᠢᠨᠠᠷᠳᠠᠢ ᠲᠠᠳᠤᠯᠭ᠎ᠠ ᠪᠤᠯᠪᠠᠰᠤᠷᠠᠯ ᠢ ᠦᠷᠨᠢᠬᠦᠯᠦᠨ᠎ᠠ᠃ ᠲᠠᠳᠤᠯᠭ᠎ᠠ | ᠪᠤᠯᠪᠠᠰᠤᠷᠠᠯ ᠤᠨ ᠵᠢᠷᠤᠮᠵᠢᠭᠤᠯᠤᠯᠳᠠ ᠶᠢ ᠠᠬᠢᠭᠤᠯᠵᠦ᠂ ᠲᠠᠳᠤᠯᠭ᠎ᠠ ᠪᠤᠯᠪᠠᠰᠤᠷᠠᠯ ᠬᠢᠬᠦ ᠲᠦᠷᠢᠮ ᠢ | ᠲᠡᠭᠦᠯᠳᠡᠷᠵᠢᠬᠦᠯᠦᠨ᠂ ᠰᠤᠷᠭᠠᠭᠤᠯᠢ ᠪᠠ ᠠᠵᠤ ᠠᠬᠤᠶᠢᠯᠠᠯ ᠬᠠᠮᠳᠤ ᠪᠠᠷ ᠲᠠᠳᠤᠯᠭ᠎ᠠ ᠪᠤᠯᠪᠠᠰᠤᠷᠠᠯ ᠬᠢᠬᠦ | ᠲᠦᠯᠦᠪᠯᠡᠭᠡ ᠶᠢ ᠲᠣᠭᠲᠠᠭᠠᠵᠤ᠂ ᠳᠠᠳᠤᠯᠭ᠎ᠠ ᠪᠣᠯᠪᠠᠰᠤᠷᠠᠯ ᠬᠢᠬᠦ ᠠᠭᠤᠯᠭ᠎ᠠ ᠪᠠ ᠠᠵᠢᠯ ᠤᠨ ᠪᠠᠶᠢᠷᠢ ᠶᠢ ᠵᠦᠢ | ᠵᠣᠬᠢᠰᠲᠠᠶ ᠪᠠᠷ ᠲᠤᠬᠢᠷᠠᠭᠤᠯᠤᠨ᠂ ᠰᠤᠷᠤᠭᠴᠢᠳ ᠤᠨ ᠵᠦᠢ ᠵᠣᠬᠢᠰᠲᠠᠶ ᠬᠥᠯᠥᠰᠥ ᠣᠯᠭᠤᠮᠵᠢ ᠤᠯᠬᠤ ᠵᠡᠷᠭᠡ ᠬᠠᠤᠯᠢ | ᠶᠣᠰᠣᠨ ᠤ ᠡᠷᠬᠡ ᠠᠰᠢᠭ ᠲᠠᠢ ᠪᠠᠶᠢᠬᠤ ᠶᠢ ᠨᠢ ᠪᠠᠳᠤᠯᠠᠨ᠎ᠠ᠃ ᠠᠵᠦ ᠠᠬᠤᠶᠢᠯᠠᠯ ᠢ ᠭᠦᠳᠦᠯᠦᠨ ᠲᠠᠳᠠᠵᠦ | ᠰᠤᠷᠭᠠᠭᠤᠯᠢ ᠶᠢᠨ ᠭᠦᠮᠦᠵᠢᠯ ᠯᠦᠭᠡ ᠵᠤᠯᠭᠠᠭᠤᠯᠬᠤ᠂ ᠰᠤᠷᠭᠠᠭᠤᠯᠢ ᠶᠢ ᠭᠦᠳᠦᠯᠦᠨ ᠲᠠᠳᠠᠵᠦ ᠠᠵᠦ ᠠᠬᠤᠶᠢᠯᠠᠯ ᠤᠨ | ᠦᠢᠯᠡᠳᠪᠦᠷᠢᠯᠡᠵᠦ ᠡᠵᠡᠩᠨᠡᠬᠦ ᠳᠤ ᠤᠷᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠢ ᠨᠢᠭᠡ ᠴᠤᠭᠴᠠᠵᠢᠭᠤᠯᠬᠤ | ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠢ ᠭᠦᠳᠦᠯᠦᠨ ᠲᠠᠳᠠᠵᠦ ᠪᠠᠶᠢᠭᠠᠳ ᠰᠤᠷᠭᠠᠭᠤᠯᠢ ᠯᠤᠭ᠎ᠠ | ᠦᠢᠯᠡᠳᠪᠦᠷᠢᠯᠡᠯ ᠤᠨ ᠴᠢᠨᠠᠷᠲᠠᠶ ᠲᠠᠳᠤᠯᠭ᠎ᠠ ᠬᠢᠵᠦ ᠪᠤᠯᠪᠠᠰᠤᠷᠠᠭᠤᠯᠬᠤ ᠰᠠᠭᠤᠷᠢᠨ ᠭᠠᠵᠠᠷ ᠢ ᠬᠠᠮᠳᠤ ᠪᠠᠷ ᠪᠠᠶᠢᠭᠤᠯᠵᠦ | ᠬᠠᠮᠳᠤ ᠳᠤ ᠪᠠᠨ ᠭᠦᠷᠳᠡᠬᠦ ᠶᠢ ᠨᠢ ᠵᠤᠷᠢᠨᠨᠵᠢᠭᠤᠯᠤᠨ᠎ᠠ ;ᠡᠯ᠎ᠡ ᠠᠶᠢᠮᠠᠭ ᠬᠤᠲᠠ ᠶᠢᠨ ᠬᠢᠨ ᠤ ᠰᠤᠷᠭᠠᠭᠤᠯᠢ ᠳᠤ | ᠲᠦᠰᠢᠭᠯᠡᠵᠦ ᠪᠠᠶᠢᠭᠠᠳ ᠠᠵᠢᠯ ᠲᠦᠷᠦᠯ ᠪᠤᠶᠤ ᠤᠷᠤᠨ ᠪᠦᠰᠡ ᠶᠢᠨ ᠴᠢᠨᠠᠷᠳᠠᠢ ᠲᠠᠳᠤᠯᠭ᠎ᠠ ᠬᠢᠵᠦ ᠪᠤᠯᠪᠠᠰᠤᠷᠠᠭᠤᠯᠬᠤ | ᠰᠠᠭᠤᠷᠢᠨ ᠭᠠᠵᠠᠷ ᠪᠠᠶᠢᠭᠤᠯᠬᠤ ᠶᠢ ᠲᠡᠮᠵᠢᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠢ ᠲᠠᠶᠢᠴᠢᠯᠠᠵᠦ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠤᠷᠤᠯᠴᠠᠭᠤᠯᠤᠨ᠂ ᠠᠵᠦ ᠠᠬᠤᠶᠢᠯᠠᠯ ᠢ | ᠵᠤᠷᠢᠨᠨᠵᠢᠭᠤᠯᠵᠦ ᠪᠠᠶᠢᠭᠠᠳ ᠲᠡᠳᠡᠨ ᠢᠶᠠᠷ ᠲᠠᠳᠤᠯᠭ᠎ᠠ ᠪᠤᠯᠪᠠᠰᠤᠷᠠᠯ ᠳᠤ ᠤᠷᠤᠯᠴᠠᠭᠤᠯᠬᠤ ᠰᠤᠷᠤᠨᠨᠴᠢᠳ ᠢ ᠶᠡᠭᠡ | ᠬᠡᠪᠴᠢᠶ᠎ᠡ ᠲᠠᠢ ᠭᠦᠯᠢᠶᠡᠨ ᠠᠪᠤᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠰᠤᠷᠭᠠᠨ ᠭᠦᠮᠦᠵᠢᠯ ᠤᠨ ᠲᠢᠩᠬᠢᠮ᠂ | ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠤᠷᠳᠤᠨ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ︵ᠨᠠᠢᠮᠠ︶ ᠬᠠᠮᠵᠢᠯᠴᠠᠵᠦ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠨ᠎ᠠ᠃ | ᠠᠵᠤ ᠠᠬᠤᠶᠢᠯᠠᠯ ᠂ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠬᠠᠮᠳᠤ ᠪᠠᠷ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ | ᠢᠨᠵᠧᠨᠧᠷᠢᠩ ᠤᠨ ᠰᠤᠳᠤᠯᠭᠠᠨ ᠤ ᠲᠥᠪ᠂ ᠢᠨᠵᠧᠨᠧᠷᠢᠩ ᠤᠨ ᠲᠤᠷᠰᠢᠯᠲᠠ ᠶᠢᠨ ᠲᠠᠰᠤᠭ ᠵᠡᠷᠭᠡ ᠰᠢᠨ᠎ᠡ ᠶᠢ ᠡᠭᠦᠳᠬᠦ | ᠲᠠᠪᠴᠠᠩ ᠪᠠᠶᠢᠭᠤᠯᠬᠤ ᠶᠢ ᠨᠢ ᠲᠡᠮᠵᠢᠵᠦ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ | ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ᠃ ᠮᠡᠷᠭᠡᠵᠢᠯ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠬᠥᠭᠵᠢᠭᠦᠯᠵᠦ᠂ | ᠪᠥᠬᠦ ᠣᠷᠣᠨ ᠤ ᠮᠡᠷᠭᠡᠵᠢᠯ ᠤᠨ ᠰᠤᠯᠢᠯᠴᠠᠭᠠᠨ ᠤ ᠰᠦᠯᠵᠢᠶᠡᠨ ᠲᠠᠪᠴᠠᠩ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠪᠠᠷ ᠭᠦᠳᠦᠯᠦᠨ ᠵᠢᠯᠤᠭᠤᠳᠬᠤ | ᠱᠠᠩᠨᠠᠯ ᠤᠨ ᠪᠡᠯᠡ ᠮᠦᠩᠬᠦ᠂ ᠬᠡᠷᠡᠭᠯᠡᠭᠡᠨ ᠤ ᠮᠡᠷᠭᠡᠵᠢᠯ ᠤᠨ ᠰᠤᠳᠤᠯᠤᠯ ᠬᠢᠬᠡᠳ ᠨᠡᠭᠡᠭᠡᠨ ᠬᠥᠭᠵᠢᠭᠦᠯᠬᠦ ᠪᠡᠯᠡ | ᠮᠥᠩᠭᠦ ᠶᠢᠨ ᠲᠠᠶᠢᠴᠢᠯᠠᠨ ᠭᠦᠢᠯᠬᠡᠬᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢ | ᠲᠠᠳᠠᠵᠦ ᠪᠠᠶᠢᠭᠠᠳ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ | ᠪᠦᠲᠦᠭᠡᠯ ᠢ ᠠᠵᠤ ᠦᠢᠯᠡᠰᠵᠢᠭᠦᠯᠬᠦ ᠶᠢ ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠶᠢᠰᠦ︶ ᠠᠵᠤ ᠠᠬᠤᠶᠢᠯᠠᠯ ᠤᠨ ᠠᠵᠢᠯᠳᠡᠨ ᠠᠵᠢᠯᠴᠢᠳ ᠤᠨ ᠠᠵᠢᠯ ᠤᠨ ᠪᠠᠶᠢᠷᠢᠨ ᠳᠤ ᠪᠠᠶᠢᠬᠤ | ᠬᠤᠭᠤᠴᠠᠭᠠᠨ ᠳᠠᠬᠢ ᠭᠦᠮᠦᠵᠢᠬᠦᠯᠵᠦ ᠪᠤᠯᠪᠠᠰᠤᠷᠠᠭᠤᠯᠬᠤ ᠦᠢᠯᠡᠴᠢᠯᠡᠬᠡᠨ ᠬᠠᠩᠭᠠᠬᠤ ᠳᠤ ᠰᠢᠨ᠎ᠠ ᠶᠢ ᠡᠭᠦᠳᠦᠨ᠎ᠠ᠃ | ᠠᠵᠤ ᠠᠬᠤᠶᠢᠯᠠᠯ ᠤᠨ ᠠᠵᠢᠯᠲᠠᠨ ᠠᠵᠢᠯᠳᠠᠳ ᠢ ᠪᠣᠯᠪᠠᠰᠤᠷᠠᠭᠤᠯᠬᠤ ᠲᠦᠷᠢᠮ ᠢ ᠨᠠᠶᠢᠳᠠᠪᠤᠷᠢᠵᠢᠭᠤᠯᠵᠤ᠂ | ᠭᠦᠮᠦᠵᠢᠬᠦᠯᠵᠦ ᠪᠤᠯᠪᠠᠰᠤᠷᠠᠭᠤᠯᠬᠤ ᠵᠠᠷᠤᠳᠠᠯ ᠤᠨ 60% ᠠᠴᠠ ᠳᠡᠭᠡᠭᠰᠢᠬᠢ ᠶᠢ ᠨᠢᠭᠡᠳᠦᠭᠡᠷ ᠹᠷᠣᠨᠲ ᠤᠨ ᠠᠵᠢᠯᠲᠠᠨ | ᠠᠵᠢᠯᠴᠢᠳ ᠲᠤ ᠬᠡᠷᠡᠭᠯᠡᠬᠦᠯᠬᠦ ᠶᠢ ᠪᠠᠳᠤᠯᠠᠵᠦ᠂ ᠵᠣᠬᠢᠬᠤ ᠦᠶᠡᠯᠡᠯ ᠤᠨ ᠬᠤᠭᠤᠴᠠᠭᠠᠨ ᠳᠤ ᠠᠵᠢᠯᠲᠠᠨ ᠠᠵᠢᠯᠳᠠᠳ | ᠪᠦᠬᠦᠨ ᠢ ᠪᠣᠯᠪᠠᠰᠤᠷᠠᠭᠤᠯᠤᠯ ᠰᠤᠷᠤᠯᠴᠠᠯᠭ᠎ᠠ ᠳᠤ ᠤᠷᠤᠯᠴᠠᠭᠤᠯᠬᠤ ᠶᠢ ᠪᠠᠳᠤᠯᠠᠨ᠎ᠠ᠃ ᠠᠵᠤ ᠠᠬᠤᠶᠢᠯᠠᠯ ᠢ | ᠵᠣᠷᠢᠬᠵᠢᠭᠤᠯᠵᠤ ᠪᠠᠶᠢᠭᠠᠳ ᠪᠣᠯᠪᠠᠰᠤᠷᠠᠭᠤᠯᠤᠯ ᠤᠨ ᠦᠢᠯᠡᠴᠢᠯᠡᠭᠡᠨ ᠬᠤᠳᠠᠯᠳᠤᠨ ᠠᠪᠤᠭᠤᠯᠬᠤ᠂ ᠠᠵᠢᠯᠲᠠᠨ | ᠠᠵᠢᠯᠴᠢᠳ ᠤᠨ ᠤᠷ᠎ᠠ ᠮᠡᠷᠬᠡᠰᠢᠯ ᠤᠨ ᠤᠷᠤᠯᠳᠤᠭᠠᠨ ᠦᠷᠨᠢᠬᠦᠯᠬᠦ᠂ ᠪᠤᠯᠪᠠᠰᠤᠷᠠᠭᠤᠯᠤᠯ ᠳᠤ ᠤᠷᠤᠯᠴᠠᠭᠤᠯᠬᠤ ᠪᠠᠷ | ᠲᠠᠮᠵᠢᠨ ᠤᠷ᠎ᠠ ᠮᠡᠷᠬᠡᠰᠢᠯ ᠤᠨ ᠵᠡᠷᠬᠡ ᠲᠡᠰ ᠢᠶᠠᠨ ᠲᠡᠬᠡᠭᠰᠢᠯᠡᠬᠦᠯᠦᠭᠰᠡᠨ ᠠᠵᠢᠯᠲᠠᠨ ᠠᠵᠢᠯᠴᠢᠳ ᠢ ᠱᠠᠩᠨᠠᠨ ᠭᠦᠬᠢᠬᠦᠯᠬᠦ | ᠪᠤᠶᠤ ᠨᠡᠮᠡᠬᠦᠷᠢ ᠥᠭᠬᠦ ᠬᠡᠷᠡᠭᠲᠡᠶ᠂ ᠭᠦᠮᠦᠵᠢᠬᠦᠯᠵᠦ ᠪᠤᠯᠪᠠᠰᠤᠷᠠᠭᠤᠯᠬᠤ ᠵᠠᠷᠤᠳᠠᠯ ᠢ ᠲᠣᠭᠲᠠᠭᠠᠯ ᠶᠣᠰᠣᠭᠠᠷ ᠭᠠᠷᠭᠠᠨ | ᠠᠪᠴᠤ ᠬᠡᠷᠡᠭᠯᠡᠬᠦ ᠦᠭᠡᠢ ᠪᠥᠭᠡᠳ ᠵᠠᠯᠠᠷᠠᠭᠤᠯᠬᠤ ᠶᠢ ᠲᠡᠪᠴᠢᠭᠰᠡᠨ ᠦᠢᠯᠡ ᠠᠵᠢᠯᠯᠠᠭ᠎ᠠ ᠶᠢ ᠨᠢ ᠠᠵᠤ ᠠᠬᠤᠶᠢᠯᠠᠯ ᠤᠨ | ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠵᠦ ᠤᠷᠤᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠪᠠ ᠠᠵᠢᠯ | ᠮᠡᠷᠭᠡᠵᠢᠯ ᠤᠨ ᠰᠤᠷᠭᠠᠭᠤᠯᠢ ᠨᠤᠭᠤᠳ ᠤᠨ ᠴᠢᠯᠦᠬᠡᠳᠡᠢ ᠪᠦᠬᠡᠳ ᠠᠮᠢᠳᠤᠯᠢᠭ ᠢᠶᠠᠷ ᠰᠤᠷᠭᠠᠭᠤᠯᠢ ᠡᠷᠬᠢᠯᠡᠬᠦ ᠶᠢ ᠤᠯᠠᠮ | ᠨᠢᠭᠡ ᠠᠯᠬᠤᠮ ᠠᠬᠢᠭᠤᠯᠵᠤ᠂ ᠤᠷ᠎ᠠ ᠮᠡᠷᠬᠡᠰᠢᠯ ᠤᠨ ᠪᠤᠯᠪᠠᠰᠤᠷᠠᠭᠤᠯᠤᠯ ᠤᠨ ᠦᠢᠯᠡᠴᠢᠯᠡᠭᠡ ᠶᠢ ᠦᠷᠬᠡᠨ ᠲᠡᠯᠬᠡᠷ | ᠦᠷᠨᠢᠬᠦᠯᠦᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠨ ᠢ ᠵᠤᠷᠢᠨᠨᠵᠢᠭᠤᠯᠵᠦ ᠪᠠᠶᠢᠭᠠᠳ ᠬᠤᠲᠠ ᠣᠷᠣᠵᠤ | ᠰᠠᠭᠤᠷᠢᠰᠢᠨᠨᠰᠠᠨ ᠲᠠᠷᠢᠶᠠᠴᠢᠨ ᠭᠦᠴᠦ ᠶᠠᠪᠤᠨᠨᠴᠢ᠂ ᠤᠳᠤ ᠦᠶ᠎ᠡ ᠶᠢᠨ ᠠᠵᠤ ᠦᠢᠯᠡᠰ ᠤᠨ ᠠᠵᠢᠯᠴᠢᠨ ᠪᠠ | ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭᠠᠲᠤ ᠬᠥᠮᠦᠰ ᠲᠤ ᠰᠤᠷᠤᠯᠭ᠎ᠠ ᠶᠢᠨ ᠨᠠᠮᠲᠠᠷ ᠲᠠᠢ ᠪᠤᠶᠤ | ᠰᠤᠷᠤᠯᠭ᠎ᠠ ᠶᠢᠨ ᠪᠤᠰᠤ ᠨᠠᠮᠲᠠᠷ ᠲᠠᠢ ᠦᠷᠭᠦᠯᠵᠢᠯᠡᠭᠰᠡᠨ ᠰᠤᠷᠭᠠᠨ ᠬᠥᠮᠦᠵᠢᠯ ᠬᠠᠩᠭᠠᠨ᠎ᠠ᠃ ᠨᠥᠬᠦᠴᠡᠯ ᠲᠠᠢ | ᠨᠡᠶᠢᠭᠡᠮ ᠤᠨ ᠵᠣᠬᠢᠶᠠᠨ ᠪᠠᠶᠢᠭᠤᠯᠤᠯᠳᠠ ᠶᠢᠨ ᠬᠢᠨ ᠢ ᠲᠡᠮᠵᠢᠵᠦ ᠪᠠᠶᠢᠭᠠᠳ ᠰᠤᠷᠭᠠᠭᠤᠯᠢ ᠪᠣᠯᠤᠨ ᠠᠵᠤ | ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠣᠰᠤᠭ᠎ᠠ ᠴᠤᠨᠨᠴᠠᠵᠢᠨᠨᠰᠠᠨ᠂ ᠰᠣᠩᠭᠤᠵᠤ ᠪᠤᠯᠬᠤᠶᠢᠴᠠ | ᠠᠵᠤ ᠦᠢᠯᠡᠰ ᠤᠨ ᠮᠡᠷᠭᠡᠵᠢᠯ ᠤᠨ ᠬᠢᠴᠢᠶᠡᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠬᠠᠮᠤᠷᠤᠯ ᠢ ᠨᠡᠬᠡᠬᠡᠨ | ᠭᠦᠭᠵᠢᠬᠦᠯᠵᠦ᠂ ︽ᠢᠨᠲ᠋ᠧᠷ ᠰᠦᠯᠵᠢᠶ᠎ᠡ + ᠭᠦᠮᠦᠵᠢᠬᠦᠯᠵᠦ ᠪᠤᠯᠪᠠᠰᠤᠷᠠᠭᠤᠯᠬᠤ︾ ᠭᠦᠭᠵᠢᠯᠳᠡ ᠶᠢ ᠭᠦᠴᠦᠳᠡᠢ | ᠲᠡᠮᠵᠢᠵᠦ᠂ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠤᠨ ᠠᠵᠢᠯ ᠲᠦᠷᠦᠯ ᠤᠨ ᠬᠢᠨ ᠤ ᠠᠵᠤ ᠠᠬᠤᠶᠢᠯᠠᠯ ᠪᠠ | ᠨᠡᠶᠢᠭᠡᠮ ᠤᠨ ᠪᠤᠯᠪᠠᠰᠤᠷᠠᠭᠤᠯᠬᠤ ᠪᠠᠶᠢᠭᠤᠯᠤᠮᠵᠢ ᠠᠴᠠ ᠰᠢᠨ᠎ᠠ ᠶᠢ ᠡᠭᠦᠳᠴᠤ ᠦᠢᠯᠡᠰ ᠴᠤᠨᠨᠴᠠᠯᠠᠬᠤ᠂ ᠬᠤᠰᠢᠭᠤᠷᠠᠬᠤ | ᠮᠡᠷᠭᠡᠵᠢᠯ ᠤᠨ ᠬᠢᠴᠢᠶᠡᠯ ᠪᠠ ᠵᠢᠭᠠᠨ ᠰᠤᠷᠭᠠᠯᠳᠠ ᠶᠢᠨ ᠦᠢᠯᠡᠴᠢᠯᠡᠭᠡ ᠬᠤᠳᠠᠯᠳᠤᠨ ᠠᠪᠬᠤ ᠶᠢ ᠵᠦᠪᠰᠢᠶᠡᠷᠡᠨ | ᠵᠤᠷᠢᠨᠨᠵᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠪᠠ ᠠᠵᠢᠯ ᠲᠥᠷᠥᠯ ᠤᠨ ᠬᠢᠨ ᠤ ᠠᠵᠤ ᠠᠬᠤᠶᠢᠯᠠᠯ ᠤᠨ | ᠬᠢᠴᠢᠶᠡᠯ ᠤᠨ ᠰᠤᠷᠤᠯᠭ᠎ᠠ ᠶᠢᠨ ᠬᠤᠪᠢ ᠪᠠᠨ ᠬᠠᠷᠢᠯᠴᠠᠨ ᠰᠤᠯᠢᠯᠴᠠᠵᠦ ᠬᠠᠷᠢᠯᠴᠠᠨ ᠮᠡᠳᠡᠷᠡᠬᠦ ᠶᠢ ᠰᠦᠪᠡᠭᠴᠢᠯᠡᠨ | ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ ᠬᠥᠮᠦᠵᠢᠯ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ | ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ᠲᠦᠷᠪᠡ᠂ ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠤᠨᠨᠰᠠᠨ ᠴᠢᠳᠠᠪᠤᠷᠢᠲᠠᠨ | ᠭᠦᠮᠦᠵᠢᠬᠦᠯᠬᠦ ᠶᠢ ᠠᠬᠢᠭᠤᠯᠤᠨ᠎ᠠ | ︵ᠠᠷᠪᠠ︶ ᠬᠥᠳᠡᠯᠮᠦᠷᠢ ᠶᠢᠨ ᠦᠢᠯᠡᠳᠦᠯᠭᠡ ᠪᠠ ᠤᠷᠠᠨ ᠲᠠᠷᠬᠠᠳ ᠤᠨ ᠵᠣᠷᠢᠭ ᠰᠠᠨᠠᠭ᠎ᠠ ᠶᠢ ᠰᠠᠭᠤᠷᠢ | ᠰᠤᠷᠭᠠᠨ ᠬᠥᠮᠦᠵᠢᠯ ᠳᠤ ᠠᠭᠤᠰᠬᠠᠨ ᠤᠷᠤᠭᠤᠯᠤᠨ᠎ᠠ᠃ 2020 ᠣᠨ ᠪᠣᠯᠬᠤ ᠠᠴᠠ ᠡᠮᠦᠨ᠎ᠡ ᠠᠵᠢᠯᠯᠠᠵᠦ | ᠦᠢᠯᠡᠳᠦᠯᠬᠡᠵᠢᠬᠦᠯᠬᠦ᠂ ᠨᠡᠶᠢᠲᠡ ᠶᠢᠨ ᠠᠰᠠᠷᠠᠮᠵᠢ ᠶᠢᠨ ᠬᠥᠳᠡᠯᠮᠦᠷᠢ᠂ ᠰᠠᠶᠢᠨ ᠲᠤᠷᠠᠴᠤᠳ ᠤᠨ ᠦᠢᠯᠡᠴᠢᠯᠡᠭᠡᠨ ᠤ | ᠠᠭᠤᠯᠭ᠎ᠠ ᠶᠢ ᠳᠤᠮᠳᠠᠳᠤ ᠪᠠᠭ᠎ᠠ ᠰᠤᠷᠭᠠᠭᠤᠯᠢ ᠶᠢᠨ ᠬᠠᠮᠢᠶ᠎ᠠ ᠪᠥᠬᠦᠶ ᠬᠢᠴᠢᠶᠡᠯ ᠪᠠ ᠰᠤᠷᠤᠨᠨᠴᠢᠳ ᠤᠨ | ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠳᠤ ᠤᠷᠤᠭᠤᠯᠵᠦ᠂ ᠤᠯᠤᠰ ᠤᠨ ᠰᠠᠭᠤᠷᠢ ᠰᠤᠷᠭᠠᠨ ᠬᠥᠮᠦᠵᠢᠯ ᠤᠨ | ᠬᠢᠴᠢᠶᠡᠯ ᠤᠨ ᠪᠠᠷᠢᠮᠵᠢᠶ᠎ᠠ ᠶᠣᠰᠣᠭᠠᠷ᠂ ᠤᠯᠤᠰ ᠠᠴᠠ ᠲᠣᠭᠲᠠᠭᠠᠭᠰᠠᠨ ᠶᠡᠷᠦᠩᠬᠡᠶᠢᠯᠡᠭᠰᠡᠨ ᠦᠢᠯᠡᠳᠦᠯᠬᠡ ᠶᠢᠨ | ᠠᠵᠢᠯᠯᠠᠭᠠᠨ ᠤ ᠬᠢᠴᠢᠶᠡᠯ᠂ ᠰᠢᠨᠵᠢᠯᠡᠬᠦ ᠤᠬᠠᠭᠠᠨᠴᠢ ᠪᠠᠷ ᠰᠡᠬᠡᠬᠡᠷᠡᠬᠦᠯᠬᠦ ᠬᠢᠴᠢᠶᠡᠯ ᠤᠳ ᠢ ᠴᠢᠨᠡᠭᠡ ᠪᠠᠷ ᠨᠢ ᠰᠠᠶᠢᠳᠤᠷ | ᠬᠢᠵᠦ᠂ ᠠᠵᠢᠯ ᠮᠡᠷᠭᠡᠵᠢᠯ ᠤᠨ ᠰᠤᠷᠭᠠᠭᠤᠯᠢ᠂ ᠡᠷᠬᠢᠨ ᠲᠣᠭᠤᠷᠢᠨ ᠤ ᠠᠵᠤ ᠠᠬᠤᠶᠢᠯᠠᠯ᠂ ᠵᠠᠯᠠᠭᠤᠴᠤᠳ | ᠪᠠᠭᠠᠴᠤᠳ ᠤᠨ ᠶᠡᠷᠦᠩᠬᠡᠶᠢᠯᠡᠭᠰᠡᠨ ᠦᠢᠯᠡᠳᠦᠯᠬᠡ ᠶᠢᠨ ᠰᠠᠭᠤᠷᠢᠨ ᠭᠠᠵᠠᠷ ᠲᠤ ᠲᠦᠰᠢᠭᠯᠡᠨ ᠦᠢᠯᠡᠳᠪᠦᠷᠢᠯᠡᠯ ᠤᠨ | ᠦᠢᠯᠡᠳᠦᠯᠭᠡ ᠪᠠᠷ ᠲᠤᠷᠰᠢᠨ ᠤᠶᠢᠯᠠᠭᠠᠬᠤ ᠵᠡᠷᠭᠡ ᠠᠵᠢᠯᠯᠠᠭ᠎ᠠ ᠶᠢ ᠦᠷᠨᠢᠬᠦᠯᠦᠨ᠎ᠠ᠃ ︽ᠲᠣᠮᠣ ᠤᠯᠤᠰ ᠤᠨ ᠤᠷᠠᠨ | ᠲᠠᠷᠬᠠᠳ᠂ ᠤᠮᠠᠷᠠᠲᠤ ᠬᠢᠯᠢ ᠶᠢᠨ ᠤᠷᠠᠨ ᠲᠠᠷᠬᠠᠳ ᠰᠤᠷᠭᠠᠭᠤᠯᠢ ᠳᠤ ᠰᠠᠭᠠᠳᠠᠬᠤ︾᠂ ︽ᠠᠵᠤ ᠠᠬᠤᠶᠢᠯᠠᠯ ᠤᠨ | ᠤᠷ᠎ᠠ ᠮᠡᠷᠬᠡᠰᠢᠯ ᠲᠠᠢ ᠲᠠᠷᠬᠠᠳ ᠰᠤᠷᠭᠠᠭᠤᠯᠢ ᠳᠤ ᠰᠠᠭᠠᠳᠠᠬᠤ︾ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠤᠨ | ᠦᠷᠨᠢᠬᠦᠯᠵᠦ᠂ ᠰᠤᠷᠭᠠᠭᠤᠯᠢ ᠨᠤᠭᠤᠳ ᠤᠨ ᠬᠥᠳᠡᠯᠮᠦᠷᠢ ᠶᠢᠨ ᠵᠢᠱᠢᠶᠡᠴᠢ ᠪᠠ ᠳᠡᠭᠡᠳᠦ ᠮᠡᠷᠭᠡᠵᠢᠯ ᠤᠷ᠎ᠠ | ᠮᠡᠷᠬᠡᠰᠢᠯ ᠲᠠᠢ ᠴᠢᠳᠠᠪᠤᠷᠢᠲᠠᠨ ᠢ ᠤᠷᠢᠵᠦ ᠲᠤᠨᠨᠳᠠᠮᠠᠯ ᠬᠤᠭᠤᠴᠠᠭ᠎ᠠ ᠲᠠᠢ ᠪᠠᠷ ᠢᠯᠡ ᠪᠠᠷ ᠬᠢᠴᠢᠶᠡᠯᠯᠡᠬᠦᠯᠬᠦ ᠪᠤᠶᠤ | ᠲᠤᠰᠢᠶᠠᠯ ᠬᠠᠪᠰᠤᠷᠭᠠᠵᠦ ᠬᠢᠴᠢᠶᠡᠯᠯᠡᠬᠦᠯᠬᠦ ᠶᠢ ᠨᠢ ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠠᠵᠢᠯᠴᠢᠨ ᠤ ᠶᠡᠷᠦᠩᠬᠡᠶ ᠡᠪᠯᠡᠯ ᠠᠵᠢᠯ ᠤᠨ ᠬᠤᠪᠢᠶᠠᠷᠢᠯᠠᠯ ᠶᠤᠰᠤᠭᠠᠷ ᠬᠠᠷᠢᠭᠤᠴᠠᠨ᠎ᠠ︶ | ︵ᠠᠷᠪᠠᠨ ᠨᠢᠭᠡ︶ ᠠᠵᠦ ᠦᠢᠯᠡᠰ ᠬᠢᠬᠡᠳ ᠰᠤᠷᠭᠠᠨ ᠭᠦᠮᠦᠵᠢᠯ ᠬᠠᠮᠵᠢᠯᠴᠠᠵᠦ ᠴᠢᠳᠠᠪᠤᠷᠢᠳᠠᠨ | ᠭᠦᠮᠦᠵᠢᠬᠦᠯᠬᠦ ᠪᠠ ᠰᠤᠷᠭᠠᠭᠤᠯᠢ ᠶᠢᠨ ᠵᠠᠰᠠᠯᠳᠠ ᠶᠢᠨ ᠪᠦᠳᠦᠴᠡ ᠶᠢᠨ ᠦᠬᠡᠷᠡᠴᠢᠯᠡᠯᠳᠡ ᠶᠢ ᠠᠬᠢᠭᠤᠯᠤᠨ᠎ᠠ᠃ ᠠᠵᠢᠯ | ᠮᠡᠷᠭᠡᠵᠢᠯ ᠤᠨ ᠰᠤᠷᠭᠠᠭᠤᠯᠢ ᠨᠤᠭᠤᠳ ᠤᠨ ᠮᠡᠷᠬᠡᠵᠢᠯ ᠤᠨ ᠴᠢᠨᠠᠷ᠂ ᠦᠢᠯᠡᠳᠦᠯᠭᠡ ᠶᠢᠨ ᠴᠢᠨᠠᠷ ᠢᠶᠠᠷ ᠨᠡᠯᠢᠶᠡᠳ | ᠴᠢᠩᠭ᠎ᠠ ᠪᠤᠯᠬᠤᠶᠢᠴᠠ ᠲᠤᠰᠬᠠᠶ ᠮᠡᠷᠭᠡᠵᠢᠯ ᠳᠤ ᠤᠳᠤ ᠦᠶ᠎ᠡ ᠶᠢᠨ ᠱᠠᠪᠢ ᠳᠠᠭᠠᠭᠤᠯᠬᠤ ᠲᠦᠷᠢᠮ ᠪᠠ ᠠᠵᠤ | ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠳᠠᠭᠠᠭᠤᠯᠬᠤ ᠲᠦᠷᠢᠮ ᠢ ᠪᠦᠭᠦ ᠲᠠᠯ᠎ᠠ ᠪᠠᠷ ᠬᠡᠷᠡᠭᠵᠢᠬᠦᠯᠬᠦ ᠶᠢ ᠨᠢ | ᠲᠡᠮᠵᠢᠵᠦ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠬᠢᠬᠡᠳ ᠠᠵᠤ ᠠᠬᠤᠶᠢᠯᠠᠯ ᠤᠨ ᠠᠵᠢᠯᠴᠢᠨ | ᠡᠯᠰᠡᠬᠦ ᠶᠢ ᠨᠢ ᠵᠤᠯᠭᠠᠯᠳᠤᠭᠤᠯᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠬᠡᠷᠡᠭᠴᠡᠭᠡ ᠳᠤ | ᠰᠠᠨᠠᠭᠠᠴᠢᠯᠠᠭ᠎ᠠ ᠠᠴᠠ ᠪᠠᠨ ᠵᠤᠬᠢᠴᠠᠨ᠂ ᠳᠡᠭᠡᠳᠦ ᠲᠠᠰ ᠳᠠᠪᠬᠤᠷᠭ᠎ᠠ ᠶᠢᠨ ᠬᠡᠷᠡᠭᠯᠡᠭᠡᠨ ᠤ ᠬᠡᠯᠪᠡᠷᠢ ᠶᠢᠨ ᠰᠢᠨ᠎ᠡ ᠶᠢ | ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠷᠠᠭᠤᠯᠤᠨ᠂ ᠬᠡᠷᠡᠭᠯᠡᠭᠡᠨ ᠤ ᠴᠢᠨᠠᠷ᠂ ᠮᠡᠷᠭᠡᠵᠢᠯ ᠤᠷ᠎ᠠ | ᠮᠡᠷᠬᠡᠰᠢᠯ ᠤᠨ ᠬᠡᠯᠪᠡᠷᠢ ᠪᠠ ᠬᠠᠮ ᠬᠡᠯᠪᠡᠷᠢ ᠶᠢᠨ ᠴᠢᠳᠠᠪᠤᠷᠢᠲᠠᠨ ᠬᠥᠮᠦᠵᠢᠭᠦᠯᠬᠦ ᠬᠤᠪᠢ ᠶᠢᠨ ᠵᠢᠩ ᠢ ᠨᠢ | ᠨᠡᠮᠡᠭᠳᠡᠭᠦᠯᠦᠨ᠎ᠡ᠃ ᠮᠡᠷᠭᠡᠵᠢᠯ ᠤᠷ᠎ᠠ ᠮᠡᠷᠬᠡᠰᠢᠯ ᠲᠠᠢ ᠴᠢᠳᠠᠪᠤᠷᠢᠲᠠᠨ ᠢ ᠬᠤᠣᠰ ᠡᠰᠢᠵᠢᠬᠦᠯᠦᠨ ᠪᠤᠶᠢᠵᠢᠭᠤᠯᠬᠤ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ | ᠬᠤᠣᠰ ᠭᠤᠣᠯ ᠴᠣᠭᠴᠠ ᠪᠠᠷ ᠴᠢᠳᠠᠪᠤᠷᠢᠳᠠᠨ ᠬᠥᠮᠦᠵᠢᠭᠦᠯᠬᠦ ᠦᠢᠯᠡᠳᠦᠯ ᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠬᠡᠯᠪᠡᠷᠢ ᠪᠠᠨ ᠬᠤᠪᠢᠷᠠᠭᠤᠯᠤᠨᠨᠰᠠᠨ ᠲᠤᠷᠰᠢᠯᠲᠠ ᠶᠢᠨ ᠴᠡᠭ ᠤᠨ ᠶᠡᠭᠡ ᠳᠡᠭᠡᠳᠦ ᠰᠤᠷᠭᠠᠭᠤᠯᠢ ᠶᠢᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢ ᠲᠦᠷᠬᠡᠳᠬᠡᠨ ᠠᠬᠢᠭᠤᠯᠵᠤ᠂ ᠲᠤᠷᠰᠢᠯᠲᠠ ᠶᠢᠨ ᠴᠡᠭ ᠤᠨ ᠳᠡᠭᠡᠳᠦ | ᠵᠡᠷᠭᠡ ᠶᠢᠨ ᠰᠤᠷᠭᠠᠭᠤᠯᠢ ᠶᠢ ᠭᠦᠳᠦᠯᠦᠨ ᠵᠢᠯᠤᠭᠤᠳᠴᠤ ᠪᠠᠶᠢᠭᠠᠳ ᠵᠠᠰᠠᠯᠳᠠ ᠶᠢᠨ ᠪᠦᠲᠦᠴᠡ᠂ ᠲᠤᠰᠬᠠᠶ | ᠮᠡᠷᠭᠡᠵᠢᠯ ᠤᠨ ᠰᠢᠰᠲ᠋ᠧᠮᠵᠢ᠂ ᠬᠢᠴᠢᠶᠡᠯ᠂ ᠵᠢᠭᠠᠨ ᠰᠤᠷᠭᠠᠯᠳᠠ᠂ ᠪᠠᠭᠰᠢ ᠶᠢᠨ ᠪᠦᠲᠦᠴᠡ ᠵᠡᠷᠭᠡ ᠲᠠᠯ᠎ᠠ ᠪᠠᠷ | ᠰᠢᠰᠲ᠋ᠧᠮ ᠤᠨ ᠴᠢᠨᠠᠷᠲᠠᠶ ᠥᠭᠡᠷᠡᠴᠢᠯᠡᠯᠲᠡ ᠬᠢᠯᠬᠡᠨ᠎ᠠ᠃ ᠰᠤᠷᠭᠠᠭᠤᠯᠢ ᠶᠢᠨ ᠬᠢᠨ ᠤ ᠳᠣᠲᠣᠭᠠᠳᠤ ᠵᠠᠰᠠᠯᠲᠠ ᠪᠠᠨ | ᠰᠢᠯᠢᠳᠡᠭᠵᠢᠬᠦᠯᠬᠦ ᠶᠢ ᠠᠬᠢᠭᠤᠯᠵᠤ᠂ ᠨᠢᠬᠡᠳᠦᠬᠡᠷ ᠹᠷᠤᠨᠲ ᠤᠨ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠪᠠᠶᠢᠭᠤᠯᠤᠮᠵᠢ ᠶᠢᠨ ᠡᠵᠡ ᠮᠡᠳᠡᠬᠦ ᠡᠷᠬᠡ ᠶᠢ ᠨᠢ ᠭᠦᠢᠴᠡᠳ ᠢᠯᠡᠷᠡᠭᠦᠯᠵᠦ᠂ ᠬᠢᠴᠢᠶᠡᠯ ᠰᠢᠨᠵᠢᠯᠡᠬᠡᠨ | ᠠᠯᠤᠰᠯᠬᠠᠰᠠᠨ᠂ ᠲᠤᠰᠬᠠᠶ ᠮᠡᠷᠭᠡᠵᠢᠯ ᠠᠯᠤᠰᠯᠬᠠᠰᠠᠨ ᠵᠢᠭᠠᠨ ᠰᠤᠷᠭᠠᠯᠳᠠ ᠪᠠ ᠰᠢᠨᠵᠢᠯᠡᠬᠦ ᠤᠬᠠᠭᠠᠨ ᠤ | ᠰᠤᠳᠤᠯᠤᠯ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠳᠡᠢ ᠭᠦᠭᠵᠢᠬᠦᠯᠦᠨ᠎ᠠ᠃ ᠠᠵᠢᠯ ᠮᠡᠷᠭᠡᠵᠢᠯ ᠤᠨ ᠰᠤᠷᠭᠠᠭᠤᠯᠢ | ᠪᠠ ᠳᠡᠭᠡᠳᠦ ᠵᠡᠷᠭᠡ ᠶᠢᠨ ᠰᠤᠷᠭᠠᠭᠤᠯᠢ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠳᠦᠷᠢᠮ ᠢ ᠪᠠᠶᠢᠭᠤᠯᠤᠨ | ᠪᠦᠷᠢᠨᠰᠢᠬᠦᠯᠵᠦ᠂ ᠠᠵᠢᠯ ᠲᠦᠷᠦᠯ ᠤᠨ ᠬᠢᠨ ᠤ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠬᠢᠨ ᠢ ᠲᠠᠳᠠᠵᠦ | ᠤᠷᠤᠯᠴᠠᠭᠤᠯᠬᠤ ᠶᠢ ᠵᠤᠷᠢᠨᠨᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠤᠨ ᠬᠤᠪᠢᠶᠠᠷᠢᠯᠠᠯ | ᠶᠤᠰᠤᠭᠠᠷ ᠬᠠᠷᠢᠭᠤᠴᠠᠨ᠎ᠠ︶ | ︵ᠠᠷᠪᠠᠨ ᠬᠤᠶᠠᠷ︶ ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠤᠨᠨᠰᠠᠨ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠠᠬᠤᠶᠢᠯᠠᠯ ᠳᠠᠬᠢ ᠮᠡᠷᠭᠡᠵᠢᠯ ᠤᠨ ᠪᠠ ᠬᠠᠮᠢᠶᠠᠷᠤᠯᠲᠠ ᠶᠢᠨ | ᠴᠢᠳᠠᠪᠤᠷᠢᠳᠠᠳ ᠤᠨ ᠰᠤᠷᠭᠠᠭᠤᠯᠢ ᠳᠤ ᠪᠠᠭᠰᠢᠯᠠᠬᠤ ᠶᠢ ᠵᠣᠷᠢᠬᠵᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠪᠠ | ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠲᠤᠨᠨᠳᠠᠮᠠᠯ ᠪᠤᠰᠤ ᠠᠵᠢᠯ ᠤᠨ ᠪᠠᠶᠢᠷᠢ᠂ ᠣᠨᠴᠠ ᠤᠷᠢᠭᠰᠠᠨ ᠠᠵᠢᠯ ᠤᠨ | ᠪᠠᠶᠢᠷᠢ ᠲᠤᠬᠢᠷᠠᠭᠤᠯᠵᠦ ᠠᠵᠤ ᠠᠬᠤᠶᠢᠯᠠᠯ ᠤᠨ ᠮᠡᠷᠭᠡᠵᠢᠯ ᠲᠠᠢ ᠠᠵᠢᠯᠳᠠᠳ ᠢ ᠲᠠᠳᠠᠵᠦ ᠪᠠᠶᠢᠭᠠᠳ ᠲᠡᠳᠡᠨ ᠢᠶᠠᠷ | ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠡᠷᠬᠢᠯᠡᠬᠦᠯᠬᠦ ᠶᠢ ᠨᠢ ᠵᠤᠷᠢᠨᠨᠵᠢᠭᠤᠯᠤᠨ᠎ᠠ᠃ | ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠪᠣᠳᠠᠲᠠᠶ ᠬᠡᠷᠡᠭᠴᠡᠭᠡ | ᠱᠠᠭᠠᠷᠳᠠᠯᠭ᠎ᠠ ᠪᠠᠨ ᠦᠨᠳᠦᠰᠦᠯᠡᠵᠦ ᠬᠥᠮᠦᠨ ᠬᠡᠷᠡᠭᠯᠡᠬᠦ ᠲᠥᠯᠥᠪᠯᠡᠭᠡ ᠪᠠᠨ ᠲᠤᠨᠨᠳᠠᠭᠠᠬᠤ ᠶᠢ ᠵᠦᠪᠰᠢᠶᠡᠷᠡᠨ | ᠵᠤᠷᠢᠨᠨᠵᠢᠭᠤᠯᠵᠦ᠂ ᠠᠵᠤ ᠠᠬᠤᠶᠢᠯᠠᠯ ᠳᠤ ᠬᠠᠨᠳᠤᠭᠤᠯᠤᠨ ᠵᠣᠬᠢᠬᠤ ᠲᠣᠭᠠᠨ ᠤ ᠳᠡᠭᠡᠳᠦ ᠲᠡᠰ ᠳᠠᠪᠬᠤᠷᠭ᠎ᠠ ᠶᠢᠨ | ᠲᠤᠰᠬᠠᠶ ᠮᠡᠷᠭᠡᠵᠢᠯ ᠲᠠᠢ ᠠᠵᠢᠯᠲᠠᠨ᠂ ᠤᠷᠠᠨ ᠲᠠᠷᠬᠠᠳ ᠢ ᠤᠷᠤᠭᠤᠯᠤᠨ ᠠᠪᠴᠢᠷᠠᠨ᠎ᠠ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠠ ᠬᠡᠷᠡᠭᠯᠡᠭᠡᠨ ᠤ ᠬᠡᠯᠪᠡᠷᠢ ᠶᠢᠨ ᠳᠡᠭᠡᠳᠦ ᠵᠡᠷᠭᠡ ᠶᠢᠨ ᠰᠤᠷᠭᠠᠭᠤᠯᠢ ᠶᠢᠨ ᠣᠨᠴᠠᠯᠢᠭ ᠲᠤ | ᠨᠡᠶᠢᠴᠡᠭᠰᠡᠨ ᠪᠠᠭᠰᠢ ᠶᠢᠨ ᠬᠢᠷᠢ ᠬᠡᠮ ᠤᠨ ᠪᠠᠷᠢᠮᠵᠢᠶ᠎ᠠ ᠪᠠ ᠲᠤᠰᠬᠠᠶ ᠮᠡᠷᠭᠡᠵᠢᠯ ᠤᠨ ᠲᠤᠰᠢᠶᠠᠯ ︵ᠮᠡᠷᠬᠡᠵᠢᠯ ᠤᠨ | ᠴᠣᠯᠠ︶ ᠰᠢᠯᠭᠠᠷᠠᠭᠤᠯᠬᠤ ᠪᠠ ᠤᠷᠢᠵᠦ ᠬᠡᠷᠡᠭᠯᠡᠬᠦ ᠠᠷᠭ᠎ᠠ ᠶᠢ ᠲᠡᠭᠦᠯᠳᠡᠷᠵᠢᠬᠦᠯᠦᠨ᠎ᠠ᠃ ᠠᠵᠢᠯ ᠮᠡᠷᠭᠡᠵᠢᠯ ᠤᠨ | ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠲᠣᠭᠲᠠᠭᠠᠯ ᠶᠣᠰᠣᠭᠠᠷ ᠲᠤᠰᠢᠶᠠᠯ ᠬᠠᠪᠰᠤᠷᠭᠠᠭᠰᠠᠨ | ᠪᠠᠭᠰᠢ ᠶᠢ ᠡᠵᠡ ᠮᠡᠳᠡᠨ ᠤᠷᠢᠬᠤ ᠪᠠ ᠲᠤᠰᠢᠶᠠᠯ ᠬᠠᠪᠰᠤᠷᠭᠠᠨᠨᠰᠠᠨ ᠪᠠᠭᠰᠢ ᠳᠤ ᠬᠥᠯᠥᠰᠥ ᠣᠯᠭᠤᠮᠵᠢ | ᠲᠤᠨᠨᠳᠠᠭᠠᠬᠤ ᠶᠢ ᠨᠢ ᠵᠦᠪᠰᠢᠶᠡᠷᠡᠨ᠎ᠠ᠃ ᠠᠵᠢᠯ ᠮᠡᠷᠭᠡᠵᠢᠯ ᠤᠨ ᠰᠤᠷᠭᠠᠭᠤᠯᠢ᠂ ᠬᠡᠷᠡᠭᠯᠡᠭᠡᠨ ᠤ ᠬᠡᠯᠪᠡᠷᠢ ᠶᠢᠨ ᠵᠢᠩᠬᠢᠨᠢ | ᠠᠩᠭᠢ ᠲᠠᠢ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠨᠢ ᠲᠤᠮᠤ ᠳᠤᠮᠳᠠ ᠬᠡᠯᠪᠡᠷᠢ ᠶᠢᠨ ᠠᠵᠤ ᠠᠬᠤᠶᠢᠯᠠᠯ ᠲᠠᠢ | ᠬᠠᠮᠳᠤᠷᠠᠯᠴᠠᠵᠦ ᠪᠠᠶᠢᠭᠠᠳ ︽ᠬᠤᠤᠰ ᠬᠢᠷᠢ ᠬᠡᠮ ᠲᠠᠢ︾ ᠪᠠᠭᠰᠢ ᠭᠦᠮᠦᠵᠢᠬᠦᠯᠵᠦ ᠪᠤᠯᠪᠠᠰᠤᠷᠠᠭᠤᠯᠬᠤ ᠰᠠᠭᠤᠷᠢᠨ | ᠭᠠᠵᠠᠷ ᠪᠠᠶᠢᠭᠤᠯᠬᠤ ᠶᠢ ᠠᠬᠢᠭᠤᠯᠵᠦ᠂ 2020 ᠣᠨ ᠪᠤᠯᠬᠤ ᠳᠤ᠂ ᠡᠯ᠎ᠡ ᠠᠶᠢᠮᠠᠭ ᠬᠤᠲᠠ ᠨᠢ ᠨᠠᠭᠠᠳᠤ | ᠵᠠᠬ᠎ᠠ ᠳᠤ ᠪᠠᠨ ᠨᠢᠬᠡ ︽ᠬᠤᠤᠰ ᠬᠢᠷᠢ ᠬᠡᠮ ᠲᠠᠢ︾ ᠪᠠᠭᠰᠢ ᠶᠢᠨ ᠰᠠᠭᠤᠷᠢᠨ ᠭᠠᠵᠠᠷ ᠪᠠᠶᠢᠭᠤᠯᠬᠤ ᠬᠡᠷᠡᠭᠳᠡᠢ᠃ | ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢ ᠦᠢᠯᠡᠳᠦᠯᠬᠡ ᠳᠤ | ᠤᠷᠤᠯᠴᠠᠭᠤᠯᠬᠤ ᠠᠮᠠᠷᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ ᠨᠠᠷ | ᠲᠣᠭᠲᠠᠭᠰᠠᠨ ᠬᠤᠭᠤᠴᠠᠭ᠎ᠠ ᠲᠠᠢ ᠪᠠᠷ ᠠᠵᠤ ᠠᠬᠤᠶᠢᠯᠠᠯ ᠳᠤ ᠬᠦᠷᠴᠦ᠂ ᠦᠢᠯᠡᠳᠦᠯᠭᠡ ᠶᠢᠨ ᠳᠤᠮᠳᠠ ᠳᠠᠪᠲᠠᠨ | ᠪᠣᠯᠪᠠᠰᠤᠷᠠᠭᠤᠯᠬᠤ ᠶᠢ ᠨᠢ ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠤᠨ ᠬᠤᠪᠢᠶᠠᠷᠢᠯᠠᠯ | ᠶᠤᠰᠤᠭᠠᠷ ᠬᠠᠷᠢᠭᠤᠴᠠᠨ᠎ᠠ︶ | ︵ᠠᠷᠪᠠᠨ ᠭᠤᠷᠪᠠ︶ ᠰᠢᠯᠭᠠᠯᠳᠠ ᠪᠠᠷ ᠰᠤᠷᠤᠨᠨᠴᠢ ᠡᠯᠰᠡᠬᠦ ᠲᠦᠷᠢᠮ ᠢ ᠲᠡᠭᠦᠯᠳᠡᠷᠵᠢᠬᠦᠯᠦᠨ᠎ᠠ᠃ ᠥᠪᠡᠷᠲᠡᠭᠡᠨ | ᠵᠠᠰᠠᠬᠤ ᠣᠷᠣᠨ ᠤ ᠶᠡᠭᠡ ᠰᠤᠷᠭᠠᠭᠤᠯᠢ ᠶᠢᠨ ᠰᠢᠯᠭᠠᠯᠳᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ | ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠥᠷᠥᠯ ᠬᠤᠪᠢᠶᠠᠭᠰᠠᠨ ᠰᠢᠯᠭᠠᠯᠲᠠ ᠶᠢᠨ ᠳᠦᠷᠢᠮ ᠢ | ᠲᠡᠭᠦᠯᠳᠡᠷᠵᠢᠬᠦᠯᠦᠨ᠂ ︽ᠰᠣᠶᠣᠯ ᠤᠨ ᠮᠡᠳᠡᠯᠭᠡ ᠪᠣᠯᠪᠠᠰᠤᠷᠠᠯ + ᠠᠵᠢᠯ ᠮᠡᠷᠭᠡᠵᠢᠯ ᠤᠨ ᠤᠷ᠎ᠠ ᠮᠡᠷᠬᠡᠰᠢᠯ︾ ᠢᠶᠠᠷ | ᠰᠢᠯᠭᠠᠵᠤ ᠦᠨᠡᠯᠡᠬᠦ ᠠᠷᠭ᠎ᠠ ᠮᠠᠶ᠋ᠢᠭ ᠢ ᠬᠡᠷᠡᠭᠵᠢᠬᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠠᠴᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠬᠡᠷᠡᠭᠯᠡᠭᠡᠨ ᠤ ᠮᠡᠷᠭᠡᠵᠢᠯ ᠤᠨ | ᠵᠢᠩᠬᠢᠨᠢ ᠠᠩᠭᠢ ᠲᠠᠢ ᠶᠡᠭᠡ ᠳᠡᠭᠡᠳᠦ ᠰᠤᠷᠭᠠᠭᠤᠯᠢ ᠳᠤ ᠮᠡᠷᠬᠡᠵᠢᠯ ᠤᠨ ᠲᠥᠷᠥᠯ ᠤᠨ ᠰᠢᠰᠲ᠋ᠧᠮ ᠢᠶᠠᠷ ᠨᠢ | ᠲᠡᠪᠰᠢᠬᠦᠯᠵᠦ ᠰᠣᠷᠣᠭᠴᠢ ᠡᠯᠰᠡᠬᠦ ᠵᠠᠭᠪᠤᠷ ᠢ ᠦᠷᠭᠦᠯᠵᠢᠯᠡᠨ ᠰᠦᠪᠡᠭᠴᠢᠯᠡᠨ᠎ᠡ᠃ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠬᠢᠬᠡᠳ ᠬᠡᠷᠡᠭᠯᠡᠭᠡᠨ ᠤ ᠮᠡᠷᠭᠡᠵᠢᠯ ᠤᠨ ᠵᠢᠩᠬᠢᠨᠢ ᠠᠩᠭᠢ ᠲᠠᠢ ᠶᠡᠭᠡ ᠳᠡᠭᠡᠳᠦ | ᠰᠤᠷᠭᠠᠭᠤᠯᠢ ᠶᠢᠨ ︽3 +4︾ ᠮᠠᠶ᠋ᠢᠭ ᠤᠨ ᠴᠢᠳᠠᠪᠤᠷᠢᠲᠠᠨ ᠬᠥᠮᠦᠵᠢᠭᠦᠯᠬᠦ ᠵᠠᠭᠪᠤᠷ ᠢ ᠦᠷᠨᠢᠬᠦᠯᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠬᠥᠮᠦᠵᠢᠭᠦᠯᠬᠦ ᠶᠢᠨ ︽ᠰᠣᠯᠢᠪᠴᠠᠭᠤᠯᠣᠨ ᠰᠤᠷᠤᠯᠴᠠᠭᠤᠯᠬᠤ | ᠲᠣᠭᠲᠠᠴᠠ︾ ᠶᠢ ᠨᠡᠪᠳᠡᠷᠡᠬᠦᠯᠦᠨ᠎ᠠ᠃ ᠵᠠᠬᠢᠶᠠᠯᠠᠭ᠎ᠠ ᠮᠠᠶ᠋ᠢᠭ ᠢᠶᠠᠷ ᠭᠦᠮᠦᠵᠢᠬᠦᠯᠵᠦ ᠪᠤᠯᠪᠠᠰᠤᠷᠠᠭᠤᠯᠬᠤ ᠶᠢ ᠶᠡᠭᠡ ᠪᠠᠷ | ᠬᠡᠷᠡᠭᠵᠢᠭᠦᠯᠵᠦ᠂ ᠠᠵᠤ ᠠᠬᠤᠶᠢᠯᠠᠯ ᠢ ᠭᠦᠳᠦᠯᠦᠨ ᠵᠢᠯᠤᠭᠤᠳᠴᠤ ᠪᠠᠶᠢᠭᠠᠳ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠣᠷᠣᠭᠴᠢ ᠡᠯᠰᠡᠬᠦ᠂ ᠵᠢᠭᠠᠨ ᠰᠤᠷᠭᠠᠯᠲᠠ ᠵᠡᠷᠭᠡ ᠲᠥᠯᠥᠪᠯᠡᠭᠡ ᠶᠢ ᠰᠤᠳᠤᠯᠤᠨ ᠲᠤᠨᠨᠳᠠᠭᠠᠬᠤ ᠳᠤ | ᠤᠷᠤᠯᠴᠠᠭᠤᠯᠬᠤ ᠶᠢ ᠲᠡᠮᠵᠢᠨ᠎ᠠ᠃ ᠠᠵᠢᠯ ᠮᠡᠷᠬᠡᠵᠢᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠤᠯᠭᠠᠨᠨᠰᠠᠨ | ᠮᠠᠭᠢᠰᠲ᠋ᠧᠷ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠠᠰᠫᠢᠷᠠᠨᠲ ᠶᠢᠨ ᠬᠥᠭᠵᠢᠯᠲᠡ ᠶᠢᠨ ᠲᠣᠭᠲᠠᠴᠠ ᠶᠢ | ᠠᠬᠢᠭᠤᠯᠵᠦ᠂ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠠ᠃ | ᠠᠰᠫᠢᠷᠠᠨᠲ ᠤᠨ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠰᠤᠳᠤᠯᠬᠤ ᠰᠣᠷᠣᠭᠴᠢ ᠶᠢᠨ ᠰᠤᠷᠭᠠᠨ ᠬᠥᠮᠦᠵᠢᠯ | ᠬᠢᠬᠡᠳ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠠᠷᠢᠯᠴᠠᠨ ᠵᠤᠯᠭᠠᠯᠳᠤᠭᠤᠯᠬᠤ ᠠᠷᠭ᠎ᠠ ᠶᠢ | ᠰᠦᠪᠡᠭᠴᠢᠯᠡᠵᠦ᠂ ᠲᠤᠰᠬᠠᠶ ᠮᠡᠷᠭᠡᠵᠢᠯ ᠤᠨ ᠡᠷᠳᠡᠮ ᠤᠨ ᠴᠣᠯᠠ ᠶᠢᠨ ᠰᠤᠷᠭᠠᠨ ᠬᠥᠮᠦᠵᠢᠯ ᠬᠢᠭᠡᠳ ᠠᠵᠢᠯ | ᠮᠡᠷᠭᠡᠵᠢᠯ ᠤᠨ ᠬᠢᠷᠢ ᠬᠡᠮ ᠤᠨ ᠮᠠᠭᠠᠳᠯᠠᠨ ᠲᠤᠨᠨᠳᠠᠭᠠᠯᠳᠠ ᠶᠢᠨ ᠵᠤᠯᠭᠠᠯᠳᠤᠬᠤ ᠶᠢ ᠠᠬᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶ | ᠲᠠᠪᠤ᠂ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠬᠠᠩᠭᠠᠯᠭ᠎ᠠ ᠬᠡᠷᠡᠭᠴᠡᠭᠡ ᠶᠢ ᠬᠤᠣᠰ ᠴᠢᠭᠯᠡᠯ ᠢᠶᠠᠷ | ᠵᠠᠯᠭᠠᠯᠳᠤᠭᠤᠯᠬᠤ ᠶᠢ ᠠᠬᠢᠭᠤᠯᠤᠨ᠎ᠠ | ︵ᠠᠷᠪᠠᠨ ᠳᠥᠷᠪᠡ︶ ᠠᠵᠢᠯ ᠲᠥᠷᠥᠯ ᠤᠳ ᠤᠨ ᠵᠤᠬᠢᠴᠠᠭᠤᠯᠵᠦ ᠵᠢᠯᠤᠭᠤᠳᠬᠤ ᠶᠢ ᠴᠢᠩᠭᠠᠷᠠᠭᠤᠯᠤᠨ᠎ᠠ᠃ | ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠤᠷᠢᠨᠨᠵᠢᠭᠤᠯᠵᠦ ᠪᠠᠶᠢᠭᠠᠳ ᠳᠡᠭᠡᠳᠦ ᠵᠡᠷᠭᠡ ᠶᠢᠨ | ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ ᠬᠢ ᠥᠪᠡᠷᠲᠡᠭᠡᠨ ᠵᠠᠰᠠᠬᠤ | ᠣᠷᠣᠨ ᠤ ᠲᠠᠰ ᠤᠨ ᠠᠵᠢᠯ ᠲᠥᠷᠥᠯ ᠤᠨ ᠵᠢᠭᠠᠨ ᠵᠢᠯᠣᠭᠤᠳᠬᠤ ᠺᠣᠮᠢᠰ ᠢ ᠪᠠᠶᠢᠭᠤᠯᠵᠦ᠂ ᠲᠣᠰ ᠠᠵᠢᠯ ᠲᠥᠷᠥᠯ ᠤᠨ | ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠠᠭᠤᠰᠤᠯᠴᠠᠯ ᠢ ᠠᠬᠢᠭᠤᠯᠤᠨ᠎ᠠ᠃ ᠠᠵᠢᠯ ᠲᠦᠷᠦᠯ ᠤᠨ ᠵᠣᠬᠢᠶᠠᠨ | ᠪᠠᠶᠢᠭᠤᠯᠤᠯᠲᠠ ᠨᠤᠭᠤᠳ ᠢ ᠲᠡᠮᠵᠢᠵᠦ ᠪᠠᠶᠢᠭᠠᠳ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ | ᠰᠤᠷᠭᠠᠨ ᠬᠥᠮᠦᠵᠢᠯ ᠤᠨ ᠵᠢᠭᠠᠨ ᠰᠤᠷᠭᠠᠯᠲᠠ᠂ ᠶᠠᠰᠤ ᠴᠢᠨᠠᠷ ᠢ ᠦᠨᠡᠯᠡᠬᠦ ᠪᠠ ᠠᠵᠢᠯ ᠲᠦᠷᠦᠯ ᠤᠨ ᠲᠤᠰᠬᠠᠶ | ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠪᠠᠷᠢᠮᠵᠢᠶ᠎ᠠ ᠶᠢ ᠲᠤᠨᠨᠳᠠᠭᠠᠬᠤ ᠳᠤ ᠤᠷᠤᠯᠴᠠᠭᠤᠯᠵᠦ᠂ ᠰᠤᠷᠭᠠᠭᠤᠯᠢ ᠪᠠ | ᠠᠵᠤ ᠠᠬᠤᠶᠢᠯᠠᠯ ᠤᠨ ᠨᠢᠭᠡ ᠴᠤᠨᠨᠴᠠᠵᠢᠵᠦ ᠴᠢᠳᠠᠪᠤᠷᠢᠳᠠᠨ ᠬᠥᠮᠦᠵᠢᠭᠦᠯᠬᠦ ᠶᠢ ᠵᠢᠯᠤᠭᠤᠳᠤᠨ᠎ᠠ᠃ ᠠᠵᠢᠯ | ᠲᠦᠷᠦᠯ ᠤᠨ ᠬᠢᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠪᠠ | ᠠᠵᠢᠯ ᠣᠯᠭᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠲᠦᠷᠢᠮ ᠢ ᠪᠠᠶᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠠᠷᠪᠠᠨ ᠲᠠᠪᠤ︶ ᠮᠡᠳᠡᠭᠡ ᠵᠠᠩᠭᠢ ᠶᠢ ᠬᠠᠮᠳᠤ ᠳᠤ ᠪᠠᠨ ᠭᠦᠷᠳᠡᠬᠦ ᠲᠠᠪᠴᠠᠩ ᠢ ᠪᠠᠶᠢᠭᠤᠯᠤᠨ᠎ᠠ᠃ ᠣᠷᠣᠨ | ᠨᠤᠲᠤᠭ ᠤᠨ ᠵᠠᠰᠠᠭ ᠤᠨ ᠣᠷᠳᠣᠨ᠂ ᠠᠵᠢᠯ ᠲᠥᠷᠥᠯ ᠤᠨ ᠬᠢᠨ ᠤ ᠠᠵᠤ ᠠᠬᠤᠶᠢᠯᠠᠯ᠂ ᠰᠤᠷᠭᠠᠭᠤᠯᠢ ᠨᠤᠭᠤᠳ ᠢ | ᠵᠤᠷᠢᠨᠨᠵᠢᠭᠤᠯᠵᠦ ᠪᠠᠶᠢᠭᠠᠳ ᠦᠢᠯᠡᠴᠢᠯᠡᠭᠡ ᠬᠤᠳᠠᠯᠳᠤᠨ ᠠᠪᠬᠤ᠂ ᠬᠠᠮᠳᠤᠷᠠᠯᠴᠠᠵᠦ ᠪᠠᠶᠢᠭᠤᠯᠬᠤ ᠵᠡᠷᠭᠡ ᠠᠷᠭ᠎ᠠ | ᠮᠠᠶ᠋ᠢᠭ ᠢᠶᠠᠷ ᠲᠠᠮᠵᠢᠵᠦ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠨᠨᠰᠠᠨ᠂ ᠬᠠᠩᠭᠠᠯᠭ᠎ᠠ ᠬᠡᠷᠡᠭᠴᠡᠭᠡ ᠶᠢ | ᠵᠠᠯᠭᠠᠭᠤᠯᠤᠨᠨᠰᠠᠨ᠂ ᠲᠦᠢᠯ ᠤᠨ ᠤᠨᠤᠪᠴᠢᠳᠠᠢ ᠪᠠᠷ ᠦᠢᠯᠡᠴᠢᠯᠡᠭᠰᠡᠨ᠂ ᠵᠢᠷᠤᠮᠵᠢᠯ ᠲᠠᠢ ᠠᠵᠢᠯᠯᠬᠠᠰᠠᠨ ᠠᠵᠦ ᠦᠢᠯᠡᠰ | ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠤᠨᠨᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ︵ᠠᠵᠤ | ᠠᠬᠤᠶᠢᠯᠠᠯ︶ ᠶᠢ ᠪᠤᠢ ᠪᠤᠯᠭᠠᠨ᠎ᠠ᠃ ᠡᠭᠦᠯᠡᠨ ᠪᠤᠲᠤᠯᠲᠠ᠂ ᠲᠤᠮᠤ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ | ᠬᠡᠷᠡᠭᠯᠡᠨ᠂ ᠵᠠᠰᠠᠭ ᠤᠨ ᠣᠷᠳᠣᠨ᠂ ᠠᠵᠢᠯ ᠲᠥᠷᠥᠯ ᠤᠨ ᠬᠢᠨ ᠤ ᠠᠵᠤ ᠠᠬᠤᠶᠢᠯᠠᠯ᠂ ᠠᠵᠢᠯ ᠮᠡᠷᠭᠡᠵᠢᠯ ᠤᠨ | ᠰᠤᠷᠭᠠᠭᠤᠯᠢ ᠶᠢᠨ ᠬᠠᠮᠳᠤ ᠳᠤ ᠪᠠᠨ ᠭᠦᠷᠳᠡᠬᠦ ᠮᠠᠶ᠋ᠢᠭ ᠤᠨ ᠠᠵᠦ ᠦᠢᠯᠡᠰ ᠬᠢᠬᠡᠳ ᠰᠤᠷᠭᠠᠨ ᠭᠦᠮᠦᠵᠢᠯ ᠢ | ᠠᠭᠤᠰᠤᠯᠴᠠᠭᠤᠯᠤᠨᠨᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠦ᠂ ᠠᠵᠢᠯ ᠮᠡᠷᠭᠡᠵᠢᠯ ᠤᠨ | ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠭᠠᠴᠠᠯᠠᠬᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ | ᠬᠥᠮᠥᠷᠭᠡ ᠪᠠ ᠠᠵᠤ ᠠᠬᠤᠶᠢᠯᠠᠯ ᠤᠨ ᠦᠢᠯᠡᠳᠦᠯᠭᠡ ᠶᠢᠨ ᠬᠥᠮᠥᠷᠭᠡ ᠶᠢᠨ ᠪᠦᠳᠦᠬᠡᠨ ᠪᠠᠶᠢᠭᠤᠯᠤᠯᠲᠠ ᠶᠢ | ᠴᠢᠩᠭᠠᠷᠠᠭᠤᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠡᠬᠢ ᠪᠠᠶᠠᠯᠢᠭ ᠢ ᠰᠠᠯᠠᠭ᠎ᠠ ᠮᠥᠴᠢᠷ ᠠᠯᠤᠰᠯᠠᠵᠦ᠂ | ᠣᠷᠣᠨ ᠪᠦᠰᠡ ᠠᠯᠤᠰᠯᠠᠵᠦ᠂ ᠠᠵᠢᠯ ᠲᠥᠷᠥᠯ ᠠᠯᠤᠰᠯᠠᠨ ᠬᠠᠮᠳᠤ ᠪᠠᠷ ᠪᠠᠶᠢᠭᠤᠯᠵᠦ ᠬᠠᠮᠳᠤ ᠳᠤ ᠪᠠᠨ ᠭᠦᠷᠳᠡᠬᠦ ᠶᠢ | ᠠᠬᠢᠭᠤᠯᠤᠨ᠎ᠠ᠃ ᠲᠠᠪᠴᠠᠩ ᠳᠤ ᠲᠦᠰᠢᠭᠯᠡᠨ ᠣᠷᠣᠨ ᠪᠦᠰᠡ ᠪᠠ ᠠᠵᠢᠯ ᠲᠥᠷᠥᠯ ᠤᠨ ᠴᠢᠳᠠᠪᠤᠷᠢᠲᠠᠨ ᠤ | ᠬᠠᠩᠭᠠᠯᠭ᠎ᠠ ᠬᠡᠷᠡᠭᠴᠡᠭᠡ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠳᠤᠷᠠᠯᠴᠠᠭ᠎ᠠ᠂ ᠲᠥᠷᠥᠯ ᠵᠦᠢᠯ ᠢ ᠰᠤᠳᠤᠯᠤᠨ | ᠨᠡᠭᠡᠭᠡᠬᠦ᠂ ᠮᠡᠷᠭᠡᠵᠢᠯ ᠤᠨ ᠦᠢᠯᠡᠴᠢᠯᠡᠭᠡ ᠵᠡᠷᠭᠡ ᠡᠯ᠎ᠡ ᠲᠦᠷᠦᠯ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ | ᠴᠤᠨᠨᠯᠠᠷᠠᠭᠤᠯᠤᠨ᠂ ᠡᠯ᠎ᠡ ᠲᠥᠷᠥᠯ ᠤᠨ ᠭᠤᠤᠯ ᠴᠣᠭᠴᠠ ᠳᠤ ᠲᠦᠢᠯ ᠤᠨ ᠣᠨᠣᠪᠴᠢᠯᠠᠭᠰᠠᠨ ᠠᠵᠦ ᠦᠢᠯᠡᠰ ᠬᠢᠬᠡᠳ | ᠰᠤᠷᠭᠠᠨ ᠭᠦᠮᠦᠵᠢᠯ ᠢ ᠠᠭᠤᠰᠤᠯᠴᠠᠭᠤᠯᠤᠨᠨᠰᠠᠨ ᠮᠡᠳᠡᠭᠡ ᠵᠠᠩᠭᠢ ᠨᠡᠶᠢᠲᠡᠯᠡᠬᠦ᠂ ᠬᠠᠶᠢᠬᠤ᠂ ᠲᠠᠨᠢᠯᠴᠠᠭᠤᠯᠬᠤ ᠪᠠ | ᠬᠠᠮᠢᠶ᠎ᠠ ᠪᠦᠬᠦᠢ ᠦᠷᠳᠡᠭ ᠨᠡᠮᠡᠭᠳᠡᠬᠦᠯᠬᠦ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠵᠢᠯ ᠤᠨ ᠬᠤᠪᠢᠶᠠᠷᠢᠯᠠᠯ ᠢᠶᠠᠷ | ᠬᠠᠷᠢᠭᠤᠴᠠᠨ᠎ᠠ︶ | ︵ᠠᠷᠪᠠᠨ ᠵᠢᠷᠭᠤᠭ᠎ᠠ︶ ᠨᠡᠶᠢᠭᠡᠮ ᠤᠨ ᠭᠤᠷᠪᠠᠳᠠᠬᠢ ᠡᠲᠡᠭᠡᠳ ᠠᠴᠠ ᠦᠨᠡᠯᠡᠯᠲᠡ ᠬᠢᠬᠦ ᠶᠢ ᠪᠦᠷᠢᠨᠰᠢᠬᠦᠯᠦᠨ᠎ᠠ᠃ | ᠨᠡᠶᠢᠭᠡᠮ ᠤᠨ ᠭᠤᠷᠪᠠᠳᠠᠬᠢ ᠡᠳᠡᠬᠡᠳ ᠤᠨ ᠪᠠᠶᠢᠭᠤᠯᠤᠮᠵᠢ ᠠᠴᠠ ᠠᠵᠦ ᠦᠢᠯᠡᠰ ᠬᠢᠬᠡᠳ ᠰᠤᠷᠭᠠᠨ ᠭᠦᠮᠦᠵᠢᠯ ᠢ | ᠠᠭᠤᠰᠤᠯᠴᠠᠭᠤᠯᠬᠤ ᠬᠦᠴᠦᠨ ᠴᠢᠳᠠᠪᠤᠷᠢ ᠳᠤ ᠦᠨᠡᠯᠡᠯᠳᠡ ᠬᠢᠬᠦ ᠶᠢ ᠢᠳᠡᠪᠬᠢᠳᠡᠢ ᠲᠡᠮᠵᠢᠵᠦ᠂ ᠪᠦᠷᠢᠳᠬᠡᠵᠦ ᠦᠨᠡᠯᠡᠬᠦ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠢᠨᠠᠨ ᠰᠢᠨᠵᠢᠵᠦ ᠦᠨᠡᠯᠡᠭᠰᠡᠨ ᠦᠷ᠎ᠡ ᠳ᠋ᠦᠩ ᠢ ᠬᠡᠷᠡᠭᠯᠡᠬᠦ ᠪᠠᠨ | ᠴᠢᠩᠭᠠᠷᠠᠭᠤᠯᠵᠦ᠂ ᠲᠡᠭᠦᠨ ᠢ ᠠᠮᠵᠢᠯᠳᠠ ᠪᠦᠳᠦᠮᠵᠢ ᠶᠢ ᠰᠢᠯᠭᠠᠨ ᠬᠢᠨᠠᠬᠤ᠂ ᠣᠷᠣᠭᠤᠯᠤᠯᠲᠠ ᠶᠢ ᠬᠥᠲᠥᠯᠥᠨ | ᠵᠢᠯᠣᠭᠤᠳᠬᠤ᠂ ᠲᠤᠷᠰᠢᠯᠲᠠ ᠶᠢ ᠦᠷᠨᠢᠬᠦᠯᠬᠦ᠂ ᠬᠥᠬᠢᠭᠦᠯᠦᠨ ᠰᠠᠶᠢᠰᠢᠶᠠᠵᠤ ᠵᠣᠷᠢᠬᠵᠢᠭᠤᠯᠬᠤ ᠶᠢᠨ ᠴᠢᠬᠤᠯᠠ | ᠦᠨᠳᠦᠰᠦᠯᠡᠯ ᠪᠤᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠵᠢᠷᠭᠤᠭ᠎ᠠ᠂ ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠬᠤ ᠳᠤ ᠲᠤᠯᠭᠠᠭᠤᠷᠢᠯᠠᠬᠤ | ᠪᠠᠳᠤᠯᠠᠭ᠎ᠠ ᠶᠢ ᠴᠢᠩᠭᠠᠷᠠᠭᠤᠯᠤᠨ᠎ᠠ | ︵ᠠᠷᠪᠠᠨ ᠳᠣᠯᠤᠭ᠎ᠠ︶ ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠬᠤ | ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠢ ᠦᠷᠨᠢᠬᠦᠯᠦᠨ᠎ᠠ᠃ ᠠᠶᠢᠮᠠᠭ ᠬᠤᠲᠠ᠂ ᠰᠤᠷᠭᠠᠭᠤᠯᠢ᠂ ᠠᠵᠤ | ᠠᠬᠤᠶᠢᠯᠠᠯ ᠢ ᠲᠡᠮᠵᠢᠵᠦ ᠪᠠᠶᠢᠭᠠᠳ ᠤᠯᠤᠰ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠤᠯᠬᠤ ᠪᠠᠷ ᠢᠳᠡᠪᠬᠢᠳᠡᠢ | ᠴᠢᠷᠮᠠᠶᠢᠵᠦ᠂ ᠤᠯᠤᠰ ᠤᠨ ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠤᠨ ᠬᠥᠭᠵᠢᠭᠦᠯᠬᠦ | ᠢᠨᠵᠧᠨᠧᠷᠢᠩ ᠤᠨ ᠲᠥᠷᠥᠯ ᠵᠦᠢᠯ ᠢ ᠭᠤᠶᠤᠴᠢᠯᠠᠨ ᠮᠡᠳᠡᠬᠦᠯᠦᠬᠦᠯᠦᠨᠠ᠃ ᠣᠯᠠᠨ ᠨᠡᠶᠢᠲᠡ ᠶᠢᠨ ᠲᠠᠳᠤᠯᠭ᠎ᠠ ᠬᠢᠵᠦ | ᠪᠤᠯᠪᠠᠰᠤᠷᠠᠭᠤᠯᠬᠤ ᠰᠠᠭᠤᠷᠢᠨ ᠭᠠᠵᠠᠷ᠂ ᠰᠤᠷᠭᠠᠭᠤᠯᠢ ᠶᠢᠨ ᠭᠠᠳᠠᠨᠠᠬᠢ ᠳᠠᠳᠤᠯᠭ᠎ᠠ ᠶᠢᠨ ᠰᠠᠭᠤᠷᠢᠨ ᠭᠠᠵᠠᠷ᠂ ᠤᠷ᠎ᠠ | ᠮᠡᠷᠬᠡᠰᠢᠯᠳᠦ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠵᠡᠷᠭᠡ ᠠᠵᠦ ᠦᠢᠯᠡᠰ ᠬᠢᠬᠡᠳ ᠰᠤᠷᠭᠠᠨ | ᠭᠦᠮᠦᠵᠢᠯ ᠢ ᠠᠭᠤᠰᠤᠯᠴᠠᠭᠤᠯᠬᠤ ᠶᠢᠨ ᠲᠠᠳᠤᠯᠭ᠎ᠠ ᠬᠢᠵᠦ ᠪᠤᠯᠪᠠᠰᠤᠷᠠᠭᠤᠯᠬᠤ ᠲᠠᠪᠴᠠᠩ ᠤᠨ ᠠᠴᠢᠶᠠᠯᠠᠪᠤᠷᠢ ᠶᠢ | ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠠᠵᠦ ᠦᠢᠯᠡᠰ ᠬᠢᠬᠡᠳ ᠰᠤᠷᠭᠠᠨ | ᠭᠦᠮᠦᠵᠢᠯ ᠢ ᠠᠭᠤᠰᠣᠯᠴᠠᠭᠤᠯᠥᠨ ᠬᠥᠭᠵᠢᠭᠦᠯᠬᠦ ᠢᠨᠵᠧᠨᠧᠷᠢᠩ ᠢ ᠬᠡᠷᠡᠭᠵᠢᠬᠦᠯᠦᠨ᠎ᠠ᠃ ᠳᠡᠭᠡᠳᠦ ᠵᠡᠷᠬᠡ ᠶᠢᠨ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠨᠳᠦᠰᠦᠨ ᠪᠦᠳᠦᠭᠡᠨ ᠪᠠᠶᠢᠭᠤᠯᠬᠤ ᠲᠦᠷᠦᠯ ᠵᠦᠢᠯ ᠢ | ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠨᠳᠦᠰᠦᠨ | ᠪᠦᠳᠦᠭᠡᠠ ᠪᠠᠶᠢᠭᠤᠯᠬᠤ ᠲᠦᠷᠦᠯ ᠵᠦᠢᠯ ᠤᠨ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠳᠥᠭᠦᠮᠴᠢᠯᠡᠨ᠎ᠡ᠃ ᠳᠡᠭᠡᠳᠦ | ᠵᠡᠷᠭᠡ ᠶᠢᠨ ᠰᠤᠷᠭᠠᠭᠤᠯᠢ ᠨᠤᠭᠤᠳ ᠤᠨ ᠵᠠᠰᠠᠭ ᠤᠨ ᠣᠷᠳᠣᠨ ᠠᠴᠠ ᠪᠡᠯᠡ ᠮᠦᠩᠬᠦ ᠭᠤᠶᠤᠴᠢᠯᠬᠠᠰᠠᠨ ᠦᠬᠡᠢ᠂ | ᠬᠠᠷᠢᠨ ᠦᠪᠡᠰᠦᠪᠡᠨ ᠪᠡᠯᠡ ᠤᠷᠤᠭᠤᠯᠵᠦ ᠪᠦᠳᠦᠭᠡᠨ ᠪᠠᠶᠢᠭᠤᠯᠤᠨᠨᠰᠠᠨ ᠰᠢᠨᠵᠢᠯᠡᠬᠦ ᠤᠬᠠᠭᠠᠨ ᠤ ᠰᠤᠳᠤᠯᠤᠯ ᠤᠨ | ᠦᠨᠳᠦᠰᠦᠨ ᠪᠦᠳᠦᠭᠡᠨ ᠪᠠᠶᠢᠭᠤᠯᠬᠤ ᠲᠦᠷᠦᠯ ᠵᠦᠢᠯ ᠤᠳ ᠢ ᠳᠡᠭᠡᠳᠦ ᠵᠡᠷᠬᠡ ᠶᠢᠨ ᠰᠤᠷᠭᠠᠭᠤᠯᠢ ᠡᠵᠡ ᠮᠡᠳᠡᠨ | ᠲᠠᠰᠤᠯᠤᠨ ᠪᠤᠳᠤᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠬᠦᠯᠵᠦ ᠪᠦᠷᠢᠳᠬᠡᠨ ᠲᠠᠩᠰᠠᠯᠠᠭᠤᠯᠤᠨ᠎ᠠ᠂ | ᠲᠡᠬᠢᠵᠦ ᠬᠢᠨᠠᠨ ᠵᠥᠪᠰᠢᠶᠡᠷᠡᠭᠦᠯᠬᠦ ᠤᠴᠢᠷ ᠦᠬᠡᠢ᠃ ᠥᠪᠡᠷᠲᠡᠭᠡᠨ ᠵᠠᠰᠠᠬᠤ ᠣᠷᠣᠨ ᠤ ᠠᠵᠦ ᠦᠢᠯᠡᠰ ᠬᠢᠬᠡᠳ | ᠰᠤᠷᠭᠠᠨ ᠭᠦᠮᠦᠵᠢᠯ ᠢ ᠠᠭᠤᠰᠤᠯᠴᠠᠭᠤᠯᠬᠤ ᠪᠠᠶᠢᠭᠤᠯᠤᠯᠲᠠ ᠶᠢᠨ ᠲᠤᠷᠰᠢᠯᠳᠠ ᠶᠢᠨ ᠴᠡᠭ ᠢ ᠵᠣᠬᠢᠶᠠᠨ ᠪᠠᠶᠢᠭᠤᠯᠵᠦ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠪᠦᠯᠦᠭᠯᠡᠯ᠂ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ ᠬᠤᠯᠪᠣᠭ᠎ᠠ᠂ ᠬᠤᠯᠢᠮᠠᠭ ᠥᠮᠴᠢᠯᠡᠯ ᠤᠨ ᠳᠦᠷᠢᠮᠲᠦ | ᠰᠤᠷᠭᠠᠭᠤᠯᠢ ᠡᠷᠬᠢᠯᠡᠬᠦ ᠵᠡᠷᠭᠡ ᠲᠤᠷᠰᠢᠯᠲᠠ ᠶᠢᠨ ᠴᠡᠭ ᠤᠨ ᠠᠵᠢᠯ ᠢ ᠭᠤᠤᠯᠳᠠᠯᠭ᠎ᠠ ᠲᠠᠢ ᠦᠷᠨᠢᠬᠦᠯᠦᠨ᠎ᠠ᠃ | ᠲᠤᠷᠰᠢᠯᠲᠠ ᠶᠢᠨ ᠴᠡᠭ ᠤᠨ ᠡᠭᠦᠷᠭᠡ᠂ ᠰᠢᠯᠢᠨ ᠰᠣᠩᠭᠤᠬᠤ ᠠᠷᠭ᠎ᠠ ᠮᠠᠶ᠋ᠢᠭ᠂ ᠬᠠᠷᠠᠯᠳᠠᠳᠤ ᠱᠠᠭᠠᠷᠳᠠᠯᠭ᠎ᠠ ᠵᠡᠷᠭᠡ | ᠬᠡᠷᠡᠭᠵᠢᠭᠦᠯᠬᠦ ᠠᠷᠭ᠎ᠠ ᠶᠢ ᠤᠯᠠᠮ ᠨᠢᠬᠡ ᠠᠯᠬᠤᠮ ᠰᠤᠳᠤᠯᠤᠨ ᠲᠤᠳᠤᠷᠬᠠᠶᠢᠯᠠᠵᠦ᠂ ᠲᠡᠮᠵᠢᠵᠦ ᠤᠷᠮᠠᠰᠢᠭᠤᠯᠬᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠬᠦᠯᠦᠨ᠂ ᠲᠤᠷᠰᠢᠯᠲᠠ ᠶᠢᠨ ᠴᠡᠭ ᠤᠨ ᠡᠭᠦᠷᠭᠡ ᠶᠢ ᠡᠭᠦᠷᠭᠡᠯᠡᠵᠦ ᠪᠠᠶᠢᠭ᠎ᠠ | ᠬᠠᠷᠢᠭᠤᠴᠠᠯᠭ᠎ᠠ ᠶᠢᠨ ᠭᠤᠣᠯ ᠴᠣᠭᠴᠠ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠦ ᠦᠢᠯᠡᠰ ᠬᠢᠬᠡᠳ | ᠰᠤᠷᠭᠠᠨ ᠭᠦᠮᠦᠵᠢᠯ ᠢ ᠠᠭᠤᠰᠣᠯᠴᠠᠭᠤᠯᠥᠨ ᠬᠥᠭᠵᠢᠭᠦᠯᠬᠦ ᠲᠥᠷᠥᠯ ᠵᠦᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ | ᠭᠤᠣᠯᠳᠠᠯᠭ᠎ᠠ ᠲᠠᠢ ᠳᠡᠮᠵᠢᠯᠭᠡ ᠦᠵᠡᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠷᠠᠯᠴᠠᠨ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠵᠢᠯ ᠤᠨ ᠬᠤᠪᠢᠶᠠᠷᠢᠯᠠᠯ ᠢᠶᠠᠷ | ᠬᠠᠷᠢᠭᠤᠴᠠᠨ᠎ᠠ︶ | ︵ᠠᠷᠪᠠᠨ ᠨᠠᠢᠮᠠ︶ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ | ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠵᠠᠭᠪᠤᠷ ᠢ ᠬᠠᠶᠢᠨ ᠰᠦᠪᠡᠭᠴᠢᠯᠡᠵᠦ᠂ | ᠡᠳ᠋ ᠤᠨ ᠵᠠᠰᠠᠭ ᠤᠨ ᠳᠡᠮᠵᠢᠯᠭᠡ ᠶᠢᠨ ᠠᠷᠭ᠎ᠠ ᠮᠠᠶ᠋ᠢᠭ ᠢ ᠲᠡᠭᠦᠯᠳᠡᠷᠵᠢᠬᠦᠯᠬᠦ ᠪᠠ ᠲᠡᠭᠦᠨ ᠳᠤ ᠰᠢᠨ᠎ᠡ ᠶᠢ ᠡᠭᠦᠳᠴᠦ᠂ | ᠤᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ | ᠣᠷᠳᠣᠨ ᠤ ᠵᠢᠭᠡᠯᠡᠯᠭᠡ ᠶᠢ ᠤᠯᠬᠤ ᠪᠠᠷ ᠢᠳᠡᠪᠬᠢᠳᠡᠢ ᠴᠢᠷᠮᠠᠶᠢᠵᠦ᠂ ᠨᠡᠶᠢᠭᠡᠮ ᠤᠨ ᠬᠥᠷᠥᠩᠭᠡ ᠶᠢ ᠲᠠᠳᠠᠵᠦ ᠪᠠᠶᠢᠭᠠᠳ | ᠠᠵᠦ ᠦᠢᠯᠡᠰ ᠬᠢᠬᠡᠳ ᠰᠤᠷᠭᠠᠨ ᠭᠦᠮᠦᠵᠢᠯ ᠢ ᠠᠭᠤᠰᠤᠯᠴᠠᠭᠤᠯᠬᠤ ᠪᠠ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠳᠤ ᠤᠷᠤᠯᠴᠠᠭᠤᠯᠤᠨ᠎ᠠ᠃ ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ᠬᠤᠲᠠ᠂ ᠲᠣᠭᠤᠷᠢᠭ︶᠂ | ᠮᠠᠯᠵᠢᠬᠤ ᠣᠷᠣᠨ ᠤ ᠰᠤᠷᠤᠭᠴᠢᠳ ᠢ ᠴᠢᠨᠠᠷ ᠰᠠᠶᠢᠲᠠᠶ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠭᠤᠯᠬᠤ ᠶᠢ | ᠢᠳᠡᠪᠬᠢᠳᠡᠢ ᠠᠬᠢᠭᠤᠯᠵᠦ᠂ ᠬᠠᠰᠤᠵᠤ ᠬᠡᠯᠲᠦᠷᠢᠭᠦᠯᠬᠦ ᠪᠠ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠬᠦᠯᠦᠨ᠎ᠠ᠃ ᠠᠵᠢᠯ ᠮᠡᠷᠭᠡᠵᠢᠯ ᠤᠨ ᠰᠤᠷᠭᠠᠭᠤᠯᠢ᠂ ᠬᠡᠷᠡᠭᠯᠡᠭᠡᠨ ᠤ ᠬᠡᠯᠪᠡᠷᠢ ᠶᠢᠨ ᠳᠡᠭᠡᠳᠦ ᠵᠡᠷᠭᠡ ᠶᠢᠨ | ᠰᠤᠷᠭᠠᠭᠤᠯᠢ ᠪᠠ ᠠᠵᠢᠯ ᠲᠥᠷᠥᠯ ᠤᠨ ᠬᠢᠨ ᠤ ᠤᠨᠴᠠᠯᠢᠭ ᠲᠠᠢ ᠲᠥᠷᠥᠯ ᠤᠨ ᠲᠤᠰᠬᠠᠶ ᠮᠡᠷᠭᠡᠵᠢᠯ ᠤᠨ ᠰᠤᠷᠭᠠᠭᠤᠯᠢ | ᠡᠷᠭᠢᠯᠡᠬᠦ ᠣᠨᠴᠠᠯᠢᠭ ᠪᠠ ᠥᠪᠡᠷ ᠤᠨ ᠤᠢᠷᠳᠡᠭ ᠢ ᠢᠯᠡᠷᠡᠭᠦᠯᠦᠭᠰᠡᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠳᠤ ᠵᠣᠭᠤᠰ ᠰᠠᠯᠭᠠᠨ ᠥᠭᠬᠦ ᠲᠣᠭᠲᠠᠴᠠ ᠶᠢ ᠲᠡᠭᠦᠯᠳᠡᠷᠵᠢᠬᠦᠯᠵᠦ᠂ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠤᠷᠤᠭᠴᠢ ᠶᠢᠨ ᠲᠤᠭ᠎ᠠ ᠪᠠᠷ ᠰᠠᠯᠭᠠᠨ ᠥᠭᠬᠦ | ᠵᠣᠭᠤᠰ ᠤᠨ ᠵᠢᠯ ᠤᠨ ᠲᠤᠮᠳᠠᠴᠢ ᠬᠢᠷᠢ ᠬᠡᠮᠵᠢᠶ᠎ᠡ ᠶᠢ 12000 ᠲᠥᠭᠦᠷᠢᠭ ᠪᠠ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠤᠨᠨᠴᠢ ᠪᠦᠷᠢ ᠶᠢᠨ ᠨᠡᠶᠢᠲᠡ ᠳᠤ ᠬᠡᠷᠡᠭᠯᠡᠬᠦ ᠲᠤᠮᠳᠠᠴᠢ ᠵᠠᠷᠤᠳᠠᠯ ᠠᠴᠠ ᠦᠯᠦ | ᠲᠤᠤᠷ᠎ᠠ ᠪᠠᠶᠢᠯᠭᠠᠬᠤ ᠡᠳ᠋ ᠤᠨ ᠵᠠᠰᠠᠭ ᠤᠨ ᠵᠣᠭᠤᠰ ᠰᠠᠯᠭᠠᠨ ᠥᠭᠬᠦ ᠲᠦᠷᠢᠮ ᠢ ᠲᠡᠭᠦᠯᠳᠡᠷᠵᠢᠬᠦᠯᠦᠨ᠎ᠠ᠃ ᠠᠵᠢᠯ | ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ | ᠠᠵᠢᠯᠲᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠵᠦ ᠬᠠᠤᠯᠢ | ᠶᠣᠰᠣᠭᠠᠷ ᠣᠯᠤᠭᠰᠠᠨ ᠱᠠᠩᠨᠠᠯ ᠤᠨ ᠣᠷᠣᠯᠭ᠎ᠠ ᠶᠢ ᠨᠢ ᠠᠮᠵᠢᠯᠲᠠ ᠪᠦᠲᠦᠮᠵᠢ ᠶᠢᠨ ᠴᠠᠯᠢᠩ ᠪᠠ ᠨᠢᠭᠡᠴᠢ ᠶᠢᠨ | ᠴᠠᠯᠢᠩ ᠤᠨ ᠶᠡᠷᠦᠩᠬᠡᠶ ᠰᠠᠭᠤᠷᠢ ᠲᠤᠭ᠎ᠠ ᠳᠤ ᠤᠷᠤᠭᠤᠯᠵᠦ ᠪᠤᠯᠬᠤ ᠦᠭᠡᠢ᠃ ᠡᠯ᠎ᠡ ᠱᠠᠲᠤᠨ ᠤ ᠡᠳ᠋ ᠤᠨ ᠵᠠᠰᠠᠭ᠂ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠨᠢ ᠨᠡᠶᠢᠬᠡᠮ ᠤᠨ ᠭᠦᠴᠦ ᠪᠠᠷ ᠰᠤᠷᠭᠠᠨ ᠭᠦᠮᠦᠵᠢᠯ ᠡᠷᠬᠢᠯᠡᠬᠦ ᠲᠠᠢ | ᠬᠤᠯᠪᠤᠨᠨᠳᠠᠬᠤ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠨᠠᠶᠢᠳᠠᠪᠤᠷᠢᠵᠢᠭᠤᠯᠬᠤ ᠶᠢ ᠠᠵᠦ ᠦᠢᠯᠡᠰ | ᠬᠢᠬᠡᠳ ᠰᠤᠷᠭᠠᠨ ᠭᠦᠮᠦᠵᠢᠯ ᠤᠨ ᠠᠭᠤᠰᠤᠯᠴᠠᠯ ᠢ ᠭᠦᠨᠵᠡᠬᠡᠶᠢᠷᠡᠨ ᠲᠡᠮᠵᠢᠬᠦ ᠶᠢᠨ ᠴᠢᠬᠤᠯᠠ ᠠᠷᠭ᠎ᠠ ᠬᠡᠮᠵᠢᠶ᠎ᠡ | ᠪᠣᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠪᠠ ᠠᠵᠤ ᠠᠬᠤᠶᠢᠯᠠᠯ ᠤᠳ ᠤᠨ | ᠰᠤᠷᠭᠠᠭᠤᠯᠢ ᠡᠷᠭᠢᠯᠡᠬᠦ ᠳᠤ ᠣᠷᠣᠯᠴᠠᠬᠤ ᠶᠢ ᠢᠳᠡᠪᠬᠢᠳᠡᠢ ᠲᠡᠮᠵᠢᠨ᠎ᠠ᠃ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠢ ᠤᠷᠮᠠᠰᠢᠭᠤᠯᠵᠦ ᠪᠠᠶᠢᠭᠠᠳ ᠰᠤᠷᠤᠭᠴᠢᠳ ᠢ | ᠳᠠᠳᠤᠯᠭ᠎ᠠ ᠪᠠᠷ ᠪᠤᠯᠪᠠᠰᠤᠷᠠᠭᠤᠯᠬᠤ ᠪᠠ ᠪᠠᠭᠰᠢ ᠨᠠᠷ ᠠᠵᠤ ᠠᠬᠤᠶᠢᠯᠠᠯ ᠳᠤ ᠭᠦᠷᠴᠤ ᠦᠢᠯᠡᠳᠦᠯᠭᠡ ᠬᠢᠬᠦ ᠶᠢ ᠨᠢ | ᠰᠢᠭᠤᠳ ᠭᠦᠯᠢᠶᠡᠨ ᠠᠪᠤᠭᠤᠯᠬᠤ ᠶᠢ ᠰᠦᠪᠡᠭᠴᠢᠯᠡᠨ᠎ᠠ᠃ ᠰᠤᠷᠤᠨᠨᠴᠢ ᠶᠢᠨ ᠳᠠᠳᠤᠯᠭ᠎ᠠ ᠬᠢᠬᠦ ᠬᠠᠷᠢᠭᠤᠴᠠᠯᠭ᠎ᠠ ᠶᠢᠨ | ᠳᠠᠭᠠᠳᠬᠠᠯ ᠪᠠ ᠪᠡᠶ᠎ᠡ ᠮᠠᠬᠠᠪᠤᠳ ᠤᠨ ᠰᠠᠨᠠᠭᠠᠨ ᠠᠴᠠ ᠭᠠᠳᠠᠭᠤᠷᠬᠢ ᠭᠡᠮᠲᠦᠯ ᠤᠨ ᠳᠠᠭᠠᠳᠬᠠᠯ ᠢ ᠲᠦᠷᠬᠡᠳᠬᠡᠨ | ᠭᠦᠭᠵᠢᠬᠦᠯᠵᠦ᠂ ᠳᠠᠭᠠᠳᠬᠠᠯ ᠤᠨ ᠺᠣᠮᠫᠠᠨᠢ ᠶᠢ ᠵᠣᠷᠢᠬᠵᠢᠭᠤᠯᠵᠤ ᠤᠳᠤ ᠦᠶ᠎ᠡ ᠶᠢᠨ ᠱᠠᠪᠢ ᠲᠠᠭᠠᠭᠤᠯᠬᠤ ᠲᠦᠷᠢᠮ᠂ | ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠳᠠᠭᠠᠭᠤᠯᠬᠤ ᠲᠦᠷᠢᠮ ᠤᠨ ᠳᠠᠭᠠᠳᠬᠠᠯ ᠳᠤ ᠵᠠᠷᠤᠳᠠᠯ | ᠲᠤᠰᠢᠶᠠᠬᠤ ᠨᠤᠷᠮ᠎ᠠ ᠶᠢ ᠲᠤᠰᠬᠠᠶᠢᠯᠠᠨ ᠲᠤᠨᠨᠳᠠᠯᠭᠠᠨᠠ᠃ ᠠᠵᠤ ᠠᠬᠤᠶᠢᠯᠠᠯ ᠢᠶᠠᠷ ᠪᠡᠯᠡ ᠤᠷᠤᠭᠤᠯᠠᠭᠤᠯᠬᠤ ᠪᠤᠶᠤ | ᠵᠠᠰᠠᠭ ᠤᠨ ᠤᠷᠳᠤᠨ ᠲᠠᠢ ᠬᠠᠮᠳᠤᠷᠠᠵᠦ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠭᠤᠯᠢ | ᠪᠠᠶᠢᠭᠤᠯᠬᠤ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠳᠤ | ᠬᠡᠷᠡᠭᠯᠡᠬᠦ ᠭᠠᠵᠠᠷ ᠰᠢᠷᠣᠶ ᠪᠠᠷ ᠬᠠᠮᠢᠶᠠᠷᠤᠨ᠎ᠠ᠂ ︽ᠬᠤᠪᠢᠶᠠᠷᠢᠯᠠᠨ ᠰᠠᠯᠭᠠᠬᠤ ᠳᠤ ᠬᠡᠷᠡᠭᠯᠡᠬᠦ ᠭᠠᠵᠠᠷ ᠰᠢᠷᠤᠢ ᠶᠢᠨ | ᠭᠠᠷᠴᠠᠭ︾ ᠳᠤ ᠨᠡᠶᠢᠴᠡᠪᠡᠯ᠂ ᠬᠤᠪᠢᠶᠠᠷᠢᠯᠠᠨ ᠰᠠᠯᠭᠠᠬᠤ ᠠᠷᠭ᠎ᠠ ᠮᠠᠶ᠋ᠢᠭ ᠢᠶᠠᠷ ᠭᠠᠵᠠᠷ ᠰᠢᠷᠣᠶ ᠬᠠᠨᠭ᠍ᠭᠠᠵᠦ | ᠪᠤᠯᠬᠤ ᠠᠴᠠ ᠭᠠᠳᠠᠨ᠎ᠠ᠂ ᠠᠵᠤ ᠠᠬᠤᠶᠢᠯᠠᠯ ᠤᠨ ᠬᠢᠮᠳᠠ ᠪᠠᠷ ᠬᠤᠳᠠᠯᠳᠤᠬᠤ᠂ ᠤᠷᠲᠦ ᠬᠤᠭᠤᠴᠠᠭ᠎ᠠ ᠪᠠᠷ | ᠲᠦᠷᠢᠶᠡᠰᠦᠯᠡᠬᠦ᠂ ᠤᠷᠢᠳ ᠢᠶᠠᠷ ᠲᠦᠷᠢᠶᠡᠰᠦᠯᠡᠭᠦᠯᠵᠦ ᠳᠠᠷᠠᠭ᠎ᠠ ᠨᠢ ᠬᠢᠮᠳᠠ ᠪᠠᠷ ᠬᠤᠳᠠᠯᠳᠤᠬᠤ ᠠᠷᠭ᠎ᠠ ᠮᠠᠶ᠋ᠢᠭ ᠢᠶᠠᠷ | ᠭᠠᠵᠠᠷ ᠰᠢᠷᠣᠶ ᠤᠯᠬᠤ ᠶᠢ ᠨᠢ ᠵᠤᠷᠢᠨᠨᠵᠢᠭᠤᠯᠵᠦ᠂ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠵᠠᠰᠠᠭ ᠤᠨ | ᠣᠷᠳᠣᠨ ᠢ ᠤᠯᠤᠰ ᠤᠨ ᠦᠮᠴᠢᠯᠡᠯᠳᠦ ᠪᠦᠳᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠪᠠᠷ | ᠦᠨ᠎ᠠ ᠬᠠᠩᠰᠢ ᠲᠤᠨᠨᠳᠠᠭᠠᠵᠦ ᠪᠡᠯᠡ ᠮᠦᠩᠬᠦ ᠭᠠᠷᠭᠠᠯᠭᠠᠬᠤ ᠪᠤᠶᠤ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠭᠠᠵᠠᠷ | ᠰᠢᠷᠣᠶ ᠬᠠᠩᠭᠠᠬᠤ ᠶᠢ ᠨᠢ ᠲᠡᠮᠵᠢᠨ᠂ ᠨᠡᠶᠢᠭᠡᠮ ᠤᠨ ᠬᠥᠷᠥᠩᠭᠡ ᠲᠠᠢ ᠬᠠᠮᠲᠤ ᠪᠠᠷ ᠠᠵᠢᠯ ᠮᠡᠷᠭᠡᠵᠢᠯ ᠤᠨ ᠰᠤᠷᠭᠠᠭᠤᠯᠢ᠂ | ᠳᠡᠭᠡᠳᠦ ᠵᠡᠷᠬᠡ ᠶᠢᠨ ᠰᠤᠷᠭᠠᠭᠤᠯᠢ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠮᠥᠩᠭᠦᠨ ᠭᠦᠢᠯᠬᠡᠬᠡᠨ ᠤ ᠠᠯᠪᠠᠨ ᠬᠡᠷ᠂ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠵᠢᠯ ᠤᠨ ᠬᠤᠪᠢᠶᠠᠷᠢᠯᠠᠯ ᠢᠶᠠᠷ | ᠬᠠᠷᠢᠭᠤᠴᠠᠨ᠎ᠠ︶ | ︵ᠠᠷᠪᠠ ᠶᠢᠰᠦ︶ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ︽ᠬᠥᠬᠡᠬᠤᠲᠠ ᠪᠤᠭᠤᠲᠤ | ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ︾᠂ ︽ᠬᠥᠬᠡᠬᠤᠲᠠ ᠪᠤᠭᠤᠲᠤ ᠢᠷᠭᠠᠢ ᠲᠡᠮᠡᠭᠡᠲᠦ︾ ᠶᠢᠨ ᠠᠵᠤ | ᠠᠬᠤᠶ ᠶᠢᠨ ᠣᠷᠣᠨ᠂ ︽ᠬᠠᠲᠤᠨ ᠭᠤᠣᠯ ᠳᠠᠭᠠᠤ ᠶᠢᠨ ᠠᠵᠤ ᠠᠬᠤᠶ ᠶᠢᠨ ᠪᠦᠰᠡ︾ ᠶᠢᠨ ᠬᠠᠮᠲᠤ ᠳᠤ ᠪᠠᠨ | ᠭᠦᠷᠳᠡᠬᠦ ᠪᠠ ᠨᠦᠯᠦᠬᠡᠯᠡᠬᠦ ᠦᠢᠯᠡᠳᠦᠯ ᠢ ᠪᠠᠳᠠᠷᠠᠭᠤᠯᠵᠦ᠂ ᠣᠷᠣᠨ ᠪᠦᠰᠡ ᠶᠢᠨ ᠬᠤᠭᠤᠷᠣᠨᠳᠣᠬᠢ ᠵᠢᠴᠢ ᠣᠷᠣᠨ | ᠪᠦᠰᠡ ᠬᠢᠬᠡᠳ ᠭᠠᠳᠠᠷ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠶᠢᠨ ᠬᠤᠭᠤᠷᠣᠨᠳᠣᠬᠢ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠦ᠂ ᠣᠷᠣᠨ ᠪᠦᠰᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠳᠤ ᠳᠤ ᠪᠠᠨ ᠭᠦᠷᠳᠡᠵᠦ᠂ ᠳᠡᠭᠡᠳᠦ ᠲᠡᠰ ᠤᠨ | ᠬᠠᠮᠲᠤᠷᠠᠯᠴᠠᠭᠠᠨ ᠤ ᠲᠦᠷᠦᠯ ᠵᠦᠢᠯ ᠢ ᠬᠠᠮᠳᠤ ᠪᠠᠷ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ | ᠮᠡᠷᠭᠡᠵᠢᠯ ᠤᠨ ᠰᠤᠷᠭᠠᠭᠤᠯᠢ ᠨᠤᠭᠤᠳ ᠤᠨ ᠤᠯᠤᠰ ᠤᠨ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ | ᠡᠾᠧᠪᠸᠢ ᠶᠢᠨ ᠵᠤᠬᠢᠴᠠᠯᠳᠤᠨᠨᠰᠠᠨ ᠬᠥᠭᠵᠢᠯᠲᠡ᠂ ︽ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ︾ | ᠤᠨ ᠪᠦᠳᠦᠭᠡᠨ ᠪᠠᠶᠢᠭᠤᠯᠤᠯᠲᠠ ᠪᠠ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠳᠤ ᠤᠷᠤᠯᠴᠠᠬᠤ ᠶᠢ ᠨᠢ | ᠲᠡᠮᠵᠢᠨ᠎ᠠ᠃ ᠳᠡᠭᠡᠳᠦ ᠵᠡᠷᠬᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠭᠠᠳᠠᠭᠠᠳᠤ ᠶᠢᠨ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠴᠢᠨᠠᠷᠯᠢᠭ ᠰᠤᠷᠭᠠᠨ | ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠤᠷᠢᠨᠨᠵᠢᠭᠤᠯᠵᠦ᠂ ᠤᠯᠤᠰ ᠤᠨ ᠪᠠᠶᠢᠳᠠᠯ᠂ ᠤᠷᠤᠨ ᠤ | ᠪᠠᠶᠢᠳᠠᠯ ᠳᠤ ᠨᠡᠶᠢᠴᠡᠭᠰᠡᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠨ ᠠᠵᠢᠯᠯᠠᠬᠤ ᠪᠠ ᠬᠠᠮᠵᠢᠯᠴᠠᠨ ᠰᠢᠨ᠎ᠡ ᠶᠢ | ᠡᠭᠦᠳᠬᠦ ᠵᠠᠭᠪᠤᠷ ᠢ ᠨᠡᠬᠡᠬᠡᠨ ᠭᠦᠭᠵᠢᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ᠲᠤᠯᠤᠭ᠎ᠠ᠂ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ | ︵ᠬᠤᠷᠢ︶ ᠠᠵᠢᠯ ᠢᠶᠠᠨ ᠵᠤᠬᠢᠴᠠᠭᠤᠯᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ᠂ ᠰᠤᠷᠭᠠᠨ ᠭᠦᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠪᠠᠶᠢᠭᠠᠯᠢ ᠶᠢᠨ ᠡᠬᠢ | ᠪᠠᠶᠠᠯᠢᠭ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠵᠡᠷᠭᠡ ᠰᠠᠯᠠᠭ᠎ᠠ ᠮᠥᠴᠢᠷ ᠲᠠᠢ ᠨᠢᠭᠲᠠ | ᠬᠠᠮᠵᠢᠯᠴᠠᠵᠤ᠂ ᠬᠤᠯᠪᠤᠨᠨᠳᠠᠯ ᠪᠦᠭᠦᠢ ᠠᠵᠢᠯ ᠲᠥᠷᠥᠯ ᠤᠨ ᠬᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠤᠯᠤᠰ ᠤᠨ ᠦᠮᠴᠢᠯᠡᠯᠳᠦ ᠡᠳ᠋ | ᠬᠦᠷᠦᠩᠭᠡ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠢᠳᠡᠪᠬᠢᠲᠡᠶ ᠤᠷᠤᠯᠴᠬᠠᠰᠠᠨ ᠠᠵᠢᠯ ᠢᠶᠠᠨ | ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠭᠦᠷᠬᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠰᠠᠶᠢᠳᠤᠷ ᠬᠢᠵᠦ᠂ ᠬᠢᠨᠠᠯᠲᠠ ᠲᠠᠯᠪᠢᠵᠤ | ᠪᠠᠶᠢᠴᠠᠭᠠᠬᠤ ᠪᠠᠨ ᠴᠢᠩᠭᠠᠳᠬᠠᠨ᠂ ᠠᠵᠢᠯ ᠢᠶᠠᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠬᠤᠷᠢᠨ ᠨᠢᠭᠡ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠭᠠᠵᠠᠷ ᠣᠷᠣᠨ᠂ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠨᠢ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠣᠯᠠᠨ | ᠵᠦᠢᠯ ᠤᠨ ᠤᠬᠠᠭᠤᠯᠬᠤ ᠠᠷᠭ᠎ᠠ ᠮᠠᠶ᠋ᠢᠭ ᠢ ᠬᠡᠷᠡᠭᠯᠡᠨ᠂ ᠰᠢᠨ᠎ᠡ ᠶᠢ ᠡᠭᠦᠳᠬᠦ ᠬᠡᠯᠪᠡᠷᠢ ᠶᠢᠨ᠂ ᠮᠡᠷᠬᠡᠵᠢᠯ ᠤᠷ᠎ᠠ | ᠮᠡᠷᠬᠡᠰᠢᠯ ᠲᠠᠢ ᠴᠢᠳᠠᠪᠤᠷᠢᠲᠠᠨ ᠬᠢᠬᠡᠳ ᠥᠨᠳᠥᠷ ᠬᠡᠪ ᠴᠢᠨᠠᠷ ᠲᠠᠢ ᠭᠦᠳᠡᠯᠮᠦᠷᠢᠴᠢᠳ ᠤᠨ ᠲᠡᠷᠢᠭᠦᠨ ᠤ ᠦᠢᠯᠡ | ᠶᠠᠪᠤᠳᠠᠯ ᠢ ᠶᠡᠭᠡ ᠪᠠᠷ ᠤᠬᠠᠭᠤᠯᠵᠦ᠂ ᠭᠦᠳᠡᠯᠮᠦᠷᠢᠯᠡᠬᠦ ᠨᠢ ᠦᠡᠭᠭᠡ ᠭᠡᠷᠡᠯ ᠲᠠᠢ᠂ ᠮᠡᠷᠬᠡᠰᠢᠬᠦ ᠪᠣᠯ ᠡᠷᠬᠢᠮ ᠨᠠᠨᠳᠢᠨ᠂ | ᠪᠦᠳᠦᠬᠡᠬᠦ ᠪᠣᠯ ᠠᠭᠤᠤ ᠶᠡᠭᠡ ᠬᠡᠮᠡᠬᠦ ᠴᠠᠭ ᠦᠶ᠎ᠡ ᠶᠢᠨ ᠬᠡᠪ ᠰᠤᠷᠲᠠᠯ ᠢ ᠰᠤᠷᠳᠠᠯᠴᠢᠯᠠᠨ ᠪᠠᠳᠠᠷᠠᠭᠠᠬᠤ ᠬᠡᠷᠡᠭᠳᠡᠢ᠃ | ᠣᠷᠣᠯᠭ᠎ᠠ ᠶᠢᠨ ᠬᠤᠪᠢᠶᠠᠷᠢᠯᠠᠯᠲᠠ᠂ ᠠᠵᠤ ᠠᠬᠤᠶᠢᠯᠠᠯ ᠤᠨ ᠬᠥᠮᠦᠨ ᠬᠡᠷᠡᠭᠯᠡᠬᠦ ᠲᠦᠷᠢᠮ ᠵᠢᠴᠢ ᠰᠤᠷᠭᠠᠭᠤᠯᠢ ᠶᠢᠨ | ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠤᠯ ᠤᠨ ᠬᠠᠮᠢᠶᠠᠷᠤᠯᠳᠠ ᠵᠡᠷᠬᠡ ᠲᠦᠭᠦᠷ ᠦᠬᠡᠷᠡᠴᠢᠯᠡᠯᠳᠡ ᠶᠢ | ᠭᠦᠨᠵᠡᠬᠡᠶᠢᠷᠡᠬᠦᠯᠵᠦ᠂ ᠠᠵᠦ ᠠᠬᠤᠢ ᠶᠢᠨ ᠭᠦᠭᠵᠢᠯᠳᠡ ᠳᠤ ᠰᠤᠷᠭᠠᠭᠤᠯᠢ ᠶᠢᠨ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ᠂ ᠠᠵᠦ ᠠᠬᠤᠶᠢᠯᠠᠯ ᠤᠨ ︽ᠭᠦᠮᠦᠨ ᠤ ᠲᠠᠯ᠎ᠠ ᠪᠠᠷ ᠪᠡᠯᠡ ᠤᠷᠤᠭᠤᠯᠬᠤ︾ ᠶᠢ ᠴᠢᠬᠤᠯᠠᠴᠢᠯᠠᠬᠤ | ᠨᠡᠶᠢᠳᠡᠮ ᠤᠨ ᠬᠠᠮᠳᠤ ᠶᠢᠨ ᠲᠠᠨᠢᠯᠳᠠ ᠶᠢ ᠭᠦᠳᠦᠯᠦᠨ ᠵᠢᠯᠤᠭᠤᠳᠴᠤ ᠪᠦᠷᠢᠯᠳᠦᠬᠦᠯᠦᠨ᠂ ᠪᠦᠬᠦ ᠨᠡᠶᠢᠭᠡᠮ ᠢᠶᠠᠷ ᠢᠶᠠᠨ | ᠭᠦᠢᠴᠡᠳ ᠤᠶᠢᠯᠠᠭᠠᠨᠨᠰᠠᠨ᠂ ᠢᠳᠡᠪᠬᠢᠲᠡᠶ ᠪᠠᠷ ᠲᠡᠮᠵᠢᠭᠰᠡᠨ᠂ ᠠᠵᠦ ᠦᠢᠯᠡᠰ ᠬᠢᠬᠡᠳ ᠰᠤᠷᠭᠠᠨ ᠭᠦᠮᠦᠵᠢᠯ ᠤᠨ | ᠠᠭᠤᠰᠤᠯᠴᠠᠯ ᠳᠤ ᠰᠠᠨᠠᠭᠠᠴᠢᠯᠠᠭ᠎ᠠ ᠠᠴᠠ ᠪᠠᠨ ᠤᠷᠤᠯᠴᠬᠠᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |