4 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠳᠤᠯᠬᠤ ᠭᠡᠷ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠣᠯᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠭᠤᠤᠯᠯᠠᠨ ᠡᠷᠭᠢᠯᠡᠭᠰᠡᠨ ︽ᠥᠪᠥᠷ ᠮᠣᠩᠭᠤᠯ ᠤᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ︾ ᠰᠤᠳᠤᠯᠤᠨ ᠶᠠᠷᠢᠯᠴᠠᠬᠤ ᠬᠤᠷᠠᠯ ᠬᠦᠬᠡᠬᠤᠲᠠ ᠳᠤ | ᠬᠤᠷᠠᠯᠳᠤᠵᠤ᠂ ᠣᠷᠣᠨ ᠤ ᠳᠣᠲᠣᠷ᠎ᠠ ᠭᠠᠳᠠᠨ᠎ᠠ ᠠᠴᠠ ᠢᠷᠡᠭᠰᠡᠨ ᠠᠮᠢ ᠠᠬᠤᠢ ᠶᠢᠨ ᠤᠬᠠᠭᠠᠨ᠂ ᠨᠤᠲᠤᠭ | ᠪᠡᠯᠴᠢᠭᠡᠷ ᠤᠨ ᠤᠬᠠᠭᠠᠨ᠂ ᠠᠵᠤ ᠠᠬᠤᠢ ᠶᠢᠨ ᠤᠬᠠᠭᠠᠨ ᠵᠡᠷᠭᠡ ᠬᠦᠷᠢᠶᠡᠨ ᠳᠠᠬᠢ ᠨᠠᠷᠠᠲᠤ ᠲᠤᠰᠬᠠᠶ ᠮᠡᠷᠭᠡᠵᠢᠯᠲᠡᠨ | ᠡᠷᠳᠡᠮᠲᠡᠳ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠷᠭ᠎ᠠ ᠵᠠᠮ ᠢ ᠬᠠᠮᠲᠤᠪᠠᠷ | ᠰᠣᠳᠤᠯᠵᠤ᠂ ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠣᠷᠣᠨ ᠪᠦᠰᠡ ᠶᠢᠨ | ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠰᠤᠳᠤᠯᠤᠨ ᠶᠠᠷᠢᠯᠴᠠᠵᠤ᠂ ᠥᠪᠥᠷ ᠮᠣᠩᠭᠤᠯ ᠤᠨ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠣᠶᠤᠨ ᠤᠬᠠᠭᠠᠨ ᠢᠶᠠᠨ ᠨᠡᠮᠡᠷᠢᠯᠡᠪᠡ᠃ | ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ | ᠮᠣᠩᠭᠤᠯ ᠤᠨ ᠶᠡᠭᠡ ᠰᠤᠷᠭᠠᠭᠤᠯᠢ ᠵᠡᠷᠭᠡ 27 ᠨᠢᠭᠡᠴᠢ ᠶᠢᠨ 80 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠣᠨᠣᠯ ᠤᠨ ᠰᠢᠰᠲ᠋ᠧᠮᠵᠢ ᠶᠢᠨ ᠰᠢᠨᠵᠢᠯᠡᠬᠦ ᠤᠬᠠᠭᠠᠨᠴᠢ | ᠰᠠᠭᠤᠷᠢ ᠶᠢ ᠪᠦᠲᠦᠭᠡᠨ ᠪᠠᠶᠢᠭᠤᠯᠬᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠣᠷᠣᠨ ᠪᠦᠰᠡ ᠶᠢᠨ | ᠲᠥᠯᠥᠪᠵᠢᠭᠦᠯᠭᠡ ᠶᠢ ᠲᠣᠭᠲᠠᠭᠠᠬᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢᠨ ᠮᠡᠷᠭᠡᠵᠢᠯ ᠤᠨ ᠰᠢᠰᠲ᠋ᠧᠮᠵᠢ ᠶᠢ ᠰᠤᠳᠤᠯᠤᠨ ᠨᠡᠭᠡᠭᠡᠬᠦ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠵᠠᠭᠪᠤᠷ ᠢ ᠪᠦᠲᠦᠭᠡᠨ ᠪᠠᠶᠢᠭᠤᠯᠬᠤ ᠵᠡᠷᠭᠡ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠳᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠣᠯᠤᠨ ᠰᠢᠨ᠎ᠡ ᠠᠷᠭ᠎ᠠ ᠵᠠᠮ ᠬᠠᠩᠭᠠᠪᠠ᠃ |