ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠣᠶᠢᠯᠠᠭᠠᠭᠰᠠᠨ ᠢᠶᠠᠷ᠂ ᠡᠨᠡ ᠵᠢᠯ ᠤᠨ | ᠲᠠᠪᠤᠨ ᠰᠠᠷ᠎ᠠ ᠶᠢᠨ ᠨᠢᠭᠡᠨ ᠠᠴᠠ ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ | ᠪᠥᠬᠦ ᠣᠷᠣᠨ ᠤ ︽5 · 1︾ ᠤ ᠬᠥᠳᠡᠯᠮᠦᠷᠢ ᠶᠢᠨ ᠱᠠᠩᠨᠠᠯ ᠤᠯᠭᠤᠬᠤ ᠠᠵᠢᠯᠯᠠᠭᠠᠨ ᠥᠷᠨᠢᠭᠦᠯᠬᠦ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠤ ᠠᠬᠤᠢ ᠮᠡᠷᠭᠡᠵᠢᠯ ᠤᠨ | ᠬᠡᠯᠲᠡᠰ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠥᠩᠭᠡᠷᠡᠭᠡᠭᠰᠡᠨ ᠤ ᠬᠢ ᠲᠠᠢ ᠠᠳᠠᠯᠢ ᠦᠭᠡᠢ ᠨᠢ | ᠭᠡᠪᠡᠯ᠂ ᠡᠨᠡ ᠵᠢᠯ ᠤᠨ ᠪᠦᠬᠦ ᠣᠷᠣᠨ ᠤ ︽5 · 1︾ ᠤ ᠬᠥᠳᠡᠯᠮᠦᠷᠢ ᠶᠢᠨ ᠱᠠᠩᠨᠠᠯ ᠳᠤ ᠵᠢᠯ ᠪᠦᠷᠢ ᠶᠢᠨ ᠵᠤᠷᠰᠢᠯ | ᠶᠣᠰᠣᠭᠠᠷ ᠲᠥᠪᠯᠡᠷᠡᠭᠦᠯᠦᠨ ᠰᠣᠩᠭᠤᠵᠣ ᠲᠠᠨᠢᠯᠴᠠᠭᠤᠯᠤᠭᠰᠠᠨ ᠲᠡᠷᠢᠭᠦᠨ ᠤ ᠬᠠᠮᠲᠤ ᠪᠣᠯᠤᠨ ᠬᠤᠪᠢ ᠬᠥᠮᠦᠨ ᠠᠴᠠ | ᠭᠠᠳᠠᠨ᠎ᠠ ᠪᠠᠰᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠷᠢᠭᠦᠨ ᠤ ᠬᠠᠮᠲᠤ ᠪᠣᠯᠤᠨ ᠬᠤᠪᠢ | ᠬᠥᠮᠥᠨ ᠨᠡᠮᠡᠭᠳᠡᠭᠰᠡᠨ ᠪᠠᠶᠢᠨ᠎ᠠ᠃ | ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠲᠠᠪᠤᠨ ᠰᠠᠷ᠎ᠠ ᠶᠢᠨ ᠨᠢᠭᠡᠨ ᠠᠴᠠ ᠡᠮᠦᠨᠡᠬᠡᠨ᠂ ᠥᠪᠡᠷᠲᠡᠭᠡᠨ | ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ 38 ᠨᠢᠭᠡᠴᠢ ᠳᠤ ᠥᠪᠡᠷᠲᠡᠭᠡᠨ ᠵᠠᠰᠠᠬᠤ ᠣᠷᠣᠨ ᠤ | ︽5 · 1︾ ᠤ ᠬᠥᠳᠡᠯᠮᠦᠷᠢ ᠶᠢᠨ ᠱᠠᠩᠨᠠᠯ ᠤᠨ ᠦᠨᠡᠮᠯᠡᠯ ᠣᠯᠭᠤᠵᠤ᠂ 139 ᠬᠤᠪᠢ ᠬᠥᠮᠦᠨ ᠳᠤ ᠥᠪᠡᠷᠲᠡᠭᠡᠨ | ᠵᠠᠰᠠᠬᠤ ᠣᠷᠣᠨ ᠤ ︽5 · 1︾ ᠤ ᠬᠥᠳᠡᠯᠮᠦᠷᠢ ᠶᠢᠨ ᠱᠠᠩᠨᠠᠯ ᠤᠨ ᠮᠧᠲᠠᠯ ᠣᠯᠭᠤᠵᠤ᠂ 139 ᠦᠶᠯᠡᠳᠪᠦᠷᠢ ᠶᠢᠨ | ᠲᠠᠰᠤᠭ᠂ ᠦᠢᠯᠡᠳᠪᠦᠷᠢᠯᠡᠯ ᠤᠨ ᠬᠡᠰᠡᠭ᠂ ᠡᠭᠡᠯᠵᠢ ᠳᠤᠭᠤᠶᠢᠯᠠᠩ ᠳᠤ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ | ᠬᠤᠰᠢᠭᠤᠴᠢ ᠴᠤᠯᠠ ᠣᠯᠭᠤᠨ᠎ᠠ᠃ ᠡᠭᠦᠨ ᠠᠴᠠ ᠭᠠᠳᠠᠨ᠎ᠠ᠂ ᠶᠠᠳᠠᠭᠤ ᠶᠢ ᠲᠡᠳᠭᠦᠭᠦ ᠰᠢᠪᠲᠤᠯᠤᠯᠲᠠ ᠶᠢᠨ 14 | ᠲᠡᠷᠢᠭᠦᠨ ᠤ ᠬᠠᠮᠲᠤ ᠨᠡᠶᠢᠲᠡ ᠳᠤ ᠥᠪᠡᠷᠲᠡᠭᠡᠨ ᠵᠠᠰᠠᠬᠤ ᠣᠷᠣᠨ ᠤ ︽5 · 1︾ ᠤ ᠬᠥᠳᠡᠯᠮᠦᠷᠢ ᠶᠢᠨ ᠱᠠᠩᠨᠠᠯ ᠤᠨ | ᠦᠨᠡᠮᠯᠡᠯ ᠣᠯᠭᠤᠵᠤ᠂ ᠶᠠᠳᠠᠭᠤ ᠶᠢ ᠲᠡᠳᠭᠦᠭᠦ ᠰᠢᠪᠲᠤᠯᠤᠯᠲᠠ ᠶᠢᠨ 30 ᠲᠡᠷᠢᠭᠦᠨ ᠤ ᠬᠤᠪᠢ ᠬᠥᠮᠦᠨ ᠳᠤ | ᠥᠪᠡᠷᠲᠡᠭᠡᠨ ᠵᠠᠰᠠᠬᠤ ᠣᠷᠣᠨ ᠤ ︽5 · 1︾ ᠤ ᠬᠥᠳᠡᠯᠮᠦᠷᠢ ᠶᠢᠨ ᠱᠠᠩᠨᠠᠯ ᠤᠨ ᠮᠧᠲᠠᠯ ᠣᠯᠭᠤᠨ᠎ᠠ᠃ ︽2 · | 23︾ ᠤ ᠠᠳᠡᠯ ᠢ ᠠᠪᠤᠷᠠᠨ ᠵᠠᠰᠠᠬᠤ ᠠᠵᠢᠯ ᠳᠠᠬᠢ 2 ᠡᠮᠴᠢᠯᠡᠭᠡᠨ ᠤ ᠠᠵᠢᠯ ᠤᠨ ᠲᠡᠷᠢᠭᠦᠨ ᠤ ᠬᠠᠮᠲᠤ ᠨᠡᠶᠢᠲᠡ ᠳᠤ | ᠥᠪᠡᠷᠲᠡᠭᠡᠨ ᠵᠠᠰᠠᠬᠤ ᠣᠷᠣᠨ ᠤ ︽5 · 1︾ ᠤ ᠬᠥᠳᠡᠯᠮᠦᠷᠢ ᠶᠢᠨ ᠱᠠᠩᠨᠠᠯ ᠤᠨ ᠦᠨᠡᠮᠯᠡᠯ ᠣᠯᠭᠤᠵᠤ᠂ 5 | ᠡᠮᠴᠢᠯᠡᠭᠡᠨ ᠤ ᠠᠵᠢᠯ ᠤᠨ ᠲᠡᠷᠢᠭᠦᠨ ᠤ ᠬᠤᠪᠢ ᠬᠥᠮᠦᠨ ᠳᠤ ᠥᠪᠡᠷᠲᠡᠭᠡᠨ ᠵᠠᠰᠠᠬᠤ ᠣᠷᠣᠨ ᠤ ︽5 · 1︾ ᠤ | ᠬᠥᠳᠡᠯᠮᠦᠷᠢ ᠶᠢᠨ ᠱᠠᠩᠨᠠᠯ ᠤᠨ ᠮᠧᠲᠠᠯ ᠣᠯᠭᠤᠵᠤ᠂ 1 ᠬᠠᠮᠲᠤ ᠨᠡᠶᠢᠲᠡ ᠳᠤ ᠥᠪᠡᠷᠲᠡᠭᠡᠨ ᠵᠠᠰᠠᠬᠤ ᠣᠷᠣᠨ ᠤ | ᠠᠵᠢᠯᠴᠢᠨ ᠤ ᠬᠤᠰᠢᠭᠤᠴᠢ ᠴᠤᠯᠠ ᠣᠯᠭᠤᠨ᠎ᠠ᠃ | ᠡᠭᠦᠨ ᠠᠴᠠ ᠭᠠᠳᠠᠨ᠎ᠠ᠂ ᠮᠠᠨ ᠤ ᠣᠷᠣᠨ ᠪᠠᠰᠠ ᠭᠤᠷᠪᠠᠨ ᠨᠢᠭᠡᠴᠢ ᠶᠢ ᠳᠤᠮᠳᠠᠳᠤ ᠶᠢᠨ ᠪᠥᠬᠦ ᠤᠯᠤᠰ ᠤᠨ | ᠠᠵᠢᠯᠴᠢᠨ ᠤ ᠶᠡᠷᠦᠩᠬᠡᠶ ᠡᠪᠯᠡᠯ ᠳᠤ ᠰᠤᠩᠭᠤᠨ ᠲᠠᠨᠢᠯᠴᠠᠭᠤᠯᠵᠤ᠂ ᠪᠥᠬᠦ ᠤᠯᠤᠰ ᠤᠨ ︽5 · 1︾ ᠤ | ᠬᠥᠳᠡᠯᠮᠦᠷᠢ ᠶᠢᠨ ᠱᠠᠩᠨᠠᠯ ᠤᠨ ᠦᠨᠡᠮᠯᠡᠯ ᠢ ᠭᠤᠶᠤᠴᠢᠯᠠᠨ ᠮᠡᠳᠡᠭᠦᠯᠵᠦ᠂ 18 ᠬᠤᠪᠢ ᠬᠥᠮᠥᠨ ᠢ ᠪᠥᠬᠦ ᠤᠯᠤᠰ ᠤᠨ | ︽5 · 1︾ ᠤ ᠬᠥᠳᠡᠯᠮᠦᠷᠢ ᠶᠢᠨ ᠱᠠᠩᠨᠠᠯ ᠤᠨ ᠮᠧᠲᠠᠯ ᠭᠤᠶᠤᠴᠢᠯᠠᠨ ᠮᠡᠳᠡᠭᠦᠯᠵᠦ᠂ 24 ᠬᠠᠮᠲᠤ ᠨᠡᠶᠢᠲᠡ ᠶᠢ ᠪᠥᠬᠦ | ᠤᠯᠤᠰ ᠤᠨ ᠠᠵᠢᠯᠴᠢᠨ ᠤ ᠬᠤᠰᠢᠭᠤᠴᠢ ᠴᠤᠯᠠ ᠳᠤ ᠭᠤᠶᠤᠴᠢᠯᠠᠨ ᠮᠡᠳᠡᠭᠦᠯᠬᠦ ᠪᠤᠯᠤᠨ᠎ᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠨᠢ ᠪᠠᠰᠠ ︽5 · | 1︾ ᠤ ᠣᠯᠠᠨ ᠤᠯᠤᠰ ᠤᠨ ᠬᠥᠳᠡᠯᠮᠦᠷᠢᠴᠢᠳ ᠤᠨ ᠪᠠᠶᠠᠷ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ | ︽5 · 1︾ ᠤ ᠣᠯᠠᠨ ᠤᠯᠤᠰ ᠤᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠬᠢᠭᠡᠳ ᠥᠪᠡᠷᠲᠡᠭᠡᠨ ᠵᠠᠰᠠᠬᠤ | ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 70 ᠵᠢᠯ ᠤᠨ ᠣᠢ ᠶᠢ ᠳᠤᠷᠠᠰᠬᠠᠬᠤ ᠶᠡᠭᠡ ᠬᠤᠷᠠᠯ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠠᠶᠢᠭᠤᠯᠤᠭᠳᠠᠭᠰᠠᠨ 70 | ᠵᠢᠯ ᠤᠨ ᠣᠢ ᠶᠢ ᠳᠤᠷᠠᠰᠬᠠᠬᠤ ᠰᠠᠭᠤᠳᠠᠯ ᠤᠨ ᠬᠤᠷᠠᠯ᠂ ︽ᠳᠤᠮᠳᠠᠳᠤ ᠶᠢᠨ ᠵᠡᠭᠦᠳᠦ · ᠬᠥᠳᠡᠯᠮᠦᠷᠢ ᠰᠠᠶᠢᠬᠠᠨ︾ | 2019 ᠣᠨ ᠤ ᠪᠥᠬᠦ ᠣᠷᠣᠨ ᠤ ᠠᠵᠢᠯᠲᠠᠨ ᠠᠵᠢᠯᠴᠢᠨ ᠤ ᠬᠥᠳᠡᠯᠮᠦᠷᠢ ᠪᠠ ᠮᠡᠷᠭᠡᠵᠢᠯ ᠴᠢᠳᠠᠪᠤᠷᠢ ᠶᠢᠨ | ᠤᠷᠤᠯᠳᠤᠭᠠᠨ ᠬᠢᠭᠡᠳ ᠬᠤᠷᠢᠨᠭᠡᠷ ᠰᠢᠨ᠎ᠡ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠶᠯ ᠳᠠᠬᠢ | ᠬᠥᠳᠡᠯᠮᠦᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ᠂ 2019 ᠣᠨ ᠤ ᠪᠡᠭᠡᠵᠢᠩ ᠲᠢᠶᠠᠨᠵᠢᠨ ᠾᠧᠪᠧᠢ | ᠮᠣᠩᠭᠤᠯ ᠤᠨ ᠠᠵᠢᠯᠴᠢᠨ ᠤ ᠡᠪᠯᠡᠯ ᠤᠨ ᠣᠷᠣᠨ ᠪᠦᠰᠡ ᠠᠯᠤᠰᠯᠠᠨ ᠠᠵᠢᠯ ᠣᠯᠵᠤ ᠦᠶᠯᠡᠰ ᠴᠣᠭᠴᠠᠯᠠᠬᠤ ᠶᠢ | ᠠᠬᠢᠭᠤᠯᠬᠤ ᠰᠢᠷᠢᠰ ᠠᠵᠢᠯᠯᠠᠭ᠎ᠠ ᠵᠡᠷᠭᠡ ᠶᠢ ᠦᠷᠨᠢᠭᠦᠯᠬᠦ ᠪᠣᠯᠤᠨ᠎ᠠ᠃ |