ᠯᠢ ᠵᠢᠢ ᠾᠧᠩ ᠪᠦ᠋ ᠰᠢᠶᠣᠤ ᠯᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ︽5·1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠵᠢᠴᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 70 ᠵᠢᠯ ᠤᠨ ᠣᠢ ᠶᠢ ᠳᠤᠷᠠᠰᠬᠠᠬᠤ ᠶᠡᠭᠡ ᠬᠤᠷᠠᠯ ᠳᠤ ᠣᠷᠤᠯᠴᠠᠬᠤ ᠱᠠᠩᠨᠠᠯ ᠬᠦᠷᠲᠡᠭᠰᠡᠨ ᠲᠥᠯᠥᠭᠡᠯᠡᠭᠴᠢᠳ ᠲᠠᠢ ᠠᠭᠤᠯᠵᠠᠪᠠ
ᠨᠡᠶᠢᠲᠡᠯᠡᠭᠰᠡᠨ ᠴᠠᠭ᠄
2019/4/28
     4 ᠳ᠋ᠦ᠋ᠭᠡᠷ ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠵᠡᠷᠭᠡ ᠤᠳᠤᠷᠢᠳᠬᠤ ᠨᠥᠬᠦᠳ ︽5·1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠵᠢᠴᠢ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 70 ᠵᠢᠯ ᠤᠨ ᠣᠢ ᠶᠢ ᠳᠤᠷᠠᠰᠬᠠᠬᠤ ᠶᠡᠭᠡ ᠬᠤᠷᠠᠯ ᠳᠤ ᠣᠷᠣᠯᠴᠠᠭᠰᠠᠨ ᠱᠠᠩᠨᠠᠯ ᠬᠦᠷᠲᠡᠭᠰᠡᠨ ᠲᠥᠯᠥᠭᠡᠯᠡᠭᠴᠢᠳ ᠲᠠᠢ ᠠᠭᠤᠯᠵᠠᠪᠠ᠃ ᠯᠢ ᠵᠢᠢ ᠾᠧᠩ ᠴᠢᠬᠤᠯᠠᠴᠢᠯᠠᠬᠰᠠᠨ ᠨᠢ ᠣᠷᠣᠨ ᠳᠠᠶᠠᠭᠠᠷ ᠲᠤ ᠬᠥᠳᠡᠯᠮᠦᠷᠢ ᠢᠷᠠᠭᠤ ᠠᠯᠳᠠᠷ ᠲᠠᠢ ᠪᠠᠶᠢᠬᠤ ᠴᠠᠭ ᠦᠶ᠎ᠡ ᠶᠢᠨ ᠰᠢᠨ᠎ᠡ ᠰᠤᠷᠲᠠᠯ ᠢ ᠶᠡᠭᠡ ᠪᠠᠷ ᠪᠠᠳᠠᠷᠠᠭᠤᠯᠵᠤ᠂ ᠲᠡᠷᠢᠭᠦᠨ ᠤ ᠵᠢᠱᠢᠶᠡᠴᠢ ᠶᠢ ᠭᠠᠵᠠᠷ ᠪᠣᠯᠭᠠᠨ ᠳᠤ ᠳᠡᠯᠭᠡᠷᠡᠭᠦᠯᠬᠦ᠂ ᠬᠥᠮᠥᠨ ᠪᠦᠬᠦᠨ ᠳᠤ ᠲᠠᠭᠠᠰᠢᠶᠠᠭᠳᠠᠬᠤ ︽ᠬᠠᠮᠤᠭ ᠰᠠᠶᠢᠬᠠᠨ︾ ᠦᠵᠡᠮᠵᠢ ᠪᠣᠯᠭᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠬᠤ᠂ ᠠᠵᠢᠯᠴᠢ ᠬᠢᠴᠢᠶᠡᠩᠭᠦᠢ ᠪᠠᠷ ᠪᠤᠰᠤᠳ ᠤᠨ ᠲᠥᠯᠥᠭᠡ ᠵᠢᠳᠬᠦᠬᠦ᠂ ᠠᠵᠢᠯᠴᠢ ᠬᠥᠳᠡᠯᠮᠦᠷᠢᠴᠢ ᠪᠠᠷ ᠢᠶᠠᠨ ᠪᠠᠶᠠᠵᠢᠨ ᠴᠢᠨᠡᠭᠡᠯᠢᠭᠵᠢᠬᠦ ᠶᠢ ᠨᠡᠶᠢᠭᠡᠮ ᠳᠠᠶᠠᠭᠠᠷ ᠲᠤ ᠬᠡᠪ ᠵᠠᠩᠰᠢᠯ ᠪᠣᠯᠭᠠᠬᠤ ᠬᠡᠷᠡᠭᠲᠡᠢ ᠬᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠎ ᠶᠢᠨ ᠬᠤᠷᠢᠶᠠᠨ ᠤ ᠱᠦᠵᠢ ᠯᠢᠨ ᠱᠣᠣ ᠴᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠡᠦ ᠲᠤᠸᠠᠨ ᠶᠢᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠣ ᠴᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬᠤ᠋ ᠠᠭᠤᠯᠵᠠᠯᠲᠠ ᠳᠤ ᠣᠷᠣᠯᠴᠠᠪᠠ᠃      ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠯᠢ ᠵᠢᠢ ᠾᠧᠩ᠂ ᠪᠦ᠋ ᠰᠢᠶᠣᠤ ᠯᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠱᠠᠩᠨᠠᠯ ᠬᠦᠷᠲᠡᠭᠰᠡᠨ ᠲᠥᠯᠥᠭᠡᠯᠡᠭᠴᠢᠳ ᠲᠠᠢ ᠳᠣᠲᠣᠨᠣᠰᠤᠭ ᠢᠶᠠᠷ ᠭᠠᠷ ᠠᠳᠬᠤᠵᠥ ᠶᠠᠷᠢᠯᠴᠠᠭᠰᠠᠨ ᠪᠥᠭᠡᠳ ᠪᠦᠬᠦ ᠤᠯᠤᠰ᠂ ᠪᠦᠬᠦ ᠣᠷᠣᠨ ᠤ ︽5·1︾᠎ ᠤ ᠬᠥᠳᠡᠯᠮᠦᠷᠢ ᠶᠢᠨ ᠮᠧᠳᠠᠯ᠂ ᠠᠵᠢᠯᠴᠢᠨ ᠤ ᠬᠤᠰᠢᠭᠤᠴᠢ ᠶᠢᠨ ᠴᠤᠯᠠ ᠬᠦᠷᠳᠡᠭᠰᠡᠨ ᠲᠡᠷᠢᠭᠦᠨ ᠤ ᠵᠢᠱᠢᠶᠡᠴᠢ ᠵᠢᠴᠢ ᠪᠦᠬᠦ ᠣᠷᠣᠨ ᠤ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠤ ᠬᠦᠷᠭᠡᠵᠦ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ ᠯᠢ ᠵᠢᠢ ᠾᠧᠩ ᠭᠡᠯᠡᠭᠰᠡᠨ ᠨᠢ ᠬᠥᠳᠡᠯᠮᠦᠷᠢ ᠬᠠᠮᠤᠭ ᠤᠨ ᠥᠩᠭᠡ ᠭᠡᠷᠡᠯᠲᠡᠢ᠂ ᠬᠥᠳᠡᠯᠮᠦᠷᠢ ᠬᠠᠮᠤᠭ ᠎ ᠤᠨ ᠡᠷᠬᠢᠮ ᠳᠡᠭᠡᠳᠤ᠂ ᠬᠥᠳᠡᠯᠮᠦᠷᠢ ᠬᠠᠮᠤᠭ ᠤᠨ ᠠᠭᠤᠤ ᠶᠡᠭᠡ᠂ ᠬᠥᠳᠡᠯᠮᠦᠷᠢ ᠬᠠᠮᠤᠭ ᠤᠨ ᠦᠵᠡᠰᠬᠦᠯᠡᠩ ᠰᠠᠶᠢᠬᠠᠨ ᠶᠤᠮ᠂ ᠪᠢᠳᠡ ᠬᠥᠳᠡᠯᠮᠦᠷᠢᠴᠢᠳ ᠤᠨ ᠠᠰᠢᠭ ᠲᠤᠰᠠ ᠶᠢ ᠬᠠᠮᠠᠭᠠᠯᠠᠨ ᠬᠥᠭᠵᠢᠭᠦᠯᠵᠦ᠂ ᠬᠥᠳᠡᠯᠮᠦᠷᠢᠴᠢᠳ ᠤᠨ ᠡᠷᠬᠡ ᠠᠠᠰᠢᠬ ᠢ ᠪᠠᠲᠤᠯᠠᠵᠤ᠂ ᠥᠷᠭᠡᠨ ᠤᠯᠠᠨ ᠬᠥᠳᠡᠯᠮᠦᠷᠢᠴᠢᠳ ᠤᠨ ᠬᠥᠳᠡᠯᠮᠦᠷᠢ ᠶᠢᠨ ᠬᠠᠯᠠᠭᠤᠨ ᠰᠡᠳᠬᠢᠯᠭᠡ ᠶᠢ ᠬᠠᠮᠤᠭ ᠤᠨ ᠶᠡᠭᠡ ᠪᠠᠷ ᠬᠥᠭᠵᠢᠭᠡᠵᠤ᠂ ᠡᠭᠦᠳᠦᠨ ᠪᠦᠲᠦᠭᠡᠬᠦ ᠳᠠᠯᠳᠠ ᠬᠦᠴᠦᠨ ᠢ ᠪᠠᠳᠠᠷᠠᠭᠤᠯᠵᠤ᠂ ᠬᠥᠳᠡᠯᠮᠦᠷᠢᠴᠢᠳ ᠎ ᠤᠨ ᠨᠡᠷ᠎ᠡ ᠲᠥᠷᠥ ᠲᠠᠢ ᠬᠥᠳᠡᠯᠮᠦᠷᠢᠯᠡᠬᠦ᠂ ᠪᠦᠬᠦ ᠲᠠᠯ᠎ᠠ ᠪᠠᠷ ᠬᠥᠭᠵᠢᠭᠦ ᠶᠢ ᠪᠡᠶᠡᠯᠡᠬᠦᠯᠬᠦ ᠪᠠᠷ ᠴᠢᠷᠮᠠᠶᠢᠬᠤ ᠬᠡᠷᠡᠭᠲᠡᠢ ᠬᠡᠪᠡ᠃ ᠲᠡᠷᠡ ᠵᠢᠭᠠᠵᠤ ᠭᠠᠷᠭᠠᠭᠰᠠᠨ ᠨᠢ ᠲᠡᠷᠢᠭᠦᠨ ᠤ ᠨᠡᠶᠢᠲᠡᠯᠢᠭ ᠵᠢᠱᠢᠶ᠎ᠡ ᠪᠣᠯ ᠢᠯᠠ ᠬᠠᠷᠠᠬᠳᠠᠬᠤ ᠢᠳᠡᠪᠬᠢ ᠬᠦᠴᠦᠨ᠂ ᠠᠮᠢᠳᠤ ᠰᠣᠷᠭᠤᠭ ᠥᠷᠲᠡᠭ ᠤᠨ ᠦᠵᠡᠯᠲᠡ ᠮᠥᠨ᠂ ᠲᠡᠷᠢᠭᠦᠨ ᠤ ᠵᠢᠱᠢᠶᠡᠴᠢ ᠶᠢᠨ ᠨᠡᠶᠢᠲᠡᠯᠢᠭ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠨᠡᠶᠢᠭᠡᠮ ᠳᠠᠶᠠᠭᠠᠷ ᠢᠶᠠᠨ ᠬᠥᠳᠡᠯᠮᠦᠷᠢ ᠳᠤ ᠳᠤᠷᠠᠲᠠᠶ᠂ ᠬᠥᠳᠡᠯᠮᠦᠷᠢ ᠳᠤ ᠣᠷᠣᠯᠴᠠᠬᠤ᠂ ᠠᠵᠢᠯ ᠦᠢᠯᠡᠰ ᠢᠶᠠᠨ ᠳᠡᠭᠡᠳᠦᠯᠡᠬᠦ ᠶᠢ ᠠᠬᠢᠭᠤᠯᠬᠤ ᠬᠡᠷᠡᠭᠲᠡᠶ᠃ ᠡᠯ᠎ᠡ ᠹᠷᠣᠨᠲ ᠤᠨ ᠥᠷᠭᠡᠨ ᠤᠯᠠᠨ ᠠᠵᠢᠯᠲᠠᠨ ᠠᠵᠢᠯᠴᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠵᠤ᠂ ᠬᠥᠳᠡᠯᠮᠦᠷᠢ ᠶᠢᠨ ᠬᠡᠪ ᠴᠢᠨᠠᠷ ᠪᠠ ᠰᠢᠨ᠎ᠡ ᠶᠢ ᠡᠭᠦᠳᠬᠦ ᠤᠷ᠎ᠠ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠡᠰᠪᠦᠷᠢ ᠬᠠᠲᠠᠭᠤᠵᠢᠯᠲᠠᠢ ᠠᠵᠢᠯᠯᠠᠵᠥ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ ᠲᠡᠷᠢᠭᠦᠨ ᠤ ᠬᠢ ᠶᠢ ᠴᠢᠷᠮᠠᠶᠢᠨ ᠡᠭᠦᠳᠴᠦ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠣᠶᠣᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠪᠡ᠃      ᠯᠢ ᠵᠢᠢ ᠾᠧᠩ ᠴᠢᠬᠤᠯᠠᠴᠢᠯᠠᠬᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠠᠵᠢᠯᠴᠢᠨ ᠠᠩᠭᠢ ᠪᠣᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠲᠥᠷᠥ ᠎ ᠶᠢᠨ ᠪᠣᠳᠣᠯᠭ᠎ᠠ ᠲᠣᠭᠲᠠᠭᠠᠬᠤ᠂ ᠠᠵᠢᠯ ᠢᠶᠠᠨ ᠠᠬᠢᠭᠤᠯᠬᠤ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠬᠥᠳᠡᠯᠮᠦᠷᠢᠴᠢᠳ ᠲᠤ ᠠᠰᠢᠭ ᠲᠤᠰᠠ ᠬᠦᠷᠲᠡᠭᠡᠵᠥ ᠪᠤᠶᠠᠨ ᠦᠢᠯᠡᠳᠬᠦ ᠡᠯ᠎ᠡ ᠲᠠᠯ᠎ᠠ ᠳᠤ ᠢᠯᠡᠷᠡᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠠᠵᠢᠯᠲᠠᠨ ᠠᠵᠢᠯᠴᠢᠨ ᠤᠯᠠᠨ ᠲᠦᠮᠡᠨ ᠢ ᠬᠥᠲᠥᠯᠥᠨ ᠳᠠᠭᠠᠭᠤᠯᠵᠤ ᠴᠠᠭ ᠦᠶ᠎ᠡ ᠶᠢᠨ ᠬᠦᠰᠡᠯ ᠵᠡᠭᠦᠳᠦ ᠪᠠᠨ ᠳᠡᠷᠬᠡᠯᠰᠢᠬᠦᠯᠦᠭᠴᠢ ᠪᠣᠯᠭᠠᠬᠤ ᠬᠡᠷᠡᠭᠲᠡᠢ᠃ ᠡᠯ᠎ᠡ ᠱᠠᠲᠤᠨ ᠤ ᠠᠵᠢᠯᠴᠢᠨ ᠤ ᠡᠪᠯᠡᠯ ᠎ ᠤᠨ ᠵᠣᠬᠢᠶᠠᠨ ᠪᠠᠶᠢᠭᠤᠯᠤᠯᠲᠠ ᠡᠭᠦᠷᠭᠡ ᠲᠤᠰᠢᠶᠠᠯ ᠢᠶᠠᠨ ᠨᠠᠩ ᠰᠠᠶᠢᠲᠤᠷ ᠭᠦᠢᠴᠡᠳᠬᠡᠵᠦ᠂ ᠠᠵᠢᠯᠲᠠᠨ ᠠᠵᠢᠯᠴᠢᠨ ᠲᠦᠮᠡᠨ ᠳᠤ ᠦᠨᠡᠨᠴᠢ ᠪᠠᠷ ᠦᠢᠯᠡᠴᠢᠯᠡᠵᠦ᠂ ᠲᠡᠳᠡᠨ ᠳᠤ ᠠᠵᠢᠯᠴᠢᠨ ᠤ ᠡᠪᠯᠡᠯ ᠪᠣᠯ ︽ᠠᠵᠢᠯᠲᠠᠨ ᠠᠵᠢᠯᠴᠢᠨ ᠤ ᠭᠡᠷ ᠪᠦᠯᠢ︾ ᠮᠥᠨ᠂ ᠠᠵᠢᠯᠴᠢᠨ ᠤ ᠡᠪᠯᠡᠯ ᠤᠨ ᠺᠠᠳ᠋ᠷ ᠪᠣᠯ ᠬᠠᠮᠤᠭ ᠤᠨ ᠢᠲᠡᠭᠡᠵᠤ ᠪᠤᠯᠤᠮᠠᠷ ︽ᠳᠦᠷᠬᠦᠮ ᠤᠨ ᠬᠥᠮᠥᠨ︾ ᠮᠥᠨ ᠭᠡᠳᠡᠭ ᠢ ᠦᠨᠡᠨ ᠬᠦ ᠮᠡᠳᠡᠷᠡᠭᠦᠯᠬᠦ ᠬᠡᠷᠡᠭᠲᠡᠶ ᠬᠡᠪᠡ᠃      ᠠᠭᠤᠯᠵᠠᠯᠲᠠ ᠳᠠᠭᠤᠰᠬᠤ ᠦᠶᠡᠰ᠂ ᠯᠢ ᠵᠢᠢ ᠾᠧᠩ᠂ ᠪᠦ᠋ ᠰᠢᠶᠣᠤ ᠯᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠲᠥᠯᠥᠭᠡᠯᠡᠭᠴᠢᠳ ᠲᠠᠢ ᠬᠠᠮᠲᠤ ᠬᠡᠷᠡᠯ ᠵᠢᠷᠤᠬ ᠲᠠᠲᠠᠭᠤᠯᠵᠤ ᠳᠤᠷᠠᠰᠬᠠᠯ ᠥᠯᠡᠳᠡᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号