ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠥᠷᠥᠭᠦᠴᠥᠳ ᠤᠨ ᠶᠠᠷᠢᠯᠴᠠᠭᠠᠨ ᠤ ᠲᠠᠪᠴᠠᠩ ᠤᠨ ᠠᠷᠠᠳ ᠤᠨ ᠰᠡᠳᠬᠢᠯ ᠤᠨ ᠨᠡᠪᠳᠡᠷᠡᠯᠴᠡᠭᠡ ᠪᠠ ᠤᠷᠤᠨ ᠨᠤᠳᠤᠭ ᠤᠨ ᠬᠠᠮᠳᠤᠷᠠᠯᠴᠠᠭᠠᠨ ᠤ ᠬᠤᠪᠢᠶᠠᠷᠢ ᠶᠠᠷᠢᠶᠠᠨ ᠤ ᠲᠠᠪᠴᠠᠩ ᠪᠡᠭᠡᠵᠢᠩ ᠳᠤ ᠡᠬᠢᠯᠡᠪᠡ  ᠮᠠ ᠰᠢᠤᠸᠠᠢ ᠵᠢᠶᠦ᠋ᠨ ᠤᠷᠤᠯᠴᠠᠬᠰᠡᠨ ᠪᠦᠭᠡᠳ ᠤᠷᠤᠨ ᠨᠤᠳᠤᠭ ᠤᠨ ᠬᠠᠮᠳᠤᠷᠠᠯᠴᠠᠭᠠᠨ ᠤ ᠬᠤᠪᠢᠶᠠᠷᠢ ᠶᠠᠷᠢᠶᠠᠨ ᠤ ᠲᠠᠪᠴᠠᠩ ᠲᠡᠭᠡᠷ᠎ᠡ ᠭᠤᠤᠯ ᠵᠤᠷᠢᠯᠳᠠᠳᠤ ᠶᠠᠷᠢᠶ᠎ᠡ ᠲᠠᠯᠪᠢᠪᠠ
ᠨᠡᠶᠢᠲᠡᠯᠡᠭᠰᠡᠨ ᠴᠠᠭ᠄
2019/4/28
     4 ᠳ᠋ᠦ᠋ᠭᠡᠷ ᠰᠠᠷ᠎ᠡ ᠶᠢᠨ 25᠎ ᠤ ᠡᠳᠦᠷ᠂ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾᠎ ᠤᠨ ᠤᠯᠠᠨ ᠤᠯᠤᠰ ᠤᠨ ᠬᠠᠮᠳᠤᠷᠠᠯᠴᠠᠭᠠᠨ ᠤ ᠲᠦᠷᠦᠬᠦᠴᠤᠳ ᠤᠨ ᠶᠠᠷᠢᠶᠠᠨ ᠤ ᠲᠠᠪᠴᠠᠩ ᠤᠨ ᠠᠷᠠᠳ ᠤᠨ ᠰᠡᠳᠬᠢᠯ ᠎ ᠤᠨ ᠨᠡᠪᠳᠡᠷᠡᠯᠴᠡᠭᠡ ᠪᠤᠯᠤᠨ ᠤᠷᠤᠨ ᠨᠤᠳᠤᠭ ᠤᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠪᠡᠭᠡᠵᠢᠩ ᠳᠠᠬᠢ ᠤᠯᠤᠰ ᠤᠨ ᠬᠤᠷᠠᠯ ᠤᠨ ᠲᠦᠪ ᠲᠤ ᠶᠠᠪᠤᠬᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠤᠷᠤᠯᠴᠠᠬᠰᠨᠨ ᠪᠦᠭᠡᠳ ᠤᠷᠤᠨ ᠨᠤᠳᠤᠭ ᠤᠨ ᠬᠠᠮᠳᠤᠷᠠᠯᠴᠠᠭᠠᠨ ᠤ ᠬᠤᠪᠢᠶᠠᠷᠢ ᠶᠠᠷᠢᠶᠠᠨ ᠤ ᠲᠠᠪᠴᠠᠩ ᠲᠡᠭᠡᠷ᠎ᠡ ᠭᠤᠤᠯ ᠵᠤᠷᠢᠯᠳᠠᠳᠤ ᠶᠠᠷᠢᠶ᠎ᠡ ᠲᠡᠯᠪᠢᠵᠠᠢ᠃      ᠠᠷᠠᠳ ᠤᠨ ᠰᠡᠳᠬᠢᠯ ᠤᠨ ᠨᠡᠪᠳᠡᠷᠡᠯᠴᠡᠭᠡ ᠶᠢᠨ ᠬᠤᠪᠢᠶᠠᠷᠢ ᠶᠠᠷᠢᠶᠠᠨ ᠤ ᠲᠠᠪᠴᠠᠩ ᠲᠡᠭᠡᠷ᠎ᠡ᠂ 61 ᠤᠯᠤᠰ ᠠᠴᠠ ᠢᠷᠡᠭᠰᠡᠨ 130 ᠭᠠᠷᠤᠢ ᠬᠦᠨᠳᠤᠳᠤ ᠵᠤᠴᠢᠨ ᠠᠷᠠᠳ ᠤᠨ ᠰᠤᠯᠢᠯᠴᠠᠭ᠎ᠠ᠂ ᠠᠷᠠᠳ ᠤᠨ ᠰᠠᠨᠠᠭ᠎ᠠ ᠶᠢᠨ ᠨᠡᠪᠳᠡᠷᠡᠯᠴᠡᠭᠡ ᠪᠤᠯᠤᠨ ᠠᠷᠠᠳ ᠤᠨ ᠠᠮᠢᠳᠤᠷᠠᠯ ᠤᠨ ᠬᠠᠮᠳᠤᠷᠠᠯᠴᠠᠭ᠎ᠠ ᠶᠢᠨ ᠲᠤᠭᠤᠷᠢᠨ ᠳᠤ ᠶᠠᠷᠢᠯᠴᠠᠵᠤ ᠬᠦᠳᠡᠯᠤᠯᠴᠠᠪᠠ᠃ ᠤᠷᠤᠨ ᠨᠤᠳᠤᠭ ᠤᠨ ᠬᠠᠮᠳᠤᠷᠠᠯᠴᠠᠭᠠᠨ ᠤ ᠬᠤᠪᠢᠶᠠᠷᠢ ᠶᠠᠷᠢᠶᠠᠨ ᠤ ᠲᠠᠪᠴᠠᠩ ︽ᠤᠷᠤᠨ ᠨᠤᠳᠤᠭ ᠤᠨ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠵᠤ᠂ ᠭᠦᠭᠵᠢᠯᠳᠠ ᠶᠢᠨ ᠦᠷ᠎ᠠ ᠪᠦᠳᠤᠮᠵᠢ ᠶᠢ ᠬᠠᠮᠳᠤ ᠪᠠᠷ ᠡᠳ᠋ᠯᠡᠬᠦ︾᠎ ᠪᠠᠷ ᠭᠤᠤᠯ ᠰᠡᠳᠤᠪ ᠪᠤᠯᠭᠠᠵᠤ᠂ ᠡᠯ᠎ᠠ ᠤᠯᠤᠰ ᠤᠨ ᠲᠦᠯᠤᠭᠡᠯᠡᠭᠴᠢᠳ ︽ᠨᠢᠭᠡ ᠪᠦᠰᠡ ᠨᠢᠭᠡ ᠵᠠᠮ︾ ᠎ ᠤᠨ ᠤᠷᠤᠨ ᠨᠤᠳᠤᠭ ᠤᠨ ᠬᠠᠮᠳᠤᠷᠠᠯᠴᠠᠭᠠᠨ ᠤ ᠲᠤᠷᠰᠢᠯᠭ᠎ᠠ ᠬᠢᠭᠡᠳ ᠦᠷ᠎ᠠ ᠪᠦᠳᠤᠮᠵᠢ ᠶᠢ ᠬᠤᠪᠢᠶᠠᠯᠴᠠᠪᠠ᠃ ᠮᠠ ᠰᠢᠤᠸᠠᠢ ᠵᠢᠶᠦ᠋ᠨ᠂ ︽ᠨᠢᠭᠡ ᠪᠦᠰᠡ ᠨᠢᠭᠡ ᠵᠠᠮ︾᠎ ᠢ ᠬᠠᠮᠳᠤ ᠪᠠᠷ ᠪᠦᠳᠤᠭᠡᠨ ᠪᠠᠶᠢᠭᠤᠯᠬᠤ ᠨᠢ ᠲᠡᠯᠡᠭᠡᠢ ᠶᠢᠨ ᠡᠯ᠎ᠠ ᠤᠯᠤᠰ ᠤᠨ ᠭᠦᠭᠵᠢᠯᠳᠠ ᠳᠤ ᠰᠢᠨ᠎ᠠ ᠠᠵᠠ ᠲᠤᠬᠢᠶᠠᠯ ᠬᠠᠨᠭ᠍ᠭᠠᠭᠰᠠᠨ ᠢᠶᠠᠷ ᠦᠯᠤ ᠪᠠᠷᠠᠮ ᠲᠤᠮᠳᠠᠳᠤ ᠤᠯᠤᠰ ᠤᠨ ᠨᠡᠭᠡᠭᠡᠯᠳᠠ ᠭᠦᠭᠵᠢᠯᠳᠠ ᠳᠤ ᠰᠢᠨ᠎ᠠ ᠪᠠᠶᠢᠳᠠᠯ ᠢ ᠡᠭᠦᠳᠴᠤ ᠦᠭᠪᠠ᠃ ᠦᠪᠤᠷ ᠮᠤᠩᠭᠤᠯ ᠶᠡᠷᠤᠩᠭᠡᠢ ᠱᠦᠵᠢ ᠰᠢ ᠶᠢᠨ ᠫᠢᠡᠭ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠤᠰᠤᠭᠠᠷ ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠤᠨ ᠡᠯ᠎ᠠ ᠲᠠᠯ᠎ᠠ ᠲᠠᠢ ᠬᠠᠮᠳᠤ ᠶᠢᠨ ᠲᠠᠨᠢᠯᠳᠠ ᠲᠠᠢ ᠪᠤᠯᠵᠤ᠂ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠵᠤ᠂ ᠭᠦᠨ ᠬᠠᠭᠠᠯᠪᠤᠷᠢᠯᠡᠵᠤ ᠨᠠᠷᠢᠨ ᠠᠷᠠᠴᠢᠯᠠᠵᠤ᠂ ᠲᠤᠮᠳᠠᠳᠤ ᠮᠤᠩᠭᠤᠯ ᠤᠷᠤᠰ ᠤᠨ ᠠᠵᠤ ᠠᠬᠤᠢ ᠎ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠳᠠ ᠨᠡᠩ ᠤᠯᠠᠨ ᠪᠤᠳᠠᠳᠤ ᠦᠷ᠎ᠠ ᠪᠦᠳᠤᠮᠵᠢ ᠤᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾᠎ ᠢ ᠬᠠᠮᠳᠤ ᠪᠠᠷ ᠪᠦᠳᠤᠭᠡᠨ ᠪᠠᠶᠢᠭᠤᠯᠬᠤ ᠶᠢᠨ ᠱᠤᠭᠤᠮ ᠲᠠᠭᠠᠤ ᠴᠢᠨᠠᠷ ᠰᠠᠶᠢᠳᠠᠢ ᠭᠦᠭᠵᠢᠯᠳᠠ ᠶᠢᠨ ᠴᠢᠭᠯᠡᠯ ᠲᠡᠶᠢᠰᠢ ᠲᠠᠰᠤᠷᠠᠯᠳᠠ ᠦᠭᠡᠢ ᠤᠷᠤᠭᠰᠢᠯᠠᠵᠤ᠂ ︽ᠨᠢᠭᠡ ᠪᠦᠰᠡ ᠨᠢᠭᠡ ᠵᠠᠮ︾᠎ ᠢ ᠡᠩᠭᠡ ᠲᠠᠶᠢᠪᠤᠡᠭ᠂ ᠴᠡᠴᠡᠭᠯᠠᠨ ᠭᠦᠭᠵᠢᠭᠰᠡᠨ᠂ ᠨᠡᠬᠡᠭᠡᠯᠳᠡᠳᠠᠢ᠂ ᠪᠤᠬᠢᠷᠳᠤᠯ ᠦᠭᠡᠢ᠂ ᠰᠢᠨ᠎ᠡ ᠶᠢ ᠡᠬᠦᠳᠬᠦ᠂ ᠪᠤᠯᠪᠠᠰᠤᠨ ᠪᠤᠯᠤᠨ ᠠᠷᠢᠭᠤᠨ ᠴᠢᠭᠡᠴᠢ ᠵᠠᠮ ᠪᠤᠯᠭᠠᠨ ᠪᠦᠳᠤᠭᠡᠨ ᠪᠠᠶᠢᠭᠤᠯᠬᠤ ᠳᠤ ᠦᠪᠤᠷ ᠮᠤᠩᠭᠤᠯ ᠤᠨ ᠬᠤᠪᠢ ᠨᠡᠮᠡᠷᠢ ᠪᠠᠨ ᠦᠵᠡᠭᠦᠯᠦᠨ᠎ᠡ ᠭᠡᠵᠤ ᠢᠯᠡᠳᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号