ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠦᠪᠡᠷᠳᠡᠭᠡᠨ | ᠵᠠᠰᠠᠬᠤ ᠤᠷᠤᠨ ᠤ ᠵᠠᠰᠠᠬ ᠤᠨ ᠤᠷᠳᠤᠨ ᠤ ᠠᠯᠪᠠᠨ ᠲᠢᠩᠬᠢᠮ ︽ᠭᠡᠯᠪᠡᠷᠢᠴᠢ ᠦᠵᠡᠯ ᠤᠨ ᠲᠤᠪᠤᠶᠢᠮ᠎ᠠ ᠠᠰᠠᠭᠤᠳᠠᠯ | ᠢ ᠰᠢᠢᠳᠪᠦᠷᠢᠯᠡᠵᠦ ᠦᠨᠳᠦᠰᠦᠨ ᠱᠠᠳᠤᠨ ᠤ ᠳᠠᠷᠤᠭᠠᠰᠤ ᠶᠢ ᠬᠦᠩᠭᠡᠷᠡᠬᠦᠯᠬᠦ ᠲᠤᠬᠠᠢ ᠠᠵᠢᠯ ᠤᠨ ᠠᠷᠭ᠎ᠠ ᠭᠡᠮᠵᠢᠶ᠎ᠡ︾ | ᠶᠢ ᠲᠠᠷᠤᠮᠠᠯᠯᠠᠨ ᠲᠠᠷᠬᠠᠭᠠᠬᠤ ᠶᠢᠨ ᠬᠠᠮᠳᠤ ᠮᠡᠳᠡᠭᠳᠡᠯ ᠪᠠᠭᠤᠯᠭᠠᠵᠦ᠂ ᠡᠯ᠎ᠡ ᠭᠠᠵᠠᠷ ᠡᠯ᠎ᠠ ᠰᠠᠯᠠᠭ᠎ᠠ ᠮᠦᠴᠢᠷ ᠲᠤ | ᠪᠤᠳᠠᠳᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠡᠷᠡᠭᠳᠡᠢ ᠭᠡᠵᠦ | ᠱᠠᠭᠠᠷᠳᠠᠪᠠ᠃ | ︽ᠭᠡᠯᠪᠡᠷᠢᠴᠢ ᠦᠵᠡᠯ ᠤᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ ᠦᠨᠳᠦᠰᠦᠨ ᠱᠠᠳᠤᠨ ᠤ | ᠳᠠᠷᠤᠭᠠᠰᠤ ᠶᠢ ᠬᠦᠩᠭᠡᠷᠡᠬᠦᠯᠬᠦ ᠲᠤᠬᠠᠢ ᠠᠵᠢᠯ ᠤᠨ ᠠᠷᠭ᠎ᠠ ᠭᠡᠮᠵᠢᠶ᠎ᠡ︾ ᠶᠢᠨ ᠪᠦᠬᠦ ᠠᠭᠤᠯᠭ᠎ᠠ ᠨᠢ ᠲᠤᠤᠷᠠᠬᠢ ᠮᠡᠳᠦ᠄ | ︽ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ᠤᠨ ᠭᠡᠯᠪᠡᠷᠢᠴᠢ ᠦᠵᠡᠯ ᠤᠨ ᠲᠤᠪᠤᠶᠢᠮ᠎ᠠ ᠠᠰᠠᠭᠤᠳᠠᠯ ᠢ | ᠰᠢᠢᠳᠪᠦᠷᠢᠯᠡᠵᠦ ᠦᠨᠳᠦᠰᠦᠨ ᠱᠠᠳᠤᠨ ᠤ ᠳᠠᠷᠤᠭᠠᠰᠤ ᠶᠢ ᠬᠦᠩᠭᠡᠷᠡᠬᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ | ᠶᠤᠰᠤᠭᠠᠷ᠂ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠭᠡᠯᠪᠡᠷᠢᠴᠢ ᠦᠵᠡᠯ ᠤᠨ | ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ ᠦᠨᠳᠦᠰᠦᠨ ᠱᠠᠳᠤᠨ ᠤ ᠳᠠᠷᠤᠭᠠᠰᠤ ᠶᠢ ᠬᠦᠩᠭᠡᠷᠡᠬᠦᠯᠬᠦ ᠲᠤᠬᠠᠢ | ᠲᠤᠤᠷᠠᠬᠢ ᠮᠡᠳᠤ ᠪᠤᠳᠠᠳᠠᠢ ᠠᠵᠢᠯ ᠤᠨ ᠠᠷᠭ᠎ᠠ ᠭᠡᠮᠵᠢᠶ᠎ᠡ ᠶᠢ ᠲᠤᠷᠠᠳᠪᠠ᠃ | ᠨᠢᠭᠡ᠂ ᠪᠢᠴᠢᠭ ᠮᠠᠲ᠋ᠧᠷᠢᠶᠠᠯ ᠢ ᠶᠡᠭᠡ ᠪᠠᠷ ᠴᠤᠮᠬᠠᠳᠬᠠᠨ᠎ᠠ | 1. ᠲᠦᠯᠦᠪᠯᠡᠭᠡ ᠠᠴᠠ ᠭᠠᠳᠠᠨ᠎ᠠ ᠪᠢᠴᠢᠭ ᠮᠠᠲ᠋ᠧᠷᠢᠶᠠᠯ ᠪᠠᠭᠤᠯᠭᠠᠬᠤ ᠶᠢ ᠴᠢᠩᠭ᠎ᠠ ᠡᠵᠡᠮᠳᠡᠨ᠎ᠠ᠃ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠨᠠᠮ ᠤᠨ ᠳᠤᠳᠤᠭᠠᠳᠦ ᠶᠢᠨ ᠬᠠᠤᠯᠢ ᠲᠦᠷᠢᠮ ᠪᠠ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠪᠠᠭᠤᠯᠭᠠᠬᠤ ᠣᠨ ᠤ ᠲᠦᠯᠦᠪᠯᠡᠭᠡ ᠶᠢᠨ | ᠲᠦᠷᠢᠮ ᠢ ᠴᠢᠩᠭ᠎ᠠ ᠭᠡᠷᠡᠭᠵᠢᠬᠦᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠰ | ᠵᠢᠯ ᠤᠨ ᠰᠢᠨ᠎ᠠ ᠪᠠᠷ ᠲᠤᠭᠳᠠᠭᠠᠭᠰᠠᠨ ᠪᠢᠴᠢᠭ ᠮᠠᠲ᠋ᠧᠷᠢᠶᠠᠯ ᠳᠤ ᠳᠤᠳᠤᠷᠬᠠᠢ ᠱᠠᠭᠠᠷᠳᠠᠯᠭ᠎ᠠ ᠲᠠᠢ ᠠᠴᠠ ᠭᠠᠳᠠᠨ᠎ᠠ᠂ | ᠲᠦᠯᠦᠪᠯᠡᠭᠡ ᠳᠤ ᠤᠷᠤᠭᠤᠯᠤᠭᠰᠠᠨ ᠦᠭᠡᠢ ᠶᠢ ᠨᠢ ᠡᠩ ᠤᠨ ᠪᠠᠶᠢᠲᠠᠯ ᠲᠤᠤᠷ᠎ᠠ ᠪᠦᠷ ᠪᠠᠭᠤᠯᠭᠠᠬᠤ ᠦᠭᠡᠢ᠃ | ᠦᠪᠡᠷᠲᠡᠭᠡᠨ ᠵᠠᠰᠠᠬᠤ ᠤᠷᠤᠨ ᠠᠴᠠ ᠰᠢᠶᠠᠨ ᠬᠤᠷᠢᠶ᠎ᠠ ᠶᠢᠨ ᠱᠠᠳᠤᠨ ᠳᠤ ᠶᠠᠪᠤᠭᠤᠯᠬᠤ ᠪᠢᠴᠢᠭ ᠮᠠᠲ᠋ᠧᠷᠢᠶᠠᠯ ᠢ | 2018 ᠣᠨ ᠤ ᠬᠢ ᠠᠴᠠ ᠨᠠᠭᠠᠳᠦ ᠵᠠᠬ᠎ᠠ ᠳᠤ ᠪᠠᠨ 30% ᠪᠠᠷ ᠪᠠᠭᠠᠰᠬᠠᠨ᠎ᠠ᠃ | 2. ᠪᠢᠴᠢᠭ ᠮᠠᠲ᠋ᠧᠷᠢᠶᠠᠯ ᠢ ᠴᠢᠩᠭ᠎ᠠ ᠬᠢᠨᠠᠮᠠᠭᠠᠢ ᠪᠠᠷ ᠲᠦᠬᠦᠷᠵᠢᠬᠦᠯᠦᠨ ᠪᠠᠭᠤᠯᠭᠠᠨ᠎ᠠ᠃ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠢᠴᠢᠭ ᠮᠠᠲ᠋ᠧᠷᠢᠶᠠᠯ ᠳᠤ ᠤᠷᠤᠨ ᠨᠤᠳᠤᠭ ᠤᠨ ᠭᠡᠷᠡᠭᠵᠢᠬᠦᠯᠬᠦ | ᠰᠠᠨᠠᠯ᠂ ᠬᠡᠷᠡᠭᠵᠢᠬᠦᠯᠬᠦ ᠠᠷᠭ᠎ᠠ ᠪᠤᠶᠤ ᠨᠠᠷᠢᠨ ᠲᠦᠷᠢᠮ ᠲᠤᠭᠳᠠᠭᠠᠬᠤ ᠲᠤᠬᠠᠢ ᠳᠤᠳᠤᠷᠬᠠᠢ ᠱᠠᠭᠠᠷᠳᠠᠯᠭ᠎ᠠ | ᠲᠤᠷᠠᠳᠤᠭᠰᠠᠠ ᠦᠭᠡᠢ ᠪᠤᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠤᠳᠠᠳᠠᠢ ᠠᠷᠭ᠎ᠠ ᠭᠡᠮᠵᠢᠶ᠎ᠠ ᠳᠤᠷᠠᠳᠴᠦ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠮᠡᠳᠡᠬᠦᠯᠦᠨ ᠬᠢᠨᠡᠨ | ᠲᠤᠭᠳᠠᠭᠠᠭᠰᠠᠨ ᠤ ᠳᠠᠷᠠᠭ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠨᠠᠶᠢᠳᠠᠪᠤᠷᠢᠵᠢᠭᠤᠯᠤᠯᠳᠠ ᠶᠢ | ᠰᠠᠶᠢᠳᠤᠷ ᠠᠳᠬᠤᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠠᠬᠢᠨ | ᠪᠢᠴᠢᠭ ᠮᠠᠲ᠋ᠧᠷᠢᠶᠠᠯ ᠪᠠᠭᠤᠯᠭᠠᠬᠤ ᠦᠭᠡᠢ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠪᠢᠴᠢᠭ ᠮᠠᠲ᠋ᠧᠷᠢᠶᠠᠯ ᠢ ᠲᠦᠭᠦᠷᠵᠢᠬᠦᠯᠦᠨ ᠪᠠᠭᠤᠯᠭᠠᠬᠤ ᠳᠤᠳᠤᠷᠬᠠᠢ ᠱᠠᠭᠠᠷᠳᠠᠯᠭ᠎ᠠ ᠲᠠᠢ ᠪᠤᠯ᠂ ᠪᠤᠳᠠᠳᠠᠢ ᠴᠠᠭ ᠤᠨ | ᠬᠢᠵᠠᠭᠠᠷ ᠤᠨ ᠱᠠᠭᠠᠷᠳᠠᠯᠭ᠎ᠠ ᠲᠠᠢ ᠠᠴᠠ ᠪᠤᠰᠤᠳ ᠢ ᠨᠢ ᠳᠦᠷᠦᠬᠦᠯᠡᠨ ᠬᠦᠢᠴᠡᠳᠭᠡᠬᠦ ᠰᠠᠯᠠᠭ᠎ᠠ ᠮᠦᠴᠢᠷ ᠤᠨ ᠬᠢᠨ | ᠵᠠᠷᠴᠢᠮ ᠳᠡᠭᠡᠷ᠎ᠠ ᠪᠠᠨ 6 ᠰᠠᠷ᠎ᠠ ᠶᠢᠨ ᠳᠤᠳᠤᠷ᠎ᠠ ᠬᠤᠯᠪᠤᠭᠳᠠᠯ ᠪᠦᠬᠦᠢ ᠠᠵᠢᠯ ᠢ ᠪᠠᠶᠢᠴᠠᠭᠠᠨ ᠰᠤᠳᠤᠯᠬᠤ ᠪᠠ ᠪᠢᠴᠢᠭ | ᠮᠠᠲ᠋ᠧᠷᠢᠶᠠᠯ ᠲᠤᠭᠤᠷᠪᠢᠬᠤ᠂ ᠰᠠᠨᠠᠯ ᠬᠤᠷᠢᠶᠠᠬᠤ᠂ ᠬᠢᠨᠠᠭᠤᠯᠬᠤ ᠪᠠᠷ ᠳᠡᠪᠰᠢᠬᠦᠯᠬᠦ ᠵᠡᠷᠭᠡ ᠠᠵᠢᠯ ᠢ ᠪᠡᠶᠡᠯᠡᠬᠦᠯᠦᠨ᠎ᠡ᠂ | ᠪᠢᠴᠢᠭ ᠮᠠᠲ᠋ᠧᠷᠢᠶᠠᠯ ᠢ ᠬᠢᠨᠠᠭᠤᠯᠬᠤ ᠪᠠᠷ ᠲᠡᠪᠰᠢᠬᠦᠯᠦᠭᠰᠡᠡ ᠡᠭᠡ ᠨᠤᠤᠷᠠᠭ ᠨᠢ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠪᠢᠴᠢᠭ ᠮᠠᠲ᠋ᠧᠷᠢᠶᠠᠯ ᠲᠠᠢ ᠲᠠᠪᠬᠤᠴᠠᠭᠰᠠᠨ ᠨᠤᠷᠮ᠎ᠠ 50% ᠶᠢ | ᠭᠡᠳᠦᠷᠡᠭᠰᠡᠨ ᠪᠤᠯ ᠪᠤᠴᠠᠭᠠᠨ ᠦᠭᠭᠦ ᠪᠠᠷ ᠰᠢᠢᠳᠪᠤᠷᠢᠯᠡᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠪ᠊ ᠦᠭᠡᠷᠡᠴᠢᠯᠡᠯᠳᠠ ᠶᠢᠨ ᠲᠦᠷᠦᠯ ᠤᠨ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠳᠤ ᠪᠤᠳᠠᠳᠦ | ᠴᠢᠨᠠᠷᠳᠠᠢ ᠢᠵᠢ ᠲᠦᠬᠦᠷᠵᠢᠬᠦᠯᠦᠭᠰᠡᠨ ᠠᠷᠭ᠎ᠠ ᠭᠡᠮᠵᠢᠶ᠎ᠠ ᠪᠠᠶᠢᠬᠤ ᠦᠭᠡᠢ ᠪᠤᠯ ᠪᠢᠴᠢᠭ ᠮᠠᠲ᠋ᠧᠷᠢᠶᠠᠯ ᠪᠤᠯᠭᠠᠵᠤ | ᠪᠠᠭᠤᠯᠭᠠᠬᠤ ᠦᠭᠡᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠰᠢᠶᠠᠨ | ᠬᠤᠷᠢᠶ᠎ᠠ ᠶᠢᠨ ᠱᠠᠳᠤᠨ ᠳᠤ ᠶᠠᠪᠤᠭᠤᠯᠬᠤ ᠪᠢᠴᠢᠭ ᠮᠠᠲ᠋ᠧᠷᠢᠶᠠᠯ ᠳᠤ᠂ ᠠᠶᠢᠮᠠᠬ ᠬᠤᠳᠠ᠂ ᠬᠤᠰᠢᠭᠤ ᠰᠢᠶᠠᠨ ︵ᠬᠤᠳᠠ | ᠂ ᠲᠤᠭᠤᠷᠢᠭ︶ ᠤ ᠬᠢᠨ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠪᠤᠳᠠᠳᠠᠢ ᠶᠢ ᠡᠷᠬᠢᠮᠯᠡᠭᠰᠡᠨ ᠪᠦᠳᠦᠮᠵᠢᠳᠠᠢ | ᠠᠷᠭ᠎ᠠ ᠭᠡᠮᠵᠢᠶ᠎ᠠ ᠲᠤᠭᠳᠠᠭᠠᠵᠦ ᠪᠤᠯᠤᠨ᠎ᠠ᠂ ᠳᠤᠳᠤᠷᠬᠠᠢ ᠲᠤᠭᠳᠠᠭᠠᠯ ᠲᠠᠢ ᠠᠴᠠ ᠭᠠᠳᠠᠨ᠎ᠠ᠂ ᠴᠦᠮ ᠲᠠᠬᠢᠨ ᠪᠢᠴᠢᠭ | ᠮᠠᠲ᠋ᠧᠷᠢᠶᠠᠯ ᠪᠠᠭᠤᠯᠭᠠᠬᠤ ᠦᠭᠡᠢ᠃ | 3. ᠲᠠᠪᠬᠤᠷᠲᠠᠭᠤᠯᠤᠨ ᠪᠢᠴᠢᠭ ᠮᠠᠲ᠋ᠧᠷᠢᠶᠠᠯ ᠪᠠᠭᠤᠯᠭᠠᠬᠤ ᠶᠢ ᠴᠢᠩᠭ᠎ᠠ ᠴᠠᠭᠠᠵᠠᠯᠠᠨ᠎ᠠ᠃ ᠤᠳᠤᠬᠢ | ᠭᠡᠷᠡᠭᠵᠢᠬᠦᠯᠵᠦ ᠪᠠᠶᠢᠭ᠎ᠠ ᠪᠢᠴᠢᠭ ᠮᠠᠲ᠋ᠧᠷᠢᠶᠠᠯ ᠤᠨ ᠲᠤᠭᠳᠠᠭᠠᠯ ᠨᠢ ᠮᠦᠨ ᠬᠦ ᠬᠡᠷᠡᠭᠵᠢᠭᠦᠯᠵᠤ ᠪᠤᠯᠬᠤᠢᠢᠴᠠ | ᠲᠤᠬᠢᠷᠠᠮᠵᠢᠲᠠᠢ ᠪᠠᠶᠢᠵᠤ᠂ ᠭᠡᠳᠦ᠋ᠢᠪᠡᠷ ᠡᠮᠦᠨᠡᠬᠢ ᠵᠢᠯ ᠳᠠᠷᠬᠠᠭᠠᠭᠰᠠᠨ ᠴᠦ᠂ ᠤᠳᠤᠬᠢ ᠱᠠᠳᠤᠨ ᠤ ᠬᠤᠯᠪᠤᠭᠳᠠᠯ | ᠪᠦᠬᠦᠢ ᠠᠰᠠᠭᠤᠳᠠᠯ ᠨᠢ ᠲᠤᠪᠤᠶᠢᠮ᠎ᠠ ᠪᠤᠰᠤ᠂ ᠪᠢᠴᠢᠭ ᠮᠠᠲ᠋ᠧᠷᠢᠶᠠᠯ ᠪᠠᠭᠤᠯᠭᠠᠬᠤ ᠴᠢᠬᠤᠯᠠ ᠴᠢᠨᠠᠷ ᠢᠶᠠᠷ ᠴᠢᠩᠭ᠎ᠠ | ᠪᠤᠰᠤ ᠪᠠᠶᠢᠵᠤ᠂ ᠬᠤᠷᠠᠯ ᠬᠤᠷᠠᠯᠳᠤᠭᠤᠯᠤᠨ ᠪᠠᠶᠢᠷᠢᠯᠠᠭᠤᠯᠬᠤ ᠶᠢᠨ ᠬᠠᠮᠳᠦ ᠠᠵᠢᠯ ᠤᠨ ᠡᠬᠦᠷᠭᠡ ᠪᠠᠨ | ᠳᠤᠳᠤᠷᠬᠠᠢᠢᠯᠠᠬᠰᠠᠨ ᠪᠤᠯ᠂ ᠡᠩ ᠤᠨ ᠪᠠᠶᠢᠲᠠᠯ ᠲᠤᠤᠷ᠎ᠠ ᠲᠠᠬᠢᠵᠦ ᠪᠢᠴᠢᠭ ᠮᠠᠲ᠋ᠧᠷᠢᠶᠠᠯ ᠪᠠᠭᠤᠯᠭᠠᠬᠤ ᠦᠭᠡᠢ᠃ | ᠭᠤᠤᠯ ᠰᠡᠳᠦᠪ ᠨᠢ ᠠᠳᠠᠯᠢᠪᠳᠤᠷ ᠪᠠᠶᠢᠵᠤ ᠨᠡᠶᠢᠳᠭᠡᠨ ᠡᠮᠬᠢᠯᠡᠵᠦ ᠪᠤᠯᠪᠠᠯ᠂ ᠵᠦᠪᠭᠡᠨ 1 ᠪᠢᠴᠢᠭ ᠮᠠᠲ᠋ᠧᠷᠢᠶᠠᠯ | ᠲᠠᠷᠬᠠᠭᠠᠨ᠎ᠠ᠃ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ᠂ | ᠨᠠᠶᠢᠳᠠᠪᠤᠷᠢᠵᠢᠭᠤᠯᠤᠯᠳᠠ ᠶᠢ ᠠᠳᠬᠤᠬᠤ ᠦᠭᠡᠢ ᠵᠦᠪᠭᠡᠨ ᠪᠢᠴᠢᠭ ᠮᠠᠲ᠋ᠧᠷᠢᠶᠠᠯ ᠪᠠᠭᠤᠯᠭᠠᠬᠤ ᠳᠤ ᠲᠦᠰᠢᠭᠯᠡᠬᠦ ᠵᠡᠷᠭᠡ | ᠬᠡᠯᠪᠡᠷᠢᠴᠢ ᠦᠵᠡᠯ ᠤᠨ ᠠᠰᠠᠭᠤᠳᠠᠯ ᠢ ᠡᠷᠡᠰ ᠬᠤᠷᠢᠬᠯᠠᠨ᠎ᠠ᠃ | 4. ᠠᠵᠢᠯ ᠤᠨ ᠬᠤᠪᠢᠶᠠᠷᠢᠯᠠᠯ ᠤᠨ ᠲᠦᠷᠦᠯ ᠤᠨ ᠪᠢᠴᠢᠭ ᠮᠠᠲ᠋ᠧᠷᠢᠶᠠᠯ ᠪᠠᠭᠤᠯᠭᠠᠬᠤ ᠶᠢ ᠴᠢᠩᠭ᠎ᠠ ᠡᠵᠡᠮᠳᠡᠨ᠎ᠠ | ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠪᠢᠴᠢᠭ ᠮᠠᠲ᠋ᠧᠷᠢᠶᠠᠯ | ᠲᠤᠭᠳᠠᠭᠠᠬᠤ ᠳᠤ ᠬᠠᠷᠢᠭᠤᠴᠠᠬᠤ ᠨᠢᠭᠡᠴᠢ ᠶᠢ ᠲᠤᠳᠤᠷᠬᠠᠢᠢᠯᠠᠬᠤ ᠴᠢᠬᠤᠯᠠ ᠲᠠᠢ ᠪᠤᠯ᠂ ᠵᠠᠷᠴᠢᠮ ᠳᠡᠭᠡᠷ᠎ᠠ ᠪᠠᠨ ᠪᠢᠴᠢᠭ | ᠮᠠᠲ᠋ᠧᠷᠢᠶᠠᠯ ᠳᠤ ᠬᠠᠮᠲᠦ ᠳᠤ ᠨᠢ ᠳᠤᠳᠤᠷᠬᠠᠢᠢᠯᠠᠵᠦ᠂ ᠠᠵᠢᠯ ᠤᠨ ᠬᠤᠪᠢᠶᠠᠷᠢᠯᠠᠯ ᠤᠨ ᠲᠦᠰᠦᠯ ᠢ ᠲᠠᠬᠢᠨ ᠲᠤᠰᠠᠭᠠᠷ | ᠲᠠᠷᠬᠠᠭᠠᠬᠤ ᠦᠭᠡᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ | ᠬᠤᠷᠠᠯ ᠵᠢᠴᠢ ᠤᠳᠤᠷᠢᠳᠤᠯᠭ᠎ᠠ ᠶᠢᠨ ᠶᠠᠷᠢᠶᠠᠨ ᠳᠤ ᠳᠤᠷᠠᠳᠤᠭᠰᠠᠨ ᠠᠵᠢᠯ ᠤᠨ ᠡᠬᠦᠷᠭᠡ ᠶᠢ ᠨᠠᠶᠢᠳᠠᠪᠤᠷᠢᠵᠢᠭᠤᠯᠬᠤ ᠳᠤ | ᠂ ᠡᠩ ᠤᠨ ᠪᠠᠶᠢᠲᠠᠯ ᠲᠤᠤᠷ᠎ᠠ ᠠᠵᠢᠯ ᠤᠨ ᠬᠤᠪᠢᠶᠠᠷᠢᠯᠠᠯ ᠤᠨ ᠲᠦᠰᠦᠯ ᠢ ᠳᠠᠷᠤᠮᠠᠯᠯᠠᠨ ᠲᠠᠷᠬᠠᠭᠠᠬᠤ ᠦᠭᠡᠢ᠃ | 5᠂ ᠱᠠᠳᠤ ᠳᠠᠪᠠᠨ ᠪᠢᠴᠢᠭ ᠮᠠᠲ᠋ᠧᠷᠢᠶᠠᠯ ᠪᠠᠭᠤᠯᠭᠠᠬᠤ ᠶᠢ ᠬᠤᠷᠢᠬᠯᠠᠨ᠎ᠠ᠃ ᠪᠢᠴᠢᠭ ᠮᠠᠲ᠋ᠧᠷᠢᠶᠠᠯ ᠳᠤ | ᠳᠤᠬᠳᠠᠭᠠᠬᠰᠠᠨ ᠬᠡᠷᠡᠭ ᠶᠠᠪᠤᠳᠠᠯ ᠨᠢ ᠨᠡᠯᠢᠶᠡᠳ ᠪᠤᠳᠠᠳᠠᠢ᠂ ᠰᠠᠯᠠᠭ᠎ᠠ ᠮᠦᠴᠢᠷ ᠪᠤᠶᠤ ᠰᠠᠯᠠᠭ᠎ᠠ ᠮᠦᠴᠢᠷ ᠬᠤᠯᠪᠤᠭᠠᠯᠠᠨ | ᠪᠢᠴᠢᠭ ᠮᠠᠲ᠋ᠧᠷᠢᠶᠠᠯ ᠪᠠᠭᠤᠯᠭᠠᠭᠠᠳ ᠰᠢᠢᠳᠪᠤᠷᠢᠯᠡᠵᠦ ᠳᠡᠶᠢᠯᠬᠦ ᠬᠡᠷᠡᠭ ᠶᠠᠪᠤᠳᠠᠯ︔ ᠪᠢᠴᠢᠭ ᠮᠠᠲ᠋ᠧᠷᠢᠶᠠᠯ ᠳᠤ | ᠳᠤᠬᠳᠠᠭᠠᠬᠰᠠᠨ ᠬᠡᠷᠡᠭ ᠶᠠᠪᠤᠳᠠᠯ ᠨᠢ ᠬᠡᠳᠦ᠋ᠢᠪᠡᠷ ᠪᠦᠬᠦ ᠳᠠᠯ᠎ᠠ ᠶᠢᠨ ᠴᠢᠨᠠᠷᠳᠠᠢ ᠠᠵᠢᠯ ᠪᠤᠯᠪᠠᠴᠤ᠂ ᠭᠤᠤᠯᠳᠠᠭᠤ 1 | ᠪᠤᠶᠤ ᠴᠦᠬᠡᠨ ᠬᠡᠳᠦᠨ ᠰᠠᠯᠠᠭ᠎ᠠ ᠮᠦᠴᠢᠷ ᠠᠴᠠ ᠬᠠᠷᠢᠭᠤᠴᠠᠨ ᠨᠠᠶᠢᠳᠠᠪᠤᠷᠢᠵᠢᠭᠤᠯᠵᠦ ᠳᠡᠶᠢᠯᠬᠦ ᠳᠤ ᠬᠦᠷᠪᠡᠯ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠨᠠᠷᠠ ᠪᠠᠷ ᠪᠢᠴᠢᠭ ᠮᠠᠲ᠋ᠧᠷᠢᠶᠠᠯ | ᠪᠠᠭᠤᠯᠭᠠᠬᠤ ᠦᠭᠡᠢ᠃ | 6᠂ ᠤᠴᠢᠷ ᠶᠠᠪᠤᠳᠠᠯ ᠵᠦᠪᠯᠡᠭᠦ ᠵᠤᠬᠢᠴᠠᠭᠤᠯᠭ᠎ᠠ ᠬᠢᠬᠦ ᠪᠠᠶᠢᠭᠤᠯᠤᠮᠵᠢ ᠶᠢᠨ ᠠᠵᠢᠯ ᠳᠤ ᠬᠤᠯᠪᠤᠭᠲᠠᠬᠤ | ᠪᠢᠴᠢᠭ ᠮᠠᠲ᠋ᠧᠷᠢᠶᠠᠯ ᠪᠠᠭᠤᠯᠭᠠᠬᠤ ᠶᠢ ᠳᠦᠷᠢᠮᠵᠢᠬᠦᠯᠦᠨᠠ᠃ ᠦᠪᠡᠷᠳᠡᠬᠡᠨ ᠵᠠᠰᠠᠬᠤ ᠤᠷᠤᠨ ᠤ ᠤᠴᠢᠷ ᠶᠠᠪᠤᠳᠠᠯ | ᠵᠦᠪᠯᠡᠬᠦ ᠵᠤᠬᠢᠴᠠᠭᠤᠯᠭ᠎ᠠ ᠬᠢᠬᠦ ᠪᠠᠶᠢᠭᠤᠯᠤᠮᠵᠢ ᠪᠠᠶᠢᠭᠤᠯᠤᠬᠳᠠᠬᠤ ᠪᠤᠶᠤ ᠪᠦᠷᠢᠯᠳᠦᠬᠦᠨ ᠬᠦᠮᠦᠰ ᠲᠤ | ᠳᠤᠬᠢᠷᠠᠭᠤᠯᠤᠯᠳᠠ ᠬᠢᠬᠦ ᠳᠤ ᠮᠤᠵᠢ ᠶᠢᠨ ᠱᠠᠳᠤᠨ ᠤ ᠤᠳᠤᠷᠢᠳᠬᠤ ᠨᠦᠬᠦᠳ ᠲᠤ ᠬᠤᠯᠪᠤᠬᠳᠠᠬᠰᠠᠨ ᠪᠠᠶᠢᠪᠠᠯ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠪᠢᠴᠢᠭ ᠮᠠᠲ᠋ᠧᠷᠢᠶᠠᠯ | ᠪᠠᠭᠤᠯᠭᠠᠨ᠎ᠠ︔ ᠪᠤᠰᠤᠳ ᠪᠦᠷᠢᠯᠳᠦᠬᠦᠨ ᠬᠦᠮᠦᠰ ᠲᠤ ᠳᠤᠬᠢᠷᠠᠭᠤᠯᠤᠯᠳᠠ ᠬᠢᠬᠦ ᠳᠤ ᠬᠦᠷᠪᠡᠯ᠂ ᠳᠡᠬᠦᠨ ᠤ ᠠᠯᠪᠠᠨ | ᠬᠡᠷ ᠠᠴᠠ ᠪᠢᠴᠢᠭ ᠮᠠᠲ᠋ᠧᠷᠢᠶᠠᠯ ᠪᠠᠭᠤᠯᠭᠠᠨ᠎ᠠ᠃ ᠤᠴᠢᠷ ᠶᠠᠪᠤᠳᠠᠯ ᠵᠦᠪᠯᠡᠬᠦ ᠵᠤᠬᠢᠴᠠᠭᠤᠯᠭ᠎ᠠ ᠬᠢᠬᠦ ᠪᠠᠶᠢᠭᠤᠯᠤᠮᠵᠢ ᠶᠢᠨ | ᠠᠵᠢᠯ ᠤᠨ ᠳᠦᠷᠢᠮ ᠳᠤᠬᠳᠠᠭᠠᠯ ᠵᠢᠴᠢ ᠳᠡᠬᠦᠨ ᠤ ᠠᠯᠪᠠᠨ ᠬᠡᠷ ᠤᠨ ᠠᠵᠢᠯ ᠤᠨ ᠨᠠᠷᠢᠨ ᠳᠦᠷᠢᠮ᠂ ᠣᠨ ᠤ ᠠᠵᠢᠯ | ᠤᠨ ᠭᠤᠤᠯᠳᠠᠯᠭ᠎ᠠ ᠪᠤᠯᠤᠨ ᠪᠤᠰᠤᠳ ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠡᠷᠡᠭ ᠶᠠᠪᠤᠳᠠᠯ ᠤᠨ ᠳᠤᠬᠠᠢ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠪᠢᠴᠢᠭ ᠮᠠᠲ᠋ᠧᠷᠢᠶᠠᠯ ᠪᠠᠭᠤᠯᠭᠠᠬᠤ | ᠦᠬᠡᠢ᠃ ᠤᠴᠢᠷ ᠶᠠᠪᠤᠳᠠᠯ ᠵᠦᠪᠯᠡᠬᠦ ᠵᠤᠬᠢᠴᠠᠭᠤᠯᠭ᠎ᠠ ᠬᠢᠬᠦ ᠪᠠᠶᠢᠭᠤᠯᠤᠮᠵᠢ ᠨᠢ ᠠᠶᠢᠮᠠᠬ ᠬᠤᠳᠠ᠂ ᠬᠤᠰᠢᠭᠤ ᠰᠢᠶᠠᠨ | ︵ᠬᠤᠳᠠ᠂ ᠳᠤᠭᠤᠷᠢᠬ︶ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠳᠤ ᠵᠠᠷᠯᠢᠬ ᠤᠨ ᠴᠢᠨᠠᠷᠳᠠᠢ ᠠᠯᠪᠠᠨ | ᠪᠢᠴᠢᠭ ᠪᠠᠭᠤᠯᠭᠠᠵᠦ ᠪᠣᠯᠬᠤ ᠦᠭᠡᠢ᠃ | 7᠂ ᠤᠳᠤᠷᠢᠳᠬᠤ ᠨᠦᠬᠦᠳ ᠤᠨ ᠶᠠᠷᠢᠶ᠎ᠠ ᠶᠢ ᠳᠠᠷᠤᠮᠠᠯᠯᠠᠨ ᠳᠠᠷᠬᠠᠭᠠᠬᠤ ᠶᠢ ᠳᠦᠷᠢᠮᠵᠢᠬᠦᠯᠦᠨᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠭᠤᠤᠯ ᠤᠳᠤᠷᠢᠳᠬᠤ ᠨᠦᠬᠦᠳ ᠤᠨ ᠪᠦᠬᠦ ᠤᠷᠤᠨ ᠤ | ᠴᠢᠨᠠᠷᠳᠠᠢ ᠴᠢᠬᠤᠯᠠ ᠬᠤᠷᠠᠯ ᠳᠡᠬᠡᠷᠡᠬᠢ ᠶᠠᠷᠢᠶ᠎ᠠ ᠶᠢ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠠᠯᠪᠠᠨ ᠳᠢᠩᠬᠢᠮ ᠤᠨ ᠮᠡᠳᠡᠬᠡᠯᠡᠯ︾ ᠳᠤ ᠨᠡᠶᠢᠳᠡᠯᠡᠨ᠎ᠠ᠂ ᠰᠢᠨᠵᠢᠯᠡᠨ ᠪᠠᠶᠢᠴᠠᠭᠠᠬᠤ ᠪᠠᠶᠢᠴᠠᠭᠠᠨ | ᠰᠤᠳᠤᠯᠬᠤ ᠳᠤ ᠪᠠᠨ ᠶᠠᠷᠢᠭᠰᠠᠠ ᠶᠠᠷᠢᠶ᠎ᠠ ᠶᠢ ᠨᠢ ᠤᠳᠤᠷᠢᠳᠬᠤ ᠨᠦᠬᠦᠳ ᠢᠶᠠᠷ ᠬᠢᠨᠡᠨᠲ᠋ᠤᠬᠳᠠᠭᠠᠯᠭᠠᠬᠰᠠᠨ ᠤ ᠳᠠᠷᠠᠭ᠎ᠠ | ᠬᠤᠯᠪᠤᠬᠳᠠᠯ ᠪᠦᠬᠦᠢ ᠭᠠᠵᠠᠷ ᠤᠷᠤᠨ ᠰᠠᠯᠠᠭ᠎ᠠ ᠮᠦᠴᠢᠷ ᠲᠤ ᠬᠠᠩᠭᠠᠵᠦ ᠤᠯᠠᠮᠵᠢᠯᠠᠭᠤᠯᠤᠨ ᠰᠤᠷᠤᠯᠴᠠᠭᠤᠯᠤᠨ᠎ᠠ᠃ | ᠪᠤᠰᠤᠳ ᠪᠠᠶᠢᠩᠭᠤ ᠶᠢᠨ ᠬᠡᠰᠢᠬᠦᠨ ᠨᠦᠬᠦᠳ ᠤᠨ ᠶᠠᠷᠢᠶ᠎ᠠ ᠶᠢ︽ᠦᠪᠦᠷ ᠮᠤᠩᠭᠤᠯ ᠤᠨ ᠠᠵᠢᠯ︾ ᠵᠡᠷᠬᠡ | ᠰᠡᠳᠬᠦᠯ ᠳᠤ ᠨᠡᠶᠢᠳᠡᠯᠡᠵᠦ ᠪᠤᠯᠤᠨ᠎ᠠ᠃ | 8᠂ ︽ᠤᠬᠤᠷ ᠪᠤᠳᠠᠳᠠᠢ ᠰᠢᠨ᠎ᠠ︾ ᠵᠤᠬᠢᠶᠠᠯ ᠤᠨ ᠰᠤᠷᠳᠠᠯ ᠢ ᠪᠠᠳᠠᠷᠠᠭᠤᠯᠤᠨ᠎ᠠ᠃ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠳᠤᠬᠳᠠᠭᠠᠨ ᠨᠡᠶᠢᠳᠡᠯᠡᠭᠰᠡᠨ ᠳᠤᠬᠳᠠᠭᠠᠯ᠂ | ᠳᠦᠯᠦᠪᠵᠢᠬᠦᠯᠬᠡ ᠵᠡᠷᠬᠡ ᠪᠢᠴᠢᠭ ᠮᠠᠲ᠋ᠧᠷᠢᠶᠠᠯ ᠠᠴᠠ ᠭᠠᠲᠠᠨ᠎ᠠ᠂ ᠪᠤᠰᠤᠳ ᠪᠦᠬᠦ ᠳᠠᠯ᠎ᠠ ᠶᠢᠨ ᠴᠢᠨᠠᠷᠳᠠᠢ ᠠᠵᠢᠯ ᠢ | ᠪᠠᠶᠢᠷᠢᠯᠠᠭᠤᠯᠤᠬᠰᠠᠨ ᠪᠢᠴᠢᠭ ᠮᠠᠲ᠋ᠧᠷᠢᠶᠠᠯ ᠢ ᠵᠠᠷᠴᠢᠮ ᠤᠨ ᠳᠠᠭᠡᠷ᠎ᠡ ᠪᠠᠨ 5000 ᠦᠰᠦᠭ ᠠᠴᠠ ᠳᠠᠪᠠᠭᠤᠯᠵᠦ | ᠪᠤᠯᠬᠤ ᠦᠬᠡᠢ᠂ ᠳᠤᠰᠬᠠᠢ ᠳᠦᠷᠦᠯ ᠤᠨ ᠠᠵᠢᠯ ᠢ ᠪᠠᠶᠢᠷᠢᠯᠠᠭᠤᠯᠤᠬᠰᠠᠨ ᠪᠢᠴᠢᠭ ᠮᠠᠲ᠋ᠧᠷᠢᠶᠠᠯ ᠢ 3000 | ᠦᠰᠦᠭ ᠠᠴᠠ ᠳᠠᠪᠠᠭᠤᠯᠵᠦ ᠪᠤᠯᠬᠤ ᠦᠬᠡᠢ᠂ ᠪᠤᠲᠠᠲᠠᠢ ᠠᠵᠢᠯ ᠢ ᠪᠠᠶᠢᠷᠢᠯᠠᠭᠤᠯᠤᠭᠰᠠᠠ ᠪᠢᠴᠢᠭ ᠮᠠᠲ᠋ᠧᠷᠢᠶᠠᠯ ᠢ | 1500 ᠦᠰᠦᠭ ᠠᠴᠠ ᠲᠠᠪᠠᠭᠤᠯᠵᠤ ᠪᠤᠯᠬᠤ ᠦᠭᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠳᠤ ᠲᠡᠪᠰᠢᠭᠦᠯᠬᠦ ᠶᠡᠷᠦᠩᠬᠡᠶᠢᠯᠡᠭᠰᠡᠡ | ᠴᠢᠨᠠᠷᠲᠠᠢ ᠮᠡᠳᠡᠭᠦᠯᠦᠯᠲᠡ ᠶᠢ ᠵᠠᠷᠴᠢᠮ ᠲᠡᠭᠡᠷ᠎ᠡ ᠪᠠᠨ 5000 ᠦᠰᠦᠭ ᠠᠴᠠ ᠲᠠᠪᠠᠭᠤᠯᠵᠤ ᠪᠤᠯᠬᠤ ᠦᠭᠡᠢ᠂ ᠣᠨ ᠤ | ᠲᠤᠰᠬᠠᠢ ᠲᠦᠷᠦᠯ ᠤᠨ ᠮᠡᠳᠡᠭᠦᠯᠦᠯᠲᠡ ᠶᠢ 3000 ᠦᠰᠦᠭ ᠠᠴᠠ ᠲᠠᠪᠠᠭᠤᠯᠵᠤ ᠪᠤᠯᠬᠤ ᠦᠭᠡᠢ᠂ ᠡᠳᠦᠷ ᠳᠤᠳᠤᠮ | ᠤᠨ ᠮᠡᠳᠡᠬᠦᠯᠦᠯᠳᠡ ᠶᠢ 1200 ᠦᠰᠦᠭ ᠠᠴᠠ ᠳᠠᠪᠠᠭᠤᠯᠵᠦ ᠪᠣᠯᠬᠤ ᠦᠭᠡᠢ᠃ | 9᠂ ᠪᠢᠴᠢᠭ ᠮᠠᠲ᠋ᠧᠷᠢᠶᠠᠯ ᠲᠠᠷᠬᠠᠭᠠᠬᠤ ᠴᠠᠬᠴᠢ ᠴᠢᠨᠠᠷ ᠤᠨ ᠦᠷ᠎ᠠ ᠠᠰᠢᠬ ᠢ ᠳᠡᠬᠡᠭᠰᠢᠯᠡᠬᠦᠯᠦᠨ᠎ᠠ᠃ | ᠬᠠᠮᠤᠬ ᠠᠴᠠ ᠤᠬᠤᠷ ᠠᠪᠰᠠᠷᠬᠠᠨ ᠪᠤᠯᠭᠠᠬᠤ᠂ ᠨᠠᠷᠢᠯᠢᠬ ᠤᠨᠤᠪᠴᠢᠳᠠᠢ ᠪᠤᠯᠭᠠᠵᠤ ᠡᠷᠴᠢᠮᠵᠢᠬᠦᠯᠬᠦ ᠵᠠᠷᠴᠢᠮ ᠢ | ᠪᠠᠷᠢᠮᠳᠠᠯᠠᠵᠦ᠂ ᠢᠯᠡ ᠨᠠᠶᠢᠳᠠᠯᠠᠵᠦ ᠪᠤᠯᠬᠤ ᠪᠢᠴᠢᠭ ᠮᠠᠲ᠋ᠧᠷᠢᠶᠠᠯ ᠢ ᠪᠦᠷ ᠢᠯᠡ ᠨᠡᠶᠢᠳᠡᠯᠡᠨ᠎ᠠ᠃ ᠡᠯᠧᠺᠲᠷᠤᠨ ᠪᠢᠴᠢᠭ | ᠮᠠᠲ᠋ᠧᠷᠢᠶᠠᠯ ᠳᠠᠮᠵᠢᠭᠤᠯᠬᠤ ᠳᠠᠪᠴᠠᠩ ᠤᠨ ᠠᠰᠢᠬᠯᠠᠯᠳᠠ ᠶᠢᠨ ᠨᠤᠷᠮ᠎ᠠ ᠶᠢ ᠳᠡᠬᠡᠭᠰᠢᠯᠡᠬᠦᠯᠵᠦ᠂ ᠴᠠᠭᠠᠰᠤᠨ ᠪᠢᠴᠢᠭ | ᠮᠠᠲ᠋ᠧᠷᠢᠶᠠᠯ ᠲᠠᠷᠬᠠᠭᠠᠬᠤ ᠶᠢ ᠠᠯᠬᠤᠮ ᠠᠯᠬᠤᠮ ᠢᠶᠠᠷ ᠵᠤᠬᠰᠤᠭᠠᠨ᠎ᠠ᠃ | ᠬᠤᠶᠠᠷ᠂ ᠬᠤᠷᠠᠯ ᠢ ᠴᠤᠮᠬᠠᠳᠬᠠᠵᠤ ᠬᠤᠷᠠᠯ ᠤᠨ ᠰᠤᠷᠲᠠᠯ ᠢ ᠰᠠᠶᠢᠵᠢᠷᠠᠭᠤᠯᠤᠨ᠎ᠠ | 10. ᠲᠦᠯᠦᠪᠯᠡᠨ ᠬᠠᠮᠢᠶᠠᠷᠬᠤ ᠪᠠᠨ ᠴᠢᠩᠭᠠᠳᠬᠠᠨ᠎ᠠ᠃ ᠣᠨ ᠤ ᠬᠤᠷᠠᠯ ᠤᠨ ᠲᠦᠯᠦᠪᠯᠡᠭᠡ ᠶᠢ ᠴᠢᠩᠭ᠎ᠠ | ᠬᠡᠷᠡᠭᠵᠢᠭᠦᠯᠵᠦ᠂ ᠲᠦᠯᠦᠪᠯᠡᠭᠡ ᠳᠤ ᠤᠷᠤᠭᠤᠯᠤᠬᠰᠠᠨ ᠦᠭᠡᠢ ᠬᠤᠷᠠᠯ ᠢ ᠵᠠᠷᠴᠢᠮ ᠳᠡᠭᠡᠷ᠎ᠠ ᠪᠠᠨ ᠦᠪᠡᠷᠲᠡᠭᠡᠨ ᠵᠠᠰᠬᠠᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠡᠷ᠎ᠠ ᠪᠠᠷ ᠬᠤᠷᠠᠯᠳᠤᠭᠤᠯᠬᠤ ᠦᠭᠡᠢ᠂ ᠬᠤᠰᠢᠭᠤ ᠰᠢᠶᠠᠨ | ᠬᠦᠷᠲᠡᠯ᠎ᠠ ᠬᠤᠷᠠᠯᠳᠤᠭᠤᠯᠬᠤ ᠬᠤᠷᠠᠯ ᠢ 2018 ᠣᠨ ᠤ ᠬᠢ ᠠᠴᠠ 30% ᠪᠠᠷ ᠪᠠᠭᠠᠰᠬᠠᠬᠤ ᠶᠢ ᠪᠠᠲᠤᠯᠠᠨ᠎ᠠ᠃ | ᠡᠯ᠎ᠠ ᠰᠠᠯᠠᠭ᠎ᠠ ᠮᠦᠴᠢᠷ ᠨᠢᠭᠡᠴᠢ ᠵᠠᠷᠴᠢᠮ ᠳᠡᠭᠡᠷ᠎ᠠ ᠪᠠᠨ ᠵᠢᠯ ᠪᠤᠯᠭᠠᠨ ᠨᠢᠭᠡ ᠯᠡ ᠤᠳᠠᠭᠠᠨ ᠤ ᠪᠦᠬᠦ ᠤᠷᠤᠨ ᠤ | ᠴᠢᠨᠠᠷᠲᠠᠢ ᠬᠤᠷᠠᠯ ᠢ ᠬᠤᠷᠠᠯᠳᠤᠭᠤᠯᠤᠨ᠎ᠠ᠃ ᠲᠦᠯᠦᠪᠯᠡᠭᠡ ᠳᠤ ᠤᠷᠤᠭᠤᠯᠤᠬᠰᠠᠨ ᠦᠭᠡᠢ ᠪᠤᠯᠪᠠᠴᠤ ᠬᠤᠷᠠᠯᠳᠤᠭᠤᠯᠬᠤ | ᠴᠢᠬᠤᠯᠠᠲᠠᠢ ᠬᠤᠷᠠᠯ ᠢ ᠪᠤᠯ ᠲᠤᠬᠲᠠᠬᠰᠠᠨ ᠲᠡᠰ ᠲᠠᠷᠠᠭᠠᠯᠠᠯ ᠶᠤᠰᠤᠭᠠᠷ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠠᠯᠪᠠᠨ ᠲᠢᠩᠬᠢᠮ᠂ ᠵᠠᠰᠠᠭ ᠤᠨ ᠤᠷᠳᠤᠨ ᠤ ᠠᠯᠪᠠᠨ ᠲᠢᠩᠬᠢᠮ ᠳᠤ ᠮᠡᠳᠡᠭᠦᠯᠵᠦ᠂ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠬᠤ ᠨᠦᠬᠦᠳ ᠣᠨ ᠤ ᠬᠤᠷᠠᠯ ᠤᠨ | ᠲᠦᠯᠦᠪᠯᠡᠭᠡ ᠶᠢᠨ ᠶᠡᠷᠦᠩᠬᠡᠢ ᠬᠡᠮᠵᠢᠶ᠎ᠠ ᠳᠤᠲᠤᠷ᠎ᠠ ᠴᠢᠩᠭ᠎ᠠ ᠬᠢᠨᠠᠨ ᠵᠦᠪᠰᠢᠶᠡᠷᠡᠨ᠎ᠠ᠃ | 11. ᠬᠤᠷᠠᠯ ᠤᠨ ᠬᠡᠪᠴᠢᠶ᠎ᠠ ᠶᠢ ᠡᠵᠡᠮᠳᠡᠨ᠎ᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠪᠦᠬᠦ ᠤᠷᠤᠨ ᠤ ᠴᠢᠨᠠᠷᠲᠠᠢ ᠬᠤᠷᠠᠯ ᠢ ᠬᠤᠷᠠᠯᠳᠤᠭᠤᠯᠬᠤ ᠳᠤ ᠡᠩ ᠤᠨ ᠪᠠᠶᠢᠳᠠᠯ ᠳᠤᠤᠷ᠎ᠠ | ᠵᠦᠪᠬᠡᠨ ᠠᠶᠢᠮᠠᠭ ᠬᠤᠲᠠ ᠶᠢᠨ ᠱᠠᠲᠤ ᠬᠦᠷᠲᠡᠯ᠎ᠠ ᠬᠤᠷᠠᠯᠳᠤᠭᠤᠯᠵᠤ᠂ ᠰᠢᠭᠤᠳ ᠬᠤᠰᠢᠭᠤ ᠰᠢᠶᠠᠨ ᠬᠦᠷᠲᠡᠯ᠎ᠠ | ᠬᠤᠷᠠᠯᠳᠤᠭᠤᠯᠬᠤ ᠬᠠᠷᠠᠭᠠᠨ ᠳᠠᠪᠲᠠᠮᠵᠢᠲᠦ ᠬᠤᠷᠠᠯ ᠢ ᠠᠶᠢᠮᠠᠭ ᠬᠤᠲᠠ᠂ ᠬᠤᠰᠢᠭᠤ ᠰᠢᠶᠠᠨ ᠳᠠᠬᠢᠨ ᠱᠠᠲᠤ | ᠱᠠᠲᠤ ᠪᠠᠷ ᠬᠤᠷᠠᠯᠳᠤᠭᠤᠯᠬᠤ ᠦᠭᠡᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠦᠬᠦᠳᠡ ᠬᠤᠷᠠᠯ | ᠂ ᠦᠪᠡᠷᠲᠡᠭᠡᠨ ᠵᠠᠰᠠᠬᠤ ᠤᠷᠤᠨ ᠤ ᠬᠤᠶᠠᠷ ᠬᠤᠷᠠᠯ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠲᠦᠷᠦᠯ ᠤᠨ ᠬᠤᠷᠠᠯ ᠪᠤᠶᠤ ᠬᠠᠷᠠᠭᠠᠨ ᠳᠠᠪᠲᠠᠮᠵᠢᠲᠤ ᠶᠢᠨ ᠬᠡᠯᠪᠡᠷᠢ ᠪᠠᠷ ᠬᠤᠷᠠᠯᠳᠤᠭᠤᠯᠬᠤ | ᠬᠤᠷᠠᠯ ᠠᠴᠠ ᠭᠠᠳᠠᠨ᠎ᠠ᠂ ᠪᠤᠰᠤᠳ ᠪᠦᠬᠦ ᠤᠷᠤᠨ ᠤ ᠴᠢᠨᠠᠷᠲᠠᠢ ᠠᠵᠢᠯ ᠤᠨ ᠬᠤᠷᠠᠯ ᠳᠤ ᠤᠷᠤᠯᠴᠠᠬᠤ ᠬᠦᠮᠦᠨ ᠤ | ᠲᠤᠭ᠎ᠠ ᠶᠢ ᠵᠠᠷᠴᠢᠮ ᠳᠡᠭᠡᠷ᠎ᠠ ᠪᠠᠨ 150 ᠠᠴᠠ ᠳᠠᠪᠠᠭᠤᠯᠬᠤ ᠦᠭᠡᠢ᠃ ᠬᠤᠷᠠᠯ ᠤᠨ ᠠᠭᠤᠯᠭ᠎ᠠ ᠶᠢ ᠴᠢᠩᠭ᠎ᠠ | ᠦᠨᠳᠦᠰᠦᠯᠡᠨ ᠬᠤᠯᠪᠤᠬᠳᠠᠯ ᠪᠦᠬᠦᠢ ᠬᠦᠮᠦᠰ ᠤᠨ ᠬᠤᠷᠠᠯ ᠳᠤ ᠤᠷᠤᠯᠴᠠᠬᠤ ᠶᠢ ᠵᠤᠬᠢᠶᠠᠨ ᠪᠠᠶᠢᠭᠤᠯᠤᠨ᠎ᠠ᠂ ᠬᠢᠨᠠᠨ | ᠵᠦᠪᠰᠢᠶᠡᠷᠡᠭᠦᠯᠭᠦ ᠦᠭᠡᠢ ᠪᠠᠷ ᠠᠶᠢᠮᠠᠭ ᠬᠤᠲᠠ ᠪᠤᠯᠤᠨ ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠰᠠᠯᠠᠭ᠎ᠠ | ᠮᠦᠴᠢᠷ ᠤᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠦᠬᠦᠳ ᠢ ᠬᠤᠷᠠᠯ ᠳᠤ ᠤᠷᠤᠯᠴᠠᠬᠤ ᠪᠠᠷ ᠱᠠᠭᠠᠷᠳᠠᠵᠤ | ᠪᠤᠯᠬᠤ ᠦᠭᠡᠢ᠂ ᠭᠤᠤᠯ ᠬᠠᠷᠢᠭᠤᠴᠠᠯᠭᠠᠲᠠᠨ ᠨᠦᠬᠦᠳ ᠪᠤᠯᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠦᠬᠦᠳ | ᠢ ᠬᠤᠷᠠᠯ ᠳᠤ ᠬᠠᠮᠲᠤ ᠪᠠᠷ ᠤᠷᠤᠯᠴᠠᠭᠤᠯᠬᠤ ᠪᠠᠷ ᠲᠤᠬᠢᠷᠠᠭᠤᠯᠬᠤ ᠪᠤᠯᠬᠤ ᠦᠭᠡᠢ᠃ ᠪᠦᠬᠦ ᠤᠷᠤᠨ ᠤ ᠴᠢᠨᠠᠷᠲᠠᠢ | ᠠᠵᠢᠯ ᠤᠨ ᠬᠤᠷᠠᠯ ᠤᠨ ᠬᠤᠭᠤᠴᠠᠭ᠎ᠠ ᠶᠢ ᠡᠩ ᠤᠨ ᠪᠠᠶᠢᠳᠠᠯ ᠳᠤᠤᠷ᠎ᠠ 1 ᠡᠳᠦᠷ ᠠᠴᠠ ᠬᠡᠲᠦᠷᠡᠭᠦᠯᠵᠦ ᠪᠣᠯᠬᠤ | ᠦᠭᠡᠢ᠃ | 12. ᠤᠬᠤᠷ ᠠᠪᠰᠠᠷᠬᠠᠨ ᠬᠤᠷᠠᠯ ᠬᠤᠷᠠᠯᠳᠤᠭᠤᠯᠵᠤ᠂ ᠤᠬᠤᠷ ᠠᠪᠰᠠᠷᠬᠠᠨ ᠶᠠᠷᠢᠶ᠎ᠠ ᠲᠠᠯᠪᠢᠬᠤ ᠶᠢ | ᠪᠠᠷᠢᠮᠲᠠᠯᠠᠨ᠎ᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ | ᠬᠤᠷᠠᠯᠳᠤᠭᠤᠯᠤᠬᠰᠠᠨ ᠠᠵᠢᠯ ᠤᠨ ᠬᠤᠷᠠᠯ ᠳᠡᠭᠡᠷ᠎ᠠ ᠵᠠᠷᠴᠢᠮ ᠳᠡᠭᠡᠷ᠎ᠠ ᠪᠠᠨ ᠵᠦᠪᠬᠡᠨ 1 ᠤᠳᠤᠷᠢᠳᠤᠯᠭ᠎ᠠ ᠶᠢᠨ ᠶᠠᠷᠢᠶ᠎ᠠ | ᠲᠠᠯᠪᠢᠬᠤ ᠶᠢ ᠲᠤᠬᠢᠷᠠᠭᠤᠯᠵᠤ᠂ ᠶᠠᠷᠢᠶ᠎ᠠ ᠶᠢ ᠡᠩ ᠤᠨ ᠪᠠᠶᠢᠳᠠᠯ ᠳᠤᠤᠷ᠎ᠠ 90 ᠮᠢᠨᠦ᠋ᠲ ᠠᠴᠠ ᠬᠡᠲᠦᠷᠡᠭᠦᠯᠬᠦ ᠦᠭᠡᠢ | ᠪᠠᠶᠢᠵᠤ᠂ ᠬᠤᠷᠠᠯ ᠡᠷᠬᠢᠯᠡᠭᠴᠢ ᠶᠢᠨ ᠶᠠᠷᠢᠶ᠎ᠠ ᠶᠢ 10 ᠮᠢᠨᠦ᠋ᠲ ᠠᠴᠠ ᠬᠡᠲᠦᠷᠡᠭᠦᠯᠬᠦ ᠦᠭᠡᠢ︔ ᠬᠠᠷᠢᠭᠤ | ᠮᠡᠳᠡᠭᠦᠯᠦᠯᠲᠡ ᠬᠢᠵᠦ ᠰᠠᠨᠠᠯ ᠢᠶᠠᠨ ᠰᠤᠯᠢᠯᠴᠬᠠᠤ ᠠᠭᠤᠯᠭ᠎ᠠ ᠲᠠᠢ ᠪᠤᠯ᠂ ᠬᠠᠷᠢᠭᠤ ᠮᠡᠳᠡᠭᠦᠯᠦᠯᠲᠡ ᠬᠢᠬᠦ ᠬᠦᠮᠦᠨ ᠢ 6 | ᠮᠢᠨᠦ᠋ᠲ ᠠᠴᠠ ᠳᠠᠪᠠᠭᠤᠯᠬᠤ ᠦᠭᠡᠢ ᠪᠠᠶᠢᠵᠤ᠂ ᠬᠦᠮᠦᠨ ᠪᠤᠯᠭᠠᠨ ᠤ ᠶᠠᠷᠢᠶ᠎ᠠ ᠲᠠᠯᠪᠢᠬᠤ ᠴᠠᠭ ᠨᠢ 8 ᠮᠢᠨᠦ᠋ᠲ ᠠᠴᠠ | ᠳᠠᠪᠠᠭᠤᠯᠬᠤ ᠦᠭᠡᠢ ᠪᠠᠶᠢᠬᠤ ᠬᠡᠷᠡᠭᠲᠡᠢ᠃ ᠬᠠᠷᠢᠭᠤ ᠮᠡᠳᠡᠭᠦᠯᠦᠯᠲᠡ ᠬᠢᠵᠦ ᠰᠠᠨᠠᠯ ᠢᠶᠠᠨ ᠰᠤᠯᠢᠯᠴᠠᠬᠤ ᠶᠢ | ᠲᠤᠬᠢᠷᠠᠭᠤᠯᠬᠤ ᠦᠭᠡᠢ ᠬᠠᠷᠠᠭᠠᠨ ᠳᠠᠪᠲᠠᠮᠵᠢᠲᠤ ᠬᠤᠷᠠᠯ ᠡᠩ ᠤᠨ ᠪᠠᠶᠢᠳᠠᠯ ᠳᠤᠤᠷ᠎ᠠ 90 ᠮᠢᠨᠦ᠋ᠲ ᠠᠴᠠ | ᠬᠡᠲᠦᠷᠡᠭᠦᠯᠬᠦ ᠦᠭᠡᠢ ᠪᠠᠶᠢᠵᠤ᠂ ᠬᠡᠷᠪᠡ ᠢᠵᠢ ᠪᠦᠷᠢᠯᠳᠦᠭᠦᠯᠦᠨ ᠬᠤᠷᠠᠯᠳᠤᠭᠤᠯᠬᠤ ᠴᠢᠬᠤᠯᠠᠲᠠᠢ ᠪᠤᠯ᠂ ᠡᠩ ᠤᠨ | ᠪᠠᠶᠢᠳᠠᠯ ᠳᠤᠤᠷ᠎ᠠ 120 ᠮᠢᠨᠦ᠋ᠲ ᠠᠴᠠ ᠬᠡᠲᠦᠷᠡᠭᠦᠯᠬᠦ ᠦᠭᠡᠢ᠃ | 13. ᠬᠤᠷᠠᠯ ᠢ ᠨᠢᠭᠡᠲᠦᠯᠲᠡᠢ ᠲᠦᠯᠦᠪᠵᠢᠭᠦᠯᠦᠨ ᠲᠤᠬᠢᠷᠠᠭᠤᠯᠤᠨ᠎ᠠ᠃ ᠠᠶᠢᠮᠠᠭ ᠬᠤᠲᠠ ᠶᠢᠨ | ᠬᠠᠷᠢᠭᠤᠴᠠᠯᠭᠠᠲᠠᠨ ᠨᠦᠬᠦᠳ ᠦᠪᠡᠷᠲᠡᠭᠡᠨ ᠵᠠᠰᠠᠬᠤ ᠤᠷᠤᠨ ᠳᠤ ᠢᠷᠡᠵᠤ ᠤᠷᠤᠯᠴᠠᠬᠤ ᠬᠤᠷᠠᠯ ᠢ ᠴᠢᠳᠠᠬᠤ ᠶᠢᠨ | ᠬᠢᠷᠢ ᠪᠠᠷ ᠵᠠᠯᠭᠠᠭᠤᠯᠤᠨ ᠬᠤᠷᠠᠯᠳᠤᠭᠤᠯᠤᠨ᠎ᠠ᠃ ᠬᠤᠷᠠᠯ ᠤᠨ ᠠᠭᠤᠯᠭ᠎ᠠ ᠨᠢ ᠠᠳᠠᠯᠢᠪᠳᠤᠷ᠂ ᠬᠤᠷᠠᠯ ᠳᠤ | ᠤᠷᠤᠯᠴᠠᠬᠰᠡᠳ ᠦᠨᠳᠦᠰᠦᠨ ᠳᠤ ᠪᠠᠨ ᠠᠳᠠᠯᠢ ᠪᠠᠶᠢᠬᠤ ᠪᠦᠬᠦ ᠤᠷᠤᠨ ᠤ ᠴᠢᠨᠠᠷᠲᠠᠢ ᠬᠤᠷᠠᠯ ᠢ ᠨᠡᠶᠢᠯᠡᠭᠦᠯᠦᠨ | ᠬᠤᠷᠠᠯᠳᠤᠭᠤᠯᠬᠤ ᠪᠤᠶᠤ ᠲᠤᠬᠤᠵᠤ ᠬᠤᠷᠠᠯᠳᠤᠭᠤᠯᠤᠨ᠎ᠠ᠃ ᠬᠤᠷᠠᠯ ᠤᠨ ᠪᠤᠳᠠᠲᠤ ᠦᠷ᠎ᠠ ᠪᠦᠲᠦᠮᠵᠢ ᠶᠢ | ᠳᠡᠭᠡᠭᠰᠢᠯᠡᠭᠦᠯᠵᠦ᠂ ᠠᠯᠪᠠ ᠪᠠᠷ ᠡᠲᠦᠷ ᠲᠤ ᠪᠠᠨ ᠳᠠᠮᠵᠢᠭᠤᠯᠬᠤ ᠪᠠᠷ ᠤᠷᠤᠯᠳᠤᠵᠤ ᠪᠤᠯᠬᠤ ᠦᠭᠡᠢ᠂ ᠠᠳᠠᠯᠢᠬᠠᠨ | ᠤᠴᠢᠷ ᠶᠠᠪᠤᠳᠠᠯ ᠢ ᠵᠦᠪᠯᠡᠭᠡᠳ ᠰᠢᠢᠳᠪᠦᠷᠢ ᠭᠠᠷᠭᠠᠬᠤ ᠦᠭᠡᠢ᠂ ᠳᠠᠬᠢᠨ ᠳᠠᠪᠲᠠᠨ ᠬᠤᠷᠠᠯᠳᠤᠭᠤᠯᠬᠤ ᠶᠢ ᠡᠷᠡᠰ | ᠰᠡᠷᠭᠡᠶᠢᠯᠡᠬᠦ ᠬᠡᠷᠡᠭᠲᠡᠢ᠃ | ᠭᠤᠷᠪᠠ᠂ ᠰᠢᠮᠳᠠᠭᠤᠯᠤᠨ ᠪᠠᠶᠢᠴᠠᠭᠠᠬᠤ ᠪᠠᠶᠢᠴᠠᠭᠠᠬᠤ ᠰᠢᠯᠭᠠᠨ ᠪᠠᠶᠢᠴᠠᠭᠠᠬᠤ ᠶᠢ ᠴᠦᠬᠡᠳᠭᠡᠨ᠎ᠡ | 14᠂ ᠶᠡᠷᠤᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃ ᠲᠦᠯᠥᠪᠯᠡᠬᠡᠳᠤ ᠬᠠᠮᠢᠶᠠᠷᠤᠯᠳᠠ ᠶᠢ ᠬᠡᠷᠡᠭᠵᠢᠬᠦᠯᠵᠥ | ᠂ ᠦᠪᠡᠷᠳᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠵᠠᠷᠴᠢᠮ ᠲᠡᠭᠡᠷ᠎ᠡ ᠪᠠᠨ ᠵᠢᠯ ᠪᠤᠯᠭᠠᠨ ᠨᠢᠬᠡ ᠤᠳᠠᠭ᠎ᠠ | ᠶᠡᠷᠤᠩᠬᠡᠶᠢᠯᠡᠭᠰᠡᠡ ᠴᠢᠨᠠᠷᠳᠠᠢ ᠰᠢᠮᠳᠠᠭᠤᠯᠤᠨ ᠪᠠᠶᠢᠴᠠᠭᠠᠬᠤ ᠪᠠᠶᠢᠴᠠᠭᠠᠬᠤ ᠰᠢᠯᠭᠠᠨ ᠪᠠᠶᠢᠴᠠᠭᠠᠬᠤ ᠠᠵᠢᠯᠯᠠᠭ᠎ᠠ | ᠦᠷᠨᠢᠬᠦᠯᠥᠨ᠎ᠡ᠂ ᠲᠦᠯᠥᠪᠯᠡᠭᠡ ᠳᠤ ᠤᠷᠤᠭᠤᠯᠤᠬᠰᠠᠠ ᠦᠬᠡᠢ ᠪᠤᠯ ᠦᠷᠨᠢᠬᠦᠯᠵᠥ ᠪᠤᠯᠬᠤ ᠦᠬᠡᠢ᠃ ᠦᠨᠡᠨ ᠬᠦ | ᠠᠵᠢᠯ ᠤᠨ ᠬᠡᠷᠡᠭᠴᠡᠭᠡ ᠠᠴᠠ ᠪᠤᠯᠵᠥ ᠨᠡᠮᠡᠬᠦ ᠴᠢᠬᠤᠯᠠᠳᠠᠢ ᠪᠠᠶᠢᠪᠠᠯ᠂ ᠲᠡᠰ ᠲᠠᠷᠠᠭᠠᠯᠠᠯ ᠢ ᠴᠢᠩᠭ᠎ᠠ ᠵᠢᠷᠤᠮᠯᠠᠨ | ᠮᠡᠳᠡᠬᠦᠯᠵᠥ ᠵᠦᠪᠰᠢᠶᠡᠷᠡᠬᠦᠯᠬᠦ ᠬᠡᠷᠡᠭᠳᠡᠢ᠂ ᠵᠠᠷᠴᠢᠮ ᠲᠡᠭᠡᠷ᠎ᠡ ᠪᠠᠨ ︽ᠨᠢᠬᠡ ᠶᠢ ᠨᠡᠮᠡᠪᠡᠯ ᠨᠢᠬᠡ ᠶᠢ ᠬᠠᠰᠤᠬᠤ︾ | ᠶᠤᠰᠤᠭᠠᠷ ᠲᠤᠬᠢᠷᠠᠭᠤᠯᠤᠨ ᠡᠵᠡᠮᠰᠢᠵᠥ᠂ ᠣᠨ ᠤ ᠲᠦᠯᠥᠪᠯᠡᠭᠡ ᠶᠢᠨ ᠶᠡᠷᠤᠩᠬᠡᠢ ᠬᠡᠮᠵᠢᠶ᠎ᠡ ᠶᠢ ᠬᠤᠪᠢᠷᠠᠭᠤᠯᠬᠤ ᠦᠭᠡᠢ | ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠣᠨ ᠤ ᠵᠦᠪᠰᠢᠶᠡᠷᠡᠬᠦᠯᠥᠨ ᠦᠷᠨᠢᠬᠦᠯᠬᠦ ᠰᠢᠮᠳᠠᠭᠤᠯᠤᠨ ᠪᠠᠶᠢᠴᠠᠭᠠᠬᠤ | ᠪᠠᠶᠢᠴᠠᠭᠠᠬᠤ ᠠᠵᠢᠯ᠂ ᠬᠤᠰᠢᠭᠤ ᠰᠢᠶᠠᠨ ︵ᠬᠤᠳᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠡᠬᠡᠯᠢ | ᠭᠤᠳᠤᠮᠵᠢ︶᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠳᠤ ᠴᠢᠭᠯᠡᠬᠦᠯᠥᠭᠰᠡᠡ ᠵᠦᠢᠯ ᠢ 50% ᠠᠴᠠ | ᠳᠠᠪᠠᠭᠤᠯᠵᠤ ᠪᠤᠯᠬᠤ ᠦᠬᠡᠢ᠃ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢ ᠭᠠᠷᠭᠠᠪᠠᠯ᠂ | ᠦᠢᠯᠡᠳᠪᠤᠷᠢ ᠠᠭᠤᠷᠬᠠᠢ ᠠᠵᠥ ᠠᠬᠤᠢᠢᠯᠠᠯ ᠰᠤᠷᠭᠠᠭᠤᠯᠢ ᠳᠤ ᠰᠢᠮᠳᠠᠭᠤᠯᠤᠨ ᠪᠠᠶᠢᠴᠠᠭᠠᠬᠤ ᠪᠠᠶᠢᠴᠠᠭᠠᠬᠤ ᠰᠢᠯᠭᠠᠨ | ᠪᠠᠶᠢᠴᠠᠭᠠᠬᠤ ᠠᠵᠢᠯ ᠦᠷᠨᠢᠭᠦᠯᠬᠦ ᠶᠢ ᠴᠢᠩᠭ᠎ᠠ ᠬᠢᠵᠠᠭᠠᠷᠯᠠᠨ᠎ᠠ᠃ | 15᠂ ᠤᠷᠢᠳ ᠢᠶᠠᠷ ᠮᠡᠳᠡᠬᠦᠯᠵᠥ ᠵᠦᠪᠰᠢᠶᠡᠷᠡᠬᠦᠯᠬᠦ ᠲᠦᠷᠢᠮ ᠢ ᠲᠤᠭᠳᠠᠭᠠᠨ᠎ᠠ᠃ ᠦᠪᠡᠷᠳᠡᠭᠡᠨ ᠵᠠᠰᠠᠬᠤ | ᠤᠷᠤᠨ ᠤ ᠡᠯ᠎ᠡ ᠰᠠᠯᠠᠭ᠎ᠠ ᠮᠦᠴᠢᠷ ᠤᠨ ᠲᠦᠯᠥᠪᠯᠡᠭᠡ ᠶᠤᠰᠤᠭᠠᠷ ᠦᠷᠨᠢᠬᠦᠯᠬᠦ ᠰᠢᠮᠳᠠᠭᠤᠯᠤᠨ ᠪᠠᠶᠢᠴᠠᠭᠠᠬᠤ | ᠪᠠᠶᠢᠴᠠᠭᠠᠬᠤ ᠰᠢᠯᠭᠠᠨ ᠪᠠᠶᠢᠴᠠᠭᠠᠬᠤ ᠠᠵᠢᠯᠯᠠᠭ᠎ᠠ ᠶᠢ ᠡᠷᠬᠡᠪᠰᠢ 10 ᠠᠵᠢᠯᠯᠠᠬᠤ ᠡᠳᠤᠷ ᠤᠨ ᠡᠮᠤᠨ᠎ᠡ ᠬᠠᠷᠢᠶ᠎ᠠ | ᠰᠢᠰᠲ᠋ᠧᠮ ᠢᠶᠠᠷ ᠢᠶᠠᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠭ ᠤᠨ | ᠤᠷᠳᠤᠨ ᠤ ᠠᠯᠪᠠᠨ ᠲᠢᠩᠬᠢᠮ ᠳᠤ ᠲᠤᠰ ᠲᠤᠰ ᠮᠡᠳᠡᠬᠦᠯᠵᠥ ᠵᠦᠪᠰᠢᠶᠡᠷᠡᠬᠦᠯᠥᠨᠡ᠃ | 16᠂ ᠰᠢᠮᠳᠠᠭᠤᠯᠤᠨ ᠪᠠᠶᠢᠴᠠᠭᠠᠬᠤ ᠪᠠᠶᠢᠴᠠᠭᠠᠬᠤ ᠭᠤᠤᠯ ᠴᠤᠭᠴᠠ ᠪᠤᠯᠤᠨ ᠬᠡᠪᠴᠢᠶ᠎ᠡ ᠶᠢ ᠵᠢᠷᠤᠮᠵᠢᠭᠤᠯᠤᠨ᠎ᠠ | ᠃ ᠡᠯ᠎ᠡ ᠰᠠᠯᠠᠭ᠎ᠠ ᠮᠦᠴᠢᠷ ᠤᠨ ᠦᠪᠡᠷᠳᠡᠭᠡᠨ ᠵᠠᠰᠠᠬᠤ ᠤᠷᠤᠨ ᠤ ᠣᠨ ᠤ ᠲᠦᠯᠥᠪᠯᠡᠭᠡ ᠳᠤ ᠤᠷᠤᠭᠤᠯᠤᠬᠰᠠᠠ | ᠰᠢᠮᠳᠠᠭᠤᠯᠤᠨ ᠪᠠᠶᠢᠴᠠᠭᠠᠬᠤ ᠪᠠᠶᠢᠴᠠᠭᠠᠬᠤ ᠠᠵᠢᠯ ᠢ ᠵᠦᠪᠰᠢᠶᠡᠷᠡᠬᠦᠯᠥᠬᠡᠳ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ᠂ ᠵᠠᠰᠠᠭ ᠤᠨ ᠤᠷᠳᠤᠨ ᠤ ᠨᠡᠷ᠎ᠡ ᠪᠠᠷ ᠦᠷᠨᠢᠬᠦᠯᠬᠦ ᠠᠴᠠ ᠪᠤᠰᠤᠳ ᠢ ᠨᠢ᠂ ᠲᠤᠤᠷᠡᠳᠤ ᠱᠠᠳᠤᠨ ᠤ | ᠠᠵᠢᠯ ᠲᠦᠷᠦᠯ ᠤᠨ ᠰᠠᠯᠠᠭ᠎ᠠ ᠮᠦᠴᠢᠷ ᠲᠤ ᠪᠠᠨ ᠰᠢᠮᠳᠠᠭᠤᠯᠤᠨ ᠪᠠᠶᠢᠴᠠᠭᠠᠯᠳᠠ ᠪᠠᠶᠢᠴᠠᠭᠠᠯᠳᠡ ᠦᠷᠨᠢᠬᠦᠯᠵᠥ | ᠪᠤᠯᠤᠨ᠎ᠠ᠂ ᠠᠶᠢᠮᠠᠭ ᠬᠤᠳᠠ᠂ ᠬᠤᠰᠢᠭᠤᠨ ᠰᠢᠶᠠᠨ ︵ᠬᠤᠳᠠ᠂ᠲᠤᠭᠤᠷᠢᠭ︶ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠢ ᠠᠵᠢᠯ ᠢᠶᠠᠨ ᠬᠠᠷᠢᠭᠤ ᠮᠡᠳᠡᠭᠦᠯᠬᠦ ᠪᠤᠶᠤ ᠪᠢᠴᠢᠭ ᠤᠨ ᠬᠡᠯᠪᠡᠷᠢ ᠪᠠᠷ ᠬᠠᠷᠢᠭᠤ ᠮᠡᠳᠡᠬᠦᠯᠥᠭᠰᠡᠡ ᠮᠠᠲ᠋ᠧᠷᠢᠶᠠᠯ | ᠬᠠᠩᠭᠠᠯᠭᠠᠬᠤ ᠪᠠᠷ ᠱᠠᠭᠠᠷᠳᠠᠵᠥ ᠪᠤᠯᠬᠤ ᠦᠬᠡᠢ᠃ ᠡᠯ᠎ᠡ ᠲᠦᠷᠦᠯ ᠤᠨ ᠰᠢᠮᠳᠠᠭᠤᠯᠤᠨ ᠪᠠᠶᠢᠴᠠᠭᠠᠬᠤ ᠪᠠᠶᠢᠴᠠᠭᠠᠬᠤ | ᠠᠵᠢᠯ ᠳᠤ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠤ ᠭᠤᠤᠯ ᠬᠠᠷᠢᠭᠤᠴᠠᠯᠭᠠᠳᠠᠨ ᠢᠶᠠᠷ ᠪᠡᠷ᠎ᠡ ᠪᠤᠯᠭᠠᠬᠤ ᠪᠠᠷ ᠱᠠᠭᠠᠷᠳᠠᠵᠥ ᠪᠤᠯᠬᠤ ᠦᠬᠡᠢ᠃ ᠪᠠᠶᠢᠴᠠᠭᠠᠨ | ᠰᠤᠳᠤᠯᠤᠯᠳᠡ ᠬᠢᠬᠦ ᠨᠡᠷ᠎ᠡ ᠪᠠᠷ ᠬᠡᠯᠪᠡᠷᠢ ᠶᠢ ᠨᠢ ᠦᠬᠡᠷᠡᠳᠦᠬᠦᠯᠥᠨ ᠰᠢᠮᠳᠠᠭᠤᠯᠤᠨ ᠪᠠᠶᠢᠴᠠᠭᠠᠯᠳᠠ ᠪᠠᠶᠢᠴᠠᠭᠠᠯᠳᠡ | ᠦᠷᠨᠢᠬᠦᠯᠬᠦ ᠶᠢ ᠴᠢᠩᠭ᠎ᠠ ᠴᠠᠭᠠᠵᠠᠯᠠᠬᠤ ᠬᠡᠷᠡᠭᠳᠡᠢ᠃ | 17᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠎ᠠ᠃ ᠰᠢᠮᠳᠠᠭᠤᠯᠤᠨ ᠪᠠᠶᠢᠴᠠᠭᠠᠬᠤ | ᠪᠠᠶᠢᠴᠠᠭᠠᠬᠤ ᠠᠵᠢᠯ ᠦᠷᠨᠢᠭᠦᠯᠬᠦ ᠳᠤ ᠪᠠᠨ ᠠᠰᠠᠭᠤᠳᠠᠯ ᠢ ᠬᠦᠴᠦᠯᠡᠨ ᠢᠯᠡᠷᠡᠬᠦᠯᠵᠤ ᠰᠢᠢᠳᠪᠤᠷᠢᠯᠡᠬᠦ ᠬᠡᠷᠡᠭᠳᠡᠢ᠂ | ᠰᠢᠮᠳᠠᠭᠤᠯᠤᠨ ᠪᠠᠶᠢᠴᠠᠭᠠᠭᠠᠳ ᠪᠠᠷᠠᠪᠠᠯ ᠳᠠᠭᠤᠰᠴᠢᠬᠠᠬᠤ ᠶᠠᠪᠤᠳᠠᠯ ᠬᠡᠵᠥ ᠬᠠᠰᠢ ᠶᠠᠰᠢ ᠪᠠᠷ ᠬᠢᠬᠦ ᠶᠢ ᠴᠢᠩᠭ᠎ᠠ | ᠰᠡᠷᠬᠡᠶᠢᠯᠡᠬᠦ ᠬᠡᠷᠡᠭᠳᠡᠢ᠃ ᠰᠢᠮᠳᠠᠭᠤᠯᠤᠨ ᠪᠠᠶᠢᠴᠠᠭᠠᠭᠰᠠᠠ ᠪᠠᠶᠢᠴᠠᠭᠠᠭᠰᠠᠠ ᠦᠷ᠎ᠡ ᠳ᠋ᠦᠩ ᠢ 1 ᠰᠠᠷ᠎ᠠ ᠶᠢᠨ ᠲᠤᠳᠤᠷ᠎ᠠ | ᠰᠢᠮᠳᠠᠭᠤᠯᠤᠨ ᠪᠠᠶᠢᠴᠠᠭᠠᠭᠰᠠᠠ ᠪᠠᠶᠢᠴᠠᠭᠠᠭᠰᠠᠠ ᠮᠡᠳᠡᠬᠦᠯᠥᠯᠳᠡ ᠪᠤᠯᠭᠠᠵᠥ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠰᠢᠮᠳᠠᠭᠤᠯᠤᠨ ᠪᠠᠶᠢᠴᠠᠭᠠᠬᠤ ᠲᠠᠰᠤᠭ᠂ ᠵᠠᠰᠠᠭ ᠤᠨ ᠤᠷᠳᠤᠨ ᠤ ᠰᠢᠮᠳᠠᠭᠤᠯᠤᠨ ᠪᠠᠶᠢᠴᠠᠭᠠᠬᠤ | ᠲᠠᠰᠤᠭ ᠲᠤ ᠮᠡᠳᠡᠬᠦᠯᠬᠦ ᠬᠡᠷᠡᠭᠳᠡᠢ᠃ ᠮᠡᠳᠡᠬᠦᠯᠥᠯᠳᠡ ᠨᠢ ᠪᠠᠶᠢᠳᠠᠯ ᠪᠤᠯᠤᠨ ᠠᠰᠠᠭᠤᠳᠠᠯ ᠢ ᠦᠨᠡᠨ ᠪᠤᠳᠠᠳᠠᠢ | ᠪᠤᠰᠤᠳᠴᠢ ᠪᠠᠷ ᠲᠤᠰᠬᠠᠭᠰᠠᠠ ᠪᠠᠶᠢᠬᠤ ᠬᠡᠷᠡᠭᠳᠡᠢ ᠪᠦᠬᠡᠳ ᠪᠤᠳᠠᠳᠠᠢ ᠶᠢ ᠡᠷᠬᠢᠮᠯᠡᠭᠰᠡᠡ ᠬᠡᠷᠡᠭᠴᠡᠭᠡ ᠲᠠᠢ ᠠᠷᠭ᠎ᠠ | ᠪᠤᠳᠤᠯᠭ᠎ᠠ ᠰᠠᠨᠠᠭᠤᠯᠭ᠎ᠠ ᠲᠤᠷᠠᠳᠤᠭᠰᠠᠠ ᠪᠠᠶᠢᠬᠤ ᠬᠡᠷᠡᠭᠳᠡᠢ᠃ ᠲᠦᠬᠦᠮᠬᠡᠨ ᠢᠶᠠᠷ ᠤᠳᠤᠷᠢᠳᠤᠯᠭ᠎ᠠ ᠶᠢᠨ ᠴᠤᠬᠤᠯᠠᠪᠤᠷᠢ᠂ | ᠬᠤᠷᠡᠯ ᠤᠨ ᠮᠠᠲ᠋ᠧᠷᠢᠶᠠᠯ᠂ ᠡᠬᠡ ᠲᠠᠩᠰᠠ ᠶᠢᠨ ᠲᠡᠮᠳᠡᠭᠯᠡᠯ᠂ ᠠᠵᠢᠯ ᠤᠨ ᠲᠡᠮᠳᠡᠭᠯᠡᠯ ᠪᠠᠶᠢᠬᠤ ᠡᠰᠡᠬᠦ ᠵᠡᠷᠬᠡ ᠪᠠᠷ | ᠨᠠᠶᠢᠳᠠᠪᠤᠷᠢᠵᠢᠭᠤᠯᠬᠤ ᠡᠰᠡᠬᠦ ᠶᠢᠨ ᠪᠠᠷᠢᠮᠵᠢᠶ᠎ᠠ ᠪᠤᠯᠭᠠᠵᠥ ᠪᠤᠯᠬᠤ ᠦᠬᠡᠢ᠃ ᠸᠢᠴᠠᠲ ᠠᠵᠢᠯ ᠤᠨ ᠴᠤᠭᠯᠠᠷᠠᠯ᠂ ᠵᠠᠰᠠᠭ | ᠤᠨ ᠶᠠᠪᠤᠳᠠᠯ ᠤᠨ APP ᠲᠡᠭᠡᠷ᠎ᠡ ᠠᠵᠢᠯ ᠤᠨ ᠲᠠᠯᠠᠪᠤᠷ ᠤᠨ ᠵᠢᠷᠤᠭ ᠪᠤᠶᠤ ᠬᠠᠷᠠᠭᠠᠨ ᠳᠠᠪᠲᠠᠮᠵᠢ ᠶᠠᠪᠤᠭᠤᠯᠵᠤ | ᠪᠤᠳᠠᠳᠠᠢ ᠠᠵᠢᠯ ᠢ ᠦᠨᠡᠯᠡᠬᠦ ᠶᠢ ᠤᠷᠤᠯᠠᠭᠤᠯᠵᠥ ᠪᠤᠯᠬᠤ ᠦᠬᠡᠢ᠂ ᠬᠤᠪᠢ ᠤᠯᠭᠤᠨ ᠦᠨᠡᠯᠡᠵᠥ ᠪᠤᠯᠬᠤ ᠦᠬᠡᠢ᠃ | ᠲᠤᠭᠤᠷᠢᠨ ᠪᠠᠶᠢᠴᠠᠭᠠᠬᠤ ᠴᠠᠬᠳᠠᠨ ᠪᠠᠶᠢᠴᠠᠭᠠᠬᠤ᠂ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ | ᠪᠠᠶᠢᠴᠠᠭᠠᠬᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠬᠢᠨᠠᠨ ᠪᠠᠶᠢᠴᠠᠭᠠᠬᠤ ᠰᠢᠯᠭᠠᠨ | ᠪᠠᠶᠢᠴᠠᠭᠠᠬᠤ᠂ ᠨᠠᠮ ᠤᠨ ᠪᠠᠶᠢᠭᠤᠯᠤᠯᠳᠠ ᠶᠢ ᠰᠢᠯᠭᠠᠨ ᠪᠠᠶᠢᠴᠠᠭᠠᠬᠤ ᠵᠡᠷᠬᠡ ᠶᠢᠨ ᠠᠷᠭ᠎ᠠ ᠬᠡᠯᠪᠡᠷᠢ ᠶᠢ | ᠰᠢᠯᠢᠳᠡᠭᠵᠢᠬᠦᠯᠤᠨ ᠰᠠᠶᠢᠵᠢᠷᠠᠭᠤᠯᠬᠤ ᠬᠡᠷᠡᠭᠳᠡᠢ᠂ ᠮᠧᠬᠠᠨᠢᠬ ᠮᠠᠶ᠋ᠢᠬ᠂ ᠨᠤᠮᠯᠠᠯ ᠤᠨ ᠮᠠᠶ᠋ᠢᠬ ᠤᠨ ᠪᠠᠶᠢᠴᠠᠭᠠᠯᠳᠠ ᠬᠢᠵᠤ | ᠪᠤᠯᠬᠤ ᠦᠬᠡᠢ᠂ ᠪᠠᠶᠢᠨ ᠲᠠᠬᠢᠨ ᠪᠢᠴᠢᠭ ᠮᠠᠲ᠋ᠧᠷᠢᠶᠠᠯ ᠢ ᠬᠠᠶᠢᠨ ᠦᠵᠡᠵᠤ ᠪᠤᠯᠬᠤ ᠦᠬᠡᠢ᠂ ᠪᠤᠳᠠᠳᠤ ᠠᠴᠢ | ᠬᠤᠯᠪᠤᠬᠳᠠᠯ ᠦᠬᠡᠢ ᠰᠢᠯᠭᠠᠯᠳᠠ ᠪᠤᠯᠤᠨ ᠠᠰᠠᠭᠤᠯᠳᠠ ᠬᠠᠷᠢᠭᠤᠯᠳᠠ ᠶᠢᠨ ᠮᠠᠶ᠋ᠢᠬ ᠤᠨ ᠪᠠᠶᠢᠴᠠᠭᠠᠯᠳᠠ ᠬᠢᠵᠤ ᠪᠤᠯᠬᠤ | ᠦᠬᠡᠢ᠂ ᠬᠢᠨᠠᠯᠳᠠ ᠲᠠᠯᠪᠢᠬᠤ ᠲᠤᠰᠬᠠᠢᠢᠵᠢᠬᠰᠠᠨ ᠲᠦᠪᠰᠢᠨ ᠢᠶᠠᠨ ᠲᠡᠭᠡᠭᠰᠢᠯᠡᠬᠦᠯᠬᠦ ᠬᠡᠷᠡᠭᠳᠠᠢ᠃ | 18᠂ ᠯᠠᠪᠯᠠᠨ ᠠᠰᠠᠭᠤᠵᠤ ᠬᠡᠳᠡᠷᠡᠬᠦ ᠲᠤᠯᠭᠠᠬᠤ ᠲᠤᠭᠳᠠᠴᠠ ᠶᠢ ᠭᠡᠷᠡᠭᠵᠢᠬᠦᠯᠤᠨ᠎ᠠ᠃ ᠦᠨᠳᠤᠰᠤᠨ ᠱᠠᠳᠤᠨ | ᠤ ᠨᠢᠬᠡᠴᠢ ᠶᠢᠨ ᠬᠢᠨ ᠦᠪᠡᠷᠳᠡᠬᠡᠨ ᠵᠠᠰᠠᠬᠤ ᠤᠷᠤᠨ ᠤ ᠰᠠᠯᠠᠭ᠎ᠠ ᠮᠦᠴᠢᠷ ᠤᠨ ᠰᠢᠮᠳᠠᠭᠤᠯᠤᠨ ᠪᠠᠶᠢᠴᠠᠭᠠᠬᠤ | ᠪᠠᠶᠢᠴᠠᠭᠠᠬᠤ ᠰᠢᠯᠭᠠᠨ ᠪᠠᠶᠢᠴᠠᠭᠠᠬᠤ ᠮᠡᠳᠡᠭᠳᠡᠯ ᠢ ᠤᠯᠤᠬᠰᠠᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠰᠢᠮᠳᠠᠭᠤᠯᠤᠨ ᠪᠠᠶᠢᠴᠠᠭᠠᠬᠤ ᠲᠠᠰᠤᠬ᠂ ᠵᠠᠰᠠᠬ ᠤᠨ ᠤᠷᠳᠤᠨ ᠤ ᠰᠢᠮᠳᠠᠭᠤᠯᠤᠨ ᠪᠠᠶᠢᠴᠠᠭᠠᠬᠤ | ᠲᠠᠰᠤᠬ ᠠᠴᠠ ᠯᠠᠪᠯᠠᠨ ᠠᠰᠠᠭᠤᠵᠤ ᠬᠠᠷᠭᠤᠭᠤᠯᠵᠤ ᠪᠤᠯᠤᠨ᠎ᠠ᠂ ᠲᠡᠷᠡᠴᠢᠯᠠᠨ ᠵᠦᠪᠰᠢᠶᠡᠷᠡᠯ ᠦᠬᠡᠢ ᠰᠢᠮᠳᠠᠭᠤᠯᠤᠨ | ᠪᠠᠶᠢᠴᠠᠭᠠᠬᠤ ᠪᠠᠶᠢᠴᠠᠭᠠᠬᠤ ᠰᠢᠯᠭᠠᠨ ᠪᠠᠶᠢᠴᠠᠭᠠᠬᠤ ᠶᠢ ᠲᠡᠪᠴᠢᠬᠦ ᠡᠷᠬᠡ ᠲᠠᠢ ᠶᠤᠮ᠃ ᠦᠨᠳᠤᠰᠤᠨ ᠱᠠᠳᠤᠨ ᠤ | ᠬᠢᠨᠠᠨ ᠡᠵᠡᠮᠳᠡᠬᠦ ᠴᠢᠭ ᠪᠤᠯᠤᠨ ᠲᠤᠮᠤ ᠳ᠋ᠠᠶᠢᠲ᠋ᠠ ᠶᠢᠨ ᠲᠠᠪᠴᠠᠩ ᠢ ᠬᠦᠢᠴᠡᠳ ᠠᠰᠢᠬᠯᠠᠵᠤ᠂ ᠦᠨᠳᠤᠰᠤᠨ ᠱᠠᠳᠤᠨ ᠤ | ᠨᠢᠬᠡᠴᠢ ᠶᠢᠨ ᠰᠢᠮᠳᠠᠭᠤᠯᠤᠨ ᠪᠠᠶᠢᠴᠠᠭᠠᠬᠤ ᠪᠠᠶᠢᠴᠠᠭᠠᠬᠤ ᠰᠢᠯᠭᠠᠨ ᠪᠠᠶᠢᠴᠠᠭᠠᠬᠤ ᠶᠢ ᠬᠦᠯᠢᠶᠡᠭᠰᠡᠨ ᠪᠠᠶᠢᠳᠠᠯ ᠢ ᠬᠢᠨᠠᠨ | ᠡᠵᠡᠮᠳᠡᠵᠤ ᠪᠤᠯᠤᠨ᠎ᠠ᠃ ᠲᠦᠷᠢᠮ ᠲᠤᠭᠳᠠᠭᠠᠯ ᠠᠴᠠ ᠵᠦᠷᠢᠴᠠᠵᠤ ᠪᠠᠶᠢᠴᠠᠭᠠᠬᠰᠠᠨ ᠪᠠᠶᠢᠪᠠᠯ᠂ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠵᠠᠰᠠᠬ ᠤᠨ ᠤᠷᠳᠤᠨ ᠤ ᠠᠯᠪᠠᠨ ᠲᠢᠩᠬᠢᠮ ᠠᠴᠠ ᠵᠠᠷᠯᠠᠨ | ᠮᠡᠳᠡᠭᠳᠡᠵᠤ᠂ ᠬᠤᠯᠪᠤᠬᠳᠠᠯ ᠪᠦᠬᠦᠢ ᠲᠦᠷᠢᠮ ᠲᠤᠭᠳᠠᠭᠠᠯ ᠶᠤᠰᠤᠭᠠᠷ ᠬᠤᠯᠪᠤᠬᠳᠠᠯ ᠪᠦᠬᠦᠢ ᠬᠦᠮᠤᠨ ᠠᠴᠠ | ᠬᠠᠷᠢᠭᠤᠴᠠᠯᠭ᠎ᠠ ᠨᠡᠬᠡᠮᠵᠢᠯᠠᠵᠤ ᠪᠤᠯᠤᠨ᠎ᠠ᠃ | 19᠂ ᠣᠨ ᠤ ᠰᠢᠯᠭᠠᠨ ᠪᠠᠶᠢᠴᠠᠭᠠᠬᠤ ᠠᠵᠢᠯ ᠢ ᠰᠠᠶᠢᠵᠢᠷᠠᠭᠤᠯᠤᠨ᠎ᠠ᠃ ᠣᠨ ᠤ ᠰᠢᠯᠭᠠᠨ ᠪᠠᠶᠢᠴᠠᠭᠠᠬᠤ | ᠭᠦᠢᠴᠡᠳᠭᠡᠯ ᠲᠤᠭ᠎ᠠ ᠶᠢ ᠴᠤᠮᠬᠠᠳᠬᠠᠨ ᠰᠢᠯᠢᠳᠡᠭᠵᠢᠬᠦᠯᠵᠤ᠂ ᠰᠢᠯᠭᠠᠨ ᠪᠠᠶᠢᠴᠠᠭᠠᠬᠤ ᠠᠷᠭ᠎ᠠ ᠶᠢ ᠰᠠᠶᠢᠵᠢᠷᠠᠭᠤᠯᠵᠤ᠂ | ᠡᠳᠤᠷ ᠲᠤᠳᠤᠮ ᠤᠨ ᠬᠢᠨᠠᠯᠳᠠ ᠶᠢ ᠴᠢᠩᠭᠠᠳᠬᠠᠵᠤ᠂ ᠠᠷᠠᠳ ᠤᠨ ᠰᠠᠨᠠᠭ᠎ᠠ ᠶᠢᠨ ᠪᠠᠶᠢᠴᠠᠭᠠᠯᠳᠠ᠂ ᠭᠤᠷᠪᠠᠳᠠᠬᠴᠢ | ᠪᠠᠶᠢᠭᠤᠯᠤᠮᠵᠢ ᠶᠢᠨ ᠪᠠᠶᠢᠴᠠᠭᠠᠯᠳᠠ ᠵᠡᠷᠬᠡ ᠶᠢ ᠪᠦᠳᠤᠮᠵᠢᠳᠠᠢ ᠭᠡᠷᠡᠭᠯᠠᠵᠤ᠂ ᠺᠠᠳ᠋ᠷ ᠤᠯᠠᠨ ᠲᠦᠮᠡᠨ ᠤ ᠪᠤᠳᠠᠳᠤ | ᠦᠨᠡᠯᠠᠯᠳᠠ ᠶᠢ ᠨᠠᠩ ᠤᠯᠠᠨ ᠰᠤᠨᠤᠰᠴᠤ᠂ ᠶᠤᠰᠤᠨ ᠲᠡᠳᠤᠢ ᠰᠢᠯᠭᠠᠨ ᠪᠠᠶᠢᠴᠠᠭᠠᠬᠤ ᠶᠢ ᠲᠡᠪᠴᠢᠨ᠎ᠠ᠃ ᠰᠢᠯᠭᠠᠨ | ᠪᠠᠶᠢᠴᠠᠭᠠᠬᠤ ᠠᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠳᠠ ᠶᠢ ᠲᠦᠷᠬᠡᠳᠬᠡᠵᠤ᠂ ᠮᠡᠳᠡᠭᠡ ᠵᠠᠩᠬᠢ ᠶᠢᠨ | ᠡᠬᠢ ᠪᠠᠶᠠᠯᠢᠬ ᠢ ᠬᠠᠮᠳᠤ ᠪᠠᠷ ᠬᠦᠷᠲᠡᠬᠦ ᠶᠢ ᠠᠬᠢᠭᠤᠯᠤᠨ᠎ᠠ᠃ ᠱᠠᠳᠤ ᠱᠠᠳᠤ ᠪᠠᠷ ︽ᠬᠠᠷᠢᠭᠤᠴᠠᠯᠭ᠎ᠠ ᠶᠢᠨ ᠪᠢᠴᠢᠭ︾ | ᠲᠤᠬᠢᠷᠠᠯᠴᠠᠬᠤ᠂ ᠴᠢᠨᠠᠬᠰᠢᠯᠠᠪᠠᠯ ︽ᠨᠢᠬᠡ ᠪᠢᠯᠧᠲ ᠢᠶᠠᠷ ᠦᠬᠡᠶᠢᠰᠬᠡᠬᠦ︾ ᠠᠷᠭ᠎ᠠ ᠪᠠᠷᠢᠯ ᠢ ᠡᠷᠡᠰ ᠵᠠᠯᠠᠷᠠᠭᠤᠯᠵᠤ᠂ | ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠠᠴᠠ ᠳᠤᠳᠤᠷᠬᠠᠢ ᠲᠤᠭᠳᠠᠭᠠᠬᠰᠠᠨ ᠦᠬᠡᠢ | ᠵᠦᠢᠯᠡᠰ ᠢ ᠪᠦᠬᠦᠨ ᠢ ᠬᠦᠴᠤᠨ ᠦᠭᠡᠢ ᠪᠤᠯᠭᠠᠨ᠎ᠠ᠃ | 20᠂ ᠪᠠᠶᠢᠴᠠᠭᠠᠨ ᠰᠤᠳᠤᠯᠤᠯᠳᠠ ᠬᠢᠬᠦ ᠴᠢᠨᠠᠷ ᠴᠢᠨᠰᠠᠭ᠎ᠠ ᠶᠢ ᠲᠡᠭᠡᠭᠰᠢᠯᠡᠬᠦᠯᠤᠨ᠎ᠠ᠃ ︽ᠨᠠᠮ ᠤᠨ ᠬᠡᠰᠢᠬᠦᠨ | ᠺᠠᠳ᠋ᠷ ᠤᠨ ᠰᠤᠷᠤᠯᠴᠠᠯᠭ᠎ᠠ ᠪᠤᠯᠤᠨ ᠪᠠᠶᠢᠴᠠᠭᠠᠨ ᠰᠤᠳᠤᠯᠤᠯᠳᠠ ᠶᠢ ᠤᠯᠠᠮ ᠴᠢᠨᠠᠬᠰᠢᠳᠠ ᠴᠢᠩᠭᠠᠳᠬᠠᠬᠤ ᠲᠤᠬᠠᠢ | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠠᠨᠠᠯ︾ ᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠠ ᠵᠦᠢᠯ ᠤᠨ ᠪᠠᠶᠢᠴᠠᠭᠠᠨ ᠰᠤᠳᠤᠯᠤᠯᠳᠠ ᠶᠢ ᠲᠦᠬᠦᠮᠴᠢᠯᠠᠵᠤ᠂ ᠪᠤᠳᠠᠳᠤ ᠦᠷ᠎ᠠ ᠠᠰᠢᠬ | ᠢ ᠡᠷᠬᠢᠮᠯᠠᠵᠤ᠂ ᠲᠤᠭᠳᠠᠬᠰᠠᠨ ᠵᠠᠮ ᠢᠶᠠᠷ ᠬᠠᠯᠳᠤ ᠮᠦᠯᠳᠤ ᠦᠵᠡᠬᠦ᠂ ᠨᠠᠷᠢᠨ ᠪᠡᠯᠡᠳᠭᠡᠭᠰᠡᠨ ᠦᠯᠢᠭᠡᠷ ᠵᠠᠬᠪᠤᠷ ᠢ | ᠦᠵᠡᠬᠦ᠂ ︽ᠵᠦᠴᠤᠬᠡ ᠶᠢᠨ ᠦᠬᠡ ᠶᠢ ᠴᠡᠬᠡᠵᠢᠯᠡᠬᠦ︾ ᠮᠠᠶ᠋ᠢᠬ ᠢᠶᠠᠷ ᠪᠠᠶᠢᠳᠠᠯ ᠢᠶᠠᠨ ᠲᠠᠨᠢᠯᠴᠠᠭᠤᠯᠬᠤ ᠪᠠ ᠦᠬᠦᠨ | ᠪᠠᠷᠢᠮᠳᠠᠯᠠᠵᠤ ᠦᠰᠦᠭᠴᠢᠯᠠᠨ ᠤᠩᠰᠢᠬᠤ ᠬᠠᠷᠢᠭᠤ ᠮᠡᠳᠡᠬᠦᠯᠤᠯᠳᠠ ᠶᠢ ᠡᠷᠡᠰ ᠲᠡᠪᠴᠢᠵᠤ᠂ ︽ᠫᠧᠩᠰᠡᠳᠤ | ᠦᠵᠡᠮᠵᠢ ᠶᠢᠨ ᠮᠠᠶ᠋ᠢᠬ︾ ᠤᠨ ᠪᠠᠶᠢᠴᠠᠭᠠᠨ ᠰᠤᠳᠤᠯᠤᠯᠳᠠ᠂ ︽ᠯᠠᠷᠵᠢᠶ᠎ᠠ ᠶᠠᠩᠪᠠ ᠲᠠᠳᠠᠬᠤ ᠮᠠᠶ᠋ᠢᠭ︾ ᠤᠨ | ᠰᠤᠳᠤᠯᠭᠠᠨ ᠬᠢᠵᠤ ᠪᠤᠯᠬᠤ ᠦᠬᠡᠢ᠂ ᠦᠨᠳᠤᠰᠤᠨ ᠱᠠᠳᠤᠨ ᠤ ᠬᠢ ᠪᠠᠷ ᠪᠠᠶᠢᠴᠠᠭᠠᠨ ᠰᠤᠳᠤᠯᠤᠯᠳᠠ ᠶᠢᠨ | ᠮᠡᠳᠡᠬᠦᠯᠤᠯᠳᠠ ᠶᠢ ᠤᠷᠤᠯᠠᠨ ᠪᠢᠴᠢᠬᠦᠯᠬᠦ ᠪᠠᠷ ᠱᠠᠭᠠᠷᠳᠠᠵᠤ ᠪᠤᠯᠬᠤ ᠦᠬᠡᠢ᠃ | ᠲᠦᠷᠪᠡ᠂ ᠬᠠᠷᠢᠭᠤᠴᠠᠯᠭ᠎ᠠ ᠲᠤᠯᠭᠠᠬᠤ ᠲᠦᠷᠢᠮ ᠪᠤᠯᠤᠨ ᠤᠷᠮᠠᠰᠢᠭᠤᠯᠤᠨ ᠬᠠᠯᠠᠮᠵᠢᠯᠠᠬᠤ ᠲᠤᠭᠳᠠᠴᠠ ᠶᠢ | ᠲᠡᠬᠦᠯᠳᠡᠷᠵᠢᠬᠦᠯᠤᠨ᠎ᠠ | 21᠂ ᠬᠠᠷᠢᠭᠤᠴᠠᠯᠭ᠎ᠠ ᠲᠤᠯᠭᠠᠬᠤ ᠡᠷᠴᠢᠮ ᠬᠦᠷᠤᠯᠴᠡᠬᠦ ᠦᠬᠡᠢ ᠪᠠᠶᠢᠬᠤ ᠪᠠ ᠬᠠᠷᠢᠭᠤᠴᠠᠯᠭ᠎ᠠ ᠶᠢ | ᠬᠤᠷᠢᠶᠠᠩᠭᠤᠢᠢᠯᠠᠨ ᠲᠦᠬᠦᠮᠴᠢᠯᠡᠬᠦ ᠵᠡᠷᠬᠡ ᠠᠰᠠᠭᠤᠳᠠᠯ ᠢ ᠪᠦᠳᠤᠮᠵᠢᠳᠠᠢ ᠰᠢᠢᠳᠪᠤᠷᠢᠯᠠᠨ᠎ᠠ᠃ ᠬᠠᠷᠢᠭᠤᠴᠠᠯᠭ᠎ᠠ | ᠲᠤᠯᠭᠠᠬᠤ ᠭᠡᠷᠡᠭ ᠤᠨ ᠪᠤᠳᠠᠳᠠᠢ ᠪᠠᠶᠢᠳᠠᠯ ᠢ ᠰᠠᠶᠢᠳᠤᠷ ᠢᠯᠭᠠᠵᠤ᠂ ᠦᠨᠳᠤᠷ ᠦᠷ᠎ᠠ ᠪᠦᠳᠤᠮᠵᠢᠳᠠᠢ | ᠤᠨᠤᠪᠴᠢᠳᠠᠢ ᠪᠠᠷ ᠬᠠᠷᠢᠭᠤᠴᠠᠯᠭ᠎ᠠ ᠲᠤᠯᠭᠠᠨ᠎ᠠ᠃ ︽ᠬᠠᠷᠢᠭᠤᠴᠠᠯᠭ᠎ᠠ ᠠᠯᠳᠠᠪᠠᠯ ᠵᠠᠪᠠᠯ ᠲᠤᠯᠭᠠᠵᠤ᠂ ᠬᠠᠷᠢᠭᠤᠴᠠᠯᠭ᠎ᠠ | ᠲᠤᠯᠭᠠᠪᠠᠯ ᠵᠠᠪᠠᠯ ᠴᠢᠩᠭ᠎ᠠ ᠪᠠᠶᠢᠬᠤ︾ ᠪᠠ ︽ᠦᠩᠬᠡᠷᠡᠭᠰᠡᠨ ᠢ ᠨᠢ ᠵᠠᠯᠬᠠᠭᠠᠵᠤ ᠢᠷᠡᠭᠡᠳᠦᠢ ᠳᠤ ᠨᠢ ᠴᠡᠭᠡᠷᠯᠠᠯ | ᠪᠤᠯᠭᠠᠬᠤ᠂ ᠡᠪᠡᠳᠴᠢᠨ ᠢ ᠨᠢ ᠵᠠᠰᠠᠵᠤ ᠡᠳᠡᠬᠡᠷᠡᠬᠦᠯᠤᠨ ᠠᠪᠬᠤ︾ ᠬᠠᠷᠢᠴᠠᠭ᠎ᠠ ᠶᠢ ᠵᠦᠪ ᠰᠢᠢᠳᠪᠤᠷᠢᠯᠠᠵᠤ᠂ | ᠤᠳᠤᠷᠢᠳᠤᠯᠭ᠎ᠠ ᠶᠢᠨ ᠬᠠᠷᠢᠭᠤᠴᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠬᠦ ᠬᠡᠷᠡᠭᠲᠡᠢ᠂ ᠬᠠᠷᠢᠭᠤᠴᠠᠯᠭ᠎ᠠ ᠲᠤᠯᠭᠠᠬᠤ | ᠬᠡᠪᠴᠢᠶ᠎ᠠ ᠶᠢ ᠰᠤᠬᠤᠷ ᠪᠠᠯᠠᠢ ᠪᠠᠷ ᠥᠷᠭᠡᠳᠬᠡᠵᠦ ᠪᠣᠯᠬᠤ ᠦᠭᠡᠢ᠃ | 22. ᠬᠠᠷᠢᠭᠤᠴᠠᠯᠭ᠎ᠠ ᠲᠤᠯᠭᠠᠬᠳᠠᠬᠰᠡᠨ ᠺᠠᠳ᠋ᠷ ᠲᠤ ᠵᠦᠪ ᠢᠶᠠᠷ ᠬᠠᠨᠳᠤᠨᠡ᠃ ᠬᠠᠷᠢᠭᠤᠴᠠᠯᠭ᠎ᠠ | ᠲᠤᠯᠭᠠᠬᠳᠠᠬᠰᠡᠨ ᠺᠠᠳ᠋ᠷ ᠢ ᠬᠦᠮᠦᠵᠢᠭᠦᠯᠵᠤ ᠬᠦᠳᠦᠯᠤᠨ ᠲᠠᠭᠠᠭᠤᠯᠬᠤ ᠪᠠᠨ ᠴᠢᠩᠭᠠᠳᠬᠠᠵᠤ᠂ ᠮᠦᠷᠳᠡᠨ | ᠰᠤᠷᠪᠤᠯᠵᠢᠯᠠᠬᠤ ᠶᠢ ᠴᠢᠬᠤᠯᠠᠴᠢᠯᠠᠵᠤ᠂ ᠲᠡᠳᠡᠨ ᠢ ᠬᠠᠪᠰᠤᠷᠴᠤ ᠦᠵᠡᠯ ᠰᠠᠨᠠᠭᠠᠨ ᠤ ᠲᠠᠷᠤᠭᠠᠰᠤ ᠶᠢ ᠨᠢ | ᠲᠠᠶᠠᠬᠳᠠᠭᠤᠯᠤᠨᠠ᠃ ᠨᠦᠯᠦᠭᠡᠯᠡᠬᠦ ᠬᠤᠭᠤᠴᠠᠭ᠎ᠠ ᠲᠠᠭᠤᠰᠤᠬᠰᠠᠨ᠂ ᠢᠯᠡᠷᠠᠯ ᠰᠠᠶᠢᠨ᠂ ᠤᠯᠠᠨ ᠲᠦᠮᠡᠨ ᠤ | ᠬᠦᠷᠢᠶᠠᠯᠠᠯ ᠢ ᠤᠯᠤᠬᠰᠡᠨ᠂ ᠲᠠᠬᠢᠨ ᠰᠢᠨ᠎ᠡ ᠪᠠᠷ ᠲᠤᠰᠢᠶᠠᠯ ᠳᠤ ᠲᠤᠮᠢᠯᠠᠬᠤ ᠨᠦᠬᠦᠴᠡᠯ ᠳᠤ ᠨᠡᠶᠢᠴᠡᠭᠰᠡᠨ ᠪᠠᠶᠢᠪᠠᠯ᠂ | ᠬᠡᠷᠡᠭᠯᠡᠪᠡᠯ ᠵᠤᠬᠢᠬᠤ ᠶᠢ ᠨᠢ ᠲᠦᠷᠢᠮ ᠶᠤᠰᠤᠭᠠᠷ ᠬᠡᠷᠡᠭᠯᠡᠨ᠎ᠡ᠃ | 23. ᠴᠠᠭ ᠲᠤᠬᠠᠢ ᠳᠤ ᠨᠢ ᠺᠠᠳ᠋ᠷ ᠤᠨ ᠤᠴᠢᠷ ᠶᠠᠪᠤᠳᠠᠯ ᠢ ᠲᠤᠳᠤᠷᠬᠠᠢᠢᠯᠠᠵᠤ ᠨᠠᠷ᠎ᠡ ᠲᠦᠷᠦ ᠶᠢ ᠨᠢ | ᠰᠡᠷᠭᠦᠭᠡᠨ᠎ᠡ᠃ ᠬᠦᠳᠭᠡᠨ ᠵᠠᠭᠠᠯᠳᠤᠵᠤ ᠬᠤᠤᠷᠯᠠᠬᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠤ᠂ | ᠬᠦᠳᠭᠡᠨ ᠵᠠᠭᠠᠯᠳᠤᠵᠤ ᠬᠤᠤᠷᠯᠠᠬᠰᠠᠳ ᠠᠴᠠ ᠬᠠᠤᠯᠢ ᠰᠠᠬᠢᠯᠭ᠎ᠠ ᠶᠤᠰᠤᠭᠠᠷ ᠬᠠᠷᠢᠭᠤᠴᠠᠯᠭ᠎ᠠ ᠨᠡᠭᠡᠮᠵᠢᠯᠠᠨᠡ᠃ | ᠪᠠᠶᠢᠴᠠᠭᠠᠯᠳᠠ ᠪᠠᠷ ᠲᠠᠮᠵᠢᠨ ᠢᠯᠡᠷᠡᠬᠦᠯᠦᠭᠰᠡᠨ ᠦᠨᠠᠨ ᠪᠤᠳᠠᠳᠤ ᠪᠤᠰᠤ ᠢᠯᠡᠴᠢᠯᠡᠨ ᠮᠡᠳᠡᠬᠦᠯᠦᠯᠳᠠ ᠶᠢ ᠦᠨᠡᠨ | ᠪᠤᠳᠠᠳᠤ ᠪᠤᠰᠤ ᠢᠯᠠᠴᠢᠯᠠᠨ ᠮᠡᠳᠡᠬᠦᠯᠦᠯᠳᠠ ᠶᠢ ᠲᠤᠳᠤᠷᠬᠠᠢᠢᠯᠠᠵᠤ ᠵᠠᠷᠯᠡᠨ ᠮᠡᠳᠡᠭᠳᠡᠵᠤ ᠬᠠᠷᠢᠭᠤ ᠲᠤᠰᠬᠠᠬᠤ ᠬᠤᠷᠠᠯ | ᠬᠤᠷᠠᠯᠳᠤᠭᠤᠯᠵᠤ᠂ ᠨᠠᠮ ᠤᠨ ᠭᠡᠰᠢᠬᠦᠨ ᠺᠠᠳ᠋ᠷ ᠢ ᠬᠦᠳᠭᠡᠨ ᠵᠠᠭᠠᠯᠳᠤᠵᠤ ᠬᠤᠤᠷᠯᠠᠬᠰᠡᠨ ᠨᠡᠶᠢᠳᠡᠯᠢᠭ ᠭᠡᠷᠡᠭ ᠢ | ᠲᠤᠬᠳᠠᠬᠰᠡᠨ ᠬᠤᠭᠤᠴᠠᠭ᠎ᠠ ᠲᠠᠢ ᠪᠠᠷ ᠢᠯᠡ ᠪᠤᠯᠭᠠᠬᠤ ᠵᠡᠷᠭᠡ ᠠᠷᠭ᠎ᠠ ᠬᠡᠯᠪᠡᠷᠢ ᠪᠠᠷ ᠬᠦᠳᠭᠡᠭᠳᠡᠨ ᠵᠠᠭᠠᠯᠳᠤᠬᠳᠠᠵᠤ | ᠬᠤᠤᠷᠯᠠᠬᠳᠠᠬᠰᠡᠨ ᠨᠠᠮ ᠤᠨ ᠭᠡᠰᠢᠬᠦᠨ ᠺᠠᠳ᠋ᠷ ᠤᠨ ᠤᠴᠢᠷ ᠶᠠᠪᠤᠳᠠᠯ ᠢ ᠲᠤᠳᠤᠷᠬᠠᠢᠢᠯᠠᠵᠤ ᠨᠠᠷ᠎ᠡ ᠲᠦᠷᠦ ᠶᠢ ᠨᠢ | ᠰᠡᠷᠭᠦᠭᠡᠨ᠎ᠡ᠃ | 24. ᠶᠠᠷᠢᠯᠴᠠᠬᠤ᠂ ᠵᠠᠬᠢᠳᠠᠯ ᠢᠶᠠᠷ ᠠᠰᠠᠭᠤᠬᠤ ᠠᠷᠭ᠎ᠠ ᠬᠡᠮᠵᠢᠶ᠎ᠡ ᠶᠢ ᠰᠠᠶᠢᠵᠢᠷᠠᠭᠤᠯᠤᠨ᠎ᠡ᠃ ᠶᠠᠷᠢᠯᠴᠠᠬᠤ᠂ | ᠵᠠᠬᠢᠳᠠᠯ ᠢᠶᠠᠷ ᠠᠰᠠᠭᠤᠵᠤ ᠤᠢᠢᠯᠠᠭᠠᠬᠤ ᠬᠡᠪᠴᠢᠶ᠎ᠡ ᠶᠢ ᠴᠢᠩᠭ᠎ᠠ ᠡᠵᠡᠮᠳᠡᠵᠤ᠂ ᠶᠠᠷᠢᠯᠴᠠᠬᠤ᠂ ᠵᠠᠬᠢᠳᠠᠯ ᠢᠶᠠᠷ | ᠠᠰᠠᠭᠤᠬᠤ ᠡᠳᠡᠭᠡᠳ ᠤᠨ ᠨᠢᠭᠤᠴᠠ ᠶᠢ ᠬᠠᠮᠠᠭᠠᠯᠠᠬᠤ ᠪᠠᠨ ᠴᠢᠩᠭᠠᠳᠬᠠᠵᠤ᠂ ᠵᠠᠬᠢᠳᠠᠯ ᠢᠶᠠᠷ ᠠᠰᠠᠭᠤᠬᠤ ᠬᠡᠯᠪᠡᠷᠢ ᠪᠠᠷ | ᠠᠰᠠᠭᠤᠳᠠᠯ ᠢ ᠲᠤᠳᠤᠷᠬᠠᠢ ᠲᠠᠶᠢᠯᠪᠤᠷᠢᠯᠠᠵᠤ ᠴᠢᠳᠠᠬᠤ ᠶᠢ ᠨᠢ ᠤᠷᠢᠳ ᠢᠶᠠᠷ ᠵᠠᠬᠢᠳᠠᠯ ᠢᠶᠠᠷ ᠠᠰᠠᠭᠤᠬᠤ ᠬᠡᠯᠪᠡᠷᠢ ᠪᠠᠷ | ᠰᠢᠢᠳᠪᠤᠷᠢᠯᠠᠵᠤ᠂ ᠵᠠᠬᠢᠳᠠᠯ ᠢᠶᠠᠷ ᠠᠰᠠᠭᠤᠬᠰᠠᠨ ᠬᠠᠷᠢᠭᠤᠯᠳᠠ ᠨᠢ ᠦᠨᠡᠮᠰᠢᠯᠳᠠᠢ ᠪᠠᠶᠢᠪᠠᠯ ᠴᠠᠭ ᠲᠤᠬᠠᠢ ᠳᠤ ᠨᠢ | ᠵᠠᠬᠢᠳᠠᠯ ᠢᠶᠠᠷ ᠠᠰᠠᠭᠤᠬᠳᠠᠬᠰᠡᠨ ᠬᠦᠮᠦᠨ ᠳᠤ ᠬᠠᠷᠢᠭᠤ ᠲᠤᠰᠬᠠᠬᠤ ᠪᠦᠭᠡᠳ ᠲᠤᠲᠤᠷᠬᠠᠶᠢᠯᠠᠵᠤ ᠥᠭᠭᠦᠨ᠎ᠡ᠃ | 25. ᠦᠨᠳᠦᠰᠦᠨ ᠱᠠᠳᠤᠨ ᠤ ᠺᠠᠳ᠋ᠷ ᠢ ᠬᠠᠯᠠᠮᠵᠢᠯᠠᠨ ᠬᠠᠶᠢᠷᠠᠯᠠᠨᠡ᠃ ︽ᠭᠤᠷᠪᠡ ᠶᠢ ᠢᠯᠭᠠᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠺᠠᠳ᠋ᠷ ᠤᠨ ᠠᠯᠳᠠᠭ᠎ᠠ ᠪᠤᠷᠤᠭᠤ ᠶᠢᠨ ᠰᠢᠯᠳᠠᠭᠠᠨ ᠢ | ᠪᠤᠰᠤᠳᠴᠢ ᠪᠠᠷ ᠵᠠᠳᠠᠯᠵᠤ᠂ ᠪᠤᠷᠤᠭᠤ ᠶᠢ ᠠᠭᠤᠴᠢᠯᠠᠨ ᠪᠠᠭᠳᠠᠭᠠᠵᠤ ᠠᠯᠳᠠᠭ᠎ᠠ ᠶᠢ ᠵᠠᠯᠠᠷᠠᠭᠤᠯᠬᠤ ᠵᠠᠭᠠᠭ ᠱᠤᠭᠤᠮ | ᠪᠤᠯᠤᠨ ᠪᠠᠶᠢᠳᠠᠯ ᠢ ᠤᠨᠤᠪᠴᠢᠳᠠᠢ ᠡᠵᠡᠮᠳᠡᠵᠤ᠂ ᠺᠠᠳ᠋ᠷ ᠤᠨ ᠠᠵᠢᠯ ᠬᠢᠵᠤ ᠦᠢᠯᠡᠰ ᠪᠦᠳᠦᠭᠡᠬᠦ ᠢᠳᠡᠪᠬᠢᠵᠢᠯ ᠢ ᠨᠢ | ᠬᠠᠮᠠᠭᠠᠯᠠᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠮᠤᠨ᠎ᠡ ᠹᠷᠤᠨᠲ ᠤᠨ ᠺᠠᠳ᠋ᠷ ᠢ ᠬᠠᠯᠠᠮᠵᠢᠯᠠᠨ | ᠬᠠᠶᠢᠷᠠᠯᠠᠵᠤ᠂ ᠰᠤᠩᠭᠤᠨ ᠲᠠᠪᠰᠢᠬᠦᠯᠵᠤ ᠬᠡᠷᠡᠭᠯᠡᠬᠦ᠂ ᠮᠡᠷᠭᠡᠵᠢᠯ ᠤᠨ ᠴᠤᠯᠠ ᠲᠤᠬᠳᠠᠭᠠᠬᠤ᠂ ᠲᠡᠷᠢᠬᠦᠨ ᠤ ᠬᠢ ᠶᠢ | ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠵᠡᠷᠭᠡ ᠲᠠᠯ᠎ᠡ ᠪᠠᠷ ᠬᠠᠷᠠᠭᠠᠯᠵᠠᠯ ᠦᠵᠡᠬᠦᠯᠤᠨ᠎ᠡ᠃ ᠰᠤᠮᠤ ᠰᠢᠶᠠᠩ | ᠪᠠᠯᠭᠠᠰᠤᠨ ᠤ ᠠᠵᠢᠯ ᠤᠨ ᠨᠦᠬᠦᠪᠤᠷᠢ᠂ ᠦᠨᠳᠦᠰᠦᠨ ᠱᠠᠳᠤᠨ ᠤ ᠲᠤᠮᠳᠠ ᠦᠨᠳᠦᠷ ᠲᠡᠰ ᠤᠨ ᠠᠵᠢᠯ ᠤᠨ | ᠪᠠᠶᠢᠷᠢ ᠶᠢᠨ ᠲᠤᠬᠢᠷᠠᠭᠤᠯᠤᠯᠳᠠ ᠶᠢᠨ ᠬᠠᠷᠢᠴᠠᠯ ᠢ ᠲᠡᠭᠡᠭᠰᠢᠯᠡᠬᠦᠯᠬᠦ᠂ ᠮᠡᠷᠭᠡᠵᠢᠯ ᠤᠨ ᠴᠤᠯᠠ ᠲᠤᠬᠳᠠᠭᠠᠬᠤ ᠨᠦᠬᠦᠴᠡᠯ | ᠢ ᠠᠭᠤᠵᠢᠭᠤ ᠲᠠᠯᠪᠢᠬᠤ ᠵᠡᠷᠭᠡ ᠲᠦᠷᠦ ᠶᠢᠨ ᠪᠤᠳᠤᠯᠭ᠎ᠠ ᠶᠢ ᠨᠡᠶᠢᠳᠠᠪᠤᠷᠢᠵᠢᠭᠤᠯᠤᠨᠡ᠃ | ᠲᠠᠪᠤ᠂ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠡ | 26. ᠠᠵᠢᠯ ᠤᠨ ᠲᠤᠬᠳᠠᠴᠠ ᠶᠢ ᠪᠠᠶᠢᠭᠤᠯᠤᠨ᠎ᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ | ᠤ ᠠᠯᠪᠡᠨ ᠲᠢᠩᠭᠢᠮ ᠲᠦᠷᠦᠬᠦᠯᠠᠵᠤ᠂ ᠤᠷᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ | ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠲᠠᠪᠬᠤᠷᠭ᠎ᠠ ᠳᠤ ᠲᠤᠰᠬᠠᠢ ᠲᠦᠷᠦᠯ ᠤᠨ ᠠᠵᠢᠯ ᠤᠨ ᠲᠤᠬᠳᠠᠴᠠ | ᠶᠢ ᠪᠠᠶᠢᠭᠤᠯᠵᠤ᠂ ᠬᠡᠯᠪᠡᠷᠢᠴᠢ ᠦᠵᠡᠯ ᠤᠨ ᠲᠤᠪᠤᠶᠢᠮ᠎ᠡ ᠠᠰᠠᠭᠤᠳᠠᠯ ᠢ ᠰᠢᠢᠳᠪᠤᠷᠢᠯᠡᠬᠦ ᠶᠢ ᠨᠢᠭᠡᠳᠦᠯᠳᠠᠢ | ᠲᠦᠯᠦᠪᠵᠢᠬᠦᠯᠤᠨ ᠠᠬᠢᠭᠤᠯᠵᠤ ᠦᠨᠳᠦᠰᠦᠨ ᠱᠠᠳᠤᠨ ᠤ ᠠᠵᠢᠯ ᠤᠨ ᠲᠠᠷᠤᠭᠠᠰᠤ ᠶᠢ ᠬᠦᠡᠭᠭᠡᠷᠡᠭᠦᠯᠵᠤ᠂ ᠡᠯ᠎ᠡ | ᠪᠦᠷᠢᠯᠳᠦᠬᠦᠨ ᠨᠢᠭᠡᠴᠢ ᠶᠢ ᠵᠤᠬᠢᠴᠠᠭᠤᠯᠤᠨ ᠲᠤᠰ ᠰᠠᠯᠠᠭ᠎ᠠ ᠮᠦᠴᠢᠷ᠂ ᠲᠤᠰ ᠰᠢᠰᠲ᠋ᠧᠮ ᠤᠨ ᠬᠡᠯᠪᠡᠷᠢᠴᠢ ᠦᠵᠡᠯ ᠤᠨ | ᠲᠤᠪᠤᠶᠢᠮ᠎ᠡ ᠠᠰᠠᠭᠤᠳᠠᠯ ᠢ ᠪᠦᠬᠦ ᠲᠠᠯ᠎ᠡ ᠪᠠᠷ ᠵᠢᠬᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠶᠢᠮᠠᠭ | ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠦᠨᠳᠦᠰᠦᠨ ᠱᠠᠳᠤᠨ ᠤ ᠲᠠᠷᠤᠭᠠᠰᠤ ᠶᠢ ᠬᠦᠡᠭᠭᠡᠷᠡᠭᠦᠯᠬᠦ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠨ ᠵᠢᠯᠤᠭᠤᠳᠴᠤ᠂ ᠬᠡᠷᠡᠭᠵᠢᠭᠦᠯᠬᠦ ᠪᠠᠶᠢᠳᠠᠯ ᠢ ᠠᠬᠢᠭᠤᠯᠬᠤ ᠶᠠᠪᠤᠳᠠᠯ ᠢ | ᠤᠯᠠᠷᠢᠯ ᠪᠦᠷᠢ ᠳᠤ 1 ᠤᠳᠠᠭ᠎ᠠ ᠲᠤᠬᠢᠷᠠᠭᠤᠯᠵᠤ᠂ ᠬᠡᠯᠪᠡᠷᠢᠴᠢ ᠦᠵᠡᠯ ᠤᠨ ᠨᠠᠶᠢᠳᠡᠯᠢᠭ ᠠᠰᠠᠭᠤᠳᠠᠯ ᠢ ᠴᠠᠭ | ᠲᠤᠬᠠᠢ ᠳᠤ ᠨᠢ ᠵᠠᠷᠯᠡᠨ ᠢᠯᠡᠴᠢᠯᠡᠵᠤ᠂ ᠦᠨᠳᠦᠰᠦᠨ ᠱᠠᠳᠤᠨ ᠤ ᠲᠠᠷᠤᠭᠠᠰᠤ ᠶᠢ ᠦᠨᠡᠨ ᠬᠦ ᠬᠦᠡᠭᠭᠡᠷᠡᠬᠦᠯᠥᠨᠡ᠃ |