4 ᠳ᠋ᠦ᠋ᠭᠡᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠢᠮᠠᠭ | ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠲᠥᠷᠥᠯ ᠵᠦᠶᠯ ᠤᠨ ᠲᠠᠨᠢᠯᠴᠠᠭᠤᠯᠭ᠎ᠠ ᠶᠢᠨ ᠬᠤᠷᠠᠯ | ᠬᠦᠬᠡᠬᠤᠲᠠ ᠳᠤ ᠶᠠᠪᠤᠭᠳᠠᠪᠠ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠤᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠳᠤ | ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢᠨ 40 ᠭᠠᠷᠤᠶ ᠲᠥᠷᠥᠯ ᠵᠦᠶᠯ ᠢ ᠨᠠᠷᠢᠨ ᠨᠢᠮᠪᠠᠶ | ᠰᠣᠩᠭᠤᠵᠤ᠂ ᠲᠡᠮᠦᠷᠯᠢᠭ ᠬᠠᠶᠢᠯᠤᠭᠤᠯᠬᠤ᠂ ᠡᠨᠧᠷᠭᠢ ᠶᠢᠨ ᠰᠤᠷᠪᠤᠯᠵᠢ᠂ ᠮᠥᠩᠭᠦᠨ ᠭᠦᠶᠯᠭᠡᠭᠡ᠂ ᠬᠤᠳᠠᠯᠳᠤᠭ᠎ᠠ᠂ | ᠰᠣᠶᠣᠯ᠂ ᠵᠠᠮ ᠬᠠᠷᠢᠯᠴᠠᠭ᠎ᠠ᠂ ᠪᠠᠯᠠ ᠣᠷᠣᠭᠤᠯᠤᠯᠲᠠ ᠵᠡᠷᠭᠡ ᠠᠵᠢᠯ ᠲᠥᠷᠥᠯ ᠢ ᠬᠠᠮᠤᠷᠴᠤ᠂ ᠰᠲ᠋ᠣᠺ ᠤᠨ ᠡᠷᠬᠡ ᠶᠢ | ᠰᠢᠯᠵᠢᠭᠦᠯᠦᠨ ᠥᠭᠬᠦ᠂ ᠪᠠᠯᠠ ᠮᠥᠩᠭᠦ ᠶᠢ ᠨᠡᠮᠡᠭᠳᠡᠭᠦᠯᠦᠨ ᠰᠲ᠋ᠣᠺ ᠥᠷᠭᠡᠳᠬᠡᠬᠦ ᠲᠥᠷᠥᠯ ᠵᠦᠶᠯ ᠪᠠᠶᠢᠬᠤ ᠮᠥᠷᠲᠡᠭᠡᠨ | ᠪᠠᠰᠠ ᠪᠠᠯᠠ ᠨᠡᠶᠢᠯᠡᠭᠦᠯᠦᠨ ᠬᠠᠮᠲᠤᠷᠠᠯᠴᠠᠬᠤ᠂ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ | ᠲᠥᠷᠥᠯ ᠵᠦᠶᠯ ᠪᠠᠶᠢᠨ᠎ᠠ᠂ ᠵᠢᠱᠢᠯᠲᠡ ᠪᠠᠷ ᠲᠥᠷᠥᠯ ᠵᠦᠶᠯ ᠢ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠤ ᠳᠠᠷᠠᠭ᠎ᠠ | 200 ᠭᠠᠷᠤᠢ ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠬᠥᠷᠥᠩᠭᠡ ᠶᠢ ᠲᠠᠲᠠᠨ ᠣᠷᠣᠭᠤᠯᠬᠤ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶᠠᠨ ᠤ ᠱᠦᠵᠢ᠂ ᠡᠷᠬᠢᠯᠡᠭᠴᠢ ᠵᠠᠩ ᠶᠢᠨ ᠯᠢᠶᠠᠩ ᠤᠨ | ᠲᠠᠨᠢᠯᠴᠠᠭᠤᠯᠤᠭᠰᠠᠨ ᠢᠶᠠᠷ᠂ ᠣᠳᠣᠬᠠᠨ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠯᠠ ᠭᠠᠷᠭᠠᠵᠤ | ᠬᠢᠨᠠᠨ ᠬᠠᠮᠢᠶᠠᠷᠴᠤ ᠪᠠᠶᠢᠭ᠎ᠠ ᠡᠯ᠎ᠡ ᠱᠠᠲᠤᠨ ᠤ ᠠᠵᠤ ᠠᠬᠤᠶᠢᠯᠠᠯ ᠤᠨ ᠳᠣᠲᠣᠷ᠎ᠠ᠂ ᠬᠤᠯᠢᠮᠠᠭ ᠥᠮᠴᠢᠯᠡᠯ ᠤᠨ | ᠳᠦᠷᠢᠮᠲᠦ ᠥᠭᠡᠷᠡᠴᠢᠯᠡᠯᠲᠡ ᠬᠢᠭᠰᠡᠨ ᠠᠵᠤ ᠠᠬᠤᠶᠢᠯᠠᠯ 201 ᠪᠠᠶᠢᠵᠤ᠂ ᠲᠤᠰᠠᠭᠠᠷ ᠲᠣᠭᠠᠴᠠᠭ᠎ᠠ ᠬᠢᠭᠰᠡᠨ ᠠᠵᠤ | ᠠᠬᠤᠶᠢᠯᠠᠯ ᠤᠨ ᠪᠥᠬᠦ ᠲᠣᠭᠠᠨ ᠤ 60% ᠶᠢ ᠡᠵᠡᠯᠡᠵᠦ ᠪᠣᠢ᠃ ᠪᠠᠯᠠ ᠭᠠᠷᠭᠠᠵᠦ ᠬᠢᠨᠠᠨ ᠬᠠᠮᠢᠶᠠᠷᠬᠤ ᠠᠵᠤ | ᠠᠬᠤᠶᠢᠯᠠᠯ ᠳᠤ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ | ᠠᠵᠤ ᠠᠬᠤᠶᠢᠯᠠᠯ ᠤᠨ ᠡᠵᠡᠩᠨᠡᠯᠲᠡ ᠶᠢᠨ ᠲᠣᠭᠲᠠᠴᠠ ᠶᠢ ᠲᠠᠰᠤᠷᠠᠯᠲᠠ ᠥᠬᠡᠶ ᠬᠤᠪᠢᠷᠠᠭᠤᠯᠵᠤ᠂ ᠬᠠᠤᠯᠢ ᠶᠢᠨ | ᠡᠷᠬᠡᠲᠡᠨ ᠤ ᠵᠠᠰᠠᠬᠤ ᠪᠦᠲᠦᠴᠡ ᠶᠢ ᠪᠥᠷᠢᠨᠰᠢᠭᠦᠯᠦᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ | ᠬᠦᠴᠦᠨ ᠪᠣᠯᠣᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ | ᠠᠰᠢᠭ ᠢ ᠢᠯᠡᠳᠲᠡ ᠳᠡᠭᠡᠭᠰᠢᠯᠡᠭᠦᠯᠪᠡ᠃ | ︽ᠥᠪᠥᠷ ᠮᠣᠩᠭᠤᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠠᠴᠠ ᠪᠠᠯᠠ ᠭᠠᠷᠭᠠᠵᠤ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠨᠢ 2017 ᠣᠨ ᠳᠤ 20.5 | ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ ᠬᠤᠶᠠᠷ ᠵᠢᠯ ᠳᠠᠷᠠᠭᠠᠯᠠᠨ ᠪᠦᠬᠦᠯᠢ | ᠴᠣᠭᠴᠠ ᠪᠠᠷ ᠢᠶᠠᠨ ᠠᠯᠳᠠᠭᠳᠠᠯ ᠲᠠᠢ ᠪᠠᠶᠢᠭᠰᠠᠨ ᠪᠠᠶᠢᠳᠠᠯ ᠢ ᠨᠢ ᠬᠤᠪᠢᠷᠠᠭᠤᠯᠪᠠ᠃ 2018 ᠣᠨ ᠳᠤ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠪᠠᠯᠠ ᠭᠠᠷᠭᠠᠵᠤ | ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠨᠢ 46.5 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠣᠷᠢ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26 ᠳ᠋ᠦᠩᠰᠢᠭᠤᠷ ᠲᠥᠭᠦᠷᠢᠭ ᠨᠡᠮᠡᠭᠳᠡᠪᠡ︾ ᠭᠡᠵᠦ ᠵᠠᠩ ᠶᠢᠨ | ᠯᠢᠶᠠᠩ ᠬᠡᠯᠡᠪᠡ᠃ | ᠬᠤᠷᠠᠯ ᠤᠨ ᠬᠤᠭᠤᠴᠠᠭᠠᠨ ᠳᠤ᠂ ᠪᠠᠰᠠ ᠥᠪᠥᠷ ᠮᠣᠩᠭᠤᠯ ᠤᠨ ᠬᠤᠯᠢᠮᠠᠭ ᠥᠮᠴᠢᠯᠡᠯ ᠤᠨ ᠳᠥᠷᠢᠮᠲᠦ | ᠥᠭᠡᠷᠡᠴᠢᠯᠡᠯᠲᠡ ᠶᠢᠨ ᠲᠥᠷᠥᠯ ᠵᠦᠢᠯ ᠢ ᠨᠡᠶᠢᠲᠡᠯᠡᠬᠦ ᠲᠠᠪᠴᠠᠩ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ | ᠣᠶᠢᠯᠠᠭᠠᠭᠰᠠᠨ ᠢᠶᠠᠷ᠂ ᠲᠤᠰ ᠲᠠᠪᠴᠠᠩ ᠨᠢ ᠥᠪᠥᠷ ᠮᠣᠩᠭᠤᠯ ᠤᠨ ᠬᠤᠯᠢᠮᠠᠭ ᠥᠮᠴᠢᠯᠡᠯ ᠤᠨ ᠳᠥᠷᠢᠮᠲᠦ | ᠥᠭᠡᠷᠡᠴᠢᠯᠡᠯᠲᠡ ᠶᠢᠨ ᠲᠥᠷᠥᠯ ᠵᠦᠢᠯ ᠤᠨ ᠪᠠᠶᠢᠳᠠᠯ ᠳᠤ ᠲᠣᠬᠢᠷᠠᠭᠤᠯᠤᠨ ᠲᠣᠭᠲᠠᠭᠠᠭᠰᠠᠨ ᠲᠥᠷᠥᠯ ᠵᠦᠶᠯ ᠢ | ᠨᠡᠶᠢᠲᠡᠯᠡᠬᠦ ᠲᠠᠪᠴᠠᠩ ᠪᠣᠯᠤᠨ᠎ᠠ᠂ ᠡᠨᠡ ᠬᠦ ᠲᠠᠪᠴᠠᠩ ᠨᠢ ᠪᠥᠬᠦ ᠨᠡᠶᠢᠭᠡᠮ ᠳᠤ ᠬᠠᠨᠳᠤᠨ᠂ ᠬᠤᠯᠢᠮᠠᠭ ᠥᠮᠴᠢᠯᠡᠯ ᠤᠨ | ᠳᠥᠷᠢᠮᠲᠦ ᠥᠭᠡᠷᠡᠴᠢᠯᠡᠯᠲᠡ ᠶᠢᠨ ᠲᠥᠷᠥᠯ ᠵᠦᠢᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠤᠭᠰᠠᠨ ᠣᠯᠠᠨ ᠵᠦᠶᠯ ᠤᠨ ᠲᠠᠨᠢᠯᠴᠠᠭᠤᠯᠬᠤ ᠠᠷᠭ᠎ᠠ ᠮᠠᠶ᠋ᠢᠭ ᠢ ᠠᠪᠴᠤ᠂ ᠨᠡᠶᠢᠭᠡᠮ ᠤᠨ ᠡᠯ᠎ᠡ | ᠡᠲᠡᠭᠡᠳ ᠤᠨ ᠪᠠᠯᠠ ᠣᠷᠣᠭᠤᠯᠤᠭᠴᠢᠳ ᠲᠤ ᠲᠥᠷᠥᠯ ᠵᠦᠶᠯ ᠤᠨ ᠮᠡᠳᠡᠭᠡ ᠵᠠᠩᠭᠢ ᠶᠢ ᠬᠠᠮᠤᠭ ᠤᠨ ᠶᠡᠭᠡ | ᠬᠡᠪᠴᠢᠶ᠎ᠡ ᠪᠠᠷ ᠡᠵᠡᠮᠰᠢᠭᠦᠯᠵᠦ᠂ ᠪᠠᠯᠠ ᠣᠷᠣᠭᠤᠯᠤᠯᠲᠠ ᠶᠢᠨ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠤ ᠳᠥᠭᠦᠮ | ᠦᠵᠡᠭᠦᠯᠬᠦ ᠪᠠᠷ ᠴᠢᠷᠮᠠᠶᠢᠬᠤ ᠪᠣᠯᠣᠨ᠎ᠠ᠃ |