ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠠᠷᠠᠭᠠᠨ ᠳᠠᠪᠲᠠᠮᠵᠢᠲᠤ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2019/4/29
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠬᠦᠬᠡᠬᠤᠲᠠ ᠳᠤ ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ  ᠬᠠᠷᠠᠭᠠᠨ ᠳᠠᠪᠲᠠᠮᠵᠢᠲᠤ ᠬᠤᠷᠠᠯ ᠬᠤᠷᠠᠯᠳᠤᠭᠤᠯᠵᠤ᠂ ᠣᠳᠣᠬᠠᠨ ᠤ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠵᠠᠳᠠᠯᠤᠭᠰᠠᠨ ᠤ ᠬᠠᠮᠲᠤ 2019 ᠣᠨ ᠤ ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠤᠰᠬᠠᠢ ᠰᠢᠮᠳᠠᠭᠤᠯᠤᠨ ᠪᠠᠶᠢᠴᠠᠭᠠᠬᠤ ᠠᠵᠢᠯ ᠢ ᠪᠠᠶᠢᠷᠢᠯᠠᠭᠤᠯᠪᠠ᠃      ᠲᠤᠰ ᠤᠳᠠᠭᠠᠨ ᠤ ᠬᠤᠷᠠᠯ ᠤᠨ ᠵᠣᠷᠢᠯᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠲᠤᠬᠠᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠠᠪᠤᠳᠠᠯ ᠪᠤᠯᠤᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠢᠨᠵᠧᠨᠧᠷᠢᠩ ᠢ ᠭᠠᠳᠠᠭᠰᠢ ᠨᠡᠭᠡᠭᠡᠬᠦ ᠪᠠ ᠬᠡᠷᠡᠭᠯᠡᠵᠦ ᠪᠣᠯᠬᠤ ᠦᠭᠡᠢ︔ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠣᠭᠲᠠᠴᠠ ᠶᠢ ᠪᠦᠷᠢᠨᠰᠢᠭᠦᠯᠵᠦ᠂ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ᠂ ᠵᠠᠰᠠᠭ ᠤᠨ ᠣᠷᠳᠣᠨ ᠪᠣᠯᠤᠨ ᠰᠠᠯᠠᠭ᠎ᠠ ᠮᠥᠴᠢᠷ ᠤᠨ ᠬᠤᠭᠤᠷᠣᠨᠳᠣ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠪᠣᠯᠤᠨ ᠰᠣᠶᠣᠯ ᠳᠤᠷᠠᠰᠬᠠᠯᠲᠤ ᠵᠦᠢᠯ ᠮᠥᠽᠸᠢ ᠶᠢᠨ ᠨᠢᠭᠡᠴᠢ ᠶᠢᠨ ᠬᠤᠭᠤᠷᠣᠨᠳᠣ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠣᠭᠲᠠᠬᠤ ᠶᠢ ᠢᠳᠡᠪᠬᠢᠲᠡᠢ ᠠᠬᠢᠭᠤᠯᠵᠤ᠂ ᠬᠠᠷᠢᠭᠤᠴᠠᠯᠭ᠎ᠠ ᠶᠢᠨ ᠬᠠᠷᠠᠯᠲᠠ ᠶᠢ ᠲᠣᠳᠣᠷᠬᠠᠶᠢᠯᠠᠬᠤ ᠬᠡᠷᠡᠭᠲᠡᠢ ᠭᠡᠪᠡ᠃ ᠣᠶᠢᠯᠠᠭᠠᠭᠰᠠᠨ ᠢᠶᠠᠷ᠂ 2019 ᠣᠨ ᠤ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠶᠯ ᠤᠨ ᠠᠮᠤᠷ ᠲᠦᠪᠰᠢᠨ ᠤ ᠲᠤᠰᠬᠠᠶ ᠰᠢᠮᠳᠠᠭᠤᠯᠤᠨ ᠪᠠᠶᠢᠴᠠᠭᠠᠬᠤ ᠠᠵᠢᠯ 4 ᠳ᠋ᠤᠭᠡᠷ ᠰᠠᠷ᠎ᠠ ᠶᠢᠨ 25᠎ ᠤ ᠡᠳᠦᠷ ᠠᠴᠠ 5 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠪᠥᠬᠦ ᠣᠷᠣᠨ ᠤ ᠡᠯ᠎ᠡ ᠠᠶᠢᠮᠠᠭ ᠬᠤᠲᠠ᠂ ᠬᠤᠰᠢᠭᠤ ᠰᠢᠶᠠᠨ ᠳᠤ ᠶᠠᠪᠤᠭᠳᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号