ᠦᠪᠦᠷ ᠵᠠᠰᠠᠭ ᠲᠠᠷᠬᠠᠭᠠᠭᠰᠠᠨ ﹇2018﹈ 45 ᠳ᠋ᠤᠭᠠᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠵᠡᠮᠳᠡᠭᠴᠦᠳ ᠤᠨ ᠠᠵᠢᠯ ᠦᠢᠯᠡᠰ ᠢ ᠬᠥᠭᠵᠢᠭᠦᠯᠵᠣ᠂ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡ ᠶᠢ | ᠴᠢᠩᠭᠠᠣᠡᠬᠠᠬᠤ ᠲᠤᠬᠠᠶ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠴᠢᠬᠤᠯᠠ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠵᠡᠮᠳᠡᠭ ᠬᠡᠤᠬᠡᠳ ᠲᠤ ᠡᠷᠡᠭᠦᠯᠵᠢᠯ ᠤᠨ ᠦᠨᠳᠦᠰᠦᠨ | ᠦᠢᠯᠡᠴᠢᠯᠡᠭᠡ ᠭᠦᠷᠳᠡᠭᠡᠭᠦ ᠶᠢ ᠪᠠᠲᠤᠯᠠᠬᠤ ᠶᠢᠨ ᠲᠣᠰᠠᠳᠠ᠂ ︽ᠵᠠᠮᠳᠡᠭ ᠪᠣᠯᠬᠤ ᠶᠢ ᠰᠡᠷᠭᠡᠶᠢᠯᠡᠬᠦ ᠪᠠ ᠵᠡᠮᠳᠡᠭᠴᠦᠳ ᠢ | ᠡᠷᠡᠭᠦᠯᠵᠢᠭᠦᠯᠭᠦ ᠳᠦᠷᠢᠮ︾ ︽ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ ᠪᠠᠶᠢᠭᠤᠯᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2018﹈ 20 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠵᠣ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠭᠦᠳᠠ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠣᠭᠤᠰᠢᠯᠠᠭᠤᠯᠵᠣ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠣᠯᠳᠠᠢ ᠲᠦᠯᠣᠪᠯᠡᠨ ᠠᠬᠢᠭᠤᠯᠬᠤ | ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ | ᠠᠬᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠣᠯᠭᠠᠵᠤ᠂ ᠰᠠᠭᠤᠷᠢ ᠠᠴᠠ ᠨᠢ ᠪᠠᠳᠣᠯᠠᠬᠤ᠂ ᠨᠢᠭᠲᠠ | ᠲᠣᠣᠷ ᠢ ᠰᠦᠯᠵᠢᠬᠦ ᠪᠠ ᠲᠣᠭᠲᠠᠴᠠ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠡᠮᠳᠡᠭ ᠬᠡᠦᠬᠡᠳ ︽ᠬᠥᠮᠦᠨ ᠪᠣᠯᠭᠠᠨ ᠳᠤ ᠡᠷᠡᠭᠦᠯᠵᠢᠯ ᠤᠨ | ᠦᠢᠯᠡᠴᠢᠯᠡᠭᠡ ᠭᠦᠷᠳᠡᠭᠦ︾ ᠶᠢ ᠴᠢᠷᠮᠠᠶᠢᠨ ᠪᠡᠶᠡᠯᠡᠭᠦᠯᠣᠨ᠂ ᠵᠡᠮᠳᠡᠭ ᠬᠡᠦᠬᠡᠳ ᠤᠨ ᠡᠷᠡᠭᠦᠯ ᠮᠡᠨᠳᠦ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ᠂ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠳᠡᠷᠭᠡᠯᠰᠢᠭᠦᠯᠭᠦ ᠳᠤ | ᠬᠤᠪᠢ ᠨᠡᠮᠡᠷᠢ ᠦᠵᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠵᠣ᠂ ᠰᠠᠭᠤᠷᠢ ᠠᠴᠠ ᠨᠢ ᠪᠠᠳᠣᠯᠠᠵᠣ ᠰᠠᠬᠢᠬᠤ ᠶᠢ | ᠪᠠᠷᠢᠮᠲᠠᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ︽ᠦᠨᠳᠦᠰᠦᠨ ᠵᠦᠢᠯ ᠢ ᠪᠠᠲᠤᠯᠠᠬᠤ︾ | ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠵᠡᠮᠳᠡᠭ ᠬᠡᠦᠬᠡᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠶᠢ | ᠳᠡᠩᠴᠡᠭᠦᠷᠢᠰᠢᠭᠦᠯᠭᠦ ᠶᠢ ᠠᠯᠬᠤᠮ ᠠᠯᠬᠤᠮ ᠢᠶᠠᠷ ᠠᠬᠢᠭᠤᠯᠣᠨ᠎ᠠ᠃ | ᠲᠦᠷᠢᠮ ᠢ ᠵᠣᠯᠭᠠᠭᠤᠯᠣᠨ᠂ ᠠᠪᠣᠷᠠᠬᠤ ᠶᠣᠰᠣᠳᠠᠢ ᠶᠢ ᠨᠢ ᠴᠢᠳᠠᠬᠤ ᠶᠢᠨ ᠲᠣᠳᠣᠷ᠎ᠠ ᠠᠪᠤᠷᠠᠬᠤ ᠶᠢ | ᠪᠠᠷᠢᠮᠲᠠᠯᠠᠨ᠎ᠠ᠃ ᠦᠨᠳᠦᠰᠦᠨ ᠡᠮᠴᠢᠯᠡᠭᠡ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠨᠡᠶᠢᠭᠡᠮ ᠤᠨ | ᠪᠠᠲᠤᠯᠠᠭ᠎ᠠ ᠶᠢᠨ ᠲᠦᠷᠢᠮ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠣᠡᠬᠠᠵᠣ᠂ ᠴᠠᠭ ᠲᠤᠬᠠᠶ ᠳᠤ ᠨᠢ ᠠᠪᠤᠷᠠᠨ | ᠲᠤᠰᠠᠯᠠᠯᠳᠠ ᠭᠢᠭᠦ ᠶᠢ ᠪᠠᠲᠤᠯᠠᠨ᠎ᠠ᠃ | ᠴᠢᠳᠠᠯ ᠤᠨ ᠢᠶᠠᠨ ᠬᠢᠷᠢ ᠪᠠᠷ ᠴᠢᠷᠮᠠᠶᠢᠵᠣ ᠠᠵᠢᠯᠯᠠᠬᠤ ᠶᠢ ᠪᠠᠷᠢᠮᠲᠠᠯᠠᠨ᠎ᠠ᠃ ᠭᠤᠣᠯᠳᠠᠯᠭ᠎ᠠ ᠶᠢ ᠲᠣᠪᠤᠶᠢᠯᠭᠠᠨ᠂ | ᠲᠣᠭᠲᠠᠴᠠ ᠪᠠᠨ ᠲᠡᠭᠦᠯᠳᠡᠷᠵᠢᠭᠦᠯᠵᠣ᠂ ᠵᠢᠱᠢᠯᠲᠡ ᠪᠣᠳᠣᠯ ᠢ ᠬᠦᠳᠤᠯᠤᠨ ᠵᠢᠯᠣᠭᠤᠳᠴᠤ᠂ ᠵᠡᠮᠳᠡᠭ ᠬᠡᠦᠬᠡᠳ ᠤᠨ | ᠡᠷᠡᠭᠦᠯᠵᠢᠯ ᠤᠨ ᠦᠨᠳᠦᠰᠦᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠦᠴᠣᠯᠠᠨ ᠬᠠᠩᠭᠠᠨ᠎ᠠ᠃ | ᠵᠢᠷᠤᠮᠵᠢᠭᠤᠨ ᠪᠦᠭᠡᠣᠨ ᠠᠯᠬᠤᠮ ᠳᠠᠷᠠᠭ᠎ᠠ ᠲᠠᠢ᠂ ᠲᠥᠪ ᠭᠤᠣᠯᠴᠢ ᠢᠯᠡ ᠪᠠᠶᠢᠯᠭᠠᠬᠤ ᠶᠢ ᠪᠠᠷᠢᠮᠲᠠᠯᠠᠨ᠎ᠠ᠃ | ᠰᠢᠨᠵᠢᠯᠡᠬᠦ ᠤᠬᠠᠭᠠᠨᠴᠢ ᠪᠠᠷ ᠠᠷᠠᠣᠨ ᠲᠤ ᠳᠥᠭᠦᠮ ᠦᠵᠡᠭᠦᠯᠬᠦ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ | ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠣᠨ᠂ ᠤᠯᠠᠨ ᠲᠦᠮᠡᠨ ᠪᠠ ᠨᠡᠶᠢᠭᠡᠮ ᠤᠨ ᠬᠢᠨᠠᠯᠲᠠ | ᠳᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠣᠨ᠎ᠠ᠃ | ︵ᠭᠤᠷᠪᠠ︶ ᠶᠡᠷᠦᠩᠬᠡᠢ ᠬᠠᠷᠠᠯᠲᠠ | 2020 ᠣᠨ ᠪᠣᠯᠬᠤ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠯᠤᠭ᠎ᠠ | ᠲᠣᠬᠢᠷᠠᠯᠴᠠᠭᠰᠠᠨ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠲᠦᠷᠢᠮ ᠤᠨ ᠰᠢᠰᠲ᠋ᠧᠮᠵᠢ ᠶᠢ | ᠪᠠᠶᠢᠭᠤᠯᠵᠣ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠤᠯᠯᠠᠬᠤ᠂ ᠵᠡᠮᠳᠡᠭᠴᠦᠳ ᠤᠨ | ᠬᠤᠯᠪᠣᠭᠠᠳᠣ ᠬᠤᠷᠠᠯ ᠲᠦᠷᠦᠭᠦᠯᠡᠬᠦ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ | ᠣᠷᠣᠯᠴᠠᠭᠰᠠᠨ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠠᠵᠢᠯ ᠤᠨ ᠪᠠᠶᠢᠷᠢᠰᠢᠯ ᠢ ᠪᠤᠶ ᠪᠣᠯᠭᠠᠵᠤ᠂ | ᠵᠡᠮᠳᠡᠭ ᠬᠡᠦᠬᠡᠳ ᠤᠨ ᠠᠪᠣᠷᠠᠨ ᠲᠣᠰᠠᠯᠠᠬᠤ ᠶᠣᠰᠣᠲᠠᠶ ᠶᠢ ᠨᠢ ᠴᠦᠮ ᠠᠪᠣᠷᠠᠨ ᠲᠣᠰᠠᠯᠠᠬᠤ ᠶᠢ ᠦᠨᠳᠦᠰᠦᠨ ᠳᠤ ᠪᠠᠨ | ᠪᠡᠶᠡᠯᠡᠭᠦᠯᠦᠨ᠎ᠡ᠃ | 2025 ᠣᠨ ᠪᠣᠯᠬᠤ ᠳᠤ᠂ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠤᠨ | ᠰᠢᠰᠲ᠋ᠧᠮᠵᠢ ᠶᠢ ᠨᠡᠩ ᠢᠯᠡᠭᠦᠣ ᠪᠦᠷᠢᠨᠰᠢᠭᠦᠯᠣᠨ ᠲᠡᠭᠦᠯᠳᠡᠷᠵᠢᠭᠦᠯᠵᠣ᠂ ᠵᠡᠮᠳᠡᠭ ᠬᠡᠦᠬᠡᠳ ᠢ ᠡᠷᠡᠭᠦᠯᠵᠢᠭᠦᠯᠬᠦ | ᠦᠢᠯᠡᠴᠢᠯᠡᠭᠡ ᠬᠠᠩᠭᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠣ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠣᠯᠤᠨ | ᠪᠠᠲᠤᠯᠠᠭ᠎ᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠣ᠂ ᠵᠡᠮᠳᠡᠭ ᠬᠡᠦᠬᠡᠳ ᠲᠤ ᠦᠨᠳᠦᠰᠦᠨ | ᠡᠷᠡᠭᠦᠯᠵᠢᠯ ᠤᠨ ᠦᠢᠯᠡᠴᠢᠯᠡᠭᠡ ᠶᠢ ᠨᠡᠶᠢᠳᠡᠮ ᠭᠦᠷᠳᠡᠭᠡᠭᠦ ᠪᠣᠯᠭᠠᠨ᠂ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠪᠠ | ᠪᠦᠬᠦ ᠲᠠᠯ᠎ᠠ ᠪᠠᠷ ᠬᠥᠭᠵᠢᠭᠦ ᠡᠷᠬᠡ ᠠᠰᠢᠭ ᠢ ᠨᠢ ᠪᠦᠲᠦᠮᠵᠢᠲᠡᠶ ᠪᠠᠲᠤᠯᠠᠨ᠎ᠠ᠃ | ᠬᠤᠶᠠᠷ᠂ ᠪᠣᠳᠠᠲᠠᠶ ᠠᠭᠤᠯᠭ᠎ᠠ | ︵ᠨᠢᠭᠡ︶ ᠠᠪᠤᠷᠠᠨ ᠲᠤᠰᠠᠯᠠᠭᠤᠯᠬᠤ ᠡᠲᠡᠭᠡᠳ ᠠᠪᠤᠷᠠᠨ ᠲᠤᠰᠠᠯᠠᠭᠤᠯᠬᠤ ᠡᠲᠡᠭᠡᠳ ᠪᠣᠯ ᠠᠪᠤᠷᠠᠨ ᠲᠤᠰᠠᠯᠠᠬᠤ | ᠨᠥᠬᠦᠴᠡᠯ ᠳᠤ ᠨᠡᠶᠢᠴᠡᠭᠰᠡᠨ 0 — 7 ᠨᠠᠰᠣ ᠲᠠᠢ ᠬᠡᠣᠭᠡᠣᠨ ᠤᠨ ᠬᠠᠷᠠᠭ᠎ᠠ᠂ ᠰᠣᠨᠣᠷ᠂ ᠬᠡᠯᠨ᠂ ᠮᠥᠴᠢ᠂ | ᠤᠶᠤᠨ ᠤ ᠴᠢᠳᠠᠪᠤᠷᠢ ᠵᠡᠷᠭᠡ ᠨᠢ ᠵᠡᠮᠳᠡᠭ ᠪᠣᠯᠤᠨ ᠭᠠᠭᠴᠠᠭᠠᠷᠳᠠᠬᠤ ᠬᠡᠮ ᠲᠠᠢ ᠬᠡᠦᠬᠡᠳ ᠪᠣᠯᠣᠨ᠎ᠠ᠃ ᠡᠭᠦᠨ ᠳᠤ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠵᠡᠮᠳᠡᠭ | ᠬᠡᠦᠬᠡᠳ︔ ᠲᠠᠩᠰᠠ ᠪᠠ ᠺᠠᠷᠲ ᠲᠠᠢ ᠶᠠᠳᠠᠭᠤ ᠬᠦᠴᠢᠷᠳᠠᠯᠳᠠᠢ ᠭᠡᠷ ᠪᠦᠯᠢ ᠶᠢᠨ ᠵᠡᠮᠳᠡᠭ ᠬᠡᠦᠬᠡᠳ︔ ᠬᠡᠦᠬᠡᠳ ᠤᠨ | ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠵᠡᠮᠳᠡᠭ ᠬᠡᠦᠬᠡᠳ︔ ᠵᠡᠮᠳᠡᠭ ᠥᠨᠥᠴᠢᠨ ᠬᠡᠦᠬᠡᠳ︔ | ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠵᠡᠮᠳᠡᠭ | ᠬᠡᠦᠬᠡᠳ︔ ᠠᠵᠤ ᠠᠬᠤᠢ ᠨᠢ ᠬᠦᠴᠢᠷᠳᠡᠯᠲᠡᠢ ᠪᠤᠰᠤᠳ ᠭᠡᠷ ᠪᠦᠯᠢ ᠶᠢᠨ ᠵᠡᠮᠳᠡᠭ ᠬᠡᠦᠬᠡᠳ ᠪᠠᠭᠲᠠᠨ᠎ᠠ᠃ | ᠠᠵᠤ ᠠᠬᠤᠢ ᠨᠢ ᠬᠦᠴᠢᠷᠳᠡᠯᠲᠡᠢ ᠪᠤᠰᠤᠳ ᠭᠡᠷ ᠪᠦᠯᠢ ᠶᠢ ᠮᠠᠭᠠᠳᠯᠠᠨ ᠲᠣᠭᠲᠠᠭᠠᠬᠤ ᠪᠣᠳᠠᠲᠠᠶ ᠠᠷᠭ᠎ᠠ ᠶᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃ ᠨᠥᠬᠦᠴᠡᠯ ᠲᠠᠢ | ᠭᠠᠵᠠᠷ ᠣᠷᠣᠨ ᠨᠢ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠨᠠᠰᠤ ᠵᠢᠯ ᠤᠨ ᠬᠡᠪᠴᠢᠶ᠎ᠡ ᠶᠢ | ᠵᠣᠬᠢᠬᠤ ᠬᠡᠮᠵᠢᠶ᠎ᠡ ᠪᠠᠷ ᠥᠷᠭᠡᠳᠬᠡᠵᠦ ᠪᠣᠯᠬᠤ ᠪᠦᠭᠡᠣᠨ ᠪᠠᠰᠠ ᠵᠡᠮᠳᠡᠭ ᠬᠡᠦᠬᠡᠳ ᠤᠨ ᠭᠡᠷ ᠪᠦᠯᠢ ᠶᠢᠨ ᠠᠵᠤ | ᠠᠬᠤᠶ ᠶᠢᠨ ᠨᠥᠬᠦᠴᠡᠯ ᠤᠨ ᠬᠢᠵᠠᠭᠠᠷᠯᠠᠯ ᠢ ᠠᠭᠤᠵᠢᠭᠤ ᠲᠠᠯᠪᠢᠵᠤ ᠪᠣᠯᠣᠨ᠎ᠠ᠃ | ︵ᠬᠤᠶᠠᠷ︶ ᠠᠪᠤᠷᠠᠨ ᠲᠤᠰᠠᠯᠠᠬᠤ ᠠᠭᠤᠯᠭ᠎ᠠ | 1. ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠦᠨᠳᠦᠰᠦᠨ ᠦᠢᠯᠡᠴᠢᠯᠡᠭᠡᠨ ᠤ | ᠠᠭᠤᠯᠭ᠎ᠠ ᠳᠤ᠂ ᠴᠢᠳᠠᠮᠵᠢ ᠶᠢᠨ ᠬᠠᠷᠰᠢ ᠰᠠᠭᠠᠳ ᠢ ᠬᠥᠩᠭᠡᠷᠡᠭᠦᠯᠬᠦ᠂ ᠴᠢᠳᠠᠮᠵᠢ ᠶᠢᠨ ᠪᠠᠶᠢᠳᠠᠯ ᠢ ᠰᠠᠶᠢᠵᠢᠷᠠᠭᠤᠯᠬᠤ᠂ | ᠠᠮᠢᠳᠤᠷᠠᠯ ᠢᠶᠠᠨ ᠥᠪᠡᠰᠦᠪᠡᠨ ᠠᠷᠭᠠᠴᠠᠭᠠᠵᠣ ᠳᠡᠶᠢᠯᠬᠦ ᠪᠠ ᠨᠡᠶᠢᠭᠡᠮ ᠳᠤ ᠣᠷᠣᠯᠴᠠᠬᠤ ᠴᠢᠳᠠᠪᠤᠷᠢ ᠶᠢ ᠨᠢ | ᠴᠢᠩᠭᠠᠷᠠᠭᠤᠯᠬᠤ ᠪᠠᠷ ᠭᠤᠣᠯ ᠵᠣᠷᠢᠯᠭ᠎ᠠ ᠪᠣᠯᠭᠠᠭᠰᠠᠨ ᠮᠡᠰᠡ ᠵᠠᠰᠠᠯ᠂ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ | ᠪᠠ ᠡᠷᠡᠭᠦᠯᠵᠢᠭᠦᠯᠬᠦ ᠪᠣᠯᠪᠠᠰᠤᠷᠠᠯ ᠵᠡᠷᠭᠡ ︵ᠳᠠᠭᠠᠯᠳᠤᠭᠤᠯᠤᠯ ᠳᠤ ᠦᠵᠡ︶ ᠪᠠᠭᠳᠠᠨ᠎ᠠ᠃ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ | ᠪᠣᠳᠠᠳᠠᠢ ᠪᠠᠶᠢᠳᠠᠯ ᠢᠶᠠᠨ ᠦᠨᠳᠦᠰᠦᠯᠡᠨ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠦᠨᠳᠦᠰᠦᠨ | ᠦᠢᠯᠡᠴᠢᠯᠡᠭᠡᠨ ᠤ ᠠᠭᠤᠯᠭ᠎ᠠ ᠶᠢ ᠨᠡᠮᠡᠭᠳᠡᠭᠦᠯᠵᠦ ᠪᠣᠯᠣᠨ᠎ᠠ᠃ ᠡᠭᠦᠨ ᠳᠤ᠂ ᠡᠷᠡᠭᠦᠯᠵᠢᠭᠦᠯᠣᠨ ᠪᠣᠯᠪᠠᠰᠤᠷᠠᠭᠤᠯᠵᠣ | ᠠᠪᠤᠷᠠᠨ ᠲᠤᠰᠠᠯᠠᠬᠤ ᠴᠠᠭ ᠢ ᠨᠢ ᠵᠠᠷᠴᠢᠮ ᠳᠡᠭᠡᠷ᠎ᠡ ᠪᠠᠨ ᠵᠢᠯ ᠪᠦᠷᠢ 10 ᠰᠠᠷ᠎ᠠ ᠠᠴᠠ ᠬᠡᠳᠣᠷᠡᠭᠦᠯᠵᠣ ᠪᠣᠯᠬᠤ ᠦᠭᠡᠢ᠂ | ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠪᠠᠨ ᠪᠣᠳᠠᠳᠣ ᠪᠠᠶᠢᠳᠡᠯ ᠢᠶᠠᠨ ᠦᠨᠳᠦᠰᠦᠯᠡᠨ ᠠᠪᠤᠷᠠᠨ | ᠲᠤᠰᠠᠯᠠᠬᠤ ᠴᠠᠭ ᠢᠶᠠᠨ ᠲᠣᠭᠳᠠᠭᠠᠵᠣ ᠪᠣᠯᠣᠨ᠎ᠠ᠃ | 2. ᠨᠥᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠵᠡᠮᠳᠡᠭ | ᠬᠡᠦᠬᠡᠳ ᠢ ᠡᠷᠡᠭᠦᠯᠵᠢᠭᠦᠯᠬᠦ ᠬᠤᠭᠤᠴᠠᠭᠠᠨ ᠳᠤ ᠬᠠᠷᠭᠠᠯᠵᠠᠨ ᠬᠠᠮᠠᠭᠠᠯᠠᠭᠴᠢ ᠨᠢ ᠪᠠᠷ᠎ᠠ ᠪᠣᠯᠵᠣ ᠰᠣᠪᠢᠯᠠᠨ ᠠᠪᠤᠷᠠᠨ | ᠲᠤᠰᠠᠯᠠᠬᠤ ᠶᠢ ᠥᠷᠨᠢᠭᠦᠯᠵᠦ᠂ ᠲᠣᠰ ᠭᠠᠵᠠᠷ ᠣᠷᠣᠨ ᠤ ᠪᠣᠳᠠᠳᠠᠢ ᠪᠠᠶᠢᠳᠠᠯ ᠢᠶᠠᠨ ᠦᠨᠳᠦᠰᠦᠯᠡᠨ ᠠᠪᠤᠷᠠᠨ | ᠲᠤᠰᠠᠯᠠᠬᠤ ᠠᠭᠤᠯᠭ᠎ᠠ ᠪᠠ ᠪᠠᠷᠢᠮᠵᠢᠶ᠎ᠠ ᠪᠠᠨ ᠲᠣᠭᠲᠠᠭᠠᠨ᠎ᠠ᠃ | 3. ᠵᠡᠮᠳᠡᠭ ᠬᠡᠦᠬᠡᠳ ᠪᠦᠭᠦᠨ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ | ᠨᠡᠶᠢᠴᠡᠭᠰᠡᠨ ᠵᠡᠮᠳᠡᠭ ᠬᠡᠤᠬᠡᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠳᠠᠭᠠᠳᠬᠠᠯ ᠳᠤ ᠣᠷᠣᠯᠴᠠᠭᠠᠣᠨ ᠬᠤᠪᠢ ᠬᠥᠮᠦᠨ ᠤ ᠰᠦᠢᠳᠬᠡᠯ ᠲᠤᠰᠢᠶᠠᠬᠤ ᠬᠡᠰᠡᠭ ᠢ ᠨᠢ ᠵᠠᠰᠠᠭ ᠤᠨ | ᠣᠷᠳᠣᠨ ᠠᠴᠠ ᠨᠥᠬᠦᠪᠥᠷᠢᠯᠡᠨ ᠦᠭᠭᠦᠨ᠎ᠠ᠃ | ︵ᠭᠤᠷᠪᠠ︶ ᠠᠪᠤᠷᠠᠨ ᠲᠤᠰᠠᠯᠠᠬᠤ ᠪᠠᠷᠢᠮᠵᠢᠶ᠎ᠠ | 1. ᠬᠠᠷᠠᠭ᠎ᠠ᠂ ᠰᠣᠨᠣᠷ ᠬᠡᠯᠨ᠂ ᠮᠥᠴᠢ᠂ ᠣᠶᠣᠨ ᠤ ᠰᠠᠭᠠᠳᠠᠯ ᠵᠡᠮᠳᠡᠭ ᠪᠣᠯᠤᠨ ᠭᠠᠭᠴᠠᠭᠠᠷᠳᠠᠬᠤ ᠬᠡᠮ ᠲᠠᠢ | ᠬᠡᠦᠬᠡᠳ ᠢ ᠠᠪᠤᠷᠠᠨ ᠲᠤᠰᠠᠯᠠᠬᠤ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ | ᠪᠠᠶᠢᠭ᠎ᠠ ᠪᠠᠷᠢᠮᠵᠢᠶ᠎ᠠ ᠶᠢ ᠯᠠᠪᠯᠠᠯᠳᠠ ᠪᠣᠯᠭᠠᠵᠣ ᠬᠡᠷᠡᠭᠵᠢᠭᠦᠯᠣᠨ᠎ᠠ ︵ᠳᠠᠭᠠᠯᠳᠤᠭᠤᠯᠤᠯ ᠳᠤ ᠦᠵᠡᠭᠡᠷᠡᠢ︶᠃ | 2. ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠲᠣᠰ ᠭᠠᠵᠠᠷ ᠣᠷᠣᠨ ᠤ ᠪᠠᠨ ᠡᠳ᠋ ᠤᠨ ᠬᠦᠴᠦᠨ ᠤ ᠪᠠᠶᠢᠳᠠᠯ᠂ ᠪᠠᠲᠤᠯᠠᠭ᠎ᠠ ᠭᠦᠷᠳᠡᠭᠦ ᠡᠲᠡᠭᠡᠳ ᠤᠨ | ᠲᠤᠭ᠎ᠠ᠂ ᠵᠡᠮᠳᠡᠭ ᠤᠨ ᠲᠦᠷᠦᠯ ᠢᠯᠭᠠᠯ ᠵᠡᠷᠭᠡ ᠶᠢ ᠦᠨᠳᠣᠰᠣᠯᠡᠵᠣ᠂ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ | ᠲᠤᠰᠠᠯᠠᠬᠤ ᠵᠠᠷᠤᠳᠠᠯ ᠤᠨ ᠪᠠᠲᠤᠯᠠᠬᠤ ᠪᠠᠷᠢᠮᠵᠢᠶ᠎ᠠ ᠶᠢ ᠵᠣᠬᠢᠬᠤ ᠭᠡᠮᠵᠢᠶ᠎ᠠ ᠪᠠᠷ ᠳᠡᠭᠡᠭᠰᠢᠯᠡᠭᠦᠯᠵᠦ ᠪᠣᠯᠤᠨ᠎ᠠ᠂ ᠡᠭᠦᠨ ᠳᠤ | ᠵᠡᠮᠳᠡᠭ ᠬᠡᠦᠬᠡᠳ ᠤᠨ ᠵᠠᠯᠠᠷᠠᠭᠤᠯᠣᠭᠤᠷ᠂ ᠬᠦᠷᠳᠦᠲᠦ ᠰᠠᠨᠳᠠᠯᠢ᠂ ᠠᠯᠬᠤᠬᠤ ᠲᠣᠰᠠᠯᠠᠭᠤᠷ ᠵᠡᠷᠭᠡ ᠲᠤᠰᠠᠯᠠᠬᠤ ᠪᠠᠭᠠᠵᠢ | ᠬᠡᠷᠡᠭᠰᠡᠯ ᠢᠶᠠᠷ ᠠᠪᠤᠷᠠᠨ ᠲᠤᠰᠠᠯᠠᠬᠤ ᠪᠠᠷᠢᠮᠵᠢᠶ᠎ᠠ ᠶᠢ ᠪᠠᠭᠳᠠᠭᠠᠬᠤ ᠶᠢᠨ ᠬᠠᠮᠲᠤ᠂ ᠬᠥᠳᠡᠯᠦᠩᠭᠦᠶ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ᠎ᠠ᠃ | ︵ᠳᠥᠷᠪᠡ︶ ᠠᠵᠢᠯ ᠤᠨ ᠴᠤᠪᠤᠷᠠᠯ ﹈ | ᠭᠤᠶᠤᠴᠢᠯᠠᠬᠤ᠃ ᠵᠡᠮᠳᠡᠭ ᠬᠡᠤᠬᠡᠳ ᠤᠨ ᠬᠠᠷᠭᠠᠯᠵᠠᠨ ᠬᠠᠮᠠᠭᠠᠯᠠᠭᠴᠢ ᠨᠢ ᠵᠡᠮᠳᠡᠭ ᠬᠡᠦᠬᠡᠳ ᠤᠨ ᠡᠷᠦᠬᠡ ᠠᠮᠠ | ᠪᠠᠶᠢᠭ᠎ᠠ ᠭᠠᠵᠠᠷ ︵ᠣᠷᠣᠰᠢᠨ ᠰᠠᠭᠤᠬᠤ ᠦᠨᠡᠮᠯᠡᠯ ᠣᠯᠭᠤᠬᠰᠠᠨ ᠭᠠᠵᠠᠷ︶ ᠤᠨ ᠶᠢᠨ ᠬᠤᠰᠢᠭᠤ ᠰᠢᠶᠠᠨ ᠤ | ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠳᠤ ᠭᠤᠶᠤᠴᠢᠯᠠᠯ ᠭᠠᠷᠭᠠᠨ᠎ᠠ᠃ | ᠬᠠᠷᠭᠠᠯᠵᠠᠨ ᠬᠠᠮᠠᠭᠠᠯᠠᠭᠴᠢ ᠨᠢ ᠴᠦ ᠪᠤᠰᠤᠳ ᠬᠥᠮᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ | ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠭᠠᠷᠲᠠᠨ ᠬᠢᠭᠦ ᠪᠠᠶᠢᠭᠤᠯᠤᠮᠵᠢ ᠵᠡᠷᠭᠡ ᠳᠤ ᠨᠠᠶᠢᠳᠠᠵᠤ ᠪᠠᠶᠢᠭᠠᠣᠨ | ᠣᠷᠣᠯᠠᠨ ᠭᠤᠶᠤᠴᠢᠯᠠᠵᠤ ᠪᠣᠯᠤᠨ᠎ᠠ᠃ | ᠬᠢᠨᠠᠨ ᠬᠠᠷᠭᠤᠭᠤᠯᠬᠤ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠵᠣ | ᠪᠠᠶᠢᠭ᠎ᠠ ᠬᠡᠷ ᠪᠦᠯᠢ᠂ ᠲᠠᠩᠰᠠ ᠪᠠ ᠺᠠᠷᠲ ᠲᠠᠢ ᠶᠠᠳᠠᠭᠤ ᠭᠦᠴᠢᠷᠳᠠᠯᠳᠠᠢ ᠭᠡᠷ ᠪᠦᠯᠢ ᠶᠢᠨ ᠵᠡᠮᠳᠡᠭ ᠬᠡᠦᠬᠡᠳ ᠪᠣᠯᠤᠨ | ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠠᠰᠠᠷᠠᠨ ᠲᠡᠵᠢᠭᠡᠵᠦ ᠪᠠᠶᠢᠭ᠎ᠠ ᠵᠡᠮᠳᠡᠭ ᠬᠡᠤᠬᠡᠳ ᠲᠤ ᠠᠪᠤᠷᠠᠨ | ᠲᠤᠰᠠᠯᠠᠬᠤ ᠭᠤᠶᠤᠴᠢᠯᠠᠯ ᠬᠢᠭᠡᠣᠨ ᠵᠡᠮᠳᠡᠭ ᠥᠨᠥᠴᠢᠨ ᠬᠡᠦᠬᠡᠳ᠂ ᠣᠨᠴᠠ ᠬᠦᠴᠢᠷᠳᠡᠯᠲᠡᠶ ᠬᠥᠮᠦᠰ ᠤᠨ ᠠᠰᠠᠷᠠᠨ | ᠲᠡᠵᠢᠭᠡᠬᠦ ᠬᠡᠪᠴᠢᠶᠡᠨ ᠳᠤ ᠣᠷᠣᠭᠤᠯᠤᠭᠰᠠᠨ ᠵᠡᠮᠳᠡᠭ ᠬᠡᠤᠬᠡᠳ ᠤᠨ ᠠᠪᠤᠷᠠᠨ ᠲᠤᠰᠠᠯᠠᠬᠤ ᠭᠤᠶᠤᠴᠢᠯᠠᠯ ᠢ ᠬᠤᠰᠢᠭᠤ | ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠠᠴᠠ ᠠᠷᠠᠳ ᠤᠨ | ᠶᠠᠪᠤᠳᠠᠯ᠂ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠯᠤᠭ᠎ᠠ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠬᠠᠷᠢᠴᠠᠭᠤᠯᠣᠭᠰᠠᠨ ᠤ ᠳᠠᠷᠠᠭ᠎ᠠ ᠲᠣᠭᠲᠠᠭᠠᠨ᠎ᠠ︔ ᠠᠵᠤ ᠠᠬᠤᠢ ᠨᠢ ᠬᠦᠴᠢᠷᠳᠡᠯᠲᠡᠢ ᠪᠤᠰᠤᠳ ᠭᠡᠷ ᠪᠦᠯᠢ ᠶᠢᠨ | ᠵᠡᠮᠳᠡᠭ ᠬᠡᠤᠬᠡᠳ ᠤᠨ ᠠᠪᠤᠷᠠᠨ ᠲᠤᠰᠠᠯᠠᠬᠤ ᠭᠤᠶᠤᠴᠢᠯᠠᠯ ᠤᠨ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ ᠨᠥᠬᠦᠴᠡᠯ ᠳᠤ | ᠨᠡᠶᠢᠴᠡᠭᠰᠡᠨ ᠵᠡᠮᠳᠡᠭ ᠬᠡᠦᠬᠡᠳ ᠢ 30 ᠠᠵᠢᠯᠯᠠᠬᠤ ᠡᠳᠦᠷ ᠤᠨ ᠳᠣᠲᠣᠷ᠎ᠠ ᠵᠥᠪᠰᠢᠶᠡᠷᠡᠭᠦ ᠶᠢᠨ ᠬᠠᠮᠳᠣ | ᠡᠷᠡᠭᠦᠯᠵᠢᠭᠦᠯᠵᠣ ᠠᠪᠤᠷᠠᠨ ᠲᠤᠰᠠᠯᠠᠬᠤ ᠲᠥᠯᠥᠪᠯᠡᠭᠡ ᠳᠤ ᠣᠷᠣᠭᠤᠯᠣᠨ᠎ᠠ᠂ ᠨᠥᠬᠦᠴᠡᠯ ᠳᠤ ᠦᠯᠣ ᠨᠡᠶᠢᠴᠡᠭᠰᠡᠨ | ᠵᠡᠮᠳᠡᠭ ᠬᠡᠦᠬᠡᠳ ᠢ ᠭᠤᠶᠤᠴᠢᠯᠠᠭᠴᠢ ᠳᠤ ᠤᠴᠢᠷ ᠰᠢᠯᠲᠠᠭᠠᠨ ᠢ ᠨᠢ ᠲᠣᠳᠣᠷᠬᠠᠶᠢᠯᠠᠵᠣ ᠦᠭᠭᠦᠨ᠎ᠠ᠃ | ᠠᠪᠣᠷᠠᠨ ᠲᠤᠰᠠᠯᠠᠬᠤ᠃ ᠬᠢᠨᠠᠨ ᠬᠠᠷᠭᠤᠭᠤᠯᠤᠭᠠᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠵᠡᠮᠳᠡᠭ | ᠬᠡᠦᠬᠡᠳ ᠤᠨ ᠬᠠᠷᠭᠠᠯᠵᠠᠨ ᠬᠠᠮᠠᠭᠠᠯᠠᠭᠴᠢ ᠠᠴᠠ ᠲᠣᠭᠲᠠᠭᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢ | ᠦᠪᠡᠰᠣᠪᠡᠨ ᠰᠣᠩᠭᠤᠵᠣ ᠡᠷᠡᠭᠦᠯᠵᠢᠭᠦᠯᠬᠦ ᠦᠢᠯᠡᠴᠢᠯᠡᠭᠡᠨ ᠢ ᠭᠦᠯᠢᠶᠡᠨ ᠠᠪᠣᠨ᠎ᠠ᠃ ᠴᠢᠬᠤᠯᠠ ᠲᠠᠢ ᠪᠣᠯ᠂ ᠠᠶᠢᠮᠠᠭ | ᠬᠤᠳᠠ ᠠᠴᠠ ᠳᠡᠭᠡᠭᠰᠢᠬᠢ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠪᠠ ᠡᠷᠡᠭᠦᠯ | ᠬᠠᠮᠠᠭᠠᠯᠠᠯ ᠡᠷᠡᠭᠦᠯ ᠮᠡᠨᠳᠣ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠡᠮᠴᠢᠯᠡᠭᠡ᠂ ᠡᠷᠡᠭᠦᠯᠵᠢᠯ ᠤᠨ | ᠪᠠᠶᠢᠭᠤᠯᠤᠮᠵᠢ ᠪᠠᠷ ᠤᠯᠠᠮ ᠨᠢᠭᠡ ᠠᠯᠬᠤᠮ ᠤᠨ ᠣᠨᠣᠰᠢᠯᠠᠬᠤ᠂ ᠡᠷᠡᠭᠦᠯᠵᠢᠭᠦᠯᠭᠦ ᠬᠡᠷᠡᠭᠴᠡᠭᠡ ᠶᠢᠨ ᠦᠨᠡᠯᠡᠨ ᠵᠢᠱᠢᠯᠳᠠ | ᠬᠢᠯᠭᠡᠨ᠎ᠠ᠃ ᠲᠣᠭᠲᠠᠭᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠨᠢ ᠡᠷᠡᠭᠦᠯ ᠬᠠᠮᠠᠭᠠᠯᠠᠯ ᠡᠷᠡᠭᠦᠯ | ᠮᠡᠨᠳᠤ᠂ ᠰᠣᠷᠭᠠᠨ ᠬᠥᠮᠦᠵᠢᠯ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠵᠣ ᠪᠠᠶᠢᠭᠠᠣᠨ | ᠢᠯᠠ ᠪᠠᠷ ᠰᠢᠯᠢᠳᠡᠭ ᠢ ᠨᠢ ᠰᠣᠩᠭᠤᠬᠤ ᠵᠠᠷᠴᠢᠮ ᠢᠶᠠᠷ ᠰᠣᠩᠭᠤᠨ ᠲᠣᠭᠲᠠᠭᠠᠨ᠎ᠠ᠃ | ᠳ᠋ᠦᠩᠨᠡᠨ ᠪᠣᠳᠣᠬᠤ᠃ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠳᠤ ᠡᠷᠡᠭᠦᠯᠵᠢᠯ ᠤᠨ | ᠦᠢᠯᠡᠴᠢᠯᠡᠭᠡ ᠭᠦᠷᠳᠡᠭᠰᠡᠨ ᠵᠠᠷᠤᠳᠠᠯ ᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠳᠣ ᠬᠤᠷᠠᠯ ᠤᠨ | ᠵᠣᠬᠢᠶᠠᠨ ᠪᠠᠶᠢᠭᠤᠯᠤᠯᠲᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠳᠠᠯᠢ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠲᠠᠢ ᠰᠢᠭᠤᠳ ᠳ᠋ᠦᠩᠨᠡᠨ ᠪᠣᠳᠣᠨ᠎ᠠ | ᠂ ᠳ᠋ᠦᠩᠨᠡᠨ ᠪᠤᠳᠤᠬᠤ ᠦᠶᠡᠯᠡᠯ ᠤᠨ ᠬᠤᠭᠤᠴᠠᠭ᠎ᠠ ᠶᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ | ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠲᠠᠢ ᠵᠦᠪᠳᠠᠯᠴᠠᠵᠣ ᠪᠠᠶᠢᠭᠠᠣᠨ ᠲᠣᠭᠲᠠᠭᠠᠨ᠎ᠠ᠃ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ | ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠳᠠ ᠪᠠᠷ ᠬᠢᠨᠠᠨ ᠬᠠᠷᠭᠤᠭᠤᠯᠵᠣ ᠵᠥᠪᠰᠢᠶᠡᠷᠡᠭᠦᠯᠣᠭᠡᠣᠨ ᠲᠣᠭᠲᠠᠭᠰᠠᠨ | ᠴᠡᠭ ᠤᠨ ᠪᠤᠰᠤ ᠡᠷᠡᠭᠦᠯᠵᠢᠯ ᠤᠨ ᠪᠠᠶᠢᠭᠤᠯᠤᠮᠵᠢ ᠳᠤ ᠡᠷᠡᠭᠦᠯᠵᠢᠯ ᠤᠨ ᠦᠢᠯᠡᠴᠢᠯᠡᠭᠡ ᠭᠦᠯᠢᠶᠡᠭᠰᠡᠨ ᠠᠴᠠ ᠪᠣᠯᠵᠣ | ᠡᠭᠦᠰᠣᠭ᠍ᠰᠡᠨ ᠵᠠᠷᠤᠳᠠᠯ ᠢ ᠬᠤᠰᠢᠭᠤ ᠰᠢᠶᠠᠨ ᠤ ᠱᠠᠲᠤᠨ ᠤ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ | ᠪᠠᠶᠢᠭᠤᠯᠤᠯᠲᠠ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠦᠪᠳᠡᠯᠴᠠᠵᠣ ᠪᠠᠶᠢᠭᠠᠣᠨ | ᠳ᠋ᠦᠩᠨᠡᠨ ᠪᠤᠳᠤᠬᠤ ᠠᠷᠭ᠎ᠠ ᠶᠢ ᠲᠣᠳᠣᠷᠬᠠᠶ ᠲᠣᠭᠳᠠᠭᠠᠨ᠎ᠠ᠃ | ︵ᠲᠠᠪᠤ︶ ᠵᠠᠷᠤᠳᠠᠯ ᠤᠨ ᠪᠠᠲᠤᠯᠠᠭ᠎ᠠ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠤᠭᠤᠳ ᠨᠢ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠪᠡᠯᠡ ᠮᠥᠩᠭᠦ ᠶᠢ ᠵᠠᠰᠠᠭ ᠤᠨ | ᠣᠷᠳᠣᠨ ᠤ ᠲᠥᠰᠦᠪ ᠲᠤ ᠣᠷᠣᠭᠤᠯᠬᠤ ᠬᠡᠷᠡᠭᠲᠡᠶ᠃ 2019 ᠣᠨ ᠠᠴᠠ ᠡᠬᠢᠯᠡᠨ᠂ ᠥᠪᠡᠷᠲᠡᠭᠡᠨ ᠵᠠᠰᠠᠬᠤ | ᠣᠷᠣᠨ ᠠᠴᠠ ᠲᠥᠪ ᠤᠨ ᠡᠳ᠋ ᠤᠨ ᠵᠠᠰᠠᠭ ᠤᠨ ᠨᠦᠭᠦᠪᠣᠷᠢ ᠶᠢᠨ ᠰᠠᠭᠤᠷᠢᠨ ᠳᠡᠭᠡᠷ᠎ᠡ᠂ ᠤᠳᠤ ᠶᠢᠨ ᠪᠠᠶᠢᠭ᠎ᠠ ᠶᠠᠳᠠᠭᠤ | ᠬᠦᠴᠢᠷᠳᠡᠯᠲᠡᠢ ᠵᠡᠮᠳᠡᠭ ᠬᠡᠦᠬᠡᠳ ᠢ ᠠᠪᠤᠷᠠᠬᠤ ᠴᠢᠨᠠᠷᠲᠠᠶ ᠨᠦᠭᠦᠪᠣᠷᠢᠯᠡᠭᠦ ᠪᠡᠯᠡ ᠮᠥᠩᠭᠦ᠂ ᠥᠪᠡᠷᠲᠡᠭᠡᠨ ᠵᠠᠰᠠᠬᠤ | ᠣᠷᠣᠨ ᠤ ︽ᠴᠢᠬᠢᠨ ᠤ ᠬᠢᠮᠡᠯ ᠲᠤᠩ︾ ᠤᠨ ᠲᠦᠷᠦᠯ ᠵᠦᠢᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ᠂ | ᠲᠥᠷᠥᠯ ᠲᠡᠰ ᠬᠤᠪᠢᠶᠠᠵᠣ ᠪᠠᠶᠢᠭᠠᠣᠨ ᠡᠯ᠎ᠡ ᠭᠠᠵᠠᠷ ᠣᠷᠣᠨ ᠳᠤ ᠵᠣᠬᠢᠬᠤ ᠭᠡᠮᠵᠢᠶ᠎ᠠ ᠶᠢᠨ ᠨᠥᠬᠦᠪᠥᠷᠢ ᠮᠥᠩᠭᠦ | ᠦᠭᠭᠦᠨ᠎ᠠ᠃ ᠡᠭᠦᠨ ᠠᠴᠠ ᠬᠤᠶᠢᠰᠢᠳᠠ᠂ ᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠨᠦᠭᠦᠪᠣᠷᠢᠯᠡᠭᠦ | ᠪᠠᠷᠢᠮᠵᠢᠶ᠎ᠠ ᠶᠢ ᠵᠣᠬᠢᠴᠠᠩᠭᠤᠶ ᠪᠠᠷ ᠲᠣᠬᠢᠷᠠᠭᠤᠯᠣᠨ᠎ᠠ᠃ | ᠭᠤᠷᠪᠠ᠂ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ | ︵ᠨᠢᠭᠡ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠬᠡᠪᠴᠢᠶᠠᠨ ᠳᠤ ᠣᠷᠣᠭᠤᠯᠣᠭᠰᠠᠨ ᠵᠢᠴᠢ | ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠮᠴᠢᠯᠡᠵᠣ ᠠᠪᠣᠷᠠᠨ ᠲᠤᠰᠠᠯᠠᠬᠤ ᠳᠤ ᠵᠢᠭᠰᠠᠭᠠᠨ | ᠣᠷᠣᠭᠤᠯᠣᠭᠰᠠᠨ ᠡᠷᠡᠭᠦᠯᠵᠢᠭᠦᠯᠭᠦ ᠦᠢᠯᠡᠴᠢᠯᠡᠭᠡᠨ ᠤ ᠲᠥᠷᠥᠯ ᠵᠦᠶ᠋ᠯ ᠢ ᠦᠨᠳᠦᠰᠦᠨ ᠡᠮᠴᠢᠯᠡᠭᠡ ᠶᠢᠨ ᠳᠠᠭᠠᠳᠬᠠᠯ᠂ | ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠣᠷᠠᠨ ᠲᠣᠰᠠᠯᠠᠬᠤ ᠪᠤᠶᠤ ᠵᠠᠰᠠᠭ ᠤᠨ ᠣᠷᠳᠣᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠲᠦᠷᠣᠯ ᠵᠦᠢᠯ ᠤᠨ ᠪᠡᠯᠡ ᠮᠥᠩᠭᠦ ᠠᠴᠠ ᠤᠷᠢᠳ ᠢᠶᠠᠷ ᠳ᠋ᠦᠩᠨᠡᠨ ᠪᠣᠳᠣᠵᠣ᠂ | ᠬᠤᠰᠢᠭᠤ ᠰᠢᠶᠠᠨ ᠤ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠪᠠᠶᠢᠳᠠᠯ ᠪᠣᠯᠤᠨ ᠠᠪᠤᠷᠠᠨ ᠲᠤᠰᠠᠯᠠᠬᠤ | ᠪᠠᠷᠢᠮᠵᠢᠶ᠎ᠠ ᠶᠢ ᠦᠨᠳᠦᠰᠦᠯᠡᠵᠣ ᠪᠠᠶᠢᠭᠠᠣᠨ ᠳᠠᠬᠢᠵᠣ ᠲᠣᠭᠲᠠᠭᠰᠠᠨ ᠲᠣᠭᠠᠨ ᠤ ᠪᠤᠶᠤ ᠵᠥᠷᠢᠶᠡᠲᠦ ᠲᠣᠭᠠᠨ ᠤ | ᠨᠥᠬᠦᠪᠥᠷᠢ ᠥᠭᠴᠦ᠂ ᠬᠡᠲᠦᠷᠡᠭᠰᠡᠨ ᠬᠡᠰᠡᠭ ᠢ ᠨᠢ ᠵᠡᠮᠳᠡᠭ ᠬᠡᠦᠬᠡᠳ ᠤᠨ ᠭᠡᠷ ᠪᠦᠯᠢ ᠶᠢᠨ ᠬᠢᠨ ᠥᠪᠡᠰᠦᠪᠡᠨ | ᠡᠭᠦᠷᠭᠡᠯᠡᠨ᠎ᠡ᠃ | ︵ᠬᠤᠶᠠᠷ︶ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠬᠡᠦᠬᠡᠳ ᠤᠨ ᠠᠰᠠᠷᠠᠮᠵᠢ ᠶᠢᠨ ᠬᠦᠷᠢᠶᠡᠯᠡᠩ | ᠵᠡᠷᠭᠡ ᠲᠣᠭᠲᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠳᠤ ᠡᠷᠡᠭᠦᠯᠵᠢᠭᠦᠯᠬᠦ ᠪᠣᠯᠪᠠᠰᠤᠷᠠᠯ ᠤᠨ ᠠᠪᠤᠷᠠᠨ | ᠲᠤᠰᠠᠯᠠᠯᠳᠠ ᠶᠢ ᠭᠦᠯᠢᠶᠡᠵᠣ ᠪᠠᠶᠢᠬᠤ ᠮᠥᠷᠲᠡᠭᠡᠨ ᠪᠠᠰᠠ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠤᠷᠤᠬᠴᠢ ᠶᠢᠨ ᠭᠦᠷᠳᠡᠭᠦ ᠳᠤᠮᠳᠠᠴᠢ ᠨᠡᠮᠡᠭᠦᠷᠢ ᠪᠠ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠣᠭᠲᠠᠭᠰᠠᠨ | ᠲᠣᠭᠠᠨ ᠤ ᠨᠡᠮᠡᠭᠦᠷᠢ ᠦᠭᠭᠦ ᠲᠥᠷᠥ ᠶᠢᠨ ᠪᠣᠳᠣᠯᠭ᠎ᠠ ᠶᠢ ᠭᠥᠷᠳᠡᠵᠣ ᠪᠠᠶᠢᠭ᠎ᠠ ᠵᠡᠮᠳᠡᠭ ᠬᠡᠦᠬᠡᠳ ᠲᠤ ᠪᠣᠯ᠂ ᠪᠣᠳᠠᠲᠤ | ᠪᠠᠶᠢᠳᠠᠯ ᠢ ᠨᠢ ᠦᠨᠳᠦᠰᠦᠯᠡᠨ ᠲᠣᠭᠲᠠᠭᠰᠠᠨ ᠲᠣᠭᠠᠨ ᠤ ᠪᠤᠶᠤ ᠵᠥᠷᠢᠶᠡᠲᠦ ᠲᠣᠭᠠᠨ ᠤ ᠨᠡᠮᠡᠭᠦᠷᠢ ᠣᠯᠭᠤᠨ᠎ᠠ᠃ | ︵ᠭᠤᠷᠪᠠ︶ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ ᠨᠢᠭᠡᠨᠲᠡ | ᠬᠡᠷᠡᠭᠵᠢᠭᠦᠯᠭᠰᠡᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠪᠤᠷᠠᠨ ᠲᠤᠰᠠᠯᠠᠬᠤ | ᠬᠡᠪᠴᠢᠶ᠎ᠡ᠂ ᠠᠪᠤᠷᠠᠨ ᠲᠤᠰᠠᠯᠠᠬᠤ ᠠᠭᠤᠯᠭ᠎ᠠ᠂ ᠠᠪᠤᠷᠠᠨ ᠲᠤᠰᠠᠯᠠᠬᠤ ᠪᠠᠷᠢᠮᠵᠢᠶ᠎ᠠ ᠨᠢ ᠲᠤᠰ ᠬᠡᠷᠡᠭᠵᠢᠭᠦᠯᠬᠦ | ᠰᠠᠨᠠᠯ ᠠᠴᠠ ᠲᠣᠣᠷ᠎ᠠ ᠪᠠᠶᠢᠪᠡᠯ᠂ ᠲᠤᠰ ᠬᠡᠷᠡᠭᠵᠢᠭᠦᠯᠬᠦ ᠰᠠᠨᠠᠯ ᠤᠨ ᠲᠣᠭᠲᠠᠭᠠᠯ ᠶᠣᠰᠣᠭᠠᠷ ᠬᠡᠷᠩᠵᠢᠭᠦᠯᠣᠨ᠎ᠠ᠃ | ᠠᠪᠤᠷᠠᠨ ᠲᠤᠰᠠᠯᠠᠬᠤ ᠬᠡᠪᠴᠢᠶ᠎ᠡ᠂ ᠠᠪᠤᠷᠠᠨ ᠲᠤᠰᠠᠯᠠᠬᠤ ᠠᠭᠤᠯᠭ᠎ᠠ᠂ ᠠᠪᠤᠷᠠᠨ ᠲᠤᠰᠠᠯᠠᠬᠤ ᠪᠠᠷᠢᠮᠵᠢᠶ᠎ᠠ ᠨᠢ ᠲᠣᠰ | ᠬᠡᠷᠡᠭᠵᠢᠭᠦᠯᠬᠦ ᠰᠠᠨᠠᠯ ᠤᠨ ᠲᠣᠭᠳᠠᠭᠠᠯ ᠠᠴᠠ ᠦᠨᠳᠣᠷ ᠪᠠᠶᠢᠪᠠᠯ᠂ ᠲᠣᠰ ᠭᠠᠵᠠᠷ ᠣᠷᠣᠨ ᠤ ᠪᠠᠨ ᠤᠤᠯ ᠤᠨ ᠬᠡᠪᠴᠢᠶ᠎ᠡ | ᠂ ᠠᠭᠤᠯᠭ᠎ᠠ ᠪᠠ ᠪᠠᠷᠢᠮᠵᠢᠶ᠎ᠠ ᠪᠠᠷ ᠬᠡᠷᠡᠭᠵᠢᠭᠦᠯᠣᠨ᠎ᠠ᠃ | ︵ᠲᠦᠷᠪᠡ︶ ᠡᠷᠡᠭᠦᠯᠵᠢᠭᠦᠯᠵᠣ ᠠᠪᠤᠷᠠᠨ ᠲᠤᠰᠠᠯᠠᠬᠤ ᠶᠢ ᠭᠦᠷᠳᠡᠵᠣ ᠪᠠᠶᠢᠭ᠎ᠠ ᠵᠡᠮᠳᠡᠭ ᠬᠡᠦᠬᠡᠳ ᠲᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠡᠮᠡᠭᠦᠷᠢ ᠪᠠ | ᠬᠦᠨᠳᠦ ᠵᠡᠮᠳᠡᠭ ᠬᠥᠮᠦᠨ ᠤ ᠠᠰᠠᠷᠠᠨ ᠰᠤᠪᠢᠯᠠᠬᠤ ᠨᠡᠮᠡᠭᠦᠷᠢ ᠶᠢ ᠵᠡᠷᠭᠡ ᠪᠠᠷ ᠭᠦᠷᠳᠡᠭᠦ ᠨᠢ ᠨᠦᠯᠣᠭᠡᠯᠡᠭᠳᠡᠭᠦ ᠦᠭᠡᠢ᠃ | ᠳᠦᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠵᠣ ᠤᠳᠤᠷᠢᠣᠡᠬᠤ ᠶᠢ ᠴᠢᠩᠭᠠᠳᠬᠠᠨ᠎ᠠ᠃ ᠵᠡᠮᠳᠡᠭ ᠬᠡᠦᠬᠡᠳ ᠢ ᠡᠷᠡᠭᠦᠯᠵᠢᠭᠦᠯᠵᠣ | ᠠᠪᠤᠷᠠᠨ ᠲᠤᠰᠠᠯᠠᠬᠤ ᠠᠵᠢᠯ ᠳᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠬᠤ ᠳᠦᠷᠢᠮ ᠢ | ᠬᠡᠷᠡᠭᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠡᠮᠳᠡᠭ ᠬᠡᠦᠬᠡᠳ ᠢ ᠡᠷᠡᠭᠦᠯᠵᠢᠭᠦᠯᠬᠦ | ᠠᠪᠤᠷᠠᠨ ᠲᠤᠰᠠᠯᠠᠬᠤ ᠠᠵᠢᠯ ᠢ ᠡᠳᠦᠷ ᠲᠤᠲᠤᠮ ᠤᠨ ᠵᠥᠪᠯᠡᠬᠦ ᠴᠢᠬᠤᠯᠠ ᠵᠦᠢᠯ ᠳᠤ ᠪᠠᠨ ᠣᠷᠣᠭᠤᠯᠵᠤ᠂ ᠵᠠᠰᠠᠭ ᠤᠨ | ᠣᠷᠳᠣᠨ ᠤ ᠬᠠᠷᠠᠯᠲᠠᠲᠤ ᠬᠠᠮᠢᠶᠠᠷᠤᠯᠲᠠ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ | ᠠᠭᠤᠯᠭ᠎ᠠ ᠪᠣᠯᠭᠠᠨ᠂ ᠦᠯᠣ ᠬᠠᠷᠢᠭᠤᠴᠠᠨ ᠠᠵᠢᠯᠯᠠᠬᠤ᠂ ᠠᠵᠢᠯ ᠢᠶᠠᠨ ᠣᠳᠠᠭᠠᠰᠢᠷᠠᠭᠤᠯᠬᠤ᠂ ᠳᠤᠷ᠎ᠠ ᠪᠠᠷ | ᠬᠠᠷᠢᠭᠤᠴᠠᠨ ᠠᠵᠢᠯᠯᠠᠬᠰᠠᠨ ᠨᠢᠭᠡᠴᠢ ᠪᠠ ᠬᠤᠪᠢ ᠬᠥᠮᠦᠨ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ | ᠡᠷᠴᠢᠮ ᠢ ᠴᠢᠩᠭᠠᠷᠠᠭᠤᠯᠵᠤ᠂ ᠰᠠᠬᠢᠯᠭ᠎ᠠ ᠪᠠᠲᠤ ᠪᠣᠯᠣᠨ ᠬᠠᠤᠯᠢ ᠠᠴᠠ ᠵᠥᠷᠢᠴᠡᠭᠰᠡᠨ ᠪᠠᠶᠢᠪᠠᠯ ᠬᠠᠷᠢᠭᠤᠴᠠᠯᠭ᠎ᠠ ᠶᠢ ᠨᠢ | ᠴᠢᠩᠭ᠎ᠠ ᠨᠡᠬᠡᠮᠵᠢᠯᠡᠨ᠎ᠡ᠃ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠣᠯᠳᠠ ᠪᠠ ᠰᠤᠷᠭᠠᠨ | ᠬᠥᠮᠦᠵᠢᠯ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠨ ᠬᠠᠮᠳᠣᠷᠠᠯᠴᠠᠵᠣ᠂ ᠠᠵᠢᠯ ᠢᠶᠠᠨ | ᠵᠣᠯᠭᠠᠭᠤᠯᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠭᠦ ᠶᠢ ᠴᠢᠩᠭᠠᠣᠡᠬᠠᠨ᠂ ︽ᠳᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠶᠡᠭᠡᠳᠡᠭᠦ ᠳᠤ ᠪᠠᠨ ᠨᠢᠭᠡ ᠤᠳᠠᠭ᠎ᠠ ᠣᠴᠢᠵᠣ | ᠭᠦᠢᠴᠡᠣᠡᠭᠡᠭᠦ︾᠂ ︽ᠨᠢᠭᠡ ᠦᠷᠳᠡᠭᠡᠴᠢᠯᠡᠨ ᠳ᠋ᠦᠩᠨᠡᠨ ᠪᠤᠳᠤᠬᠤ︾ ᠶᠢ ᠴᠢᠷᠮᠠᠶᠢᠨ ᠪᠡᠶᠡᠯᠡᠭᠦᠯᠵᠣ᠂ ᠠᠷᠠᠳ | ᠣᠯᠠᠨ ᠳᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠣᠨ᠎ᠠ᠃ | ︵ᠬᠤᠶᠠᠷ︶ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠣᠨ᠎ᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠵᠡᠮᠳᠡᠭᠴᠦᠳ ᠤᠨ ᠲᠤᠭ᠎ᠠ᠂ ᠲᠠᠷᠬᠠᠯᠲᠠ ᠶᠢᠨ | ᠪᠠᠶᠢᠳᠠᠯ᠂ ᠡᠷᠡᠭᠦᠯᠵᠢᠭᠦᠯᠬᠦ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠦᠨᠳᠣᠰᠣᠯᠡᠵᠣ᠂ ᠡᠷᠡᠭᠦᠯᠵᠢᠯ ᠤᠨ | ᠪᠠᠶᠢᠭᠤᠯᠤᠮᠵᠢ ᠪᠠᠶᠢᠭᠤᠯᠬᠤ ᠲᠥᠯᠥᠪᠵᠢᠭᠦᠯᠭᠡ ᠲᠣᠭᠲᠠᠭᠠᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠡᠷᠡᠭᠦᠯᠵᠢᠯ ᠤᠨ ᠪᠠᠶᠢᠭᠤᠯᠤᠮᠵᠢ ᠶᠢ ᠡᠷᠬᠢᠯᠡᠨ ᠪᠠᠶᠢᠭᠤᠯᠵᠣ᠂ ᠡᠷᠡᠭᠦᠯᠵᠢᠯ ᠤᠨ ᠪᠠᠶᠢᠭᠤᠯᠤᠮᠵᠢ ᠶᠢᠨ | ᠲᠣᠬᠢᠷᠠᠭᠤᠯᠣᠯᠳᠠ ᠶᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ ᠲᠥᠯᠥᠪᠵᠢᠭᠦᠯᠭᠡ ᠳᠤ | ᠣᠷᠣᠭᠤᠯᠣᠨ᠂ ᠨᠡᠶᠢᠭᠡᠮ ᠤᠨ ᠬᠦᠴᠦᠨ ᠠᠴᠠ ᠡᠷᠡᠭᠦᠯᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠳᠤ ᠪᠠᠯᠠ | ᠣᠷᠣᠭᠤᠯᠬᠤ ᠶᠢ ᠳᠡᠮᠵᠢᠵᠣ᠂ ᠡᠷᠡᠭᠦᠯᠵᠢᠯ ᠤᠨ ᠪᠠᠶᠢᠭᠤᠯᠤᠮᠵᠢ ᠶᠢ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠡᠷᠭᠢᠯᠡᠨ | ᠪᠠᠶᠢᠭᠤᠯᠬᠤ ᠶᠢ ᠵᠣᠷᠢᠬᠵᠢᠭᠤᠯᠣᠨ᠎ᠠ᠃ ᠨᠡᠶᠢᠭᠡᠮ ᠤᠨ ᠬᠦᠴᠦᠨ ᠠᠴᠠ ᠡᠷᠬᠢᠯᠡᠨ ᠪᠠᠶᠢᠭᠤᠯᠣᠭᠰᠠᠨ ᠡᠷᠡᠭᠦᠯᠵᠢᠯ ᠤᠨ | ᠪᠠᠶᠢᠭᠤᠯᠤᠮᠵᠢ ᠪᠣᠯᠤᠨ ᠵᠠᠰᠠᠭ ᠤᠨ ᠣᠷᠳᠣᠨ ᠠᠴᠠ ᠡᠷᠬᠢᠯᠡᠨ ᠪᠠᠶᠢᠭᠤᠯᠣᠭᠰᠠᠨ ᠡᠷᠡᠭᠦᠯᠵᠢᠯ ᠤᠨ ᠪᠠᠶᠢᠭᠤᠯᠤᠮᠵᠢ ᠳᠤ | ᠵᠥᠪᠰᠢᠶᠡᠷᠡᠨ ᠣᠷᠣᠭᠤᠯᠬᠤ᠂ ᠠᠵᠢᠯ ᠡᠷᠬᠢᠯᠡᠬᠦ᠂ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ | ᠬᠢᠨᠠᠨ ᠲᠣᠭᠲᠠᠭᠠᠬᠤ᠂ ᠡᠮᠴᠢᠯᠡᠭᠡᠨ ᠤ ᠳᠠᠭᠠᠳᠬᠠᠯ ᠤᠨ ᠵᠦᠪᠯᠡᠯᠴᠡᠭᠡᠷ ᠤᠨ ᠬᠠᠮᠢᠶᠠᠷᠣᠯᠳᠠ ᠶᠢᠨ ᠬᠦᠷᠢᠶ᠎ᠡ | ᠬᠡᠪᠴᠢᠶ᠎ᠡ ᠳᠤ ᠣᠷᠣᠭᠤᠯᠬᠤ᠂ ᠠᠰᠢᠭ ᠣᠯᠵᠠᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢ ᠡᠳ᠋ ᠤᠨ ᠵᠠᠰᠠᠭ | ᠭᠠᠶᠢᠯᠢ ᠪᠠᠷ ᠲᠡᠳᠬᠦᠨ ᠳᠡᠮᠵᠢᠬᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠡᠷᠭᠡ ᠲᠠᠯ᠎ᠠ ᠪᠠᠷ | ᠠᠳᠠᠯᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠣᠨ᠎ᠠ᠃ ᠡᠷᠡᠭᠦᠯᠵᠢᠯ ᠤᠨ ᠴᠢᠳᠠᠪᠤᠷᠢᠲᠠᠨ ᠢ ᠰᠣᠷᠭᠠᠵᠣ | ᠬᠥᠮᠦᠵᠢᠭᠦᠯᠵᠣ ᠪᠣᠯᠪᠠᠰᠤᠷᠠᠭᠤᠯᠬᠤ ᠶᠢ ᠴᠢᠩᠭᠠᠳᠬᠠᠵᠤ᠂ ᠡᠷᠡᠭᠦᠯᠵᠢᠯ ᠤᠨ ᠦᠢᠯᠡᠴᠢᠯᠡᠭᠡᠨ ᠤ ᠠᠵᠢᠯᠯᠠᠭᠰᠠᠳ ᠤᠨ | ᠴᠢᠳᠠᠪᠤᠷᠢ ᠪᠣᠯᠤᠨ ᠮᠡᠳᠡᠯᠭᠡ ᠪᠣᠯᠪᠠᠰᠣᠷᠠᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠣᠨ᠎ᠠ᠃ ᠵᠡᠮᠳᠡᠭ ᠬᠡᠦᠬᠡᠳ ᠢ | ᠡᠷᠡᠭᠦᠯᠵᠢᠭᠦᠯᠵᠣ ᠠᠪᠤᠷᠠᠨ ᠲᠤᠰᠠᠯᠠᠬᠤ ᠠᠵᠢᠯ ᠢ ᠭᠠᠷᠲᠠᠨ ᠭᠦᠢᠴᠡᠳᠬᠡᠬᠦ ᠴᠢᠳᠠᠪᠤᠷᠢ ᠶᠢ ᠨᠢ ᠦᠨᠡᠨ ᠬᠦ | ᠴᠢᠩᠭᠠᠳᠬᠠᠵᠤ᠂ ᠠᠵᠢᠯ ᠶᠠᠪᠤᠳᠠᠯ ᠢ ᠬᠢᠬᠦ ᠬᠥᠮᠦᠨ ᠲᠠᠢ᠂ ᠬᠠᠷᠢᠭᠤᠴᠠᠯᠭ᠎ᠠ ᠶᠢ ᠬᠠᠷᠢᠭᠤᠴᠠᠬᠤ ᠬᠥᠮᠦᠨ ᠲᠠᠢ | ᠪᠠᠶᠢᠬᠤ ᠶᠢ ᠪᠠᠳᠣᠯᠠᠨ᠎ᠠ᠃ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠦᠢᠯᠡᠴᠢᠯᠡᠭᠡᠨ ᠤ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠣᠯᠳᠠ ᠶᠢ ᠠᠬᠢᠭᠤᠯᠣᠨ᠎ᠠ᠃ | ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠣᠯᠤᠨ | ᠵᠡᠮᠳᠡᠭᠴᠦᠳ ᠤᠨ ᠲᠤᠰᠬᠠᠶ ᠲᠤᠰᠢᠶᠠᠯᠳᠤ ᠭᠡᠰᠢᠭᠦᠨ᠂ ᠨᠡᠶᠢᠭᠡᠮ ᠤᠨ ᠠᠵᠢᠯᠳᠠᠨ᠂ ᠰᠠᠶᠢᠨ ᠳᠤᠷ᠎ᠠ ᠶᠢᠨ | ᠦᠢᠯᠡᠴᠢᠯᠡᠭᠴᠢᠣᠨ ᠵᠡᠷᠭᠡ ᠨᠡᠶᠢᠭᠡᠮ ᠤᠨ ᠬᠦᠴᠦᠨ ᠵᠦᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠵᠤ | ᠮᠡᠳᠡᠪᠡᠯ ᠮᠡᠳᠡᠭᠳᠡᠬᠦ᠂ ᠬᠠᠪᠰᠤᠷᠤᠨ ᠭᠤᠶᠤᠴᠢᠯᠠᠬᠤ᠂ ᠰᠠᠶᠢᠢᠨ ᠳᠤᠷ᠎ᠠ ᠠᠴᠠ ᠦᠢᠯᠡᠴᠢᠯᠡᠭᠦ ᠵᠡᠷᠭᠡ ᠠᠵᠢᠯ ᠢ ᠰᠠᠶᠢᠳᠣᠷ | ᠬᠢᠨ᠎ᠠ᠃ ᠤᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ ᠲᠣᠭᠲᠠᠴᠠ ᠶᠢ ᠪᠦᠷᠢᠨᠰᠢᠭᠦᠯᠵᠣ᠂ ᠨᠡᠶᠢᠭᠡᠮ ᠠᠴᠠ | ᠬᠠᠨᠳᠢᠪᠯᠠᠨ ᠲᠣᠰᠠᠯᠠᠬᠤ ᠶᠢ ᠵᠣᠷᠢᠬᠵᠢᠭᠤᠯᠬᠤ ᠪᠦᠭᠡᠣᠨ ᠬᠥᠲᠥᠯᠥᠨ ᠵᠢᠯᠣᠭᠤᠳᠣᠨ᠎ᠠ᠃ | ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠰᠣᠷᠭᠠᠨ ᠬᠥᠮᠦᠵᠢᠯ᠂ ᠠᠷᠠᠳ ᠤᠨ | ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠡᠮᠴᠢᠯᠡᠭᠡ ᠶᠢᠨ ᠳᠠᠭᠠᠳᠬᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠵᠡᠮᠳᠡᠭᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠲᠠᠢ | ᠵᠦᠪᠳᠡᠯᠴᠠᠵᠣ ᠪᠠᠶᠢᠭᠠᠣᠨ ᠵᠡᠮᠳᠡᠭ ᠬᠡᠤᠬᠡᠳ ᠤᠨ ᠡᠷᠡᠭᠦᠯᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠣᠨ᠂ ᠡᠷᠡᠭᠦᠯᠵᠢᠯ ᠤᠨ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠮᠳᠣ ᠪᠠᠷ ᠰᠠᠶᠢᠲᠤᠷ ᠬᠢᠭᠦ ᠬᠡᠷᠩᠳᠠᠢ᠃ ᠵᠡᠮᠳᠡᠭᠴᠦᠳ ᠤᠨ ᠬᠤᠯᠪᠣᠭᠠᠳᠣ ᠬᠤᠷᠠᠯ ᠤᠨ | ᠵᠣᠬᠢᠶᠠᠨ ᠪᠠᠶᠢᠭᠤᠯᠤᠯᠲᠠ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠲᠣᠭᠳᠠᠭᠰᠠᠨ ᠴᠡᠭ ᠤᠨ | ᠡᠷᠡᠭᠦᠯᠵᠢᠯ ᠤᠨ ᠪᠠᠶᠢᠭᠤᠯᠤᠮᠵᠢ ᠳᠤ ᠵᠥᠪᠰᠢᠶᠡᠷᠡᠨ ᠣᠷᠣᠭᠤᠯᠬᠤ᠂ ᠪᠣᠴᠠᠭᠠᠵᠣ ᠭᠠᠷᠭᠠᠬᠤ ᠵᠡᠷᠭᠡ ᠬᠢᠨᠠᠨ | ᠬᠠᠮᠢᠶᠠᠷᠬᠤ ᠶᠢ ᠴᠢᠩᠭᠠᠣᠡᠬᠠᠵᠣ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠭᠦ᠂ ᠶᠡᠷᠣᠩᠬᠡᠶᠢᠯᠠᠨ | ᠦᠨᠡᠯᠡᠵᠣ ᠵᠢᠱᠢᠬᠦ ᠲᠣᠭᠲᠠᠴᠠ ᠶᠢ ᠪᠠᠶᠢᠭᠤᠯᠵᠤ᠂ ᠲᠣᠭᠳᠠᠭᠰᠠᠨ ᠴᠡᠭ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠳᠣᠲᠣᠭᠠᠳᠤ ᠶᠢᠨ ᠬᠠᠮᠢᠶᠠᠷᠤᠯᠲᠠ ᠪᠠᠨ ᠵᠢᠷᠤᠮᠵᠢᠭᠤᠯᠬᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠠᠶᠢᠵᠢᠷᠠᠭᠤᠯᠬᠤ᠂ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠤ ᠶᠢ ᠨᠢ ᠵᠢᠭᠠᠨ ᠵᠢᠯᠣᠭᠤᠣᠡᠴᠣ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠪᠠ ᠠᠶᠣᠯ ᠦᠭᠡᠢ ᠶᠢᠨ ᠬᠠᠷᠢᠭᠤᠴᠠᠯᠭ᠎ᠠ ᠶᠢᠨ ᠠᠳᠡᠯ ᠢ ᠴᠠᠭ | ᠲᠤᠬᠠᠶ ᠳᠤ ᠨᠢ ᠪᠠᠶᠢᠴᠠᠭᠠᠨ ᠰᠢᠢᠳᠪᠦᠷᠢᠯᠡᠵᠣ᠂ ᠵᠡᠮᠳᠡᠭ ᠬᠡᠤᠬᠡᠳ ᠤᠨ ᠪᠠᠶ᠎ᠡ ᠮᠠᠬᠠᠪᠣᠣᠨ ᠤᠨ ᠠᠮᠤᠷ ᠲᠦᠪᠰᠢᠨ ᠢ | ᠦᠨᠡᠨ ᠬᠦ ᠪᠠᠲᠤᠯᠠᠬᠤ ᠬᠡᠷᠩᠳᠠᠢ᠃ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠡᠷᠡᠭᠦᠯᠵᠢᠯ ᠤᠨ | ᠦᠢᠯᠡᠴᠢᠯᠡᠭᠡᠨ ᠤ ᠦᠨ᠎ᠡ ᠬᠠᠩᠰᠢ ᠲᠣᠭᠲᠠᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠨ᠎ᠡ ᠬᠠᠩᠰᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠷᠡᠭᠦᠯᠵᠢᠯ ᠤᠨ ᠪᠠᠶᠢᠭᠤᠯᠤᠮᠵᠢ᠂ ᠠᠵᠢᠯᠯᠠᠭᠰᠠᠣᠨ ᠪᠠ ᠠᠪᠤᠷᠠᠨ | ᠲᠤᠰᠠᠯᠠᠭᠤᠯᠬᠤ ᠡᠳᠡᠭᠡᠣᠨ ᠤᠨ ᠭᠡᠷ ᠪᠦᠯᠢ ᠶᠢ ᠬᠠᠮᠣᠷᠠᠭᠰᠠᠨ ᠦᠨᠡᠨᠴᠢ ᠢᠲᠡᠭᠡᠮᠵᠢ ᠶᠢᠨ ᠦᠨᠡᠯᠡᠯᠲᠡ ᠪᠣᠯᠤᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠳᠤ ᠬᠤᠯᠪᠣᠭᠠᠯᠠᠨ ᠵᠠᠯᠬᠠᠭᠠᠬᠤ ᠲᠣᠭᠲᠠᠴᠠ ᠶᠢ ᠪᠠᠶᠢᠭᠤᠯᠵᠤ᠂ ᠢᠳᠡᠭᠡᠯ | ᠠᠯᠳᠠᠭᠰᠠᠣᠨ ᠤᠨ ᠨᠡᠷᠡᠰ ᠤᠨ ᠲᠦᠷᠢᠮ ᠢ ᠪᠠᠶᠢᠭᠤᠯᠵᠣ᠂ ᠣᠯᠠᠨ ᠨᠡᠶᠢᠳᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠡᠮᠳᠡᠭᠯᠡᠬᠦ ᠪᠠ ᠡᠮᠬᠢᠣᠡᠭᠡᠨ ᠴᠤᠭᠯᠠᠭᠤᠯᠬᠤ ᠠᠵᠢᠯ ᠢ ᠰᠠᠶᠢᠲᠤᠷ ᠬᠢᠵᠦ᠂ ᠪᠦᠬᠦ ᠤᠯᠤᠰ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠲᠤ ᠪᠠᠷ ᠭᠦᠷᠳᠡᠭᠦ ᠲᠠᠪᠴᠠᠩ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠨ ᠨᠡᠶᠢᠲᠡᠯᠡᠬᠦ ᠰᠢᠰᠲ᠋ᠧᠮ ᠯᠤᠭ᠎ᠠ ᠮᠡᠳᠡᠭᠡ ᠵᠠᠩᠭᠢ ᠪᠠᠨ ᠰᠣᠯᠢᠯᠴᠠᠵᠣ ᠬᠠᠮᠲᠤ ᠪᠠᠷ ᠭᠦᠷᠳᠡᠭᠦ ᠶᠢ | ᠴᠢᠩᠭᠠᠣᠡᠬᠠᠨ᠎ᠠ᠃ ᠡᠷᠡᠭᠦᠯᠵᠢᠯ ᠤᠨ ᠦᠶ᠋ᠯᠡᠴᠢᠯᠡᠭᠡᠨ ᠤ ᠠᠵᠢᠯ ᠲᠥᠷᠥᠯ ᠤᠨ ᠨᠡᠶᠢᠭᠡᠮᠯᠢᠭ ᠢ ᠢᠳᠡᠪᠬᠢᠲᠡᠶ | ᠪᠤᠶᠢᠵᠢᠭᠤᠯᠤᠨ ᠬᠥᠭᠵᠢᠭᠦᠯᠵᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠨᠢ ᠪᠠᠳᠠᠷᠠᠭᠤᠯᠣᠨ᠎ᠠ᠃ | ᠬᠢᠨᠠᠨ ᠪᠤᠳᠤᠬᠤ ᠰᠠᠯᠠᠭ᠎ᠠ ᠮᠥᠴᠢᠷ ᠨᠢ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠪᠠᠯᠠ | ᠮᠥᠩᠭᠦ ᠶᠢᠨ ᠬᠠᠮᠢᠶᠠᠷᠴᠤ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ | ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠮᠡᠬᠡᠯᠡᠨ ᠠᠪᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠵᠡᠭᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃ ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠶᠢ | ᠬᠡᠷᠡᠭᠵᠢᠭᠦᠯᠣᠭ᠍ᠰᠡᠨ ᠪᠠ ᠪᠡᠯᠡ ᠮᠥᠩᠭᠦ ᠴᠤᠭᠯᠠᠭᠤᠯᠵᠤ ᠬᠡᠷᠡᠭᠯᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠭᠡᠮ ᠳᠤ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠳᠠᠯᠪᠢᠯᠳᠠ ᠶᠢ ᠬᠦᠯᠢᠶᠡᠭᠦ ᠬᠡᠷᠩᠳᠠᠢ᠃ | ︵ᠲᠦᠷᠪᠡ︶ ᠤᠬᠠᠭᠤᠯᠤᠨ ᠳᠠᠶᠢᠴᠢᠯᠠᠬᠤ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠠᠮᠵᠢᠯᠠᠯᠲᠤ ᠵᠠᠭᠤᠴᠢᠯᠠᠭᠤᠷ᠂ | ᠰᠢᠨ᠎ᠡ ᠵᠠᠭᠤᠴᠢᠯᠠᠭᠤᠷ ᠵᠡᠷᠭᠡ ᠤᠯᠠᠨ ᠵᠦᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠵᠡᠮᠳᠡᠭ ᠬᠡᠦᠬᠡᠳ ᠢ | ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ ᠲᠠᠶᠢᠯᠪᠤᠷᠢᠯᠠᠬᠤ ᠪᠠ ᠤᠬᠠᠭᠤᠯᠬᠤ ᠠᠵᠢᠯ ᠢ ᠶᠡᠭᠡ ᠪᠠᠷ | ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠨᠠᠮ ᠪᠠ ᠵᠠᠰᠠᠭ ᠤᠨ ᠣᠷᠳᠣᠨ ᠤ ᠠᠷᠠᠳ ᠢᠶᠠᠨ | ᠬᠠᠶᠢᠷᠠᠯᠠᠨ ᠬᠠᠯᠠᠮᠵᠢᠯᠠᠬᠤ ᠰᠡᠳᠬᠢᠯᠭᠡ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠥᠷᠭᠡᠨ ᠢᠶᠠᠷ | ᠣᠶᠢᠯᠠᠭᠠᠭᠤᠯᠵᠣ᠂ ᠵᠡᠮᠳᠡᠭ ᠬᠡᠦᠬᠡᠳ ᠤᠨ ᠬᠠᠷᠭᠠᠯᠵᠠᠨ ᠬᠠᠮᠠᠭᠠᠯᠠᠭᠴᠢ ᠶᠢ ᠬᠠᠪᠰᠣᠷᠴᠣ ᠪᠠᠶᠢᠭᠠᠣᠨ ᠵᠡᠮᠳᠡᠭ ᠬᠡᠦᠬᠡᠳ ᠢ | ᠡᠷᠡᠭᠦᠯᠵᠢᠭᠦᠯᠵᠣ ᠠᠪᠤᠷᠠᠨ ᠲᠤᠰᠠᠯᠠᠬᠤ ᠲᠦᠷᠢᠮ ᠤᠨ ᠬᠠᠮᠢᠶ᠎ᠠ ᠪᠥᠬᠦᠶ ᠠᠭᠤᠯᠭ᠎ᠠ ᠶᠢ ᠣᠨᠣᠪᠴᠢᠲᠠᠶ ᠮᠡᠳᠡᠭᠦᠯᠵᠣ᠂ | ᠭᠤᠶᠣᠴᠢᠯᠠᠬᠤ ᠦᠨᠳᠦᠰᠦᠨ ᠲᠠᠰ ᠳᠠᠷᠠᠭᠠᠯᠠᠯ ᠪᠠ ᠱᠠᠭᠠᠷᠳᠠᠯᠭ᠎ᠠ ᠶᠢ ᠣᠶᠢᠯᠠᠭᠠᠭᠤᠯᠵᠣ᠂ ᠵᠡᠮᠳᠡᠭ ᠬᠡᠦᠬᠡᠳ ᠲᠤ | ᠠᠪᠤᠷᠠᠬᠤ ᠴᠢᠨᠠᠷᠲᠠᠶ ᠠᠪᠤᠷᠠᠨ ᠲᠤᠰᠠᠯᠠᠯᠳᠠ ᠪᠠ ᠡᠷᠡᠭᠦᠯᠵᠢᠯ ᠤᠨ ᠦᠢᠯᠡᠴᠢᠯᠡᠭᠡ ᠶᠢ ᠴᠠᠭ ᠲᠤᠬᠠᠶ ᠳᠤ ᠨᠢ ᠭᠦᠷᠳᠡᠭᠡᠭᠦ | ᠬᠡᠷᠡᠭᠲᠡᠶ᠃ ᠡᠭᠦᠨ ᠤ ᠬᠠᠮᠲᠤ᠂ ᠨᠡᠶᠢᠭᠡᠮ ᠳᠠᠶᠠᠭᠠᠷ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠵᠡᠮᠳᠡᠭ | ᠪᠣᠯᠬᠤ ᠠᠴᠠ ᠰᠡᠷᠭᠡᠶᠢᠯᠡᠬᠦ ᠤᠬᠠᠮᠰᠠᠷ ᠢ ᠨᠢ ᠴᠢᠩᠭᠠᠷᠠᠭᠤᠯᠵᠤ᠂ ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠬᠦ | ᠡᠷᠴᠢᠮ ᠢᠶᠠᠨ ᠴᠢᠩᠭᠠᠷᠠᠭᠤᠯᠣᠨ᠂ ᠵᠡᠮᠳᠡᠭ ᠬᠡᠦᠬᠡᠳ ᠤᠨ ᠡᠷᠡᠭᠦᠯᠵᠢᠯ ᠤᠨ ᠦᠢᠯᠡᠴᠢᠯᠡᠭᠡᠨ ᠤ ᠠᠵᠢᠯ ᠢ ᠬᠠᠯᠠᠮᠵᠢᠯᠠᠨ | ᠳᠡᠮᠵᠢᠵᠣ᠂ ᠨᠡᠶᠢᠭᠡᠮ ᠤᠨ ᠰᠠᠶᠢᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠂ ᠵᠡᠮᠳᠡᠭ ᠬᠡᠦᠬᠡᠳ ᠤᠨ ᠲᠦᠷᠭᠡᠨ | ᠡᠷᠡᠭᠦᠯᠵᠢᠵᠦ ᠡᠷᠡᠭᠦᠯ ᠴᠢᠭᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠣᠨ᠎ᠠ᠃ | ᠵᠡᠮᠳᠡᠭ ᠬᠡᠦᠬᠡᠳ ᠢ ᠡᠷᠡᠭᠦᠯᠵᠢᠭᠦᠯᠵᠣ ᠠᠪᠤᠷᠠᠨ ᠲᠤᠰᠠᠯᠠᠬᠤ ᠳᠦᠷᠢᠮ ᠢ 2018 ᠣᠨ ᠤ 10 ᠳ᠋ᠣᠭᠠᠷ | ᠰᠠᠷ᠎ᠠ ᠶᠢᠨ 1 ᠤ ᠡᠳᠦᠷ ᠠᠴᠠ ᠡᠬᠢᠯᠡᠵᠣ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠶᠢᠮᠠᠭ ᠬᠤᠳᠠ᠂ ᠬᠤᠰᠢᠭᠤ | ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠨᠢ ᠪᠣᠳᠠᠳᠠᠢ ᠲᠠᠢ ᠪᠠᠨ ᠤᠶᠠᠯᠳᠤᠭᠤᠯᠤᠨ᠂ ᠲᠥᠬᠦᠷ ᠲᠥᠷᠥ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠳᠣ | ᠬᠤᠷᠠᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠡᠯ᠎ᠡ ᠭᠠᠵᠠᠷ ᠣᠷᠣᠨ ᠢ ᠰᠢᠮᠳᠠᠭᠤᠯᠤᠨ | ᠵᠢᠯᠣᠭᠤᠳᠴᠤ ᠪᠠᠶᠢᠭᠠᠳ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠣ᠂ ᠠᠵᠢᠯ ᠤᠨ | ᠳᠤᠮᠳᠠ ᠣᠯᠵᠤ ᠮᠡᠳᠡᠭᠰᠡᠨ ᠠᠰᠠᠭᠤᠳᠠᠯ ᠤᠳ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠴᠢᠬᠤᠯᠠ | ᠶᠡᠭᠡ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ | ᠳᠠᠭᠠᠯᠳᠤᠭᠤᠯᠤᠯ᠄ | ᠵᠡᠮᠳᠡᠭ ᠬᠡᠦᠬᠡᠳ ᠤᠨ ᠡᠷᠡᠭᠦᠯᠵᠢᠯ ᠤᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠵᠢᠴᠢ ᠨᠥᠬᠦᠪᠥᠷᠢᠯᠡᠭᠦ | ᠪᠠᠷᠢᠮᠵᠢᠶ᠎ᠠ | | ᠬᠦᠰᠦᠨᠦᠭᠲᠦ 1 | ᠬᠦᠰᠦᠨᠦᠭᠲᠦ 2 | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |