| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠠᠭᠤᠷ ᠠᠮᠢᠰᠬᠤᠯ ᠳᠤᠯᠠᠭᠠᠷᠠᠬᠤ ᠶᠢ ᠳᠠᠭᠠᠯᠳᠤᠨ᠂ ᠥᠪᠥᠷ ᠮᠣᠩᠭᠤᠯ ᠤᠨ | ᠡᠯ᠎ᠡ ᠲᠣᠮᠣ ᠨᠠᠭᠤᠷ ᠴᠥᠭᠦᠷᠥᠮ᠂ ᠨᠤᠭᠤ ᠭᠠᠵᠠᠷ ᠲᠤ ᠨᠡᠭᠦᠳᠡᠯ ᠤᠨ ᠰᠢᠪᠠᠭᠤ ᠶᠢ ᠦᠯᠡᠮᠵᠢ ᠣᠯᠠᠨ ᠪᠤᠴᠠᠨ ᠢᠷᠡᠪᠡ᠂ | ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠢ ᠰᠢᠭᠤᠶ ᠶᠢᠨ | ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠣᠶᠢᠷ᠎ᠠ ᠳᠤ ᠨᠡᠭᠦᠳᠡᠯ ᠤᠨ ᠰᠢᠪᠠᠭᠤ ᠶᠢ ᠬᠠᠮᠠᠭᠠᠯᠠᠬᠤ 3 | ᠰᠠᠷ᠎ᠠ ᠰᠢᠬᠠᠮ ᠬᠤᠭᠤᠴᠠᠭ᠎ᠠ ᠲᠠᠢ ᠲᠤᠰᠬᠠᠶ ᠠᠵᠢᠯᠯᠠᠭ᠎ᠠ ᠶᠢ ᠡᠬᠢᠯᠡᠭᠦᠯᠪᠡ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠢ ᠰᠢᠭᠤᠶ ᠶᠢᠨ ᠳᠣᠲᠣᠭᠠᠳᠤ ᠶᠢ | ᠬᠠᠮᠠᠭᠠᠯᠠᠬᠤ ᠨᠢ ᠣᠢ ᠰᠢᠭᠤᠶ ᠬᠠᠮᠠᠭᠠᠯᠠᠭᠴᠢᠳ ᠯᠤᠭ᠎ᠠ ᠨᠢᠭᠲᠠ ᠬᠠᠮᠵᠢᠯᠴᠠᠵᠤ᠂ ᠨᠡᠭᠦᠳᠡᠯ ᠤᠨ ᠰᠢᠪᠠᠭᠤ ᠶᠢᠨ ᠨᠢᠰᠬᠦ | ᠠᠮᠠᠷᠠᠬᠤ ᠭᠠᠵᠠᠷ ᠪᠠ ᠥᠩᠭᠡᠷᠡᠬᠦ ᠵᠠᠮ ᠢ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠭᠤᠤᠯᠳᠠᠯᠭ᠎ᠠ ᠲᠠᠢ | ᠴᠢᠩᠭᠠᠳᠬᠠᠵᠤ᠂ ᠴᠠᠭᠳᠠᠭᠠᠨ ᠤ ᠬᠦᠴᠦᠨ ᠬᠦᠷᠴᠦ ᠳᠡᠶᠢᠯᠬᠦ ᠥᠬᠡᠶ ᠭᠠᠵᠠᠷ ᠣᠷᠣᠨ ᠳᠤ ᠴᠠᠭᠳᠠᠭᠠᠨ ᠤ ᠵᠢᠯᠣᠭᠤᠴᠢ | ᠥᠬᠡᠶ ᠠᠭᠠᠷ ᠤᠨ ᠨᠢᠰᠦᠭᠦᠷ ᠢ ᠠᠰᠢᠭᠯᠠᠨ ᠬᠢᠨᠠᠨ ᠬᠡᠮᠵᠢᠵᠡᠢ᠃ ᠲᠡᠳᠡᠨᠡᠷ ᠪᠠᠰᠠ ᠡᠯ᠎ᠡ ᠡᠲᠡᠭᠡᠳ ᠤᠨ ᠬᠥᠮᠦᠰ ᠢ | ᠳᠠᠶᠢᠴᠢᠯᠠᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠠᠢ ᠬᠠᠮᠵᠢᠯᠴᠠᠨ ᠰᠢᠪᠠᠭᠤᠨ ᠤ ᠲᠣᠣᠷ᠂ | ᠨᠠᠭᠠᠯᠳᠤᠮᠠᠬᠠᠶ ᠲᠣᠣᠷ᠂ ᠠᠪᠠ ᠶᠢᠨ ᠬᠠᠪᠴᠢᠭᠤᠷ ᠵᠡᠷᠭᠡ ᠠᠩᠨᠠᠬᠤ ᠪᠠᠭᠠᠵᠢ ᠶᠢ ᠴᠠᠭ ᠲᠤᠬᠠᠶ ᠳᠤ ᠨᠢ ᠴᠡᠪᠡᠷᠯᠡᠨ | ᠠᠷᠢᠯᠭᠠᠵᠤ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠬᠦᠳᠡᠯᠭᠡᠭᠡᠨ ᠤ ᠣᠷᠣᠨ ᠢ ᠵᠣᠷᠢᠭᠤᠳᠠ | ᠬᠠᠷᠰᠢᠯᠠᠬᠤ ᠶᠢ ᠬᠤᠷᠢᠭᠯᠠᠨ ᠵᠣᠭᠰᠣᠭᠠᠪᠠ᠃ | ᠡᠨᠡ ᠬᠠᠪᠤᠷ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠢ ᠰᠢᠭᠤᠶ ᠶᠢᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢᠭᠡᠨᠲᠡ ᠴᠠᠭᠳᠠᠭᠠᠨ ᠤ ᠬᠦᠴᠦᠨ ᠢ 2000 ᠭᠠᠷᠤᠶ ᠬᠥᠮᠥᠨ ᠤᠳᠠᠭ᠎ᠠ | ᠭᠠᠷᠭᠠᠵᠤ᠂ 600 ᠭᠠᠷᠤᠶ ᠲᠡᠷᠭᠡ ᠬᠦᠳᠡᠯᠭᠡᠨ᠂ ᠨᠡᠭᠦᠳᠡᠯ ᠤᠨ ᠰᠢᠪᠠᠭᠤ ᠶᠢᠨ ᠨᠡᠭᠦᠳᠡᠯᠯᠡᠬᠦ ᠵᠠᠮ᠂ ᠢᠳᠡᠰᠢ ᠡᠷᠢᠬᠦ᠂ | ᠦᠷᠡᠵᠢᠬᠦ ᠣᠷᠣᠨ ᠪᠦᠰᠡ ᠪᠣᠯᠬᠤ 200 ᠲᠠᠯᠠᠪᠤᠷ ᠭᠠᠵᠠᠷ ᠢ ᠲᠣᠭᠤᠷᠢᠨ ᠪᠠᠶᠢᠴᠠᠭᠠᠵᠤ᠂ ᠬᠡᠳᠦᠨ ᠵᠠᠭᠤᠨ ᠺᠢᠯᠣᠭ᠍ᠷᠠᠮ | ᠲᠡᠵᠢᠭᠡᠯ ᠪᠣᠷᠳᠤᠭ᠎ᠠ ᠲᠠᠯᠪᠢᠵᠤ᠂ ᠪᠠᠭᠤᠳᠠᠯ᠂ ᠵᠣᠴᠢᠳ ᠤᠨ ᠪᠠᠭᠤᠳᠠᠯ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ | ᠰᠢᠪᠠᠭᠤᠨ ᠤ ᠲᠥᠷᠥᠯ ᠤᠨ ᠵᠠᠬ᠎ᠠ ᠳᠡᠯᠭᠡᠭᠦᠷ ᠵᠡᠷᠭᠡ 100 ᠲᠠᠯᠠᠪᠤᠷ ᠭᠠᠵᠠᠷ ᠢ ᠴᠡᠪᠡᠷᠯᠡᠨ ᠴᠡᠭᠴᠡᠯᠡᠪᠡ᠃ | | |