| | | | | | | | | | | | ᠮᠠᠨ ᠤ ᠤᠷᠤᠨ ᠤ ᠲᠦᠷᠦᠬᠦᠦ ᠵᠤᠷᠪᠤᠰ ᠵᠢᠮᠳᠤ ᠲᠡᠮᠦᠷ ᠵᠠᠮ — ᠬᠦᠬᠡᠬᠤᠳᠠ ᠶᠢᠨ ᠵᠢᠮᠳᠤ ᠲᠡᠮᠦᠷ ᠵᠠᠮ | ᠤᠨ 1 ᠨᠤᠮᠧᠷᠳᠤ ᠱᠤᠭᠤᠮ ᠢ ᠡᠨᠡ ᠵᠢᠯ ᠤᠨ ᠰᠡᠬᠦᠯᠴᠢ ᠪᠠᠷ ᠲᠡᠷᠬᠡ ᠨᠡᠪᠲᠡᠷᠡᠬᠦᠯᠵᠦ ᠲᠤᠷᠰᠢᠨ ᠡᠵᠡᠩᠨᠡᠬᠦ ᠪᠠᠷ | ᠪᠠᠶᠢᠨ᠎ᠠ᠃ 4 ᠳ᠋ᠤᠭᠡᠷ ᠰᠠᠷ᠎ᠠ ᠶᠢᠨ 4 ᠤ ᠡᠳᠦᠷ᠂ 1 ᠨᠤᠮᠧᠷᠲᠤ ᠱᠤᠭᠤᠮ ᠤᠨ ᠲᠦᠷᠦᠭᠦᠦ ᠭᠠᠯᠳᠤ ᠲᠡᠷᠭᠡ ᠶᠢ | ᠭᠤᠷᠪᠡᠨᠭᠡᠷ ᠶᠡᠷᠦᠩᠭᠡᠶᠢᠯᠡᠭᠰᠡᠨ ᠰᠠᠯᠪᠢᠨ ᠵᠠᠰᠠᠬᠤ ᠰᠠᠭᠤᠷᠢᠨ ᠳᠤ ᠲᠤᠰᠤᠨ ᠠᠪᠴᠢᠷᠠᠪᠠ᠃ | ᠬᠦᠬᠡᠬᠤᠳᠠ ᠶᠢᠨ ᠵᠢᠮᠳᠤ ᠲᠡᠮᠦᠷ ᠵᠠᠮ ᠤᠨ 1 ᠨᠤᠮᠧᠷᠲᠤ ᠱᠤᠭᠤᠮ ᠤᠨ ᠭᠠᠯᠳᠤ ᠲᠡᠷᠬᠡ ᠨᠢ ᠨᠡᠶᠢᠳᠡ 24 | ᠸᠠᠭᠤᠨ ᠲᠠᠢ ᠪᠠᠶᠢᠵᠦ᠂ ᠭᠠᠯᠳᠤ ᠲᠡᠷᠬᠡ ᠶᠢᠨ ᠬᠠᠮᠤᠬ ᠤᠨ ᠲᠡᠭᠡᠳᠤ ᠬᠤᠷᠳᠤᠴᠠ ᠨᠢ 80 ᠺᠢᠯᠤᠮᠧᠲᠷ \ ᠴᠠᠬ ᠲᠤ | ᠬᠦᠷᠴᠤ᠂ ᠬᠠᠮᠤᠬ ᠤᠨ ᠤᠯᠠᠨ ᠳᠤ ᠪᠠᠨ 2062 ᠠᠶᠠᠨᠴᠢᠨ ᠢ ᠪᠠᠭᠳᠠᠭᠠᠨ᠎ᠠ᠃ 1 ᠨᠤᠮᠧᠷᠲᠤ ᠱᠤᠭᠤᠮ ᠤᠨ | ᠭᠠᠯᠳᠤ ᠲᠡᠷᠬᠡ ᠨᠢ ᠤᠳᠤᠬᠠᠨ ᠳᠤ ᠤᠯᠤᠰ ᠤᠨ ᠲᠤᠳᠤᠭᠠᠳᠤ ᠶᠢᠨ ᠬᠠᠮᠤᠬ ᠤᠨ ᠬᠦᠩᠬᠡᠨ ᠬᠦᠩᠬᠡᠨᠴᠠᠭᠠᠨ ᠤ | ᠬᠠᠶᠢᠯᠤᠰᠢ ᠶᠢᠨ ᠵᠢᠮᠳᠤ ᠲᠡᠮᠦᠷ ᠵᠠᠮ ᠤᠨ ᠭᠠᠯᠳᠤ ᠲᠡᠷᠬᠡ ᠪᠠᠶᠢᠵᠦ᠂ ᠭᠠᠯᠳᠤ ᠲᠡᠷᠬᠡ ᠶᠢᠨ ᠠᠶᠠᠯᠠᠬᠤ ᠶᠠᠪᠤᠴᠠ ᠳᠠᠬᠢ | ᠡᠨᠧᠷᠬᠢ ᠶᠢᠨ ᠬᠤᠷᠤᠬᠳᠡᠯ ᠢ ᠶᠡᠭᠡ ᠪᠠᠷ ᠪᠠᠭᠠᠰᠬᠠᠬᠤ ᠶᠢᠨ ᠬᠠᠮᠳᠤ᠂ ᠭᠠᠵᠠᠷ ᠲᠤᠤᠷᠠᠬᠢ ᠲᠡᠮᠦᠷ ᠵᠠᠮ ᠤᠨ ᠵᠢᠮ | ᠬᠢᠬᠡᠳ ᠭᠠᠯᠳᠤ ᠲᠡᠷᠬᠡ ᠶᠢᠨ ᠦᠷᠦᠯᠳᠡ ᠶᠢ ᠪᠠᠭᠠᠰᠬᠠᠵᠦ᠂ ᠭᠠᠯᠳᠤ ᠲᠡᠷᠬᠡ ᠨᠢ ᠪᠠᠰᠠ ᠤᠯᠤᠰ ᠤᠨ ᠲᠤᠳᠤᠭᠠᠳᠤ ᠳᠤ | ᠲᠦᠷᠦᠬᠦᠦ ᠤᠳᠠᠭ᠎ᠠ ᠳᠠᠩ ᠠᠭᠠᠷ ᠲᠤᠬᠢᠷᠠᠭᠤᠯᠤᠬᠴᠢ ᠶᠢᠨ ᠮᠠᠰᠢᠨ ᠴᠤᠬᠴᠠᠯᠠᠪᠤᠷᠢ ᠶᠢᠨ ᠵᠢᠷᠤᠬ ᠲᠦᠯᠦᠪᠯᠡᠭᠡ ᠶᠢᠨ | ᠲᠦᠰᠦᠯ ᠢ ᠬᠡᠷᠡᠭᠯᠡᠵᠦ᠂ ᠠᠭᠠᠷ ᠲᠤᠬᠢᠷᠠᠭᠤᠯᠤᠬᠴᠢ ᠶᠢᠨ ᠮᠠᠰᠢᠨ ᠴᠤᠬᠴᠠᠯᠠᠪᠤᠷᠢ ᠳᠤ ᠰᠢᠨ᠎ᠠ ᠬᠡᠯᠪᠡᠷᠢ ᠶᠢᠨ | ᠦᠯᠢᠶᠡᠯᠳᠡ ᠶᠢᠨ ᠲᠦᠬᠦᠬᠡᠷᠦᠮᠵᠢ᠂ ᠲᠠᠪᠳᠠᠮᠵᠢᠳᠤ ᠡᠵᠡᠮᠳᠡᠬᠦᠷ ᠵᠡᠷᠬᠡ ᠲᠡᠷᠢᠬᠦᠨ ᠤ ᠮᠡᠷᠬᠡᠵᠢᠯ ᠢ ᠬᠡᠷᠡᠭᠯᠡᠵᠦ᠂ ᠠᠭᠠᠷ | ᠲᠤᠬᠢᠷᠠᠭᠤᠯᠤᠬᠴᠢ ᠶᠢᠨ ᠲᠤᠯᠠᠭᠠᠨ ᠤ ᠬᠡᠮᠵᠢᠶ᠎ᠠ ᠶᠢ ᠴᠠᠬ ᠲᠤᠬᠠᠢ ᠳᠤ ᠨᠢ ᠡᠵᠡᠮᠳᠡᠵᠦ ᠲᠡᠶᠢᠯᠬᠦ ᠪᠤᠯᠤᠬᠰᠠᠨ ᠢᠶᠠᠷ | ᠠᠶᠠᠨᠴᠢᠨ ᠤ ᠲᠤᠭ᠎ᠠ ᠶᠢ ᠦᠨᠳᠦᠰᠦᠯᠡᠨ ᠠᠭᠠᠷ ᠲᠤᠬᠢᠷᠠᠭᠤᠯᠤᠬᠴᠢ ᠶᠢᠨ ᠦᠯᠢᠶᠡᠯᠳᠡ ᠶᠢᠨ ᠬᠡᠮᠵᠢᠶ᠎ᠠ ᠶᠢ | ᠲᠤᠬᠢᠷᠠᠭᠤᠯᠬᠤ ᠶᠢᠨ ᠤᠯᠠᠮ ᠢᠶᠠᠷ ᠠᠶᠠᠨᠴᠢᠳ ᠲᠤ ᠨᠡᠩ ᠲᠠᠭᠠᠯᠠᠮᠵᠢᠳᠠᠢ ᠤᠷᠴᠢᠨ ᠬᠠᠩᠭᠠᠬᠤ ᠶᠢᠨ ᠬᠠᠮᠳᠤ᠂ | ᠡᠨᠧᠷᠬᠢ ᠶᠢᠨ ᠬᠤᠷᠤᠬᠳᠠᠯ ᠢ 20% ᠪᠠᠷ ᠪᠠᠭᠠᠰᠬᠠᠬᠤ ᠪᠤᠯᠤᠨ᠎ᠠ᠃ 4 ᠳ᠋ᠤᠭᠡᠷ ᠰᠠᠷ᠎ᠠ ᠶᠢᠨ ᠰᠡᠬᠦᠯᠴᠢ ᠪᠠᠷ᠂ | 1ᠨᠤᠮᠧᠷᠳᠤ ᠱᠤᠭᠤᠮ ᠢ ᠪᠦᠬᠦ ᠱᠤᠭᠤᠮ ᠢᠶᠠᠷ ᠨᠢ ᠵᠢᠮ ᠢ ᠨᠡᠪᠲᠡᠷᠡᠬᠦᠯᠤᠨ᠂ 6 ᠳ᠋ᠤᠭᠠᠷ ᠰᠠᠷ᠎ᠠ ᠶᠢᠨ ᠲᠤᠮᠳᠠᠴᠢ ᠪᠠᠷ᠂ | ᠪᠦᠬᠦ ᠱᠤᠭᠤᠮ ᠤᠨ ᠲᠡᠷᠬᠡᠨ ᠦᠷᠳᠡᠭᠡ ᠳᠤ 35KV ᠴᠠᠬᠢᠯᠭᠠᠨ ᠨᠡᠪᠲᠡᠷᠡᠬᠦᠯᠦᠨ᠂ 8 ᠳ᠋ᠤᠭᠠᠷ ᠰᠠᠷ᠎ᠠ ᠶᠢᠨ | ᠰᠡᠬᠦᠯᠴᠢ ᠪᠠᠷ᠂ ᠲᠡᠷᠬᠡᠨ ᠦᠷᠳᠡᠭᠡ ᠶᠢ ᠵᠠᠰᠠᠵᠦ ᠴᠢᠮᠡᠭᠯᠡᠬᠦ ᠵᠢᠴᠢ ᠲᠦᠬᠦᠬᠡᠷᠦᠮᠵᠢ ᠶᠢ ᠤᠬᠰᠠᠷᠠᠬᠤ ᠠᠵᠢᠯ ᠢ | ᠲᠠᠭᠤᠰᠬᠠᠨ᠂ 9 ᠳ᠋ᠤᠭᠡᠷ ᠰᠠᠷ᠎ᠠ ᠶᠢᠨ ᠰᠡᠬᠦᠯᠴᠢ ᠪᠠᠷ᠂ ᠶᠡᠷᠦᠩᠬᠡᠶᠢᠯᠡᠭᠰᠡᠨ ᠬᠤᠯᠪᠤᠭᠠᠯᠠᠨ ᠲᠤᠬᠢᠷᠠᠭᠤᠯᠵᠦ ᠲᠤᠷᠰᠢᠬᠤ | ᠠᠵᠢᠯ ᠢ ᠲᠠᠭᠤᠰᠬᠠᠨ᠂ 12 ᠳ᠋ᠤᠭᠠᠷ ᠰᠠᠷ᠎ᠠ ᠶᠢᠨ ᠬᠤᠷᠢᠳ ᠢᠶᠠᠷ ᠪᠠᠷᠢᠯᠭ᠎ᠠ ᠶᠢ ᠲᠠᠭᠤᠰᠬᠠᠨ ᠰᠢᠯᠭᠠᠨ ᠬᠤᠷᠢᠶᠠᠵᠦ᠂ | 12 ᠳ᠋ᠤᠭᠠᠷ ᠰᠠᠷ᠎ᠠ ᠶᠢᠨ 31 ᠤ ᠡᠳᠦᠷ ᠪᠤᠯᠳᠠᠯ᠎ᠠ ᠲᠡᠷᠬᠡ ᠨᠡᠪᠲᠡᠷᠡᠬᠦᠯᠵᠦ ᠲᠤᠷᠰᠢᠨ ᠡᠵᠡᠩᠨᠡᠬᠦ ᠳᠤ ᠪᠡᠯᠡᠬᠡᠨ | ᠪᠤᠯᠭᠠᠨ᠎ᠠ᠃ | |