ᠮᠠ ᠰᠢᠤᠸᠠᠢ ᠵᠢᠶᠦ᠋ᠨ ᠬᠦᠬᠡᠬᠤᠳᠠ ᠳᠤ ᠬᠠᠪᠤᠷ ᠤᠨ ᠤᠯᠠᠷᠢᠯ ᠤᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠳᠤ ᠪᠠᠨ ᠴᠢᠬᠤᠯᠠᠴᠢᠯᠠᠭᠰᠠᠨ ᠨᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠤᠭᠳᠠᠴᠠ ᠶᠢ ᠲᠡᠭᠦᠯᠳᠡᠷᠵᠢᠭᠦᠯᠵᠤ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠳᠤᠷ ᠬᠢᠬᠦ ᠬᠡᠷᠡᠭᠳᠠᠢ ᠭᠡᠪᠡ
ᠨᠡᠶᠢᠲᠡᠯᠡᠭᠰᠡᠨ ᠴᠠᠭ᠄
2019/4/8
     4 ᠳ᠋ᠦ᠋ᠭᠡᠷ ᠰᠠᠷ᠎ᠠ ᠶᠢᠨ 3᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠬᠦᠬᠡᠬᠤᠳᠠ ᠳᠤ ᠬᠠᠪᠤᠷ ᠤᠨ ᠤᠯᠠᠷᠢᠯ ᠤᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠮᠤᠵᠢ ᠶᠢᠨ ᠯᠢᠶᠠᠩᠱᠠᠨ ᠵᠸᠤ ᠶᠢᠨ ᠮᠦᠯᠢ ᠰᠢᠶᠠᠨ ᠤ ᠤᠢ ᠰᠢᠭᠤᠢ ᠶᠢᠨ ᠲᠦᠢᠮᠡᠷ ᠤᠨ ᠭᠠᠮᠰᠢᠭ ᠤᠨ ᠲᠤᠬᠠᠢ ᠴᠢᠬᠤᠯᠠ ᠴᠤᠬᠤᠯᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 4 ᠳ᠋ᠦ᠋ᠭᠡᠷ ᠰᠠᠷ᠎ᠠ ᠶᠢᠨ 2᠎ ᠤᠨ ᠡᠳᠦᠷ ᠪᠣᠯᠣᠭᠰᠠᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠳᠠᠷᠠᠭᠠᠬᠤ ᠠᠵᠢᠯ ᠤᠨ ᠲᠤᠬᠠᠢ ᠪᠠᠴᠢᠮ ᠲᠧᠯᠸᠢᠰ ᠳ᠋ᠢᠶᠠᠩᠬᠤᠸᠠ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ᠂ ᠪᠠᠴᠢᠮ ᠪᠠᠶᠢᠳᠠᠯ ᠎ ᠢ ᠠᠷᠭᠠᠴᠠᠭᠠᠨ ᠰᠢᠢᠳᠪᠦᠷᠢᠯᠡᠬᠦ ᠲᠤᠭᠳᠠᠴᠠ ᠶᠢ ᠲᠡᠭᠦᠯᠳᠡᠷᠵᠢᠭᠦᠯᠵᠤ᠂ ᠭᠤᠤᠯᠳᠠᠯᠭ᠎ᠠ ᠲᠠᠢ ᠤᠷᠤᠨ ᠪᠦᠰᠡ᠂ ᠭᠤᠤᠯᠳᠠᠯᠭ᠎ᠠ ᠲᠠᠢ ᠴᠠᠭ ᠪᠤᠯᠤᠨ ᠭᠤᠤᠯᠳᠠᠯᠭ᠎ᠠ ᠲᠠᠢ ᠬᠦᠮᠦᠰ ᠲᠤ ᠠᠩᠬᠠᠷᠤᠯ ᠢᠶᠠᠨ ᠲᠦᠪᠯᠡᠷᠡᠭᠦᠯᠵᠤ᠂ ᠭᠠᠯ ᠤᠨ ᠠᠶᠤᠯ ᠤᠨ ᠭᠡᠮ ᠰᠤᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠤ᠂ ᠴᠢᠩᠭ᠎ᠠ ᠰᠡᠷᠭᠡᠶᠢᠯᠡᠨ ᠬᠠᠮᠢᠶᠠᠷᠴᠤ᠂ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠳᠤᠷ ᠬᠢᠬᠦ ᠬᠡᠷᠡᠭᠳᠠᠢ ᠭᠡᠵᠤ ᠴᠢᠬᠤᠯᠠᠴᠢᠯᠠᠵᠠᠢ᠃      ᠮᠠ ᠰᠢᠦᠸᠠᠢ ᠵᠢᠶᠦ᠋ᠨ ᠤᠷᠢᠳ ᠬᠤᠵᠢᠳ ᠢᠦᠢ ᠯᠢᠨ ᠪᠠᠯᠭᠠᠰᠤᠨ ᠳᠤ ᠰᠠᠭᠤᠭ᠎ᠠ ᠬᠦᠭᠡᠬᠤᠳᠠ ᠶᠢᠨ ᠰᠠᠶᠢᠬᠠᠨ ᠲᠤᠭᠤᠷᠢᠭ ᠤᠨ ᠤᠢ ᠰᠢᠭᠤᠢ ᠨᠤᠳᠤᠭ ᠪᠡᠯᠴᠢᠭᠡᠷ ᠤᠨ ᠲᠤᠶᠢᠮᠠᠷ ᠰᠡᠷᠭᠡᠶᠢᠯᠡᠬᠦ ᠵᠢᠯᠤᠭᠤᠳᠬᠤ ᠲᠦᠪ᠂ ᠭᠤᠷᠪᠡᠨ ᠪᠠᠶᠢᠰᠢᠩ ᠤᠢ ᠰᠢᠭᠤᠢ ᠶᠢᠨ ᠲᠠᠯᠠᠪᠠᠢ ᠳᠤ ᠰᠠᠭᠤᠭ᠎ᠠ ᠰᠢᠨ᠎ᠡ ᠬᠤᠳᠠ ᠲᠤᠭᠤᠷᠢᠭ ᠤᠨ ᠤᠢ ᠰᠢᠭᠤᠢ ᠨᠤᠳᠤᠭ ᠪᠡᠯᠴᠢᠭᠡᠷ ᠤᠨ ᠲᠤᠶᠢᠮᠠᠷ ᠰᠡᠷᠭᠡᠶᠢᠯᠡᠬᠦ ᠵᠢᠯᠤᠭᠤᠳᠬᠤ ᠲᠦᠪ ᠤᠨ ᠲᠤᠶᠢᠮᠠᠷ ᠰᠡᠷᠭᠡᠶᠢᠯᠡᠬᠦ ᠵᠢᠯᠤᠭᠤᠳᠬᠤ ᠰᠢᠰᠲ᠋ᠧᠮ᠂ ᠬᠢᠨᠠᠨ ᠬᠡᠮᠵᠢᠵᠤ ᠤᠷᠢᠳᠴᠢᠯᠡᠨ ᠰᠡᠷᠡᠮᠵᠢᠯᠡᠬᠦᠯᠬᠦ ᠲᠦᠬᠦᠭᠡᠷᠤᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠭᠰᠡᠨ ᠪᠦᠭᠡᠳ ᠰᠢᠨ᠎ᠡ ᠬᠤᠳᠠ ᠲᠤᠭᠤᠷᠢᠭ ᠤᠨ ᠭᠤᠷᠪᠡᠨ ᠪᠠᠶᠢᠰᠢᠩ ᠤᠢ ᠰᠢᠭᠤᠢ ᠶᠢᠨ ᠤᠷᠤᠨ ᠤ ᠬᠠᠮᠢᠶᠠᠷᠤᠨ ᠬᠠᠮᠠᠭᠠᠯᠠᠬᠤ ᠦᠷᠳᠡᠭᠡ ᠳᠤ ᠬᠦᠷᠴᠤ᠂ ᠡᠮᠤᠨ᠎ᠡ ᠹᠷᠤᠨᠲ ᠤᠨ ᠤᠢ ᠰᠢᠭᠤᠢ ᠬᠠᠮᠠᠭᠠᠯᠠᠬᠴᠢ ᠶᠢ ᠡᠷᠬᠢᠨ ᠪᠤᠯᠭᠤᠭᠠᠨ ᠦᠵᠡᠵᠤ᠂ ᠤᠢ ᠰᠢᠭᠤᠢ ᠶᠢᠨ ᠡᠳᠦᠷ ᠲᠤᠳᠤᠮ ᠤᠨ ᠬᠠᠮᠢᠶᠠᠷᠬᠤ ᠬᠠᠮᠠᠭᠠᠯᠠᠵᠤ ᠪᠠᠶᠢᠭ᠎ᠠ ᠪᠠᠶᠢᠳᠠᠯ ᠢ ᠤᠶᠢᠯᠠᠭᠠᠪᠠ᠃ ᠲᠡᠷᠨ ᠴᠢᠬᠤᠯᠠᠴᠢᠯᠠᠭᠰᠠᠨ ᠨᠢ᠂ ᠬᠠᠪᠤᠷ ᠤᠨ ᠤᠯᠠᠷᠢᠯ ᠪᠤᠯ ᠤᠢ ᠰᠢᠭᠤᠢ ᠨᠤᠳᠤᠭ ᠪᠡᠯᠴᠢᠭᠡᠷ ᠤᠨ ᠲᠤᠶᠢᠮᠠᠷ ᠤᠯᠠᠨᠳᠠ ᠡᠬᠦᠰᠳᠡᠭ ᠬᠤᠭᠤᠴᠠᠭ᠎ᠠ ᠪᠤᠯᠤᠨ᠎ᠡ᠂ ᠤᠢ ᠰᠢᠭᠤᠢ ᠶᠢᠨ ᠲᠤᠶᠢᠮᠠᠷ ᠢ ᠰᠡᠷᠭᠡᠶᠢᠯᠡᠬᠦ ᠶᠠᠪᠤᠳᠠᠯ ᠠᠮᠢ ᠠᠬᠤᠢ ᠶᠢᠨ ᠠᠮᠤᠷ ᠲᠦᠪᠰᠢᠨ᠂ ᠤᠯᠠᠨ ᠲᠦᠮᠡᠨ ᠤ ᠠᠮᠤᠷ ᠲᠥᠪᠰᠢᠨ ᠪᠠ ᠨᠠᠶᠢᠭᠡᠮ ᠤᠨ ᠠᠮᠤᠷ ᠲᠤᠬᠳᠠᠭᠤᠨ ᠲᠠᠢ ᠬᠤᠯᠪᠤᠬᠳᠠᠵᠤ ᠪᠠᠶᠢᠳᠠᠭ᠂ ᠬᠠᠮᠢᠶᠠᠷᠤᠨ ᠬᠠᠮᠠᠭᠠᠯᠠᠬᠤ ᠡᠬᠦᠷᠭᠡ ᠬᠦᠨᠳᠤ ᠴᠢᠬᠤᠯᠠ ᠶᠤᠮ᠂ ᠬᠠᠷᠢᠭᠤᠴᠠᠯᠭ᠎ᠠ ᠪᠠᠨ ᠡᠷᠬᠡᠪᠰᠢ ᠬᠦᠮᠦᠨ ᠳᠤ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠡᠷᠬᠡᠪᠰᠢ ᠪᠤᠳᠠᠳᠠᠢ ᠨᠠᠶᠢᠳᠠᠪᠤᠷᠢᠵᠢᠭᠤᠯᠵᠤ᠂ ᠭᠡᠰᠡᠭ᠂ ᠤᠷᠤᠨ ᠪᠦᠰᠡ ᠪᠠᠷ ᠲᠠᠭᠠᠭᠠᠴᠢᠯᠠᠨ ᠰᠠᠶᠢᠳᠤᠷ ᠠᠩᠬᠠᠷᠴᠤ᠂ ᠵᠤᠷᠢᠭᠤᠳᠠ ᠲᠤᠶᠢᠮᠠᠷ ᠡᠬᠦᠰᠭᠡᠬᠦ ᠶᠢ ᠴᠢᠩᠭ᠎ᠠ ᠴᠠᠭᠠᠵᠠᠯᠠᠬᠤ ᠭᠡᠷᠡᠭᠳᠠᠢ ᠭᠡᠪᠠ᠃      ᠮᠠ ᠰᠢᠤᠸᠠᠢ ᠵᠢᠶᠦ᠋ᠨ ᠱᠠᠭᠠᠷᠳᠠᠭᠰᠠᠨ ᠨᠢ᠂ ᠤᠳᠤᠬᠠᠨ ᠶᠠᠭ ᠰᠠᠶᠢᠬᠠᠨ ᠬᠠᠨᠭ᠍ᠰᠢ ᠶᠢᠨ ᠬᠤᠭᠤᠴᠠᠭ᠎ᠠ ᠪᠤᠯᠵᠦ ᠪᠤᠢ᠂ ᠤᠶᠢᠷ᠎ᠡ ᠳᠤ ᠪᠦᠬᠦ ᠤᠯᠤᠰ ᠪᠦᠬᠦ ᠤᠷᠤᠨ ᠳᠤ ᠡᠬᠦᠰᠦᠭᠰᠡᠨ ᠤᠢ ᠰᠢᠭᠤᠢ ᠶᠢᠨ ᠲᠦᠢᠮᠡᠷ ᠠᠴᠠ ᠰᠤᠷᠭᠠᠮᠵᠢ ᠠᠪᠴᠤ᠂ ᠲᠤᠶᠢᠮᠠᠷ ᠤᠨ ᠡᠬᠢ ᠡᠬᠦᠰᠤᠯ ᠢ ᠴᠢᠩᠭ᠎ᠠ ᠬᠠᠮᠢᠶᠡᠷᠤᠨ ᠡᠵᠡᠮᠳᠡᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠪᠠᠷ ᠴᠢᠷᠮᠠᠶᠢᠨ ᠪᠠᠳᠤᠯᠠᠬᠤ ᠭᠡᠷᠡᠭᠳᠡᠢ᠃ ᠬᠦᠭᠡᠬᠤᠳᠠ ᠠᠯᠤᠰ ᠎ ᠢ ᠪᠠᠷᠠᠯᠠᠵᠤ᠂ ᠲᠠᠯᠠᠨ ᠬᠠᠷ᠎ᠡ ᠠᠭᠤᠯᠠ ᠶᠢᠨ ᠲᠤᠶᠢᠮᠠᠷ ᠤᠨ ᠡᠬᠢ ᠡᠬᠦᠰᠦᠯ ᠤᠨ ᠲᠠᠯᠳᠠ ᠬᠡᠮ ᠢ ᠦᠨᠳᠦᠰᠦᠨ ᠠᠴᠠ ᠨᠢ ᠴᠡᠭᠴᠡᠯᠡᠨ ᠵᠠᠰᠠᠬᠤ ᠠᠷᠭ᠎ᠠ ᠪᠤᠳᠤᠯᠭ᠎ᠠ ᠶᠢ ᠡᠷᠳᠡᠭᠡᠨ ᠲᠦᠯᠦᠪᠵᠢᠬᠦᠯᠤᠨ ᠬᠡᠷᠡᠭᠵᠢᠬᠦᠯᠬᠦ ᠭᠡᠷᠡᠭᠳᠠᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号