ᠮᠠᠨ ᠤ ᠤᠷᠤᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ ᠨᠠᠶᠢᠳᠠᠪᠤᠷᠢᠵᠢᠭᠤᠯᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ    ᠪᠠᠢ ᠢᠤᠢ ᠭᠠᠩ ᠶᠠᠷᠢᠶ᠎ᠠ ᠲᠠᠯᠪᠢᠵᠦ ᠪᠤᠤ ᠭᠠᠩ ᠤᠷᠤᠯᠴᠠᠪᠠ
ᠨᠡᠶᠢᠲᠡᠯᠡᠭᠰᠡᠨ ᠴᠠᠭ᠄
2019/4/8
     4 ᠳ᠋ᠦ᠋ᠭᠡᠷ ᠰᠠᠷ᠎ᠠ ᠶᠢᠨ 4᠎ ᠤ ᠡᠳᠦᠷ᠂ ᠥᠪᠦᠷ ᠮᠤᠩᠭᠤᠯ ᠤᠨ ᠨᠠᠮ ᠤᠨ ᠬᠤᠷᠢᠶᠠᠨ ᠤ ᠤᠬᠠᠭᠤᠯᠬᠤ ᠭᠡᠯᠳᠡᠰ᠂ ᠥᠪᠦᠷ ᠮᠤᠩᠭᠤᠯ ᠤᠨ ᠠᠮᠢ ᠠᠬᠤᠢ ᠤᠷᠴᠢᠨ ᠲᠤᠭᠤᠷᠢᠨ ᠤ ᠲᠢᠩᠬᠢᠮ᠂ ᠥᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠥᠪᠦᠷ ᠮᠤᠩᠭᠤᠯ ᠤᠨ ᠤᠢ ᠰᠢᠭᠤᠢ ᠪᠠ ᠲᠠᠯ᠎ᠠ ᠨᠤᠳᠤᠭ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠥᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ᠂ ᠥᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠳᠠᠭᠠᠭᠠᠴᠢᠯᠠᠨ ᠡᠷᠬᠢᠯᠡᠭᠰᠡᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ ᠨᠠᠶᠢᠳᠠᠪᠤᠷᠢᠵᠢᠭᠤᠯᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠳᠠ ᠳᠤ ᠬᠤᠷᠠᠯᠳᠤᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠎ ᠤᠨ ᠳᠠᠷᠤᠭ᠎ᠠ ᠪᠠᠢ ᠢᠤᠢ ᠭᠠᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠪᠤᠤ ᠭᠠᠩ ᠬᠤᠷᠠᠯ ᠳᠤ ᠤᠷᠤᠯᠴᠠᠵᠠᠢ᠃      ᠪᠠᠢ ᠢᠤᠢ ᠭᠠᠩ  ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠰᠤᠳᠤᠯᠬᠤ᠂ ᠭᠡᠷᠡᠭᠯᠡᠬᠦ᠂ ᠤᠬᠠᠭᠤᠯᠬᠤ᠂ ᠬᠦᠳᠦᠯᠦᠨ ᠳᠠᠭᠠᠭᠤᠯᠬᠤ ᠲᠠᠯ᠎ᠠ ᠪᠠᠷ ᠬᠦᠴᠦᠯᠡᠵᠦ᠂ ᠶᠡᠷᠦᠩᠭᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠥᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠠᠮᠢᠳᠤᠯᠢᠭ ᠦᠢᠯᠡᠳᠦᠯᠭᠡ ᠪᠤᠯᠭᠠᠨ ᠬᠡᠷᠡᠭᠵᠢᠬᠦᠯᠬᠦ ᠭᠡᠷᠡᠭᠲᠡᠢ᠃ ᠦᠨᠡᠨ ᠰᠤᠷᠤᠯᠴᠠᠵᠦ ᠦᠨᠡᠨ ᠢᠳᠡᠭᠡᠵᠦ ᠦᠨᠡᠨ ᠤᠶᠢᠯᠠᠭᠠᠵᠦ ᠦᠨᠡᠨ ᠭᠡᠷᠡᠭᠯᠡᠬᠦ ᠲᠠᠯ᠎ᠠ ᠪᠠᠷ ᠳᠠᠭᠤᠷᠢᠶᠠᠯ ᠪᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠭᠡᠷᠡᠭᠲᠡᠢ︔ ᠤᠨᠤᠯ ᠪᠤᠯᠤᠨ ᠦᠢᠯᠡᠳᠦᠯᠭᠡ ᠶᠢ ᠤᠶᠠᠯᠳᠤᠭᠤᠯᠬᠤ ᠲᠠᠯ᠎ᠠ ᠪᠠᠷ ᠳᠠᠭᠤᠷᠢᠶᠠᠯ ᠪᠤᠯᠵᠦ᠂ ᠤᠬᠠᠭᠤᠯᠬᠤ ᠲᠦᠭᠡᠮᠡᠯᠵᠢᠬᠦᠯᠬᠦ ᠠᠵᠢᠯ ᠢ ᠨᠡᠷᠢᠨ ᠬᠢᠨᠠᠮᠠᠭᠠᠢ ᠦᠷᠨᠢᠬᠦᠯᠬᠦ ᠭᠡᠷᠡᠭᠲᠡᠢ︔ ᠤᠨᠤᠯ ᠢ ᠨᠡᠶᠢᠳᠡᠴᠢᠯᠡᠬᠦ ᠰᠤᠳᠤᠯᠭᠠᠨ ᠲᠠᠶᠢᠯᠤᠮᠵᠢ ᠶᠢᠨ ᠲᠠᠯ᠎ᠠ ᠪᠠᠷ ᠳᠠᠭᠤᠷᠢᠶᠠᠯ ᠪᠤᠯᠵᠦ᠂ ᠶᠡᠷᠦᠩᠭᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠡᠵᠦ ᠰᠤᠳᠤᠯᠬᠤ ᠪᠠᠷ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠭᠡ ᠪᠤᠯᠭᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠡᠭᠡ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠬᠴᠠᠯᠠᠬᠤ᠂ ᠡᠭᠡ ᠤᠯᠤᠰ ᠤᠨ ᠤᠮᠠᠷᠠᠳᠦ ᠶᠢᠨ ᠡᠨᠡ ᠬᠦ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢᠶᠠᠨ ᠰᠠᠶᠢᠳᠤᠷ ᠰᠠᠬᠢᠨ ᠬᠠᠮᠠᠭᠠᠯᠠᠬᠤ ᠳᠤ ᠬᠦᠴᠦ ᠲᠠᠢ ᠤᠨᠤᠯ ᠤᠨ ᠲᠤᠯᠭᠠᠭᠤᠷᠢᠯᠠᠯ ᠬᠠᠩᠭᠠᠬᠤ ᠭᠡᠷᠡᠭᠲᠡᠢ ᠭᠡᠪᠠ᠃      ᠬᠤᠷᠠᠯ ᠳᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠤᠨᠤᠯ ᠤᠨ ᠡᠳᠡᠭᠡᠳ ᠤᠨ ᠲᠤᠰᠬᠠᠢ ᠮᠡᠷᠭᠡᠵᠢᠯᠳᠠᠨ ᠡᠷᠳᠡᠮᠳᠡᠨ᠂  ᠬᠠᠮᠢᠶ᠎ᠠ ᠪᠦᠬᠦᠢ ᠲᠢᠩᠬᠢᠮ ᠲᠤᠪᠴᠢᠶ᠎ᠠ ᠶᠢᠨ ᠤᠳᠤᠷᠢᠳᠤᠯᠭ᠎ᠠ᠂ ᠠᠵᠤ ᠠᠬᠤᠶᠢᠯᠠᠯ ᠤᠨ ᠲᠦᠯᠦᠭᠡᠯᠡᠭᠴᠢ ᠨᠠᠷ ᠶᠡᠷᠦᠩᠭᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭᠠᠨ ᠤ ᠴᠢᠬᠤᠯᠠ ᠶᠡᠭᠡ ᠠᠴᠢ ᠬᠤᠯᠪᠤᠭᠳᠠᠯ᠂ ᠡᠯᠪᠡᠭ ᠳᠤᠳᠤᠭᠠᠳᠦ ᠠᠭᠤᠯᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠵᠢᠴᠢ ᠠᠵᠤ ᠠᠬᠤᠢ ᠶᠢᠨ ᠬᠦᠭᠵᠢᠯᠳᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠵᠡᠷᠭᠡ ᠠᠰᠠᠭᠤᠳᠠᠯ ᠤᠨ ᠲᠤᠭᠤᠷᠢᠨ ᠳᠤ ᠰᠠᠨᠠᠯ ᠢᠶᠠᠨ ᠰᠤᠯᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号