ᠮᠠ ᠰᠢᠦᠸᠠᠢ ᠵᠢᠶᠦ᠋ᠨ ᠥᠪᠡᠷᠲᠡᠭᠡᠨ ᠵᠠᠰᠠᠬᠤ ᠣᠷᠣᠨ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠎ ᠢ ᠪᠠᠭᠠᠰᠬᠠᠬᠤ ᠠᠵᠢᠯ ᠤᠨ ᠬᠠᠮᠳᠤᠷᠠᠭᠰᠠᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠠᠮᠤᠷ ᠲᠦᠪᠰᠢᠨ ᠬᠥᠭᠵᠢᠯᠲᠡ ᠶᠢᠨ ᠤᠨᠤᠯᠵᠢᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2019/4/8
     4 ᠳ᠋ᠤᠭᠡᠷ ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠬᠠᠮᠳᠤᠷᠠᠭᠰᠠᠨ ᠬᠤᠷᠠᠯ ᠬᠤᠷᠠᠯᠳᠤᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠬ ᠠᠴᠠ ᠠᠪᠤᠷᠠᠬᠤ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠤᠬᠠᠢ ᠴᠢᠬᠤᠯᠠ ᠥᠭᠦᠯᠡᠯᠳᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠬᠠᠮᠲᠤᠷᠠᠭᠰᠠᠨ ᠬᠤᠷᠠᠯ ᠤᠨ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠣᠷᠣᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠪᠦᠬᠦ ᠵᠢᠯ ᠤᠨ ᠭᠤᠤᠯᠳᠠᠯᠭ᠎ᠠ ᠲᠠᠢ ᠡᠬᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠮᠠ ᠰᠢᠦᠸᠠᠢ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠮᠠ ᠰᠢᠦᠸᠠᠢ ᠵᠢᠶᠦ᠋ᠨ ᠵᠢᠭᠠᠵᠦ ᠭᠠᠷᠭᠠᠭᠰᠠᠨ ᠨᠢ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠦᠢᠯᠡᠰ ᠪᠣᠯ ᠤᠯᠤᠰ ᠤᠨ ᠣᠯᠠᠨ ᠨᠡᠶᠢᠲᠡ ᠶᠢᠨ ᠠᠮᠤᠷ ᠲᠦᠪᠰᠢᠨ ᠤ ᠴᠢᠬᠤᠯᠠ ᠪᠦᠷᠢᠯᠳᠦᠬᠦᠨ ᠬᠡᠰᠡᠭ ᠮᠦᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠡᠷᠬᠡᠪᠰᠢ ᠤᠯᠤᠰ ᠲᠥᠷᠥ ᠶᠢᠨ ᠵᠤᠬᠰᠤᠯᠳᠠ ᠪᠠᠨ ᠴᠢᠨᠠᠬᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠬ ᠠᠴᠠ ᠠᠪᠤᠷᠠᠬᠤ ᠲᠤᠬᠠᠢ ︽ᠬᠤᠶᠠᠷ ᠢ ᠪᠠᠷᠢᠮᠳᠠᠯᠠᠬᠤ︾ ︽ᠭᠤᠷᠪᠠ ᠶᠢ ᠬᠤᠪᠢᠷᠠᠭᠤᠯᠬᠤ︾ ᠴᠢᠬᠤᠯᠠ ᠵᠢᠭᠠᠪᠤᠷᠢ ᠪᠠᠷ ᠦᠨᠳᠦᠰᠦᠨ ᠵᠢᠷᠤᠮᠯᠠᠯ ᠪᠤᠯᠭᠠᠵᠦ᠂ ᠭᠠᠵᠠᠷ ᠬᠦᠳᠡᠯᠦᠯᠳᠠ ᠠᠴᠠ ᠰᠡᠷᠭᠡᠶᠢᠯᠡᠨ ᠭᠠᠮᠰᠢᠬ ᠢ ᠪᠠᠭᠠᠰᠬᠠᠬᠤ ᠠᠵᠢᠯ ᠢ ᠰᠠᠶᠢᠳᠤᠷ ᠬᠢᠬᠦ ᠶᠢᠨ ᠲᠤᠶᠢᠯ ᠤᠨ ᠴᠢᠬᠤᠯᠠ ᠴᠢᠨᠠᠷ ᠢ ᠬᠦᠢᠴᠡᠳ ᠲᠠᠨᠢᠵᠦ᠂ ᠬᠤᠷᠢᠭ᠎ᠠ ᠱᠤᠭᠤᠮ ᠤᠨ ᠰᠡᠳᠬᠢᠬᠦᠢ᠂ ᠰᠠᠨᠠᠭᠠᠰᠢᠷᠠᠬᠤ ᠤᠬᠠᠮᠰᠠᠷ ᠪᠠ ᠬᠠᠷᠢᠭᠤᠴᠠᠯᠭᠠᠳᠦ ᠤᠬᠠᠮᠰᠠᠷ ᠢᠶᠠᠨ ᠦᠨᠡᠨ ᠬᠦ ᠴᠢᠩᠭᠠᠳᠬᠠᠵᠦ᠂ ᠭᠠᠵᠠᠷ ᠬᠦᠳᠡᠯᠦᠯᠳᠠ ᠠᠴᠠ ᠰᠡᠷᠭᠡᠶᠢᠯᠡᠨ ᠭᠠᠮᠰᠢᠬ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠬᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠭᠡᠷᠡᠭᠲᠡᠢ ᠭᠡᠪᠠ᠃      ᠮᠠ ᠰᠢᠦᠸᠠᠢ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠡᠳᠦᠷ ᠳᠣᠳᠣᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ︽ᠭᠠᠵᠠᠷ ᠬᠦᠳᠡᠯᠬᠦ ᠦᠭᠡᠢ ᠴᠦ ᠭᠡᠰᠡᠨ ᠪᠡᠯᠡᠳᠭᠡᠯ ᠲᠠᠢ ᠪᠡᠶᠢᠬᠤ ᠠᠴᠠ ᠪᠢᠰᠢ ᠭᠠᠵᠠᠷ ᠬᠦᠳᠡᠯᠦᠭᠰᠡᠨ ᠪᠦᠭᠡᠲᠡᠯ᠎ᠡ ᠪᠡᠯᠡᠳᠭᠡᠯ ᠦᠭᠡᠢ ᠪᠠᠶᠢᠵᠦ ᠪᠤᠯᠬᠤ ᠦᠭᠡᠢ︾ ᠭᠡᠬᠦ ᠭᠠᠵᠠᠷ ᠬᠥᠳᠡᠯᠦᠯᠲᠡ ᠠᠴᠠ ᠰᠡᠷᠭᠡᠶᠢᠯᠡᠬᠦ ᠣᠶᠢᠯᠠᠭᠠᠭᠳᠠᠬᠤᠨ ᠢ ᠪᠠᠳᠤ ᠪᠤᠢ ᠪᠤᠯᠭᠠᠵᠦ᠂ ︽ᠲᠠᠪᠤ ᠶᠢ ᠪᠠᠶᠢᠩᠭᠤᠵᠢᠭᠤᠯᠬᠤ︾ ᠱᠠᠭᠠᠷᠳᠠᠯᠭ᠎ᠠ ᠶᠤᠰᠤᠭᠠᠷ᠂ ᠲᠤᠭᠳᠠᠴᠠ ᠶᠢ ᠡᠷᠳᠡᠭᠡᠨ ᠰᠢᠯᠤᠭᠤᠳᠬᠠᠵᠤ᠂ ᠡᠭᠦᠷᠭᠡ ᠬᠠᠷᠢᠭᠤᠴᠠᠯᠭ᠎ᠠ ᠶᠢ ᠳᠤᠳᠤᠷᠬᠠᠶᠢᠯᠠᠵᠦ᠂ ᠵᠤᠯᠭᠠᠯᠴᠠᠭ᠎ᠠ ᠶᠢ ᠴᠢᠩᠭᠠᠳᠬᠠᠵᠦ᠂ ᠨᠢᠭᠲᠠᠷᠠᠯ ᠬᠦᠴᠦᠨ ᠢ ᠪᠦᠷᠢᠯᠳᠦᠬᠦᠯᠵᠦ᠂ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠭᠡᠷᠡᠭᠲᠡᠢ᠃ ᠭᠠᠵᠠᠷ ᠬᠥᠳᠡᠯᠦᠯᠲᠡ ᠶᠢᠨ ᠪᠠᠶᠢᠳᠠᠯ ᠢ ᠰᠤᠳᠤᠯᠤᠨ ᠮᠠᠭᠠᠳᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠲᠤ ᠵᠠᠰᠠᠪᠤᠷᠢ ᠣᠷᠣᠭᠤᠯᠬᠤ ᠠᠵᠢᠯ ᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠪᠠᠴᠢᠮ ᠪᠠᠶᠢᠳᠠᠯ ᠢ ᠬᠤᠯᠪᠤᠭᠠᠯᠠᠨ ᠠᠷᠭᠠᠴᠠᠭᠠᠬᠤ᠂ ᠤᠬᠠᠭᠤᠯᠭ᠎ᠠ ᠬᠥᠮᠦᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠎ ᠶᠢᠨ ᠠᠮᠤᠷ ᠲᠦᠪᠰᠢᠨ ᠢ ᠪᠠᠲᠤᠯᠠᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠣᠷᠣᠨ ᠢ ᠴᠤᠬᠴᠠᠯᠠᠬᠤ ᠲᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号