ᠯᠢ ᠪᠢᠩ ᠷᠦᠩ ᠬᠦᠯᠤᠨ ᠪᠤᠶᠢᠷ ᠲᠤ ᠠᠵᠢᠯ ᠪᠠᠶᠢᠴᠠᠭᠠᠬᠤ ᠳᠤ ᠪᠠᠨ ᠴᠢᠬᠤᠯᠠᠴᠢᠯᠠᠬᠰᠡᠨ ᠨᠢ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠡᠯᠳᠠ ᠶᠢ ᠤᠯᠵᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠡᠯ᠎ᠡ ᠲᠥᠷᠥᠯ ᠤᠨ ᠠᠵᠢᠯ ᠢ ᠰᠠᠶᠢᠳᠤᠷ ᠬᠢᠬᠦ ᠭᠡᠷᠡᠭᠳᠠᠢ ᠭᠡᠪᠡ
ᠨᠡᠶᠢᠲᠡᠯᠡᠭᠰᠡᠨ ᠴᠠᠭ᠄
2019/4/8
     4 ᠳ᠋ᠦ᠋ᠭᠡᠷ ᠰᠠᠷ᠎ᠡ ᠶᠢᠨ 2᠎ ᠤᠨ ᠡᠳᠦᠷ ᠠᠴᠠ 4᠎ ᠤ ᠡᠳᠦᠷ ᠪᠤᠯᠳᠠᠯ᠎ᠡ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠶᠡᠭᠡ ᠬᠢᠨᠭ᠍ᠭᠠᠨ ᠲᠠᠪᠠᠭ᠎ᠠ ᠶᠢᠨ ᠭᠤᠤᠯᠳᠠᠯᠭ᠎ᠠ ᠲᠠᠢ ᠤᠷᠤᠨ ᠢᠶᠠᠷ ᠬᠦᠨᠵᠡᠭᠡᠶᠢᠷᠠᠵᠤ ᠤᠢ ᠰᠢᠭᠤᠢ ᠨᠤᠳᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠴᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠤ ᠪᠠᠶᠢᠭ᠎ᠠ ᠪᠠᠶᠢᠳᠠᠯ ᠎ ᠢ ᠵᠠᠮ ᠲᠠᠭᠠᠤ ᠪᠠᠶᠢᠴᠠᠭᠠᠨ ᠰᠤᠳᠤᠯᠪᠠ᠃      ᠯᠢ ᠪᠢᠩ ᠷᠦᠩ ᠵᠢᠭᠠᠭᠰᠠᠨ ᠨᠢ᠂ ᠤᠳᠤᠬᠠᠨ ᠳᠤ ᠶᠠᠭ ᠰᠠᠶᠢᠬᠠᠨ ᠤᠢ ᠰᠢᠭᠤᠢ ᠨᠤᠳᠤᠭ ᠪᠡᠯᠴᠢᠭᠡᠷ ᠤᠨ ᠲᠤᠶᠢᠮᠡᠷ ᠡᠬᠦᠰᠳᠡᠭ ᠬᠤᠭᠤᠴᠠᠭ᠎ᠠ ᠪᠤᠯᠤᠨ᠎ᠡ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠶᠡᠷᠤᠩᠭᠡᠢ ᠱᠦᠵᠢ ᠰᠢ ᠶᠢᠨ ᠫᠢᠩ ᠤᠨ ᠲᠤᠶᠢᠮᠠᠷ ᠰᠡᠷᠭᠡᠶᠢᠯᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠲᠤᠬᠢᠷᠠᠭᠤᠯᠤᠯᠳᠠ ᠪᠠᠶᠢᠷᠢᠯᠠᠭᠤᠯᠤᠯᠳᠠ ᠶᠢᠨ ᠶᠤᠰᠤᠭᠠᠷ᠂ ᠲᠤᠶᠢᠮᠠᠷ ᠰᠠᠷᠭᠡᠶᠢᠯᠡᠬᠦ ᠡᠨᠡ ᠬᠦ ᠰᠢᠵᠢᠮ ᠢ ᠴᠢᠩᠳᠠᠯᠠᠵᠤ᠂ ᠦᠵᠡᠯ ᠰᠠᠨᠠᠭᠠᠨ ᠤ ᠲᠠᠯ᠎ᠡ ᠪᠠᠷ᠂ ᠠᠵᠢᠯ ᠤᠨ ᠲᠠᠯ᠎ᠡ ᠪᠠᠷ ᠦᠴᠦᠭᠡᠨ ᠴᠤ ᠰᠤᠯᠠᠷᠠᠭᠤᠯᠬᠤ ᠪᠠ ᠤᠷᠬᠢᠬᠳᠠᠭᠤᠯᠬᠤ ᠦᠭᠡᠢ ᠪᠠᠶᠢᠬᠤ ᠬᠡᠷᠡᠭᠲᠡᠢ᠃ ᠲᠤᠶᠢᠮᠠᠷ ᠤᠨ ᠡᠬᠢ ᠡᠬᠦᠰᠦᠯ ᠤᠨ ᠬᠠᠮᠢᠶᠠᠷᠤᠯᠳᠠ ᠡᠵᠡᠮᠳᠠᠯ ᠪᠤᠯᠤᠨ ᠬᠢᠨᠠᠯᠳᠠ ᠪᠠᠶᠢᠴᠠᠭᠠᠯᠳᠠ ᠶᠢ ᠲᠤᠪᠤᠶᠢᠯᠭᠠᠵᠤ᠂ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠲᠤᠶᠢᠮᠠᠷ ᠤᠨ ᠭᠡᠮ ᠰᠤᠭᠤᠭ ᠢ ᠪᠦᠬᠦ ᠲᠠᠯ᠎ᠡ ᠪᠠᠷ ᠰᠢᠭᠰᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠵᠤᠷᠢᠭᠤᠳᠠ ᠲᠤᠶᠢᠮᠠᠷ ᠡᠬᠦᠰᠭᠡᠬᠦ ᠎ ᠶᠢ ᠡᠷᠡᠰ ᠴᠠᠭᠠᠵᠠᠯᠡᠵᠤ᠂ ᠲᠤᠶᠢᠮᠠᠷ ᠤᠨ ᠠᠶᠤᠯ ᠤᠨ ᠤᠯᠠᠨᠳᠠ ᠡᠬᠦᠰᠭᠦ ᠪᠠᠶᠢᠳᠠᠯ ᠢ ᠬᠤᠷᠢᠬᠯᠠᠬᠤ ᠭᠡᠷᠡᠭᠳᠠᠢ᠃ ᠲᠤᠶᠢᠮᠠᠷ ᠤᠨ ᠪᠠᠶᠢᠳᠠᠯ ᠤᠨ ᠬᠢᠨᠡᠨ ᠬᠡᠮᠵᠢᠯᠳᠠ ᠶᠢ ᠴᠢᠩᠭᠠᠳᠬᠠᠵᠤ᠂ ᠲᠤᠶᠢᠮᠠᠷ ᠤᠨᠳᠠᠷᠠᠭᠠᠬᠤ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ᠬᠦᠮᠦᠨ ᠤ ᠠᠳᠡᠯ ᠰᠢᠷᠬᠠᠳᠤᠯ ᠤᠨ ᠭᠡᠷᠡᠭ ᠡᠬᠦᠰᠬᠦ ᠶᠢ ᠴᠢᠩᠭ᠎ᠠ ᠰᠡᠷᠭᠡᠶᠢᠯᠡᠵᠤ᠂ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠤᠯᠵᠤ᠂ ᠦᠷᠭᠡᠨ ᠤᠯᠠᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠭᠡᠷᠡᠭᠳᠠᠢ ᠭᠡᠪᠠ᠃      ᠯᠢ ᠪᠢᠩ ᠷᠦᠩ ᠴᠢᠬᠤᠯᠠᠴᠢᠯᠠᠭᠰᠠᠨ ᠨᠢ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠡᠯ᠎ᠡ ᠵᠦᠢᠯ ᠤᠨ ᠠᠵᠢᠯ ᠢ ᠨᠢᠭᠡᠳᠦᠯᠳᠠᠢ ᠲᠦᠯᠦᠪᠵᠢᠬᠦᠯᠤᠨ ᠰᠠᠶᠢᠳᠤᠷ ᠬᠢᠵᠦ᠂ ᠮᠠᠯᠵᠢᠬᠤ ᠲᠠᠷᠢᠶᠠᠯᠠᠬᠤ ᠤᠷᠤᠨ ᠤ ᠵᠤᠷᠯᠤᠩ ᠢ ᠦᠭᠡᠷᠡᠴᠢᠯᠡᠨ ᠪᠠᠶᠢᠭᠤᠯᠬᠤ᠂ ᠠᠮᠢᠳᠤᠷᠠᠯ ᠤᠨ ᠪᠤᠬᠢᠷ ᠤᠰᠤ ᠬᠤᠭ ᠨᠤᠪᠰᠢ ᠶᠢ ᠰᠢᠢᠳᠪᠤᠷᠢᠯᠡᠬᠦ ᠵᠡᠷᠭᠡ ᠠᠵᠢᠯ ᠢ ᠬᠦᠴᠦᠯᠡᠨ ᠰᠠᠶᠢᠳᠤᠷ ᠠᠳᠬᠤᠵᠤ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠡᠨᠡ ᠬᠦ ᠬᠠᠳᠠᠭᠤ ᠲᠠᠶᠢᠯᠠᠯᠳᠤᠭᠠᠨ ᠢ ᠡᠷᠡᠰ ᠰᠠᠶᠢᠳᠤᠷ ᠬᠢᠬᠦ ᠭᠡᠷᠡᠭᠳᠠᠢ︔ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠡᠨ᠂ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠤ᠂ ᠶᠠᠰᠤ ᠴᠢᠨᠠᠷ ᠢᠶᠠᠷ ᠲᠡᠷᠢᠶᠠᠯᠠᠩ ᠢ ᠬᠦᠭᠵᠢᠬᠦᠯᠤᠨ ᠮᠠᠨᠳᠤᠭᠤᠯᠬᠤ᠂ ᠪᠤᠬᠢᠷᠳᠤᠯ ᠦᠭᠡᠢ ᠪᠠᠷ ᠲᠡᠷᠢᠶᠠᠯᠠᠩ ᠢ ᠬᠦᠭᠵᠢᠬᠦᠯᠤᠨ ᠮᠠᠨᠳᠤᠭᠤᠯᠵᠤ᠂ ᠲᠦᠷᠦᠯ ᠲᠡᠮᠳᠡᠭ ᠢᠶᠠᠷ ᠲᠡᠷᠢᠶᠠᠯᠠᠩ ᠢ ᠬᠦᠴᠦᠷᠭᠡᠭᠵᠢᠬᠦᠯᠬᠦ ᠶᠢ ᠠᠬᠢᠭᠤᠯᠵᠤ᠂ ᠲᠠᠷᠢᠶᠠᠴᠢᠨ ᠪᠠ ᠠᠵᠤ ᠠᠬᠤᠶᠢᠯᠡᠯ ᠤᠨ ᠠᠰᠢᠭ ᠲᠤᠰᠠ ᠶᠢᠨ ᠬᠤᠯᠪᠤᠭᠠᠨ ᠤ ᠲᠤᠬᠳᠠᠴᠠ ᠶᠢ ᠲᠠᠰᠤᠷᠠᠯᠳᠠ ᠦᠭᠡᠢ ᠪᠠᠬᠢᠵᠢᠬᠦᠯᠤᠨ ᠲᠡᠬᠦᠯᠳᠡᠷᠵᠢᠬᠦᠯᠵᠤ᠂ ᠲᠠᠷᠢᠶᠠᠯᠠᠩ ᠮᠠᠯ ᠠᠵᠤ ᠠᠬᠤᠢ ᠬᠦᠴᠦᠷᠭᠡᠭᠵᠢᠭᠰᠡᠨ᠂ ᠮᠠᠯᠵᠢᠬᠤ ᠲᠠᠷᠢᠶᠠᠯᠠᠬᠤ ᠤᠷᠤᠨ ᠭᠤᠶᠤᠵᠢᠬᠰᠡᠨ᠂ ᠮᠠᠯᠴᠢᠨ ᠲᠠᠷᠢᠶᠠᠴᠢᠨ ᠴᠢᠨᠡᠭᠡᠯᠢᠭᠵᠢᠭᠰᠡᠨ ᠤᠷᠭᠠᠨᠢᠭ ᠨᠢᠭᠡᠳᠦᠯ ᠢ ᠪᠠᠶᠠᠯᠡᠬᠦᠯᠬᠦ ᠭᠡᠷᠡᠭᠳᠠᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号