ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠲᠠᠪᠤ︶
ᠨᠡᠶᠢᠲᠡᠯᠡᠭᠰᠡᠨ ᠴᠠᠭ᠄
2019/4/8
     ᠠᠰᠠᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠪ ᠤᠨ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ︵2018 — 2020 ᠣᠨ︶ ᠤᠨ ᠭᠤᠣᠯ ᠬᠠᠷᠠᠯᠲᠠ ᠨᠢ ᠶᠠᠭᠤ ᠪᠣᠢ︖      ᠬᠠᠷᠢᠭᠤᠯᠲᠠ᠄ 2020 ᠣᠨ ᠪᠣᠯᠬᠤ ᠳᠤ᠂ ᠪᠡᠭᠡᠵᠢᠩ ᠥᠪᠥᠷ ᠮᠣᠩᠭᠤᠯ ᠬᠤᠶᠠᠷ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠭᠤᠯᠤᠨ᠂ 32.28 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠶᠢ ᠬᠠᠪᠰᠤᠷᠤᠨ ᠠᠬᠢᠭᠤᠯᠵᠤ᠂ 31 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠶᠠᠳᠠᠭᠤ ᠬᠦᠴᠢᠷᠳᠡᠯᠲᠡᠢ ᠪᠠᠶᠢᠳᠠᠯ ᠠᠴᠠ ᠮᠤᠯᠲᠤᠷᠠᠬᠤ ᠶᠢ ᠪᠡᠶᠡᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠳᠡᠭᠡᠳᠦ ᠳᠠᠪᠬᠤᠷᠭ᠎ᠠ ᠶᠢᠨ ᠬᠢᠨ ᠤ ᠰᠣᠯᠢᠯᠴᠠᠵᠤ ᠬᠠᠷᠢᠯᠴᠠᠨ ᠰᠤᠷᠪᠤᠯᠵᠢᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠤᠨ ᠲᠥᠷᠥᠯ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠭᠠᠷ ᠭᠠᠷ ᠢᠶᠠᠨ ᠬᠤᠯᠪᠣᠯᠴᠠᠨ ᠴᠢᠨᠡᠭᠡᠯᠢᠭ ᠨᠡᠶᠢᠭᠡᠮ ᠢ ᠪᠠᠶᠢᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠰᠢᠭᠤ ᠰᠢᠶᠠᠨ ᠰᠤᠮᠤ ᠰᠢᠶᠠᠩ ᠪᠠᠯᠭᠠᠰᠤ ᠭᠠᠴᠠᠭ᠎ᠠ ᠲᠣᠰᠬᠤᠨ ᠤ ᠬᠤᠣᠰᠯᠠᠨ ᠬᠤᠯᠪᠣᠭᠠᠯᠠᠬᠤ ᠬᠠᠷᠢᠴᠠᠭ᠎ᠠ ᠶᠢ ᠲᠡᠭᠦᠯᠳᠡᠷᠵᠢᠭᠦᠯᠦᠨ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠨᠢ ᠬᠥᠭᠵᠢᠯ ᠮᠠᠨᠳᠤᠯ ᠲᠠᠢ᠂ ᠠᠮᠢ ᠠᠬᠤᠢ ᠨᠢ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ᠂ ᠨᠤᠲᠤᠭ ᠤᠰᠤᠨ ᠤ ᠵᠠᠩ ᠰᠤᠷᠲᠠᠯ ᠨᠢ ᠪᠣᠯᠪᠠᠰᠤᠨ᠂ ᠵᠠᠰᠠᠯᠲᠠ ᠨᠢ ᠪᠦᠲᠦᠮᠵᠢᠲᠡᠢ᠂ ᠠᠮᠢᠳᠤᠷᠠᠯ ᠨᠢ ᠪᠠᠶᠠᠨ ᠴᠢᠨᠡᠭᠡᠯᠢᠭ ᠪᠣᠯᠬᠤ ᠶᠢ ᠠᠬᠢᠭᠤᠯᠤᠨ᠎ᠠ᠃ ᠲᠤᠬᠠᠢ ᠶᠢᠨ ᠭᠠᠵᠠᠷ ᠲᠤ ᠰᠠᠭᠤᠷᠢᠯᠠᠨ ᠶᠠᠳᠠᠭᠤ ᠠᠴᠠ ᠠᠩᠭᠢᠵᠢᠷᠠᠭᠤᠯᠬᠤ ᠶᠢ ᠳᠠᠶᠢᠴᠢᠯᠠᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ ᠦᠢᠯᠡᠳᠦᠯ ᠢᠶᠠᠷ ᠴᠢᠩᠭ᠎ᠠ ᠨᠢᠭᠡ ᠪᠦᠯᠦᠭ ᠬᠠᠮᠲᠤᠷᠠᠯᠴᠠᠬᠤ ᠵᠣᠬᠢᠶᠠᠨ ᠪᠠᠶᠢᠭᠤᠯᠤᠯᠲᠠ ᠪᠠ ᠲᠦᠷᠦᠭᠦᠯᠡᠭᠴᠢ ᠠᠵᠤ ᠠᠬᠤᠶᠢᠯᠠᠯ ᠢ ᠬᠦᠴᠦᠯᠡᠨ ᠬᠥᠮᠥᠵᠢᠭᠦᠯᠵᠦ᠂ ᠴᠢᠨᠠᠷ ᠰᠢᠯᠢᠳᠡᠭ ᠣᠷᠭᠠᠨᠢᠭ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠠᠩᠭᠠᠬᠤ ᠨᠢᠭᠡ ᠪᠦᠯᠦᠭ ᠰᠠᠭᠤᠷᠢᠨ ᠭᠠᠵᠠᠷ ᠢ ᠪᠠᠶᠢᠭᠤᠯᠤᠨ᠎ᠠ᠃ ᠰᠤᠷᠭᠠᠨ ᠬᠥᠮᠥᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠮᠥᠩᠭᠦᠨ ᠭᠦᠢᠯᠭᠡᠭᠡ᠂ ᠲᠠᠷᠢᠶᠠᠯᠠᠩ ᠮᠠᠯ ᠠᠵᠤ ᠠᠬᠤᠢ᠂ ᠨᠡᠶᠢᠭᠡᠮ ᠵᠡᠷᠭᠡ ᠬᠦᠷᠢᠶ᠎ᠡ ᠴᠠᠷᠠᠭᠠᠨ ᠤ ᠴᠢᠳᠠᠪᠤᠷᠢᠲᠠᠨ ᠤ ᠰᠣᠯᠢᠯᠴᠠᠨ ᠬᠠᠮᠲᠤᠷᠠᠯᠴᠠᠬᠤ ᠲᠠᠪᠴᠠᠩ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠡᠭᠡᠵᠢᠩ ᠬᠤᠲᠠ ᠶᠢᠨ ᠳᠡᠭᠡᠳᠦ ᠦᠵᠦᠭᠦᠷ ᠤᠨ ᠴᠢᠳᠠᠪᠤᠷᠢᠲᠠᠨ ᠤ ᠥᠪᠥᠷ ᠮᠣᠩᠭᠤᠯ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠬᠦᠷᠴᠦ ᠬᠥᠭᠵᠢᠭᠦᠯᠬᠦ᠂ ᠠᠳᠠᠯ ᠦᠢᠯᠡᠰ ᠪᠣᠰᠬᠠᠬᠤ᠂ ᠠᠰᠠᠭᠤᠨ ᠯᠠᠪᠠᠯᠬᠤ ᠦᠢᠯᠡᠴᠢᠯᠡᠭᠡ ᠬᠠᠩᠭᠠᠬᠤ ᠳᠤ ᠰᠠᠶᠢᠨ ᠰᠠᠶᠢᠬᠠᠨ ᠣᠷᠴᠢᠨ ᠠᠬᠤᠢ ᠶᠢ ᠬᠠᠩᠭᠠᠨ᠂ ᠶᠠᠳᠠᠭᠤ ᠠᠴᠠ ᠠᠩᠭᠢᠵᠢᠷᠠᠭᠤᠯᠤᠨ ᠰᠢᠪᠲᠤᠯᠤᠯᠲᠠ ᠬᠢᠬᠦ ᠰᠢᠨ᠎ᠡ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠣᠷᠣᠨ ᠪᠦᠰᠡ ᠶᠢᠨ ᠵᠣᠬᠢᠴᠠᠩᠭᠤᠢ ᠪᠠᠷ ᠬᠥᠭᠵᠢᠬᠦ ᠰᠢᠨ᠎ᠡ ᠬᠥᠳᠡᠯᠭᠡᠭᠴᠢ ᠴᠢᠳᠠᠪᠤᠷᠢ ᠶᠢ ᠪᠦᠷᠢᠯᠳᠦᠭᠦᠯᠦᠨ᠂ ︽ᠣᠶᠣᠨ ᠢ ᠨᠢ ᠲᠡᠳᠬᠦᠨ ᠵᠣᠷᠢᠭ ᠰᠠᠨᠠᠭ᠎ᠠ ᠶᠢ ᠨᠢ ᠲᠡᠳᠬᠦᠬᠦ︾ ᠰᠢᠨ᠎ᠡ ᠲᠤᠯᠭᠠᠭᠤᠷᠢᠯᠠᠯ ᠴᠡᠭ ᠢ ᠪᠠᠶᠢᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ