ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 4 | ᠳ᠋ᠦ᠋ᠭᠡᠷ ᠰᠠᠷ᠎ᠠ ᠶᠢᠨ 5 ᠤ ᠡᠳᠤᠷ ᠠᠴᠠ 7 ᠤ ᠡᠳᠦᠷ ᠪᠣᠯᠲᠠᠯᠠᠬᠢ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ | ᠮᠠᠨ ᠤ ᠣᠷᠣᠨ ᠤ ᠬᠦᠯᠢᠶᠠᠨ ᠠᠪᠤᠭᠰᠠᠨ ᠵᠢᠭᠤᠯᠴᠢᠯᠠᠭᠴᠢ ᠶᠢᠨ ᠲᠤᠭ᠎ᠠ 408.34 ᠲᠦᠮᠡᠨ ᠬᠥᠮᠦᠨ ᠤᠳᠠᠭ᠎ᠠ ᠳᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 9.37% ᠪᠠᠷ ᠨᠡᠮᠡᠭᠳᠡᠭᠰᠡᠨ ᠪᠠᠶᠢᠨ᠎ᠠ︔ ᠵᠢᠭᠤᠯᠴᠢᠯᠠᠯ | ᠤᠨ ᠣᠷᠣᠯᠭ᠎ᠠ 207149.11 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ | ᠤ ᠬᠢ ᠠᠴᠠ 13.03% ᠪᠠᠷ ᠨᠡᠮᠡᠭᠳᠡᠭᠰᠡᠨ ᠪᠠᠶᠢᠨ᠎ᠠ᠃ ᠵᠢᠭᠤᠯᠴᠢᠯᠠᠭᠴᠢᠳ ᠲᠥᠷᠥᠯ ᠰᠠᠳᠤᠨ ᠢᠶᠠᠨ ᠡᠷᠭᠢᠨ | ᠦᠵᠡᠬᠦ᠂ ᠬᠡᠭᠦᠷ ᠣᠩᠭᠤᠨ ᠳᠤ ᠰᠢᠷᠤᠢ ᠨᠡᠮᠡᠬᠦ᠂ ᠬᠠᠪᠤᠷ ᠤᠨ ᠵᠢᠭᠤᠯᠴᠢᠯᠠᠯ ᠵᠡᠷᠭᠡ ᠪᠠᠷ ᠭᠤᠣᠯ ᠪᠣᠯᠭᠠᠵᠤ᠂ ᠪᠥᠬᠦ | ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠲᠣᠭᠲᠠᠭᠤᠨ ᠪᠠᠶᠢᠳᠠᠯ ᠢᠯᠡᠷᠡᠵᠦ᠂ ᠣᠨᠴᠠ ᠶᠡᠭᠡ ᠵᠢᠭᠤᠯᠴᠢᠯᠠᠯ | ᠤᠨ ᠵᠠᠭᠠᠯᠳᠤᠯᠭ᠎ᠠ ᠪᠠ ᠠᠮᠤᠷ ᠲᠦᠪᠰᠢᠨ ᠤ ᠬᠡᠷᠡᠭ ᠭᠠᠷᠤᠭᠰᠠᠨ ᠦᠭᠡᠢ᠃ | ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠂ ᠬᠤᠪᠢᠰᠬᠠᠯ ᠤᠨ ᠪᠠᠭᠠᠲᠤᠷᠴᠤᠳ ᠲᠠᠭᠠᠨ ᠬᠦᠨᠳᠦᠳᠬᠡᠯ | ᠳᠡᠪᠰᠢᠭᠦᠯᠬᠦ ᠵᠡᠷᠭᠡ ᠤᠯᠤᠰ ᠢᠶᠠᠨ ᠬᠠᠶᠢᠷᠠᠯᠠᠬᠤ ᠬᠥᠮᠦᠵᠢᠯ ᠢᠶᠠᠷ ᠭᠤᠣᠯ ᠪᠣᠯᠭᠠᠭᠰᠠᠨ ᠬᠤᠪᠢᠰᠬᠠᠯᠲᠤ | ᠵᠢᠭᠤᠯᠴᠢᠯᠠᠯ ᠨᠢ ᠵᠢᠭᠤᠯᠴᠢᠯᠠᠭᠴᠢᠳ ᠤᠨ ᠬᠦᠷᠢᠶᠡᠯᠡᠯ ᠢ ᠣᠯᠤᠭᠰᠠᠨ ᠪᠠᠶᠢᠨ᠎ᠠ︔ ᠣᠷᠴᠢᠨ ᠲᠣᠭᠤᠷᠢᠨ | ᠦᠷᠭᠦᠯᠵᠢᠯᠡᠨ ᠰᠠᠶᠢᠵᠢᠷᠠᠭᠰᠠᠨ ᠪᠠ ᠠᠭᠤᠷ ᠠᠮᠢᠰᠬᠤᠯ ᠤᠨ ᠳᠤᠯᠠᠭᠠᠷᠠᠬᠤ ᠶᠢ ᠳᠠᠭᠠᠯᠳᠤᠨ᠂ ᠪᠠᠶᠢᠭᠠᠯᠢ ᠶᠢᠨ | ᠦᠵᠡᠮᠵᠢ ᠶᠢ ᠲᠤᠭᠤᠷᠢᠨ ᠰᠣᠨᠢᠷᠬᠠᠬᠤ ᠬᠦᠮᠦᠰ ᠶᠡᠭᠡ ᠪᠠᠷ ᠨᠡᠮᠡᠭᠳᠡᠭᠰᠡᠨ ᠪᠠᠶᠢᠨ᠎ᠠ︔ ᠵᠢᠭᠤᠯᠴᠢᠯᠡᠨ ᠰᠡᠯᠡᠭᠦᠴᠡᠬᠦ ᠪᠠᠷ | ᠭᠤᠣᠯ ᠪᠣᠯᠭᠠᠭᠰᠠᠨ ᠣᠶᠢᠷ᠎ᠠ ᠬᠠᠪᠢ ᠶᠢᠨ ᠵᠢᠭᠤᠯᠴᠢᠯᠠᠯ᠂ ᠬᠤᠲᠠ ᠶᠢᠨ ᠲᠡᠭᠦᠷᠭᠡ ᠶᠢᠨ ᠵᠢᠭᠤᠯᠴᠢᠯᠠᠯ ᠨᠢ ᠭᠤᠣᠯ | ᠤᠷᠤᠰᠬᠠᠯ ᠪᠣᠯᠵᠦ᠂ ᠣᠯᠠᠩᠬᠢ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠤᠭ᠎ᠠ ᠰᠡᠯᠡᠭᠦᠴᠡᠯ ᠤᠨ | ᠮᠠᠯ ᠠᠵᠤ ᠠᠬᠤᠢ ᠲᠠᠷᠢᠶᠠᠯᠠᠩ ᠤᠨ ᠦᠢᠯᠡᠰ ᠤᠨ ᠵᠢᠱᠢᠶ᠎ᠡ ᠦᠵᠡᠭᠦᠯᠬᠦ ᠴᠡᠭ ᠨᠢ ᠬᠥᠳᠡᠭᠡ ᠲᠣᠰᠬᠤᠨ ᠤ | ᠵᠢᠭᠤᠯᠴᠢᠯᠠᠯ᠂ ᠮᠠᠯᠴᠢᠨ ᠲᠠᠷᠢᠶᠠᠴᠢᠨ ᠵᠢᠭᠠᠰᠤᠴᠢᠨ ᠠᠶᠢᠯ ᠤᠨ ᠵᠢᠭᠤᠴᠢᠯᠠᠯ ᠢ ᠳᠠᠶᠢᠴᠢᠯᠠᠨ᠂ ᠲᠣᠭᠤᠷᠢᠨ ᠦᠵᠡᠬᠦ᠂ | ᠵᠢᠭᠤᠯᠴᠢᠯᠡᠨ ᠰᠡᠯᠡᠭᠦᠴᠡᠬᠦ᠂ ᠠᠮᠠᠷᠠᠨ ᠰᠡᠯᠡᠭᠦᠴᠡᠬᠦ ᠶᠢ ᠨᠢᠭᠡ ᠴᠣᠭᠴᠠᠵᠢᠭᠤᠯᠤᠭᠰᠠᠨ ᠰᠣᠳᠣᠨ ᠵᠢᠭᠤᠯᠴᠢᠯᠠᠯ ᠤᠨ ᠵᠠᠮ | ᠱᠤᠭᠤᠮ ᠢ ᠪᠦᠷᠢᠯᠳᠦᠭᠦᠯᠦᠭᠰᠡᠨ ᠪᠠᠶᠢᠨ᠎ᠠ᠃ |