| | | | | ᠰᠤᠷᠪᠤᠯᠵᠢᠯᠠᠭᠰᠠᠨ ᠴᠠᠭ᠄ 2019 ᠣᠨ ᠤ 02 ᠳ᠋ᠤᠭᠠᠷ ᠰᠠᠷ᠎ᠠ ᠶᠢᠨ 19 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ | ᠡᠾᠧ ᠢᠦᠢ ᠴᠦᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ | ᠡᠷᠬᠢᠯᠡᠭᠴᠢ ᠡᠾᠧ ᠢᠦᠢ ᠴᠦᠨ ᠢ ᠤᠷᠢᠵᠤ᠂ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠷᠢ ᠥᠭᠴᠡᠭᠡ ᠶᠢ ᠪᠠᠭᠤᠷᠠᠭᠤᠯᠤᠨ᠂ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ | ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠪᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ | ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ | ᠭᠡᠰᠢᠭᠦᠨ᠂ ᠳᠡᠳ᠋ ᠡᠷᠬᠢᠯᠡᠭᠴᠢ ᠡᠾᠧ ᠢᠦᠢ ᠴᠦᠨ ᠢ ᠤᠷᠢᠵᠤ᠂ ᠮᠠᠨ ᠤ ᠣᠷᠣᠨ ᠤ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠤᠨ᠂ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠬᠠᠮᠢᠶ᠎ᠠ | ᠪᠦᠬᠦᠢ ᠪᠠᠶᠢᠳᠠᠯ ᠤᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠡᠾᠧ | ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠡᠾᠧ ᠢᠦᠢ ᠴᠦᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠣᠯᠠᠨ ᠲᠠᠢ ᠰᠠᠨᠠᠯ | ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠡᠮᠦᠨ᠎ᠡ ᠠᠴᠠ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠢᠮᠠᠭᠲᠠ ᠬᠠᠷᠠᠭᠠᠯᠵᠠᠨ᠂ | ᠣᠷᠣᠯᠴᠠᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ ᠰᠡᠳᠬᠢᠯ ᠤᠨ ᠪᠠᠶᠠᠷ | ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠬᠥᠲᠥᠯᠥᠭᠴᠢ᠄ | ᠡᠩ ᠲᠡᠷᠢᠭᠦᠨ ᠳᠤ ᠲᠠ ᠣᠳᠣᠬᠠᠨ ᠤ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠴᠡᠭᠡᠨ ᠤ ᠶᠠᠪᠤᠳᠠᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠡᠾᠧ ᠢᠦᠢ ᠴᠦᠨ᠄ | ᠲᠡᠭᠡᠶ᠎ᠡ᠃ 2017 ᠣᠨ ᠤ ᠰᠡᠭᠦᠯᠴᠢ ᠪᠠᠷ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠨᠢ 59%᠂ ᠣᠷᠣᠨ ᠤ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠨᠢ 74.2%᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ | ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠨᠢ 71.3% ᠳᠤ ᠬᠦᠷᠴᠦ᠂ | ᠣᠨᠴᠠ ᠵᠠᠷᠢᠮ ᠠᠵᠤ ᠠᠬᠤᠶᠢᠯᠠᠯ ᠤᠨ ᠥᠷᠢ ᠥᠭᠴᠡᠭᠡ ᠨᠢ ᠬᠠᠷᠢᠴᠠᠩᠭᠤᠢ ᠠᠷᠪᠢᠨ᠂ ᠥᠷᠢ ᠥᠭᠴᠡᠭᠡᠨ ᠤ ᠨᠣᠷᠮ᠎ᠠ | ᠨᠢ ᠨᠡᠯᠢᠶᠡᠳ ᠥᠨᠳᠥᠷ ᠪᠠᠶᠢᠵᠤ᠂ ᠡᠵᠡᠩᠨᠡᠯᠲᠡ ᠶᠢᠨ ᠲᠦᠭᠰᠢᠭᠦᠷᠢ ᠣᠷᠣᠰᠢᠵᠤ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠨᠢ ᠬᠠᠲᠠᠭᠤ ᠪᠡᠷᠬᠡᠲᠡᠢ | ᠪᠠᠶᠢᠨ᠎ᠠ᠃ | ᠬᠥᠲᠥᠯᠥᠭᠴᠢ᠄ | ᠲᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠠᠰᠠᠭᠤᠳᠠᠯ ᠳᠤ | ᠶᠠᠭᠠᠬᠢᠵᠤ ᠬᠠᠨᠳᠤᠵᠤ ᠪᠠᠶᠢᠬᠤ ᠪᠣᠢ︖ | ᠡᠾᠧ ᠢᠦᠢ ᠴᠦᠨ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠳᠤ ᠪᠠᠨ᠂ 2018 ᠣᠨ ᠳᠤ ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ᠂ ᠲᠤᠶᠢᠯ ᠤᠨ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ | ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠲᠤᠷ ᠬᠢᠵᠦ᠂ ᠣᠨᠴᠠᠭᠠᠶᠢᠯᠠᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠵᠡᠷᠭᠡ ᠲᠠᠯ᠎ᠠ ᠶᠢᠨ ᠲᠦᠭᠰᠢᠭᠦᠷᠢ ᠶᠢ ᠨᠢᠭᠲᠠ | ᠠᠩᠬᠠᠷᠬᠤ ᠬᠡᠷᠡᠭᠲᠡᠢ ᠭᠡᠵᠦ ᠲᠣᠳᠣᠷᠬᠠᠢ ᠳᠤᠷᠠᠳᠤᠨ ᠭᠠᠷᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠴᠡᠭᠡᠨ ᠤ ᠶᠠᠪᠤᠳᠠᠯ ᠤᠨ ᠪᠦᠷᠢᠯᠳᠦᠭᠰᠡᠨ ᠰᠢᠯᠲᠠᠭᠠᠨ ᠨᠢ ᠨᠡᠯᠢᠶᠡᠳ ᠪᠤᠳᠤᠯᠢᠶᠠᠨᠲᠠᠢ ᠪᠠᠶᠢᠳᠠᠭ᠂ ᠡᠭᠦᠨ ᠳᠤ | ᠲᠡᠦᠬᠡ ᠶᠢᠨ ᠬᠦᠴᠦᠨ ᠵᠦᠢᠯ ᠪᠠᠶᠢᠬᠤ ᠪᠠᠷ ᠪᠠᠷᠠᠬᠤ ᠦᠭᠡᠢ᠂ ᠦᠨᠡᠨ ᠪᠣᠳᠠᠲᠠᠢ ᠬᠦᠴᠦᠨ ᠵᠦᠢᠯ ᠪᠠᠶᠢᠳᠠᠭ︔ ᠵᠠᠬ᠎ᠠ | ᠳᠡᠯᠭᠡᠭᠦᠷ ᠤᠨ ᠰᠢᠯᠲᠠᠭᠠᠨ ᠪᠠᠶᠢᠬᠤ ᠪᠠᠷ ᠪᠠᠷᠠᠬᠤ ᠦᠭᠡᠢ᠂ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠶᠢᠨ ᠰᠢᠯᠲᠠᠭᠠᠨ | ᠴᠤ ᠪᠠᠶᠢᠳᠠᠭ᠃ ᠲᠡᠷᠡ ᠨᠢ ᠴᠣᠬᠤᠮ ᠶᠠᠭᠠᠬᠢᠵᠤ ᠪᠦᠷᠢᠯᠳᠦᠭᠰᠡᠨ ᠴᠤ᠂ ᠡᠷᠬᠡᠪᠰᠢ ᠦᠨᠡᠨ ᠪᠣᠳᠠᠲᠠᠢ ᠪᠠᠷ | ᠰᠢᠢᠳᠪᠦᠷᠢᠯᠡᠵᠦ᠂ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠷᠡᠰ ᠰᠡᠷᠭᠡᠶᠢᠯᠡᠬᠦ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ | ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢ | ᠳᠠᠪᠰᠢᠭᠤᠯᠬᠤ ᠠᠵᠢᠯ ᠤᠨ ᠦᠨᠳᠦᠰᠦᠨ ᠬᠥᠭ ᠢ ᠪᠠᠷᠢᠮᠲᠠᠯᠠᠨ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠪᠠ ᠤᠯᠤᠰ ᠤᠨ ᠥᠮᠴᠢᠯᠡᠯᠲᠦ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠪᠦᠬᠦ ᠬᠦᠴᠦᠨ ᠢᠶᠠᠷ | ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠲᠦᠭᠰᠢᠭᠦᠷᠢ ᠶᠢ ᠰᠡᠷᠭᠡᠶᠢᠯᠡᠨ ᠬᠢᠵᠠᠭᠠᠷᠯᠠᠬᠤ ᠠᠵᠢᠯ ᠢ | ᠬᠦᠴᠦᠯᠡᠨ ᠠᠳᠬᠤᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠢᠭᠡᠳ ᠠᠮᠢᠵᠢᠷᠠᠯ ᠤᠨ ᠬᠦᠴᠦᠨ ᠢ | ᠴᠢᠩᠭᠠᠷᠠᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠪᠣᠯᠭᠠᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠶᠢᠴᠢᠯᠠᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ | ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠠᠬᠤᠢ ᠶᠢᠨ | ᠦᠷ᠎ᠡ ᠠᠰᠢᠭ ᠤᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠪᠠ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ ᠶᠢ ᠬᠠᠪᠰᠤᠷᠤᠨ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠪᠠᠲᠤ ᠴᠢᠩᠭ᠎ᠠ | ᠰᠠᠭᠤᠷᠢ ᠶᠢ ᠲᠠᠯᠪᠢᠨ᠎ᠠ᠃ | ᠬᠥᠲᠥᠯᠥᠭᠴᠢ᠄ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠰᠡᠷᠭᠡᠶᠢᠯᠡᠬᠦ | ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠡᠾᠧ ᠢᠦᠢ ᠴᠦᠨ᠄ | ᠪᠢᠳᠡ ᠡᠨᠡ ᠵᠢᠯ ᠭᠤᠣᠯᠳᠠᠭᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢ | ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠬᠤᠪᠢᠶᠠᠨ ᠬᠠᠮᠢᠶᠠᠷᠴᠤ ᠡᠵᠡᠮᠳᠡᠬᠦ ᠪᠠ | ᠰᠢᠯᠭᠠᠨ ᠬᠢᠨᠠᠵᠤ ᠬᠢᠵᠠᠭᠠᠷᠯᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠯᠲᠠ | ᠬᠠᠮᠢᠶᠠᠷᠤᠯᠲᠠ ᠪᠠᠨ ᠴᠢᠩᠭᠠᠷᠠᠭᠤᠯᠪᠠ︔ ᠡᠭᠦᠨ ᠤ ᠬᠠᠮᠲᠤ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠵᠢᠬᠤ ᠵᠡᠷᠭᠡ | ᠠᠷᠭ᠎ᠠ ᠬᠡᠯᠪᠡᠷᠢ ᠪᠠᠷ ᠨᠡᠶᠢᠯᠡᠭᠦᠯᠦᠨ ᠨᠢᠭᠡᠳᠬᠡᠵᠦ ᠳᠠᠬᠢᠨ ᠪᠠᠶᠢᠭᠤᠯᠬᠤ ᠶᠢ ᠠᠬᠢᠭᠤᠯᠤᠨ᠂ ᠣᠳᠣ ᠦᠶ᠎ᠡ ᠶᠢᠨ ᠠᠵᠤ | ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠥᠪᠡᠷ ᠢ ᠪᠠᠨ ᠬᠢᠵᠠᠭᠠᠷᠯᠠᠬᠤ ᠶᠢ ᠴᠢᠩᠭᠠᠷᠠᠭᠤᠯᠬᠤ᠂ | ᠥᠭᠴᠡᠭᠡᠨ ᠤ ᠶᠠᠪᠤᠳᠠᠯ ᠤᠨ ᠪᠦᠲᠦᠴᠡ ᠶᠢ ᠰᠢᠯᠢᠳᠡᠭᠵᠢᠭᠦᠯᠬᠦ᠂ ᠣᠯᠠᠨ ᠠᠷᠭ᠎ᠠ ᠵᠠᠮ ᠢᠶᠠᠷ ᠡᠷᠬᠡ ᠠᠰᠢᠭ ᠡᠳ᠋ | ᠬᠥᠷᠥᠩᠭᠡ ᠶᠢ ᠨᠥᠬᠦᠪᠦᠷᠢᠯᠡᠬᠦ ᠵᠢᠴᠢ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠵᠡᠷᠭᠡ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠥᠰᠢᠭᠦᠷᠭᠡ ᠶᠢᠨ ᠨᠣᠷᠮ᠎ᠠ ᠶᠢ ᠢᠳᠡᠪᠬᠢᠲᠡᠢ ᠪᠥᠭᠡᠳ | ᠲᠣᠭᠲᠠᠭᠤᠨ ᠢᠶᠠᠷ ᠳᠣᠷᠣᠭᠰᠢᠯᠠᠭᠤᠯᠵᠤ᠂ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠡᠢ᠃ | ᠬᠥᠲᠥᠯᠥᠭᠴᠢ᠄ | ᠪᠣᠳᠠᠲᠠᠢ ᠪᠠᠷ ᠴᠣᠬᠤᠮ ᠶᠠᠭᠠᠬᠢᠵᠤ ᠬᠢᠭᠰᠡᠨ ᠢ ᠲᠠᠨᠢᠯᠴᠠᠭᠤᠯᠤᠭᠠᠳ ᠥᠭᠭᠦᠨ᠎ᠡ ᠦᠦ︖ | ᠡᠾᠧ ᠢᠦᠢ ᠴᠦᠨ᠄ | ᠨᠢᠭᠡ ᠳᠤ᠂ ᠬᠥᠰᠢᠭᠦᠷᠭᠡ ᠶᠢ ᠳᠣᠷᠣᠭᠰᠢᠯᠠᠭᠤᠯᠬᠤ ᠠᠵᠢᠯ ᠤᠨ ᠬᠠᠷᠠᠯᠲᠠ ᠶᠢ ᠲᠣᠭᠲᠠᠭᠠᠪᠠ᠃ 2017 | ᠣᠨ ᠤ ᠰᠡᠭᠦᠯᠴᠢ ᠶᠢᠨ ᠬᠥᠷᠥᠩᠭᠡ ᠥᠷᠢ ᠶᠢᠨ ᠨᠣᠷᠮ᠎ᠠ ᠪᠠᠷ ᠰᠠᠭᠤᠷᠢ ᠲᠤᠭ᠎ᠠ ᠪᠣᠯᠭᠠᠨ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ 2020 ᠣᠨ ᠤ ᠰᠡᠭᠦᠯᠴᠢ ᠪᠣᠯᠲᠠᠯ᠎ᠠ᠂ ᠬᠥᠷᠥᠩᠭᠡ | ᠥᠷᠢ ᠶᠢᠨ ᠨᠣᠷᠮ᠎ᠠ ᠶᠢᠨ ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠱᠤᠭᠤᠮ ᠢ ᠬᠡᠲᠦᠷᠡᠭᠰᠡᠨ ᠢ ᠨᠢ ᠭᠤᠣᠯᠳᠠᠯᠭ᠎ᠠ | ᠲᠠᠢ ᠪᠠᠷ ᠬᠢᠨᠠᠨ ᠡᠵᠡᠮᠳᠡᠬᠦ ᠱᠤᠭᠤᠮ ᠤᠨ ᠳᠣᠲᠣᠷ᠎ᠠ ᠪᠠᠶᠢᠯᠭᠠᠬᠤ ᠪᠣᠯᠲᠠᠯ᠎ᠠ ᠪᠠᠭᠤᠷᠠᠭᠤᠯᠬᠤ ᠶᠢ ᠠᠬᠢᠭᠤᠯᠤᠨ᠎ᠠ︔ | ᠬᠥᠷᠥᠩᠭᠡ ᠥᠷᠢ ᠶᠢᠨ ᠨᠣᠷᠮ᠎ᠠ ᠶᠢᠨ ᠰᠡᠷᠡᠮᠵᠢᠯᠡᠭᠦᠯᠬᠦ ᠱᠤᠭᠤᠮ ᠢ ᠬᠡᠲᠦᠷᠡᠭᠰᠡᠨ ᠢ ᠨᠢ ᠰᠡᠷᠡᠮᠵᠢᠯᠡᠭᠦᠯᠬᠦ ᠱᠤᠭᠤᠮ ᠤᠨ | ᠳᠣᠲᠣᠷ᠎ᠠ ᠪᠠᠶᠢᠯᠭᠠᠬᠤ ᠪᠣᠯᠲᠠᠯ᠎ᠠ ᠪᠠᠭᠤᠷᠠᠭᠤᠯᠵᠤ᠂ ᠪᠦᠬᠦ ᠣᠷᠣᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠶᠢ 2020 ᠣᠨ ᠤ ᠰᠡᠭᠦᠯᠴᠢ ᠪᠣᠯᠲᠠᠯ᠎ᠠ 2017 | ᠣᠨ ᠤ ᠰᠡᠭᠦᠯᠴᠢ ᠶᠢᠨ ᠬᠢ ᠠᠴᠠ 2 ᠵᠠᠭᠤᠨ ᠤ ᠴᠡᠭ ᠣᠷᠴᠢᠮ ᠪᠠᠭᠤᠷᠠᠭᠤᠯᠤᠨ᠂ ᠳᠠᠷᠠᠭ᠎ᠠ ᠳᠤ ᠨᠢ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠶᠢ ᠢᠵᠢᠯᠢ ᠠᠵᠢᠯ ᠲᠥᠷᠥᠯ ᠤᠨ ᠢᠵᠢᠯᠢ | ᠬᠡᠪᠴᠢᠶᠡᠨ ᠤ ᠠᠵᠤ ᠠᠬᠤᠶᠢᠯᠠᠯ ᠤᠨ ᠳᠤᠮᠳᠠᠴᠢ ᠬᠢᠷᠢ ᠲᠦᠪᠰᠢᠨ ᠳᠤ ᠪᠠᠶᠢᠯᠭᠠᠬᠤ ᠶᠢ ᠦᠨᠳᠦᠰᠦᠨ ᠳᠤ ᠪᠠᠨ | ᠪᠠᠲᠤᠯᠠᠨ᠎ᠠ᠃ ᠬᠤᠶᠠᠷ ᠲᠤ᠂ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠬᠢᠨᠠᠨ ᠬᠠᠮᠢᠶᠠᠷᠬᠤ ᠡᠯ᠎ᠡ ᠠᠵᠤ ᠠᠬᠤᠶᠢᠯᠠᠯ ᠠᠴᠠ ᠠᠵᠤ | ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠨ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠭᠦᠢᠴᠡᠳᠬᠡᠬᠦ ᠪᠠ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢ ᠭᠦᠢᠴᠡᠳᠬᠡᠵᠦ᠂ | ᠲᠦᠭᠰᠢᠭᠦᠷᠢ ᠶᠢ ᠥᠪᠡᠷ ᠢᠶᠠᠨ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠠᠵᠢᠯ ᠲᠥᠷᠥᠯ ᠤᠨ ᠬᠢᠨ ᠤ | ᠳᠤᠮᠳᠠᠴᠢ ᠬᠢᠷᠢ ᠲᠦᠪᠰᠢᠨ ᠲᠠᠢ ᠬᠠᠷᠢᠴᠠᠭᠤᠯᠵᠤ᠂ ᠬᠠᠷᠢᠶᠠᠲᠤ ᠳᠠᠭᠠᠯᠲᠠ ᠠᠵᠤ ᠠᠬᠤᠶᠢᠯᠠᠯ ᠬᠤᠪᠢᠶᠠᠷᠢ ᠠᠵᠢᠯ | ᠲᠥᠷᠥᠯ ᠤᠨ ᠬᠥᠷᠥᠩᠭᠡ ᠥᠷᠢ ᠶᠢᠨ ᠨᠣᠷᠮ᠎ᠠ ᠶᠢᠨ ᠰᠡᠷᠡᠮᠵᠢᠯᠡᠭᠦᠯᠬᠦ ᠱᠤᠭᠤᠮ ᠤᠨ ᠬᠠᠮᠢᠶᠠᠷᠤᠨ ᠡᠵᠡᠮᠳᠡᠬᠦ ᠳᠦᠷᠢᠮ ᠢ | ᠪᠠᠶᠢᠭᠤᠯᠵᠤ᠂ ᠤᠯᠤᠰ ᠤᠨ ᠥᠮᠴᠢᠯᠡᠯᠲᠦ ᠠᠵᠣ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠬᠠᠷᠢᠶᠠᠲᠤ ᠳᠠᠭᠠᠯᠲᠠ | ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠢ ᠴᠢᠩᠭᠠᠳᠬᠠᠵᠤ᠂ ᠡᠯ᠎ᠡ ᠠᠵᠤ ᠠᠬᠤᠶᠢᠯᠠᠯ ᠤᠨ | ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠣᠭᠲᠠᠭᠠᠨ᠂ | ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ ᠠᠵᠤ | ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠠᠵᠢᠯ ᠤᠨ ᠲᠥᠰᠥᠯ ᠪᠠ ᠪᠣᠳᠠᠲᠠᠢ ᠪᠡᠯᠡᠳᠬᠡᠯ | ᠲᠥᠰᠥᠯ ᠢ ᠲᠣᠭᠲᠠᠭᠠᠬᠤ ᠬᠡᠷᠡᠭᠲᠡᠢ᠃ ᠭᠤᠷᠪᠠ ᠳᠤ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ᠂ ᠲᠥᠷᠥᠯ | ᠬᠤᠪᠢᠶᠠᠨ ᠬᠠᠮᠢᠶᠠᠷᠤᠨ ᠡᠵᠡᠮᠳᠡᠪᠡ᠃ ᠬᠢᠨᠠᠨ ᠬᠠᠮᠢᠶᠠᠷᠬᠤ ᠠᠵᠤ ᠠᠬᠤᠶᠢᠯᠠᠯ ᠢ ᠵᠢᠯᠣᠭᠤᠳᠤᠨ ᠥᠭᠴᠡᠭᠡᠨ ᠤ | ᠶᠠᠪᠤᠳᠠᠯ ᠤᠨ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠣᠭᠲᠠᠭᠠᠵᠤ᠂ ᠡᠯ᠎ᠡ ᠠᠵᠤ | ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠪᠠᠷᠢᠮᠵᠢᠶ᠎ᠠ ᠶᠢ ᠲᠣᠭᠲᠠᠭᠠᠨ᠂ ᠬᠥᠷᠥᠩᠭᠡ ᠥᠷᠢ ᠶᠢᠨ | ᠨᠣᠷᠮ᠎ᠠ ᠨᠢ ᠨᠡᠯᠢᠶᠡᠳ ᠥᠨᠳᠥᠷ ᠠᠵᠤ ᠠᠬᠤᠶᠢᠯᠠᠯ ᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠥᠭᠴᠡᠭᠡᠨ ᠤ ᠶᠠᠪᠤᠳᠠᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ | ᠥᠭᠴᠡᠭᠡᠨ ᠤ ᠶᠠᠪᠤᠳᠠᠯ ᠤᠨ ᠲᠦᠭᠰᠢᠭᠦᠷᠢ ᠨᠢ ᠮᠠᠰᠢ ᠥᠨᠳᠥᠷ ᠠᠵᠤ ᠠᠬᠤᠶᠢᠯᠠᠯ ᠳᠤ ᠬᠥᠷᠥᠩᠭᠡ ᠥᠷᠢ ᠶᠢᠨ ᠨᠣᠷᠮ᠎ᠠ | ᠪᠠ ᠥᠷᠢ ᠥᠭᠴᠡᠭᠡᠨ ᠤ ᠶᠡᠷᠦᠩᠬᠡᠢ ᠲᠣᠭᠠᠨ ᠤ ᠳᠠᠪᠬᠤᠷ ᠬᠠᠮᠢᠶᠠᠷᠤᠯᠲᠠ ᠡᠵᠡᠮᠳᠡᠯ ᠶᠠᠪᠤᠭᠤᠯᠵᠤ᠂ ᠭᠤᠣᠯᠳᠠᠯᠭ᠎ᠠ | ᠲᠠᠢ ᠪᠠᠷ ᠬᠠᠮᠢᠶᠠᠷᠤᠨ ᠡᠵᠡᠮᠳᠡᠬᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠡᠭᠦᠷᠭᠡ ᠶᠢ ᠣᠨ ᠤ | ᠡᠵᠡᠩᠨᠡᠯᠲᠡ ᠶᠢᠨ ᠦᠢᠯᠡᠰ ᠤᠨ ᠠᠵᠢᠯ ᠤᠨ ᠦᠷ᠎ᠡ ᠪᠦᠲᠦᠮᠵᠢ ᠶᠢᠨ ᠰᠢᠯᠭᠠᠯᠲᠠ ᠬᠢᠨᠠᠯᠲᠠ ᠳᠤ ᠣᠷᠣᠭᠤᠯᠤᠨ᠂ | ᠬᠥᠰᠢᠭᠦᠷᠭᠡ ᠶᠢ ᠳᠣᠷᠣᠭᠰᠢᠯᠠᠭᠤᠯᠤᠨ ᠥᠷᠢ ᠥᠭᠴᠡᠭᠡ ᠪᠠᠨ ᠪᠠᠭᠤᠷᠠᠭᠤᠯᠤᠭᠰᠠᠨ ᠦᠷ᠎ᠡ ᠪᠦᠲᠦᠮᠵᠢ ᠪᠠᠷ ᠠᠵᠤ | ᠠᠬᠤᠶᠢᠯᠠᠯ ᠢ ᠰᠢᠯᠭᠠᠨ ᠬᠢᠨᠠᠬᠤ ᠪᠠ ᠦᠨᠡᠯᠡᠯᠲᠡ ᠬᠢᠬᠦ ᠴᠢᠬᠤᠯᠠ ᠠᠭᠤᠯᠭ᠎ᠠ ᠪᠣᠯᠭᠠᠵᠤ᠂ ᠥᠷᠢ ᠥᠭᠴᠡᠭᠡᠨ ᠤ | ᠨᠣᠷᠮ᠎ᠠ ᠨᠢ ᠦᠷᠭᠦᠯᠵᠢᠯᠡᠨ ᠳᠡᠭᠡᠭᠰᠢᠯᠡᠵᠦ ᠪᠠᠶᠢᠭ᠎ᠠ ᠠᠵᠤ ᠠᠬᠤᠶᠢᠯᠠᠯ ᠲᠠᠢ ᠪᠣᠯᠵᠣᠨ ᠶᠠᠷᠢᠯᠴᠠᠬᠤ ᠪᠠ | ᠠᠩᠬᠠᠷᠤᠭᠤᠯᠤᠨ ᠰᠠᠨᠠᠭᠤᠯᠵᠤ᠂ ᠴᠢᠬᠤᠯᠠ ᠶᠡᠭᠡ ᠬᠤᠬᠢᠷᠠᠯ ᠪᠤᠶᠤ ᠡᠷᠡᠭᠦᠯ ᠪᠤᠰᠤ ᠨᠥᠯᠥᠭᠡ ᠶᠢ ᠪᠣᠢ ᠪᠣᠯᠭᠠᠭᠰᠠᠨ ᠪᠣᠯ | ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠡᠭᠦᠨ ᠤ ᠬᠠᠮᠲᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ | ᠠᠵᠤ ᠠᠬᠤᠶᠢᠯᠠᠯ ᠳᠤ ᠬᠥᠷᠥᠩᠭᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ︔ ᠠᠵᠤ ᠠᠬᠤᠶᠢᠯᠠᠯ ᠢ | ᠳᠡᠮᠵᠢᠨ ᠦᠯᠡᠳᠡᠭᠡᠯ ᠡᠳ᠋ ᠬᠥᠷᠥᠩᠭᠡ ᠶᠢ ᠨᠢ ᠭᠦᠢᠯᠭᠡᠭᠡᠨ ᠲᠠᠢ ᠪᠣᠯᠭᠠᠵᠤ ᠥᠭᠴᠡᠭᠡᠨ ᠤ ᠶᠠᠪᠤᠳᠠᠯ ᠤᠨ ᠪᠦᠲᠦᠴᠡ ᠶᠢ | ᠨᠢ ᠰᠢᠯᠢᠳᠡᠭᠵᠢᠭᠦᠯᠦᠨ᠎ᠡ᠃ | ᠬᠥᠲᠥᠯᠥᠭᠴᠢ᠄ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠲᠠᠯ᠎ᠠ ᠪᠠᠷ ᠶᠠᠮᠠᠷ | ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠡᠾᠧ ᠢᠦᠢ ᠴᠦᠨ᠄ | ᠨᠢᠭᠡ ᠳᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠵᠦ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ᠶᠠᠰᠤ ᠴᠢᠨᠠᠷ ᠢᠶᠠᠨ | ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠳᠣᠲᠣᠭᠠᠳᠤ ᠶᠢᠨ ᠬᠦᠴᠦᠨ ᠲᠠᠮᠢᠷ ᠢᠶᠠᠨ | ᠴᠢᠩᠭᠠᠷᠠᠭᠤᠯᠤᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠡᠵᠡᠩᠨᠡᠯᠲᠡ ᠬᠤᠷᠠᠮᠳᠤᠭᠤᠯᠭ᠎ᠠ ᠪᠠᠨ ᠥᠷᠭᠡᠳᠬᠡᠬᠦ ᠪᠠᠷ | ᠳᠠᠮᠵᠢᠭᠤᠯᠤᠨ ᠠᠵᠤ ᠠᠬᠤᠶᠢᠯᠠᠯ ᠤᠨ ᠬᠥᠷᠥᠩᠭᠡ ᠶᠢᠨ ᠪᠣᠳᠠᠲᠤ ᠬᠦᠴᠦᠨ ᠢᠶᠠᠨ ᠴᠢᠩᠭᠠᠷᠠᠭᠤᠯᠵᠤ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠠᠯᠳᠠᠭᠳᠠᠯ ᠢ ᠴᠢᠩᠭ᠎ᠠ ᠰᠡᠷᠭᠡᠶᠢᠯᠡᠭᠰᠡᠨ ᠤᠷᠢᠳᠠᠯ ᠳᠣᠣᠷ᠎ᠠ᠂ ᠬᠥᠷᠥᠩᠭᠡ | ᠥᠷᠢ ᠶᠢᠨ ᠨᠣᠷᠮ᠎ᠠ ᠪᠠᠨ ᠲᠠᠰᠤᠷᠠᠯᠲᠠ ᠦᠭᠡᠢ ᠪᠠᠭᠤᠷᠠᠭᠤᠯᠬᠤ ᠬᠡᠷᠡᠭᠲᠡᠢ᠃ ᠡᠭᠦᠨ ᠤ ᠬᠠᠮᠲᠤ᠂ ᠥᠨᠳᠥᠷ ᠥᠷᠢ | ᠥᠭᠴᠡᠭᠡ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠪᠠᠨ | ᠪᠠᠭᠤᠷᠠᠭᠤᠯᠬᠤ ᠳᠤ ᠲᠥᠷᠥ ᠶᠢᠨ ᠪᠣᠳᠣᠯᠭ᠎ᠠ ᠪᠠ ᠳᠦᠷᠢᠮ ᠤᠨ ᠰᠠᠶᠢᠨ ᠰᠠᠶᠢᠬᠠᠨ ᠣᠷᠴᠢᠨ ᠠᠬᠤᠢ ᠶᠢ ᠡᠭᠦᠳᠦᠨ | ᠥᠭᠬᠦ ᠶᠢᠨ ᠲᠤᠰᠠᠳᠠ᠂ ᠬᠥᠷᠥᠩᠭᠡ ᠶᠢᠨ ᠨᠥᠬᠦᠪᠦᠷᠢᠯᠡᠨ ᠬᠠᠳᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠶᠢ ᠥᠷᠭᠡᠳᠬᠡᠵᠦ᠂ ᠥᠭᠴᠡᠭᠡᠨ ᠤ ᠶᠠᠪᠤᠳᠠᠯ ᠢ ᠳᠠᠬᠢᠨ ᠵᠣᠬᠢᠶᠠᠨ | ᠪᠠᠶᠢᠭᠤᠯᠬᠤ ᠪᠠ ᠵᠠᠬ᠎ᠠ ᠳᠡᠯᠭᠡᠭᠦᠷᠴᠢᠯᠡᠨ᠂ ᠬᠠᠤᠯᠢ ᠪᠠᠷ ᠵᠠᠰᠠᠵᠢᠵᠤ ᠪᠠᠶᠢᠭᠠᠳ ᠥᠷᠢ ᠥᠭᠴᠡᠭᠡ ᠶᠢ ᠰᠲ᠋ᠣᠺ ᠪᠣᠯᠭᠠᠨ | ᠬᠤᠪᠢᠷᠠᠭᠤᠯᠬᠤ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠪᠡᠯᠡ | ᠣᠷᠣᠭᠤᠯᠤᠯᠲᠠ ᠶᠢᠨ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠲᠦᠭᠰᠢᠭᠦᠷᠢ ᠲᠠᠢ ᠠᠵᠢᠯ ᠮᠡᠷᠭᠡᠵᠢᠯ ᠢ ᠢᠯᠭᠠᠨ | ᠴᠡᠪᠡᠷᠯᠡᠪᠡ᠃ ᠨᠢᠭᠡ ᠳᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠬᠢᠵᠠᠭᠠᠷᠯᠠᠬᠤ ᠪᠠᠷ ᠲᠦᠭᠰᠢᠭᠦᠷᠢ ᠶᠢ ᠡᠵᠡᠮᠳᠡᠬᠦ | ᠴᠢᠬᠤᠯᠠ ᠠᠷᠭ᠎ᠠ ᠬᠡᠮᠵᠢᠶ᠎ᠡ ᠪᠣᠯᠭᠠᠪᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠤᠭᠰᠠᠨ ᠠᠵᠤ ᠠᠬᠤᠶᠢᠯᠠᠯ ᠤᠨ | ᠪᠡᠯᠡ ᠣᠷᠣᠭᠤᠯᠬᠤ ᠬᠡᠪᠴᠢᠶ᠎ᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠥᠨᠳᠥᠷ ᠥᠷᠢ ᠥᠭᠴᠡᠭᠡ ᠲᠠᠢ ᠠᠵᠤ | ᠠᠬᠤᠶᠢᠯᠠᠯ ᠤᠨ ᠭᠤᠣᠯ ᠪᠤᠰᠤ ᠠᠵᠢᠯ ᠦᠢᠯᠡᠰ ᠲᠤ ᠪᠡᠯᠡ ᠣᠷᠣᠭᠤᠯᠬᠤ ᠶᠢ ᠴᠠᠭᠠᠵᠠᠯᠠᠨ᠂ ᠳᠣᠣᠷ᠎ᠠ ᠦᠷ᠎ᠡ ᠠᠰᠢᠭᠲᠤ | ᠠᠵᠢᠯ ᠮᠡᠷᠭᠡᠵᠢᠯ ᠪᠠ ᠭᠤᠣᠯ ᠠᠵᠢᠯ ᠦᠢᠯᠡᠰ ᠠᠴᠠ ᠰᠠᠯᠤᠩᠭᠢᠷᠠᠭᠰᠠᠨ ᠪᠡᠯᠡ ᠣᠷᠣᠭᠤᠯᠤᠯᠲᠠ᠂ ᠣᠨᠴᠠᠭᠠᠶᠢᠯᠠᠨ | ᠡᠳ᠋ ᠤᠨ ᠶᠠᠪᠤᠳᠠᠯ ᠤᠨ ᠳᠠᠭᠠᠭᠠᠨ ᠬᠦᠴᠦᠷᠡᠬᠦ ᠴᠢᠳᠠᠪᠤᠷᠢ ᠠᠴᠠ ᠬᠡᠲᠦᠷᠡᠭᠰᠡᠨ ᠪᠡᠯᠡ ᠣᠷᠣᠭᠤᠯᠤᠯᠲᠠ ᠶᠢ ᠴᠢᠩᠭ᠎ᠠ | ᠬᠢᠵᠠᠭᠠᠷᠯᠠᠬᠤ ᠬᠡᠷᠡᠭᠲᠡᠢ᠃ ᠬᠤᠶᠠᠷ ᠲᠤ ᠪᠡᠯᠡ ᠮᠥᠩᠭᠦ ᠵᠠᠷᠤᠴᠠᠭᠤᠯᠬᠤ ᠶᠢ ᠬᠢᠨᠠᠨ ᠬᠠᠮᠢᠶᠠᠷᠬᠤ ᠠᠵᠤ ᠠᠬᠤᠶᠢᠯᠠᠯ ᠤᠨ | ᠪᠡᠯᠡ ᠣᠷᠣᠭᠤᠯᠤᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ ᠢ | ᠰᠤᠳᠤᠯᠤᠨ ᠲᠣᠭᠲᠠᠭᠠᠵᠤ᠂ ᠠᠵᠤ ᠠᠬᠤᠶᠢᠯᠠᠯ ᠤᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠤᠷᠢᠳᠴᠢᠯᠠᠨ ᠮᠡᠳᠡᠭᠦᠯᠬᠦ ᠳᠦᠷᠢᠮ ᠪᠠ ᠭᠤᠷᠪᠠᠳᠠᠭᠴᠢ ᠲᠠᠯ᠎ᠠ ᠶᠢᠨ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ ᠪᠡᠯᠡ | ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ᠂ ᠬᠡᠷᠡᠭ ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ | ᠳᠠᠷᠠᠭᠠᠬᠢ ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠪᠡᠯᠡ ᠣᠷᠣᠭᠤᠯᠤᠯᠲᠠ ᠳᠤ ᠬᠢᠨᠠᠯᠲᠠ ᠲᠠᠯᠪᠢᠬᠤ ᠪᠦᠷᠢᠨ ᠲᠡᠭᠦᠯᠳᠡᠷ | ᠪᠢᠲᠡᠭᠦᠮᠵᠢᠲᠦ ᠭᠤᠭᠴᠤᠭ᠎ᠠ ᠶᠢ ᠪᠦᠷᠢᠯᠳᠦᠭᠦᠯᠬᠦ ᠬᠡᠷᠡᠭᠲᠡᠢ︔ ᠥᠷᠢ ᠥᠭᠴᠡᠭᠡᠨ ᠤ ᠨᠣᠷᠮ᠎ᠠ ᠶᠢ ᠶᠡᠭᠡ ᠬᠡᠮᠵᠢᠶ᠎ᠡ ᠪᠠᠷ | ᠳᠡᠭᠡᠭᠰᠢᠯᠡᠭᠦᠯᠦᠭᠰᠡᠨ ᠣᠨᠴᠠᠭᠠᠶᠢᠯᠠᠨ ᠬᠢᠨᠠᠨ ᠬᠠᠮᠢᠶᠠᠷᠬᠤ ᠲᠥᠷᠥᠯ ᠤᠨ ᠲᠥᠷᠥᠯ ᠵᠦᠢᠯ ᠤᠨ ᠣᠷᠣᠭᠤᠯᠤᠯᠲᠠ ᠶᠢ | ᠴᠢᠩᠭ᠎ᠠ ᠬᠢᠵᠠᠭᠠᠷᠯᠠᠵᠤ᠂ ᠬᠥᠷᠥᠩᠭᠡ ᠨᠢ ᠥᠷᠢ ᠳᠤ ᠪᠠᠨ ᠬᠦᠷᠬᠦ ᠦᠭᠡᠢ ᠦᠵᠡᠭᠳᠡᠯ ᠡᠭᠦᠰᠬᠦ ᠠᠴᠠ ᠡᠷᠡᠰ | ᠰᠡᠷᠭᠡᠶᠢᠯᠡᠬᠦ ᠬᠡᠷᠡᠭᠲᠡᠢ︔ ᠭᠤᠷᠪᠠ ᠳᠤ ᠥᠷᠢ ᠥᠭᠴᠡᠭᠡᠨ ᠤ ᠨᠣᠷᠮ᠎ᠠ ᠨᠢ ᠨᠡᠯᠢᠶᠡᠳ ᠥᠨᠳᠥᠷ᠂ ᠲᠦᠭᠰᠢᠭᠦᠷᠢ ᠶᠢ | ᠡᠰᠡᠷᠭᠦᠴᠡᠬᠦ ᠴᠢᠳᠠᠪᠤᠷᠢ ᠨᠢ ᠨᠡᠯᠢᠶᠡᠳ ᠪᠠᠭᠤᠷᠢ ᠠᠵᠤ ᠠᠬᠤᠶᠢᠯᠠᠯ ᠳᠤ᠂ ᠲᠦᠭᠰᠢᠭᠦᠷᠢ ᠣᠷᠣᠰᠢᠵᠤ ᠪᠠᠶᠢᠭ᠎ᠠ ᠠᠵᠢᠯ | ᠮᠡᠷᠭᠡᠵᠢᠯ ᠢ ᠴᠢᠩᠭ᠎ᠠ ᠬᠠᠮᠢᠶᠠᠷᠬᠤ ᠪᠠ ᠬᠢᠨᠠᠮᠠᠭᠠᠢ ᠢᠯᠭᠠᠨ ᠴᠡᠪᠡᠷᠯᠡᠪᠡ᠂ ᠡᠭᠦᠨ ᠳᠤ ᠭᠤᠣᠯᠳᠠᠭᠤ ᠬᠤᠷᠢᠶᠠᠪᠠᠰᠤ | ᠵᠣᠬᠢᠬᠤ ᠳᠠᠩᠰᠠᠨ ᠤ ᠵᠣᠭᠤᠰ ᠪᠠ ᠦᠯᠡᠳᠡᠭᠡᠯ ᠪᠠᠷᠠᠭ᠎ᠠ ᠶᠢ ᠡᠵᠡᠯᠡᠨ ᠬᠡᠷᠡᠭᠯᠡᠬᠦ᠂ ᠭᠠᠳᠠᠭᠰᠢ ᠬᠢᠭᠰᠡᠨ ᠳᠠᠭᠠᠭᠠᠯᠲᠠ᠂ | ᠨᠠᠶᠢᠳᠠᠭᠰᠠᠨ ᠵᠢᠭᠡᠯᠡᠯᠭᠡ ᠵᠢᠴᠢ ᠪᠡᠯᠡ ᠲᠣᠬᠢᠷᠠᠭᠤᠯᠤᠯᠲᠠ ᠶᠢᠨ ᠴᠢᠨᠠᠷᠲᠠᠢ ᠠᠷᠠᠯᠵᠢᠶᠠᠨ ᠤ ᠠᠵᠢᠯ ᠮᠡᠷᠭᠡᠵᠢᠯ ᠵᠡᠷᠭᠡ ᠡᠯ᠎ᠡ | ᠲᠥᠷᠥᠯ ᠤᠨ ᠬᠥᠷᠥᠩᠭᠡ ᠶᠢ ᠣᠷᠣᠯᠠᠨ ᠲᠥᠯᠥᠬᠦ ᠠᠵᠢᠯ ᠮᠡᠷᠭᠡᠵᠢᠯ ᠢ ᠪᠠᠭᠲᠠᠭᠠᠵᠤ ᠪᠠᠶᠢᠨ᠎ᠠ᠃ 2018 ᠣᠨ ᠳᠤ ︽ | ᠬᠤᠶᠠᠷ ᠵᠦᠢᠯ ᠤᠨ ᠮᠥᠩᠭᠦ︾ ᠶᠢᠨ ᠳᠠᠷᠤᠭᠠᠰᠤ ᠶᠢ ᠬᠥᠩᠭᠡᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ | ︽ᠬᠤᠶᠠᠷ ᠵᠦᠢᠯ ᠤᠨ ᠮᠥᠩᠭᠦ︾ ᠶᠢᠨ ᠨᠡᠮᠡᠭᠳᠡᠯ ᠤᠨ ᠬᠡᠮᠵᠢᠶ᠎ᠡ ᠶᠢ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠠᠴᠠ | ᠳᠣᠣᠷ᠎ᠠ ᠪᠠᠶᠢᠯᠭᠠᠬᠤ ᠶᠢ ᠪᠠᠲᠤᠯᠠᠵᠠᠢ᠃ | ᠡᠾᠧ ᠢᠦᠢ ᠴᠦᠨ᠄ | ᠭᠤᠷᠪᠠ ᠳᠤ᠂ ᠲᠤᠬᠠᠶᠢᠯᠠᠭᠰᠠᠨ ᠠᠵᠢᠯ ᠢᠶᠠᠨ ᠬᠠᠰᠤᠵᠤ ᠠᠰᠢᠭᠲᠠᠢ ᠬᠥᠭᠵᠢᠯᠲᠡ ᠶᠢ ᠠᠬᠢᠭᠤᠯᠪᠠ᠃ | ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠪᠠᠨ ᠬᠠᠰᠤᠨ ᠠᠪᠴᠢᠭᠤᠯᠵᠤ᠂ ᠬᠡᠮᠵᠢᠶ᠎ᠡ ᠶᠢ ᠨᠢ ᠬᠠᠰᠤᠵᠤ | ᠲᠣᠬᠢᠷᠠᠭᠤᠯᠤᠨ ᠰᠣᠯᠢᠬᠤ ᠵᠠᠷᠴᠢᠮ ᠶᠣᠰᠣᠭᠠᠷ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠬᠦ ᠴᠢᠳᠠᠪᠤᠷᠢ ᠶᠢᠨ ᠲᠥᠷᠥᠯ | ᠵᠦᠢᠯ ᠤᠨ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠪᠠ︔ ᠬᠠᠮᠢᠶᠠᠷᠤᠯᠲᠠ ᠶᠢᠨ ᠪᠦᠲᠦᠴᠡ ᠪᠠᠨ | ᠰᠢᠯᠢᠳᠡᠭᠵᠢᠭᠦᠯᠦᠨ᠂ ᠲᠤᠬᠠᠶᠢᠯᠠᠭᠰᠠᠨ ᠠᠵᠢᠯ ᠢᠶᠠᠨ ᠴᠣᠮᠬᠠᠳᠬᠠᠨ ᠴᠢᠩᠭᠠᠷᠠᠭᠤᠯᠵᠤ᠂ ᠬᠠᠮᠢᠶᠠᠷᠤᠯᠲᠠ ᠶᠢᠨ ᠱᠠᠲᠤ | ᠳᠡᠰ ᠢᠶᠠᠨ ᠴᠣᠮᠬᠠᠳᠬᠠᠵᠤ᠂ ᠴᠣᠮᠬᠠᠳᠬᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ | ᠬᠠᠮᠢᠶᠠᠷᠤᠨ ᠡᠵᠡᠮᠳᠡᠬᠦ ᠴᠢᠳᠠᠪᠤᠷᠢ ᠪᠠ ᠠᠵᠢᠯᠯᠠᠭᠤᠯᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ ᠤᠷᠲᠤ | ᠬᠤᠭᠤᠴᠠᠭ᠎ᠠ ᠪᠠᠷ ᠠᠯᠳᠠᠭᠳᠠᠯ ᠲᠠᠢ᠂ ᠠᠯᠳᠠᠭᠳᠠᠯ ᠲᠠᠢ ᠪᠠᠶᠢᠳᠠᠯ ᠢᠶᠠᠨ ᠡᠷᠭᠢᠭᠦᠯᠬᠦ ᠳᠤ ᠬᠦᠴᠢᠷᠲᠡᠢ ᠠᠵᠤ ᠠᠬᠤᠶᠢᠯᠠᠯ᠂ | ︽ᠦᠬᠦᠮᠡᠯ ᠠᠵᠤ ᠠᠬᠤᠶᠢᠯᠠᠯ︾ ᠪᠠ ᠳᠣᠣᠷ᠎ᠠ ᠦᠷ᠎ᠡ ᠪᠦᠲᠦᠮᠵᠢ ᠪᠤᠶᠤ ᠦᠷ᠎ᠡ ᠪᠦᠲᠦᠮᠵᠢ ᠦᠭᠡᠢ ᠡᠳ᠋ | ᠬᠥᠷᠥᠩᠭᠡ ᠶᠢ ᠢᠯᠭᠠᠨ ᠴᠡᠪᠡᠷᠯᠡᠬᠦ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ ᠳᠠᠪᠠᠭᠤᠯᠢᠭ ᠦᠭᠡᠢ ᠭᠤᠣᠯ | ᠡᠵᠡᠩᠨᠡᠯᠲᠡ ᠶᠢᠨ ᠪᠤᠰᠤ ᠨᠢᠭᠡ ᠪᠦᠯᠦᠭ ᠠᠵᠢᠯ ᠮᠡᠷᠭᠡᠵᠢᠯ ᠢ ᠶᠡᠭᠡ ᠪᠠᠷ ᠪᠤᠴᠠᠭᠠᠨ ᠭᠠᠷᠭᠠᠵᠤ᠂ ᠰᠠᠯᠤᠩᠭᠢᠳᠠ ᠠᠵᠤ | ᠠᠬᠤᠶᠢᠯᠠᠯ ᠤᠨ ᠨᠡᠶᠢᠭᠡᠮ ᠤᠨ ᠡᠭᠦᠷᠭᠡ ᠴᠢᠳᠠᠪᠤᠷᠢ ᠶᠢ ᠭᠦᠢᠴᠡᠳᠬᠡᠬᠦ ᠪᠠ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢ ᠲᠣᠭᠲᠠᠭᠰᠠᠨ ᠴᠠᠭ ᠶᠣᠰᠣᠭᠠᠷ ᠪᠡᠶᠡᠯᠡᠭᠦᠯᠵᠦ᠂ ᠤᠯᠤᠰ ᠤᠨ ᠥᠮᠴᠢᠯᠡᠯᠲᠦ | ᠬᠥᠷᠥᠩᠭᠡ ᠶᠢᠨ ᠲᠥᠯᠥᠪ ᠪᠠᠶᠢᠳᠠᠯ ᠢ ᠬᠤᠪᠢᠷᠠᠭᠤᠯᠬᠤ ᠪᠠ ᠪᠦᠲᠦᠴᠡ ᠶᠢ ᠲᠣᠬᠢᠷᠠᠭᠤᠯᠬᠤ ᠶᠢ ᠢᠳᠡᠪᠬᠢᠲᠡᠢ | ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠪᠡ᠃ ᠳᠥᠷᠪᠡ ᠳᠤ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠪᠠ ᠥᠷᠢ ᠥᠭᠴᠡᠭᠡ ᠶᠢ | ᠰᠲ᠋ᠣᠺ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠠᠵᠤ ᠠᠬᠤᠶᠢᠯᠠᠯ ᠤᠨ ᠡᠳ᠋ ᠬᠥᠷᠥᠩᠭᠡ ᠶᠢ ᠲᠡᠮᠳᠡᠭᠲᠦ | ᠪᠣᠯᠭᠠᠬᠤ ᠶᠢ ᠢᠳᠡᠪᠬᠢᠲᠡᠢ ᠠᠬᠢᠭᠤᠯᠤᠨ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠬᠤ ᠬᠠᠷᠢᠴᠠᠯ ᠢ ᠨᠡᠮᠡᠭᠳᠡᠭᠦᠯᠵᠦ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ | ᠲᠣᠭᠲᠠᠭᠤᠨ ᠢᠶᠠᠷ ᠠᠬᠢᠭᠤᠯᠪᠠ᠃ ᠨᠥᠬᠦᠴᠡᠯ ᠲᠠᠢ ᠠᠵᠤ ᠠᠬᠤᠶᠢᠯᠠᠯ ᠤᠨ ᠰᠢᠭᠤᠳ ᠵᠠᠬ᠎ᠠ ᠳᠡᠯᠭᠡᠭᠦᠷ ᠲᠤ | ᠭᠠᠷᠬᠤ ᠶᠢ ᠦᠷᠭᠦᠯᠵᠢᠯᠡᠨ ᠠᠬᠢᠭᠤᠯᠵᠤ᠂ ᠰᠢᠭᠤᠳ ᠪᠡᠯᠡ ᠲᠣᠬᠢᠷᠠᠭᠤᠯᠬᠤ ᠬᠠᠷᠢᠴᠠᠯ ᠢ ᠳᠡᠭᠡᠭᠰᠢᠯᠡᠭᠦᠯᠪᠡ︔ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠦᠨ ᠨᠢᠭᠡᠳᠬᠡᠵᠦ ᠳᠠᠬᠢᠨ ᠵᠣᠬᠢᠶᠠᠨ ᠪᠠᠶᠢᠭᠤᠯᠬᠤ ᠡᠷᠴᠢᠮ ᠢ | ᠴᠢᠩᠭᠠᠷᠠᠭᠤᠯᠤᠨ᠂ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠵᠦ᠂ | ᠠᠵᠤ ᠠᠬᠤᠶᠢᠯᠠᠯ ᠤᠨ ᠪᠦᠯᠦᠭᠯᠡᠯ ᠤᠨ ᠳᠡᠰ ᠳᠠᠪᠬᠤᠷᠭ᠎ᠠ ᠳᠤ ᠬᠤᠯᠢᠮᠠᠭ ᠥᠮᠴᠢᠯᠡᠯ ᠤᠨ ᠳᠦᠷᠢᠮ ᠤᠨ | ᠥᠭᠡᠷᠡᠴᠢᠯᠡᠯᠲᠡ ᠬᠢᠬᠦ ᠲᠤᠷᠰᠢᠯᠲᠠ ᠶᠢᠨ ᠴᠡᠭ ᠢ ᠥᠷᠨᠢᠭᠦᠯᠦᠨ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ | ᠬᠤᠶᠠᠳᠤᠭᠠᠷ ᠱᠠᠲᠤᠨ ᠤ ᠳᠠᠭᠠᠯᠲᠠ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠳᠤ ᠥᠭᠡᠷᠡᠴᠢᠯᠡᠯᠲᠡ | ᠬᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠤᠨ ᠪᠤᠰᠤᠳ ᠡᠯ᠎ᠡ ᠲᠥᠷᠥᠯ ᠤᠨ ᠰᠢᠯᠢᠳᠡᠭ ᠴᠢᠨᠠᠷᠲᠠᠢ | ᠬᠥᠷᠥᠩᠭᠡ ᠶᠢ ᠢᠳᠡᠪᠬᠢᠲᠡᠢ ᠪᠥᠭᠡᠳ ᠲᠣᠭᠲᠠᠭᠤᠨ ᠢᠶᠠᠷ ᠲᠠᠲᠠᠨ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ | ᠰᠠᠭᠤᠷᠢ ᠮᠥᠩᠭᠦ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠰᠢᠭᠯᠠᠪᠠ᠃ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠨᠢ ᠨᠢᠭᠡᠨᠲᠡ ᠵᠠᠬ᠎ᠠ ᠳᠡᠯᠭᠡᠭᠦᠷᠴᠢᠯᠡᠭᠰᠡᠨ | ᠰᠣᠩᠭᠤᠯᠲᠠ ᠡᠯᠰᠡᠲᠡ ᠪᠠᠨ ᠪᠡᠶᠡᠯᠡᠭᠦᠯᠵᠦ᠂ ᠬᠡᠰᠡᠭ ᠬᠥᠲᠥᠯᠥᠨ ᠵᠢᠯᠣᠭᠤᠳᠬᠤ ᠳᠤ ᠬᠡᠷᠡᠭᠯᠡᠬᠦ ᠪᠡᠯᠡ ᠮᠥᠩᠭᠦ ᠶᠢ | ᠨᠢᠭᠡᠨᠲᠡ ᠭᠦᠢᠴᠡᠳ ᠲᠣᠬᠢᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠪᠤᠰᠤᠳ ᠡᠯ᠎ᠡ ᠲᠥᠷᠥᠯ ᠤᠨ | ᠨᠡᠶᠢᠭᠡᠮ ᠤᠨ ᠬᠥᠷᠥᠩᠭᠡ ᠶᠢ ᠶᠠᠭ ᠰᠠᠶᠢᠬᠠᠨ ᠢᠳᠡᠪᠬᠢᠲᠡᠢ ᠪᠥᠭᠡᠳ ᠲᠣᠭᠲᠠᠭᠤᠨ ᠢᠶᠠᠷ ᠬᠥᠲᠥᠯᠥᠨ ᠣᠷᠣᠭᠤᠯᠵᠤ | ᠰᠠᠭᠤᠷᠢ ᠮᠥᠩᠭᠦ ᠶᠢᠨ ᠪᠡᠯᠡ ᠲᠣᠬᠢᠷᠠᠭᠤᠯᠤᠯᠲᠠ ᠳᠤ ᠣᠷᠣᠯᠴᠠᠭᠤᠯᠤᠨ᠂ ᠬᠢᠨᠠᠨ ᠬᠠᠮᠢᠶᠠᠷᠬᠤ ᠠᠵᠤ ᠠᠬᠤᠶᠢᠯᠠᠯ ᠠᠴᠠ | ᠶᠠᠭ ᠰᠠᠶᠢᠬᠠᠨ ᠰᠠᠭᠤᠷᠢ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠰᠠᠭᠤᠷᠢ ᠮᠥᠩᠭᠦ ᠶᠢᠨ | ᠲᠥᠷᠥᠯ ᠵᠦᠢᠯ ᠳᠤ ᠢᠳᠡᠪᠬᠢᠲᠡᠢ ᠣᠷᠣᠯᠴᠠᠬᠤ ᠪᠠ ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠤᠨ᠂ ᠬᠡᠯᠪᠡᠷᠢ ᠪᠠᠷ | ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ ᠪᠠᠶᠢᠨ᠎ᠠ᠃ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ ᠵᠠᠰᠠᠵᠢᠬᠤ ᠪᠠᠷ ᠥᠷᠢ ᠥᠭᠴᠡᠭᠡ ᠶᠢ ᠰᠲ᠋ᠣᠺ | ᠪᠣᠯᠭᠠᠨ ᠬᠤᠪᠢᠷᠠᠭᠤᠯᠬᠤ ᠶᠢ ᠢᠳᠡᠪᠬᠢᠲᠡᠢ ᠪᠥᠭᠡᠳ ᠲᠣᠭᠲᠠᠭᠤᠨ ᠢᠶᠠᠷ ᠠᠬᠢᠭᠤᠯᠪᠠ᠃ ᠪᠤᠭᠤᠲᠤ ᠶᠢᠨ ᠪᠣᠯᠣᠳ | ᠲᠡᠮᠦᠷ ᠤᠨ ᠪᠦᠯᠦᠭᠯᠡᠯ ᠠᠴᠠ ᠥᠷᠢ ᠥᠭᠴᠡᠭᠡ ᠪᠠᠨ ᠰᠲ᠋ᠣᠺ ᠪᠣᠯᠭᠠᠨ ᠬᠤᠪᠢᠷᠠᠭᠤᠯᠬᠤ ᠲᠥᠰᠥᠯ ᠢᠶᠠᠨ ᠬᠠᠮᠢᠶ᠎ᠠ | ᠪᠦᠬᠦᠢ ᠪᠠᠩᠬᠢ ᠶᠢᠨ ᠠᠵᠢᠯ ᠲᠠᠢ ᠵᠣᠯᠭᠠᠯᠳᠤᠭᠤᠯᠬᠤ ᠶᠢ ᠶᠠᠭ ᠰᠠᠶᠢᠬᠠᠨ ᠱᠠᠯᠠᠪᠳᠠᠨ ᠬᠢᠵᠦ᠂ ᠣᠨ ᠤ ᠳᠣᠲᠣᠷ᠎ᠠ | ᠬᠤᠯᠪᠣᠭᠳᠠᠯ ᠪᠦᠬᠦᠢ ᠪᠠᠶᠢᠭᠤᠯᠤᠮᠵᠢ ᠯᠤᠭ᠎ᠠ ᠥᠷᠢ ᠥᠭᠴᠡᠭᠡ ᠪᠠᠨ ᠵᠠᠬ᠎ᠠ ᠳᠡᠯᠭᠡᠭᠦᠷᠴᠢᠯᠡᠵᠦ ᠰᠲ᠋ᠣᠺ ᠪᠣᠯᠭᠠᠨ | ᠬᠤᠪᠢᠷᠠᠭᠤᠯᠬᠤ ᠬᠠᠮᠲᠤᠷᠠᠯᠴᠠᠭᠠᠨ ᠤ ᠲᠥᠰᠥᠪ ᠤᠨ ᠬᠡᠯᠡᠯᠴᠡᠭᠡᠷ ᠲᠣᠭᠲᠠᠬᠤ ᠪᠠᠷ ᠴᠢᠷᠮᠠᠶᠢᠵᠤ ᠬᠢᠵᠦ ᠪᠠᠶᠢᠨ᠎ᠠ︔ | ᠥᠭᠴᠡᠭᠡᠨ ᠤ ᠲᠡᠮᠳᠡᠭᠲᠦ ᠪᠠᠷ ᠲᠥᠯᠥᠪᠦᠷᠢᠯᠡᠬᠦ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ | ᠴᠢᠩᠭᠠᠳᠬᠠᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠥᠭᠴᠡᠭᠡᠨ ᠤ ᠲᠡᠮᠳᠡᠭᠲᠦ ᠲᠠᠷᠬᠠᠬᠤ ᠬᠠᠷᠢᠴᠠᠯ ᠤᠨ | ᠬᠠᠮᠢᠶᠠᠷᠤᠯᠲᠠ ᠪᠠ ᠭᠡᠷ᠎ᠡ ᠶᠢ ᠭᠦᠢᠴᠡᠳᠬᠡᠭᠰᠡᠨ ᠪᠠᠶᠢᠳᠠᠯ ᠤᠨ ᠬᠢᠨᠠᠯᠲᠠ ᠰᠢᠨᠵᠢᠯᠲᠡ ᠶᠢ ᠴᠢᠩᠭᠠᠷᠠᠭᠤᠯᠪᠠ᠃ | ᠬᠥᠲᠥᠯᠥᠭᠴᠢ᠄ | ᠲᠠᠨ ᠤ ᠲᠠᠶᠢᠯᠤᠮᠵᠢ ᠳᠤ ᠪᠠᠶᠠᠷᠯᠠᠯ᠎ᠠ᠃ ᠬᠠᠮᠤᠭ ᠤᠨ ᠰᠡᠭᠦᠯ ᠤᠨ ᠨᠢᠭᠡ ᠠᠰᠠᠭᠤᠯᠲᠠ ᠪᠣᠯ ᠳᠠᠷᠤᠢ᠂ ᠳᠡᠭᠡᠷᠡᠬᠢ | ᠠᠷᠭ᠎ᠠ ᠬᠡᠮᠵᠢᠶ᠎ᠡ ᠪᠠᠷ ᠳᠠᠮᠵᠢᠭᠤᠯᠤᠨ ᠶᠠᠮᠠᠷ ᠵᠢᠱᠢᠭᠰᠡᠨ ᠦᠷ᠎ᠡ ᠪᠦᠲᠦᠮᠵᠢ ᠶᠢ ᠣᠯᠬᠤ ᠪᠣᠢ︖ | ᠡᠾᠧ ᠢᠦᠢ ᠴᠦᠨ᠄ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠤᠨ ᠲᠣᠭᠲᠠᠴᠠ ᠪᠠ | ᠬᠥᠰᠢᠭᠦᠷᠭᠡ ᠶᠢ ᠳᠣᠷᠣᠭᠰᠢᠯᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠯᠲᠠ ᠲᠠᠯᠪᠢᠨ | ᠬᠠᠮᠢᠶᠠᠷᠬᠤ ᠪᠠᠨ ᠴᠢᠩᠭᠠᠷᠠᠭᠤᠯᠵᠤ᠂ ᠥᠷᠢ ᠥᠭᠴᠡᠭᠡ ᠥᠨᠳᠥᠷ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠥᠷᠥᠩᠭᠡ ᠥᠷᠢ ᠶᠢᠨ ᠨᠣᠷᠮ᠎ᠠ ᠪᠠᠨ ᠠᠯᠢ ᠲᠦᠷᠭᠡᠨ ᠢᠶᠠᠷ ᠵᠦᠢ ᠵᠣᠬᠢᠰᠲᠠᠢ ᠬᠢᠷᠢ ᠲᠦᠪᠰᠢᠨ ᠳᠤ ᠪᠤᠴᠠᠭᠠᠬᠤ ᠶᠢ | ᠰᠢᠮᠳᠠᠭᠤᠯᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠶᠢ 2020 | ᠣᠨ ᠤ ᠰᠡᠭᠦᠯᠴᠢ ᠪᠣᠯᠬᠤ ᠳᠤ 2017 ᠣᠨ ᠤ ᠰᠡᠭᠦᠯᠴᠢ ᠶᠢᠨ ᠬᠢ ᠠᠴᠠ 2 ᠵᠠᠭᠤᠨ ᠤ ᠴᠡᠭ ᠣᠷᠴᠢᠮ | ᠪᠠᠭᠤᠷᠠᠭᠤᠯᠬᠤ ᠶᠢ ᠠᠬᠢᠭᠤᠯᠤᠨ᠎ᠠ᠃ | ᠬᠥᠲᠥᠯᠥᠭᠴᠢ᠄ | ᠰᠠᠶᠢᠨ ᠪᠣᠯᠣᠯ᠎ᠠ᠂ ᠾᠧ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠴᠠᠭ ᠤᠨ ᠬᠠᠷᠠᠭ᠎ᠠ ᠠᠴᠠ ᠪᠣᠯᠵᠤ᠂ | ᠮᠠᠨ ᠤ ᠰᠤᠷᠪᠤᠯᠵᠢᠯᠠᠭ᠎ᠠ ᠠᠳᠡ ᠬᠥᠷᠥᠭᠡᠳ ᠥᠨᠳᠥᠷᠯᠡᠬᠦ ᠪᠣᠯᠣᠯ᠎ᠠ᠂ ᠾᠧ ᠡᠷᠬᠢᠯᠡᠭᠴᠢ ᠶᠢᠨ ᠮᠠᠨ ᠤ | ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ ᠮᠥᠨ ᠰᠦᠯᠵᠢᠶᠡᠨ ᠤ ᠠᠨᠳᠠ | ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ | ᠪᠠᠶᠠᠷᠲᠠᠢ︕ | ᠡᠾᠧ ᠢᠦᠢ ᠴᠦᠨ᠄ | ᠪᠠᠶᠠᠷᠲᠠᠢ︕ | | | |