ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠵᠢᠷᠭᠤᠭ᠎ᠠ︶
ᠨᠡᠶᠢᠲᠡᠯᠡᠭᠰᠡᠨ ᠴᠠᠭ᠄
2019/4/9
     ᠠᠰᠠᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠠᠷ ᠬᠠᠮᠵᠢᠯᠴᠠᠨ ᠠᠵᠢᠯᠯᠠᠬᠤ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠪ ᠤᠨ ᠬᠡᠯᠡᠯᠴᠡᠭᠡᠷ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ︵2018 — 2020 ᠣᠨ︶ ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠬᠡᠷᠬᠢᠨ ᠥᠷᠨᠢᠭᠦᠯᠬᠦ ᠪᠣᠢ︖      ᠬᠠᠷᠢᠭᠤᠯᠲᠠ᠄ 1. ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠥᠮᠥᠵᠢᠭᠦᠯᠦᠨ ᠪᠣᠶᠢᠵᠢᠭᠤᠯᠤᠨ᠎ᠠ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠡᠬᠢ ᠪᠠᠶᠠᠯᠢᠭ ᠤᠨ ᠤᠭ ᠰᠤᠷᠪᠤᠯᠵᠢ ᠳᠤ ᠰᠠᠭᠤᠷᠢᠯᠠᠨ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠮᠢᠬᠠᠨ ᠤ ᠦᠬᠡᠷ᠂ ᠮᠢᠬᠠᠨ ᠤ ᠬᠤᠨᠢ᠂ ᠠᠮᠢᠳᠤ ᠭᠠᠭ᠋ᠠᠢ᠂ ᠭᠡᠷ ᠤᠨ ᠵᠢᠭᠦᠷᠲᠡᠨ᠂ ᠡᠪᠡᠰᠦ ᠪᠣᠷᠳᠤᠭ᠎ᠠ᠂ ᠢᠳᠡᠰᠢᠨ ᠨᠣᠭᠤᠭ᠎ᠠ᠂ ᠡᠷᠳᠡᠨᠢ ᠰᠢᠰᠢ᠂ ᠲᠥᠮᠥᠰᠥ ᠵᠡᠷᠭᠡ ᠭᠤᠣᠯᠯᠠᠬᠤ ᠠᠵᠤ ᠦᠢᠯᠡᠰ ᠢ ᠪᠠᠶᠢᠭᠤᠯᠤᠨ᠎ᠠ᠃ ᠬᠠᠪᠰᠤᠷᠤᠨ ᠲᠡᠳᠬᠦᠬᠦ ᠪᠡᠯᠡ ᠮᠥᠩᠭᠦ ᠶᠢ ᠲᠥᠪᠯᠡᠷᠡᠭᠦᠯᠦᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠠᠩᠭᠢᠯᠠᠭ᠎ᠠ ᠶᠢᠨ ᠭᠤᠭᠴᠤᠭ᠎ᠠ ᠳᠤ ᠲᠤᠶᠢᠯ ᠤᠨ ᠣᠨᠣᠪᠴᠢᠲᠠᠢ ᠪᠠᠷ ᠬᠦᠴᠦᠯᠡᠬᠦ ᠳᠤ ᠠᠩᠬᠠᠷᠤᠭᠤᠯᠤᠨ ᠲᠥᠪᠯᠡᠷᠡᠭᠦᠯᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠣᠷᠣᠯᠴᠠᠭᠰᠠᠨ ᠬᠡᠮᠵᠢᠶ᠎ᠡ ᠪᠠᠷ ᠥᠨᠳᠥᠷ ᠨᠢᠭᠡ ᠪᠦᠯᠦᠭ ᠥᠪᠡᠷᠮᠢᠴᠡ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠤᠨ᠎ᠠ᠃ ︽ᠲᠣᠭᠲᠠᠪᠤᠷᠢᠲᠤ ᠮᠠᠶ᠋ᠢᠭ︾ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠦᠨ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠳᠠᠪᠠᠭᠤᠯᠢᠭ ᠥᠪᠡᠷᠮᠢᠴᠡ ᠣᠨᠴᠠᠯᠢᠭᠲᠤ ᠲᠠᠷᠢᠮᠠᠯ ᠪᠠ ᠲᠡᠵᠢᠭᠡᠪᠦᠷᠢ ᠶᠢᠨ ᠦᠢᠯᠡᠰ ᠢ ᠬᠥᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠲᠠᠢ᠂ ᠠᠵᠤ ᠦᠢᠯᠡᠰ ᠢ ᠬᠥᠭᠵᠢᠭᠦᠯᠬᠦ ᠬᠦᠰᠡᠯ ᠡᠷᠡᠮᠡᠯᠵᠡᠯ ᠲᠠᠢ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠳᠤ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠣᠷᠣᠨ ᠤ ᠶᠠᠳᠠᠭᠤ ᠶᠢ ᠲᠡᠳᠬᠦᠬᠦ ᠥᠪᠡᠷᠮᠢᠴᠡ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠮᠵᠢᠲᠡᠢ ᠨᠡᠷᠡᠲᠦ ᠲᠡᠮᠳᠡᠭ ᠢ ᠡᠭᠦᠳᠦᠨ᠎ᠡ᠃      2. ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠥᠮᠥᠵᠢᠭᠦᠯᠦᠨ ᠪᠣᠶᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠦᠷᠦᠭᠦᠯᠡᠭᠴᠢ ᠠᠵᠤ ᠠᠬᠤᠶᠢᠯᠠᠯ᠂ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠯ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠪᠠ ᠲᠤᠰᠬᠠᠢ ᠲᠠᠷᠢᠵᠤ ᠠᠷᠠᠴᠢᠯᠠᠬᠤ ᠲᠣᠮᠣ ᠡᠷᠦᠬᠡ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠬᠦ ᠪᠠ ᠬᠥᠮᠥᠵᠢᠭᠦᠯᠦᠨ ᠪᠣᠶᠢᠵᠢᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢ ᠪᠠᠭᠠᠰᠬᠠᠨ ᠶᠠᠳᠠᠭᠤ ᠠᠴᠠ ᠠᠩᠭᠢᠵᠢᠷᠠᠭᠤᠯᠬᠤ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠶᠠᠳᠠᠭᠤ ᠬᠦᠴᠢᠷᠳᠡᠯᠲᠡᠢ ᠡᠷᠦᠬᠡ ᠯᠦᠭᠡ ᠠᠰᠢᠭ ᠲᠤᠰᠠ ᠪᠠᠨ ᠬᠤᠯᠪᠣᠯᠳᠤᠭᠤᠯᠬᠤ ᠲᠣᠭᠲᠠᠴᠠ ᠶᠢ ᠪᠠᠶᠢᠭᠤᠯᠬᠤ ᠶᠢ ᠬᠥᠲᠥᠯᠥᠨ ᠵᠢᠯᠣᠭᠤᠳᠬᠤ ᠪᠠ ᠳᠡᠮᠵᠢᠵᠦ᠂ ᠵᠠᠬᠢᠶᠠᠯᠠᠭ᠎ᠠ ᠶᠢᠨ ᠬᠠᠭᠤᠳᠠᠰᠤᠨ ᠤ ᠲᠠᠷᠢᠶᠠᠯᠠᠩ ᠮᠠᠯ ᠠᠵᠤ ᠠᠬᠤᠢ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ᠂ ᠮᠠᠯ ᠤᠨᠤᠭ᠎ᠠ ᠶᠢ ᠨᠠᠶᠢᠳᠠᠨ ᠠᠷᠠᠴᠢᠯᠠᠭᠤᠯᠬᠤ᠂ ᠭᠠᠵᠠᠷ ᠰᠢᠷᠣᠢ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠪᠠᠷ ᠰᠲ᠋ᠣᠺ ᠣᠷᠣᠬᠤ᠂ ᠬᠠᠪᠰᠤᠷᠤᠨ ᠲᠡᠳᠬᠦᠬᠦ ᠪᠡᠯᠡ ᠮᠥᠩᠭᠦ ᠶᠢ ᠰᠲ᠋ᠣᠺ ᠢᠶᠠᠷ ᠨᠤᠭᠤᠯᠤᠨ ᠬᠡᠮᠵᠢᠶᠡᠯᠡᠵᠦ ᠠᠰᠢᠭ ᠣᠯᠵᠠᠪᠤᠷᠢ ᠬᠤᠪᠢᠶᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠤᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃      3. ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠶᠢ ᠠᠬᠢᠭᠤᠯᠤᠨ ᠳᠡᠯᠭᠡᠷᠡᠭᠦᠯᠵᠦ᠂ ᠣᠨᠴᠠᠯᠢᠭᠲᠤ ᠪᠦᠲᠦᠭᠡᠭᠳᠡᠬᠦᠨ ᠢ ᠪᠡᠭᠡᠵᠢᠩ ᠳᠤ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠳᠤᠮᠳᠠᠳᠤ ᠤᠯᠤᠰ ᠤᠨ ᠨᠡᠶᠢᠭᠡᠮ ᠤᠨ ᠶᠠᠳᠠᠭᠤ ᠶᠢ ᠲᠡᠳᠬᠦᠬᠦ ᠰᠦᠯᠵᠢᠶ᠎ᠡ᠂ ᠵᠢᠩ ᠳ᠋ᠦᠩ᠂ ᠠᠯᠢᠪᠠᠪᠠ ᠵᠡᠷᠭᠡ ᠰᠦᠯᠵᠢᠶᠡᠨ ᠤ ᠲᠠᠪᠴᠠᠩ ᠵᠢᠴᠢ ᠡᠯᠧᠺᠲᠷᠣᠨ ᠬᠤᠳᠠᠯᠳᠤᠭ᠎ᠠ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠥᠬᠦᠴᠡᠯ ᠲᠠᠢ ᠶᠠᠳᠠᠭᠤ ᠬᠦᠴᠢᠷᠳᠡᠯᠲᠡᠢ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡ ᠶᠢᠨ ᠰᠦᠯᠵᠢᠶᠡᠨ ᠤ ᠴᠡᠭ ᠲᠣᠬᠢᠷᠠᠭᠤᠯᠬᠤ ᠶᠢ ᠠᠬᠢᠭᠤᠯᠤᠨ᠂ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠪᠠᠨ ᠭᠠᠳᠠᠭᠰᠢ ᠪᠣᠷᠣᠯᠠᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠬᠦ ᠶᠢ ᠳᠡᠮᠵᠢᠵᠦ᠂ ᠶᠠᠳᠠᠭᠤ ᠬᠦᠴᠢᠷᠳᠡᠯᠲᠡᠢ ᠲᠣᠰᠬᠤᠨ ᠤ ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠣᠰᠬᠤᠨ ᠤ ᠳᠡᠰ ᠤᠨ ᠴᠠᠬᠢᠯᠭᠠᠨ ᠬᠦᠴᠦᠨ ᠤ ᠥᠷᠲᠡᠭᠡ ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠲᠠᠢ ᠬᠤᠰᠢᠭᠤ ᠰᠢᠶᠠᠨ ᠤ ᠲᠠᠷᠢᠶᠠᠯᠠᠩ ᠮᠠᠯ ᠠᠬᠤᠢ ᠶᠢᠨ ᠠᠵᠤ ᠦᠢᠯᠡᠰᠵᠢᠭᠦᠯᠦᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠᠶᠢᠭᠤᠯᠬᠤ ᠶᠢ ᠭᠤᠣᠯᠳᠠᠯᠭ᠎ᠠ ᠲᠠᠢ ᠪᠠᠷ ᠲᠡᠳᠬᠦᠨ ᠳᠡᠮᠵᠢᠵᠦ᠂ ᠬᠦᠷᠢᠶᠡᠯᠡᠩ ᠲᠣᠭᠤᠷᠢᠭ ᠤᠨ ᠲᠥᠬᠦᠷ ᠦᠢᠯᠡᠳᠦᠯ ᠴᠢᠳᠠᠮᠵᠢ ᠶᠢ ᠲᠡᠭᠦᠯᠳᠡᠷᠵᠢᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠬᠥᠭᠵᠢᠭᠦᠯᠵᠦ᠂ ᠠᠵᠢᠯᠴᠢᠨ ᠬᠡᠷᠡᠭᠯᠡᠬᠦ ᠪᠠ ᠰᠠᠭᠤᠷᠢᠨ ᠭᠠᠵᠠᠷ ᠪᠠᠶᠢᠭᠤᠯᠬᠤ ᠪᠠᠷ ᠳᠠᠮᠵᠢᠭᠤᠯᠤᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠬᠤ ᠶᠢ ᠨᠥᠯᠥᠭᠡᠯᠡᠨ ᠳᠠᠶᠢᠴᠢᠯᠠᠨ᠎ᠠ᠃ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ ᠤ ᠵᠢᠭᠤᠯᠴᠢᠯᠠᠯ ᠢ ᠢᠳᠡᠪᠬᠢᠲᠡᠢ ᠬᠥᠭᠵᠢᠭᠦᠯᠦᠨ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠵᠦ᠂ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ ᠪᠦᠲᠦᠭᠡᠭᠳᠡᠬᠦᠨ ᠤ ᠨᠡᠮᠡᠯᠲᠡ ᠥᠷᠲᠡᠭ ᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠢ ᠡᠷᠦᠬᠡ ᠯᠦᠭᠡ ᠶᠢᠨ ᠠᠰᠢᠭ ᠲᠤᠰᠠ ᠶᠢ ᠬᠤᠯᠪᠣᠯᠳᠤᠭᠤᠯᠬᠤ ᠲᠣᠭᠲᠠᠴᠠ ᠶᠢ ᠴᠢᠩᠭᠠᠷᠠᠭᠤᠯᠵᠤ᠂ ᠣᠷᠣᠯᠭ᠎ᠠ ᠶᠢ ᠨᠢ ᠨᠡᠮᠡᠭᠳᠡᠭᠦᠯᠬᠦ ᠣᠷᠣᠨ ᠵᠠᠢ ᠶᠢ ᠨᠢ ᠳᠡᠭᠡᠭᠰᠢᠯᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ