ᠥᠪᠥᠷ ᠮᠣᠩᠭᠤᠯ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠠᠭᠤᠷᠴᠣ ᠮᠡᠬᠡᠯᠡᠵᠦ ᠬᠢᠬᠠᠬᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠳ ᠲᠤ ᠬᠠᠮᠤᠭ ᠤᠨ ᠥᠨᠳᠥᠷ ᠲᠤ ᠪᠠᠨ 10 ᠲᠦᠮᠡᠨ ᠲᠥᠭᠦᠷᠢᠭ ᠢᠶᠠᠷ ᠱᠠᠩᠨᠠᠨ᠎ᠠ
ᠨᠡᠶᠢᠲᠡᠯᠡᠭᠰᠡᠨ ᠴᠠᠭ᠄
2019/5/10
      ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠠᠰᠠᠭᠤᠳᠠᠯ ᠨᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠨᠢᠭᠡᠪᠦᠷᠢ ᠶᠢᠨ ᠪᠣᠳᠠᠲᠠᠶ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠣᠶᠢᠷ᠎ᠠ ᠳᠤ᠂  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠭᠤᠷᠴᠤ ᠮᠡᠬᠡᠯᠡᠨ ᠠᠪᠬᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠭᠡᠷᠡᠭᠵᠢᠭᠦᠯᠦᠯᠲᠡ ᠶᠢᠨ ᠨᠠᠷᠢᠨ ᠳᠦᠷᠢᠮ︾᠎ ᠢ ᠨᠡᠢᠲᠡᠯᠡᠪᠡ᠃ ᠨᠠᠷᠢᠨ ᠳᠦᠷᠢᠮ ᠳᠤ ᠲᠣᠭᠲᠠᠭᠠᠭᠰᠠᠨ ᠨᠢ᠂ ᠡᠮᠴᠢᠯᠡᠭᠡᠨ ᠎ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠠᠶᠢᠪᠠᠯ᠂ ᠪᠠᠶᠢᠴᠠᠭᠠᠨ ᠲᠣᠳᠣᠯᠠᠭᠰᠠᠨ ᠮᠡᠬᠡᠯᠡᠨ ᠠᠪᠤᠭᠰᠠᠨ ᠳᠠᠭᠠᠳᠬᠠᠯ ᠤᠨ ᠮᠥᠩᠭᠦ ᠶᠢᠨ 5%᠎ ᠪᠠᠷ ᠱᠠᠩᠨᠠᠨ ᠬᠥᠬᠢᠭᠦᠯᠵᠦ᠂ ᠬᠠᠮᠤᠭ ᠥᠨᠳᠥᠷ ᠲᠤ ᠪᠠᠨ 10 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ ᠭᠡᠵᠡᠢ᠃        ᠭᠡᠷᠡᠭᠵᠢᠭᠦᠯᠦᠯᠲᠡ ᠶᠢᠨ ᠨᠠᠷᠢᠨ ᠳᠦᠷᠢᠮ ᠳᠤ ᠲᠣᠭᠲᠠᠭᠠᠭᠰᠠᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠬᠢᠬᠠᠵᠤ ᠠᠪᠬᠤ ᠠᠵᠢᠯᠯᠠᠭ᠎ᠠ ᠳᠤ ᠭᠤᠤᠯᠳᠠᠭᠤ᠄ ᠲᠣᠭᠲᠠᠮᠠᠯ ᠴᠡᠭ ᠤᠨ ᠡᠮᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠨ ᠡᠮ ᠡᠮᠨᠡᠯᠭᠡ ᠶᠢᠨ ᠦᠶᠯᠡᠴᠢᠯᠡᠭᠡ ᠶᠢ ᠬᠠᠭᠤᠷᠮᠠᠭᠯᠠᠨ ᠵᠣᠬᠢᠶᠠᠬᠤ᠂ ᠡᠮᠴᠢᠯᠡᠭᠡᠨ ᠤ ᠪᠢᠴᠢᠭ ᠬᠠᠷ᠎ᠠ ᠪᠣᠯᠣᠨ  ᠪᠢᠴᠢᠭ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠎ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠳ︔ ᠳᠠᠭᠠᠳᠬᠠᠯ ᠳᠤ ᠣᠷᠣᠯᠴᠠᠭᠰᠠᠳ ᠲᠤ ᠬᠤᠳᠠᠯ ᠬᠠᠭᠤᠷᠮᠠᠭ ᠪᠠᠷᠢᠮᠲᠠ ᠬᠠᠩᠭᠠᠭᠰᠠᠳ︔ ᠬᠤᠪᠢ ᠬᠥᠮᠦᠨ ᠤ ᠡᠭᠦᠷᠭᠡᠯᠡᠬᠦ ᠶᠣᠰᠣᠲᠠᠶ ᠡᠮᠴᠢᠯᠡᠭᠡᠨ ᠤ ᠵᠠᠷᠤᠳᠠᠯ ᠢ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠯᠥᠬᠦ ᠬᠡᠪᠴᠢᠶᠡᠨ ᠳᠤ  ᠣᠷᠣᠭᠤᠯᠤᠭᠰᠠᠳ︔ ᠡᠮᠴᠢᠯᠡᠭᠡᠨ ᠤ ᠪᠠᠲᠤᠯᠠᠭ᠎ᠠ ᠎ ᠶᠢᠨ ᠬᠡᠪᠴᠢᠶᠡᠨ ᠳᠤ ᠪᠠᠭᠲᠠᠬᠤ ᠥᠬᠡᠶ ᠬᠥᠮᠦᠰ ᠲᠤ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠣᠯᠭᠤᠭᠰᠠᠨ︔ ᠲᠣᠭᠲᠠᠭᠰᠠᠨ ᠴᠡᠭ ᠤᠨ ᠪᠤᠰᠤ ᠡᠮᠴᠢᠯᠡᠭᠡᠨ ᠤ ᠪᠠᠶᠢᠭᠤᠯᠤᠮᠵᠢ ᠳᠤ ᠺᠠᠷᠲ ᠢᠶᠠᠷ ᠳᠠᠩᠰᠠ ᠲᠡᠮᠳᠡᠭᠯᠡᠬᠦ ᠦᠶᠯᠡᠴᠢᠯᠡᠭᠡ ᠬᠠᠩᠭᠠᠭᠰᠠᠨ︔ ᠨᠡᠷ᠎ᠡ ᠶᠢᠨ ᠲᠡᠳᠦᠶ ᠡᠮᠨᠡᠯᠭᠡ ᠳᠤ ᠰᠠᠭᠤᠬᠤ᠂ ᠡᠮᠨᠡᠯᠭᠡ ᠳᠤ ᠰᠠᠭᠤᠬᠤ ᠰᠢᠨᠵᠢ ᠲᠡᠮᠳᠡᠭ ᠢ ᠪᠠᠭᠤᠷᠠᠭᠤᠯᠬᠤ᠂ ᠰᠢᠨᠵᠢ ᠲᠡᠮᠳᠡᠭ ᠦᠭᠡᠢ ᠪᠠᠷ ᠡᠮᠴᠢᠯᠡᠭᠦᠯᠬᠦ᠂ ᠲᠠᠰᠤᠯᠳᠠᠭᠤᠯᠵᠤ ᠡᠮᠨᠡᠯᠭᠡ ᠳᠤ ᠰᠠᠭᠤᠯᠭᠠᠭᠰᠠᠨ︔ ᠡᠮ ᠤᠨ ᠵᠦᠶᠯ᠂ ᠬᠤᠷᠣᠭᠳᠠᠯ ᠮᠠᠲ᠋ᠧᠷᠢᠶᠠᠯ᠂ ᠡᠳ᠋ ᠪᠣᠳᠠᠰ᠂ ᠣᠨᠣᠰᠢᠯᠠᠨ ᠡᠮᠨᠡᠬᠦ ᠲᠥᠷᠥᠯ ᠵᠦᠶᠯ ᠵᠡᠷᠭᠡ ᠡᠮᠴᠢᠯᠡᠭᠡᠨ ᠎ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠵᠠᠷᠤᠯᠭ᠎ᠠ ᠪᠠᠭᠲᠠᠨ᠎ᠠ᠃ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠢᠴᠢ ᠲᠡᠭᠦᠨ ᠤ ᠠᠵᠢᠯᠲᠠᠨ ᠡᠮᠴᠢᠯᠡᠭᠡᠨ ᠤ ᠪᠠᠲᠤᠯᠠᠭ᠎ᠠ ᠶᠢᠨ ᠪᠡᠶ᠎ᠡ ᠶᠢᠨ ᠬᠢᠷᠢ ᠬᠡᠮ ᠤᠨ ᠭᠡᠷᠡᠴᠢ ᠪᠠᠷᠢᠮᠲᠠ ᠶᠢ ᠬᠤᠯᠠᠭᠠᠶᠢᠯᠠᠨ ᠵᠠᠷᠤᠵᠤ᠂ ᠳᠠᠭᠠᠳᠬᠠᠯ ᠳᠤ ᠣᠷᠣᠯᠴᠠᠭᠰᠠᠳ ᠲᠤ ᠪᠡᠯᠡᠨ ᠵᠣᠭᠤᠰ ᠮᠡᠬᠡᠯᠡᠨ ᠠᠪᠴᠤ ᠥᠭᠬᠦ ᠪᠤᠶᠤ ᠰᠢᠮ᠎ᠡ ᠲᠡᠵᠢᠭᠡᠯ ᠤᠨ ᠡᠷᠡᠭᠦᠯᠵᠢᠯ ᠤᠨ ᠡᠳ᠋᠂ ᠭᠤᠶᠣᠯᠠᠯ ᠤᠨ ᠡᠳ᠋᠂ ᠠᠮᠢᠳᠤᠷᠠᠯ ᠤᠨ ᠬᠡᠷᠡᠭᠰᠡᠯ ᠵᠡᠷᠭᠡ ᠡᠮᠴᠢᠯᠡᠭᠡᠨ ᠤ ᠪᠤᠰᠤ ᠡᠳ᠋ ᠪᠣᠳᠠᠰ ᠢ ᠬᠤᠳᠠᠯᠳᠤᠨ ᠠᠪᠴᠤ ᠥᠭᠭᠦᠭᠰᠡᠨ︔ ᠳᠠᠭᠠᠳᠬᠠᠯ ᠳᠤ ᠣᠷᠣᠯᠴᠠᠭᠰᠠᠳ ᠲᠤ ᠡᠮ ᠤᠨ ᠵᠦᠶᠯ᠂ ᠬᠤᠷᠣᠭᠳᠠᠯ ᠮᠠᠲ᠋ᠧᠷᠢᠶᠠᠯ᠂ ᠡᠳ᠋ ᠪᠣᠳᠠᠰ ᠰᠣᠯᠢᠵᠣ ᠥᠭᠭᠦᠭᠰᠡᠨ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠨ︔ ᠲᠣᠭᠲᠠᠭᠰᠠᠨ ᠴᠡᠭ ᠤᠨ ᠪᠤᠰᠤ ᠡᠮᠴᠢᠯᠡᠭᠡᠨ ᠤ ᠪᠠᠶᠢᠭᠤᠯᠤᠮᠵᠢ ᠳᠤ ᠺᠠᠷᠲ ᠢᠶᠠᠷ ᠳᠠᠩᠰᠠ ᠲᠡᠮᠳᠡᠭᠯᠡᠬᠦ ᠦᠶᠯᠡᠴᠢᠯᠡᠭᠡ ᠬᠠᠩᠭᠠᠭᠰᠠᠨ︔ ᠳᠠᠭᠠᠳᠬᠠᠯ ᠳᠤ ᠣᠷᠣᠯᠴᠠᠭᠰᠠᠳ ᠲᠤ ᠬᠤᠳᠠᠯ ᠢᠶᠠᠷ ᠪᠠᠷᠢᠮᠲᠠ ᠭᠠᠷᠭᠠᠵᠤ ᠥᠭᠬᠦ᠂ ᠬᠤᠳᠠᠯ ᠬᠠᠭᠤᠷᠮᠠᠭ ᠪᠠᠷᠢᠮᠲᠠ ᠬᠠᠩᠭᠠᠬᠤ ᠵᠡᠷᠭᠡ︔ ᠳᠠᠭᠠᠳᠬᠠᠯ ᠳᠤ ᠣᠷᠣᠯᠴᠠᠭᠰᠠᠳ ᠡᠮᠴᠢᠯᠡᠭᠡᠨ ᠤ ᠦᠶᠯᠡᠴᠢᠯᠡᠭᠡ ᠶᠢᠨ ᠪᠢᠴᠢᠭ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠨ︔ ᠬᠤᠪᠢ ᠬᠥᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠪᠠᠨ ᠪᠤᠰᠤᠳ ᠬᠥᠮᠦᠨ ᠳᠤ ᠵᠢᠭᠡᠯᠡᠭᠦᠯᠦᠨ ᠡᠮᠴᠢᠯᠡᠭᠦᠯᠦᠭᠰᠡᠨ ᠪᠤᠶᠤ ᠪᠤᠰᠤᠳ ᠬᠥᠮᠦᠨ ᠤ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠠᠪᠴᠤ ᠪᠤᠰᠤᠳ ᠤᠨ ᠨᠡᠷ᠎ᠡ ᠪᠠᠷ ᠡᠮᠴᠢᠯᠡᠭᠦᠯᠦᠭᠰᠡᠨ︔ ᠡᠮᠴᠢᠯᠡᠭᠡᠨ ᠤ ᠪᠠᠲᠤᠯᠠᠭ᠎ᠠ ᠶᠢᠨ ᠪᠡᠶ᠎ᠡ ᠶᠢᠨ ᠬᠢᠷᠢ ᠬᠡᠮ ᠤᠨ ᠭᠡᠷᠡᠴᠢ ᠪᠠᠷᠢᠮᠲᠠ ᠶᠢ ᠬᠠᠤᠯᠢ ᠪᠤᠰᠤ ᠪᠠᠷ ᠬᠡᠷᠡᠭᠯᠡᠭᠰᠡᠨ᠂ ᠡᠮ ᠤᠨ ᠵᠦᠶᠯ ᠬᠤᠷᠣᠭᠳᠠᠯ ᠮᠠᠲ᠋ᠧᠷᠢᠶᠠᠯ ᠢ ᠮᠡᠬᠡᠯᠡᠨ ᠠᠪᠤᠭᠰᠠᠨ᠂ ᠬᠠᠤᠯᠢ ᠪᠤᠰᠤ ᠪᠠᠷ ᠰᠠᠷᠢᠭᠠᠯᠠᠨ ᠬᠤᠳᠠᠯᠳᠤᠵᠤ ᠠᠰᠢᠭ ᠣᠯᠣᠭᠰᠠᠨ ᠵᠡᠷᠭᠡ︔ ᠡᠮᠴᠢᠯᠡᠭᠡᠨ ᠤ ᠪᠠᠲᠤᠯᠠᠭ᠎ᠠ ᠶᠢ ᠭᠠᠷᠳᠠᠨ ᠬᠢᠬᠦ ᠪᠠᠶᠢᠭᠤᠯᠤᠮᠵᠢ ᠶᠢᠨ ᠠᠵᠢᠯᠲᠠᠨ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶᠡᠨ ᠳᠤ ᠪᠠᠭᠲᠠᠬᠤ ᠦᠭᠡᠢ ᠬᠥᠮᠦᠰ ᠲᠤ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠭᠠᠷ ᠭᠦᠢᠴᠡᠳᠬᠡᠯ ᠬᠢᠵᠦ ᠥᠭᠭᠦᠭᠰᠡᠨ︔ ᠲᠣᠭᠲᠠᠭᠠᠯ ᠢ ᠵᠥᠷᠢᠴᠡᠨ ᠡᠮᠴᠢᠯᠡᠭᠡᠨ ᠤ ᠪᠠᠲᠤᠯᠠᠭ᠎ᠠ ᠶᠢᠨ ᠵᠠᠷᠤᠳᠠᠯ ᠥᠭᠭᠦᠭᠰᠡᠨ ᠵᠡᠷᠭᠡ ᠪᠠᠭᠲᠠᠨ᠎ᠠ᠃      ᠢᠯᠡᠴᠢᠯᠡᠨ ᠮᠡᠳᠡᠭᠦᠯᠦᠭᠴᠢ ᠨᠢ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠰᠦᠯᠵᠢᠶ᠎ᠡ᠂ ᠰᠢᠤᠳᠠᠨ᠂ ᠢᠮᠧᠯ᠂ A P P ᠵᠡᠷᠭᠡ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠭᠡᠮ ᠳᠤ ᠨᠡᠶᠢᠲᠡᠯᠡᠭᠰᠡᠨ ᠶᠠᠮᠠᠷᠪᠠ ᠨᠢᠭᠡ ᠵᠦᠢᠯ ᠤᠨ ᠢᠯᠡᠴᠢᠯᠡᠨ ᠮᠡᠳᠡᠭᠦᠯᠬᠦ ᠠᠷᠭ᠎ᠠ ᠵᠠᠮ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠵᠦ ᠪᠣᠯᠤᠨ᠎ᠠ᠃ ᠭᠡᠷᠡᠭᠵᠢᠭᠦᠯᠦᠯᠲᠡ ᠶᠢᠨ ᠨᠠᠷᠢᠨ ᠳᠦᠷᠢᠮ ᠢ ᠨᠡᠶᠢᠲᠡᠯᠡᠨ ᠬᠡᠷᠡᠭᠵᠢᠭᠦᠯᠦᠭᠰᠡᠨ ᠨᠢ ᠢᠯᠡᠴᠢᠯᠡᠨ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠬᠤ ᠠᠵᠢᠯᠯᠠᠭ᠎ᠠ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠭᠦᠨᠵᠡᠭᠡᠶᠢᠷᠡᠭᠦᠯᠵᠦ᠂ ᠪᠥᠬᠦ ᠨᠡᠶᠢᠭᠡᠮ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠲᠤ ᠪᠠᠷ ᠠᠩᠬᠠᠷᠴᠣ᠂  ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠎ ᠳᠤ ᠠᠰᠢᠭᠲᠠᠶ ᠪᠣᠯᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号