2019 ᠣᠨ ᠤ ᠪᠡᠭᠡᠵᠢᠩ ᠲᠢᠶᠠᠨᠵᠢᠨ ᠡᡁᠧᠪᠸᠢ ᠦᠪᠤᠷ ᠮᠤᠩᠭᠤᠯ ᠤᠨ ᠠᠵᠢᠯᠴᠢᠨ ᠤ ᠡᠪᠯᠡᠯ ᠤᠨ ᠤᠷᠤᠨ ᠪᠦᠰᠡ ᠠᠯᠤᠰᠯᠠᠨ ᠠᠵᠢᠯ ᠤᠯᠵᠦ ᠦᠢᠯᠡᠰ ᠴᠤᠭᠴᠠᠯᠠᠬᠤ ᠶᠢ ᠠᠬᠢᠭᠤᠯᠬᠤ ᠰᠢᠷᠢᠰ ᠠᠵᠢᠯᠯᠠᠭ᠎ᠠ ᠬᠢᠭᠡᠳ ᠬᠦᠬᠡᠬᠤᠳᠠ ᠶᠢᠨ ᠲᠤᠮᠤ ᠬᠡᠯᠪᠡᠷᠢ ᠶᠢᠨ ᠴᠢᠳᠠᠪᠤᠷᠢᠳᠡᠨ ᠡᠯᠰᠡᠬᠦ ᠴᠤᠭᠯᠠᠭᠠᠨ ᠶᠠᠪᠤᠭᠳᠠᠪᠠ  ᠪᠦ᠋ ᠰᠢᠶᠣᠣ ᠯᠢᠨ ᠨᠠᠷ ᠡᠬᠢᠯᠡᠯᠲᠡ ᠶᠢᠨ ᠶᠤᠰᠤᠯᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2019/5/13
     5 ᠳ᠋ᠤᠭᠠᠷ ᠰᠠᠷ᠎ᠠ ᠶᠢᠨ11᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠲᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠤᠩᠬᠡᠢ ᠡᠪᠯᠡᠯ ᠤᠨ ᠲᠡᠳ᠋ ᠲᠡᠷᠢᠬᠦᠯᠡᠭᠴᠢ᠂ ᠱᠦᠵᠢ ᠨᠡᠷ ᠤᠨ ᠭᠠᠵᠠᠷ ᠤᠨ ᠱᠦᠵᠢ ᠸᠧᠢ ᠳ᠋ᠢ ᠴᠦᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠨᠠᠷ ᠬᠠᠮᠳᠤ ᠪᠠᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠢᠯᠲᠠᠨ ᠠᠵᠢᠯᠴᠢᠨ ᠤ ᠰᠢᠨ᠎ᠠ ᠶᠢ ᠡᠭᠦᠲᠦᠭᠰᠡᠡ ᠦᠷ᠎ᠠ ᠪᠦᠲᠦᠭᠡᠯ ᠤᠨ ᠰᠦᠯᠵᠢᠶᠠᠠ ᠳᠡᠭᠡᠷᠡᠬᠢ ᠲᠡᠯᠭᠡᠡ ᠦᠵᠡᠭᠦᠯᠬᠦ ᠤᠷᠲᠤᠨ ᠢ ᠨᠡᠭᠡᠭᠡᠵᠡᠢ᠃      2019 ᠣᠨ ᠤ ᠪᠡᠭᠡᠵᠢᠩ ᠲᠢᠶᠠᠨᠵᠢᠨ ᠡᡁᠧᠪᠸᠢ ᠦᠪᠤᠷ ᠮᠤᠩᠭᠤᠯ ᠤᠨ ᠠᠵᠢᠯᠴᠢᠨ ᠤ ᠡᠪᠯᠡᠯ ᠤᠨ ᠤᠷᠤᠨ ᠪᠦᠰᠡ ᠠᠯᠤᠰᠯᠠᠨ ᠠᠵᠢᠯ ᠤᠯᠵᠤ ᠦᠢᠯᠡᠰ ᠴᠤᠭᠴᠠᠯᠠᠬᠤ ᠶᠢ ᠠᠬᠢᠭᠤᠯᠬᠤ ᠰᠢᠷᠢᠰ ᠠᠵᠢᠯᠯᠠᠭ᠎ᠠ ᠬᠢᠭᠡᠳ ᠬᠦᠬᠡᠬᠤᠳᠠ ᠎ ᠶᠢᠨ ᠲᠤᠮᠤ ᠬᠡᠯᠪᠡᠷᠢ ᠶᠢᠨ ᠴᠢᠳᠠᠪᠤᠷᠢᠳᠡᠨ ᠡᠯᠰᠡᠬᠦ ᠴᠤᠭᠯᠠᠭᠠᠨ ᠬᠦᠬᠡᠬᠤᠳᠠ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠲᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠤᠩᠬᠡᠢ ᠡᠪᠯᠡᠯ ᠤᠨ ᠲᠡᠳ᠋ ᠲᠡᠷᠢᠬᠦᠯᠡᠭᠴᠢ᠂ ᠱᠦᠵᠢ ᠨᠡᠷ ᠤᠨ ᠭᠠᠵᠠᠷ ᠤᠨ ᠱᠦᠵᠢ ᠸᠧᠢ ᠳ᠋ᠢ ᠴᠦᠨ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠎ ᠤ ᠲᠡᠳ᠋ ᠡᠷᠬᠢᠯᠡᠭᠴᠢ᠂ ᠠᠵᠢᠯᠴᠢᠨ ᠤ ᠶᠡᠷᠤᠩᠬᠡᠢ ᠡᠪᠯᠡᠯ ᠤᠨ ᠲᠡᠷᠢᠬᠦᠯᠡᠭᠴᠢ ᠦ᠋ ᠲᠤᠸᠠᠨ ᠶᠢᠩ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠳ᠋ᠦᠩ ᠡᡁᠧᠩ ᠢᠤᠢ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃      ᠲᠤᠰ ᠤᠳᠠᠭᠠᠨ ᠤ ᠠᠵᠢᠯᠯᠠᠭ᠎ᠠ ᠶᠢ ᠲᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠤᠩᠬᠡᠢ ᠡᠪᠯᠡᠯ ᠤᠨ ᠡᠷᠬᠡ ᠠᠰᠢᠭ ᠢ ᠪᠠᠳᠤᠯᠠᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠠᠵᠢᠯᠴᠢᠨ ᠤ ᠶᠡᠷᠤᠩᠬᠡᠢ ᠡᠪᠯᠡᠯ ᠠᠴᠠ ᠪᠡᠭᠡᠵᠢᠩ ᠲᠢᠶᠠᠨᠵᠢᠨ ᠡᡁᠧᠪᠸᠢ ᠭᠤᠷᠪᠠᠨ ᠮᠤᠵᠢ ︵ᠬᠤᠳᠠ︶᠎ ᠶᠢᠨ ᠠᠵᠢᠯᠴᠢᠨ ᠤ ᠡᠪᠯᠡᠯ ᠲᠠᠢ ᠬᠠᠮᠳᠤᠷᠠᠵᠥ᠂ ᠦᠪᠡᠷᠳᠡᠭᠡᠨ ᠵᠠᠰᠠᠬᠤ ᠤᠷᠤᠨ ᠤ ᠬᠦᠮᠥᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠢᠴᠢ ᠬᠦᠬᠡᠬᠤᠳᠠ ᠶᠢᠨ ᠨᠠᠮ ᠤᠨ ᠬᠤᠷᠢᠶ᠎ᠠ᠂  ᠵᠠᠰᠠᠭ ᠤᠨ ᠤᠷᠳᠤᠨ ᠲᠠᠢ ᠬᠤᠯᠪᠤᠭᠠᠯᠠᠨ ᠬᠠᠮᠳᠤ ᠪᠠᠷ ᠡᠷᠬᠢᠯᠡᠵᠥ᠂ ︽ᠤᠷᠤᠨ ᠪᠦᠰᠡ ᠠᠯᠤᠰᠯᠠᠨ ᠬᠠᠮᠵᠢᠯᠴᠠᠬᠤ᠂ ᠰᠠᠯᠠᠭ᠎ᠠ ᠮᠦᠴᠢᠷ ᠠᠯᠤᠰᠯᠠᠨ ᠬᠤᠯᠪᠤᠭᠠᠯᠠᠨ ᠬᠦᠳᠡᠯᠦᠯᠴᠡᠬᠦ᠂ ᠤᠯᠠᠨ ᠲᠠᠯ᠎ᠠ ᠶᠢᠨ ᠬᠦᠮᠥᠰ ᠲᠤ ᠦᠢᠯᠡᠴᠢᠯᠡᠬᠦ︾ ᠣᠨᠤᠯᠵᠢᠬᠤᠨ ᠎ ᠢᠶᠠᠷ᠂ ᠠᠵᠢᠯ ᠤᠯᠬᠤ ᠳᠤ ᠬᠦᠴᠢᠷᠳᠠᠢ ᠬᠦᠮᠦᠰ ᠪᠤᠯᠤᠨ ᠠᠵᠢᠯ ᠤᠯᠭᠤᠬᠤ ᠭᠤᠤᠯᠳᠠᠯᠭ᠎ᠠ ᠲᠠᠢ ᠬᠦᠮᠥᠰ ᠵᠡᠷᠭᠡ ᠳᠤ ᠠᠵᠢᠯ ᠤᠯᠵᠦ ᠦᠢᠯᠡᠰ ᠴᠤᠭᠴᠠᠯᠠᠬᠤ ᠦᠢᠯᠡᠴᠢᠯᠡᠭᠡ ᠬᠠᠩᠭᠠᠬᠤ ᠶᠢ ᠪᠠᠷᠢᠮᠳᠠᠯᠠᠪᠠ᠃ ᠪᠡᠭᠡᠵᠢᠩ᠂ ᠲᠢᠶᠠᠨᠵᠢᠨ᠂ ᠡᡁᠧᠪᠸᠢ᠂ ᠦᠪᠤᠷ ᠮᠤᠩᠭᠤᠯ᠂ ᠵᠢᠶᠠᠩᠰᠦ᠂ ᠵᠧᠵᠢᠶᠠᠩ᠂ ᠱᠠᠨᠰᠢ ᠵᠡᠷᠬᠡ ᠮᠤᠵᠢ ᠤᠷᠤᠨ ᠬᠤᠳᠠ ᠵᠢᠴᠢ ᠲᠤᠮᠳᠠᠳᠤ ᠤᠯᠤᠰ ᠤᠨ ᠡᠳ᠋ ᠤᠨ ᠵᠠᠰᠠᠭ ᠠᠷᠠᠯᠵᠢᠶ᠎ᠠ ᠬᠦᠩᠬᠡᠨ ᠠᠵᠥ ᠦᠢᠯᠡᠳᠪᠤᠷᠢ ᠨᠡᠬᠡᠮᠡᠯ ᠨᠠᠪᠴᠢᠨ ᠲᠠᠮᠠᠬᠢ ᠶᠢᠨ ᠦᠢᠯᠡᠰ ᠎ ᠤᠨ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠭᠰᠠᠨ 1562 ᠠᠵᠥ ᠠᠬᠤᠶᠢᠯᠠᠯ ᠤᠳ ᠨᠢ ᠲᠤᠬᠠᠢ ᠶᠢᠨ ᠲᠠᠯᠠᠪᠠᠢ ᠪᠤᠯᠤᠨ ᠰᠦᠯᠵᠢᠶᠡᠨ ᠲᠡᠬᠡᠷ᠎ᠡ ᠨᠡᠶᠢᠳᠡ 3 ᠲᠦᠮᠡ ᠭᠠᠷᠤᠢ ᠠᠵᠢᠯ ᠤᠨ ᠪᠠᠶᠢᠷᠢ ᠬᠠᠩᠭᠠᠭᠰᠠᠠ ᠪᠠᠶᠢᠨ᠎ᠠ᠃      ᠸᠧᠢ ᠳ᠋ᠢ ᠴᠦᠨ ᠡᠭᠢᠯᠡᠯᠳᠡ ᠶᠢᠨ ᠶᠤᠰᠤᠯᠠᠯ ᠲᠡᠭᠡᠷ᠎ᠠ ᠶᠠᠷᠢᠬᠤ ᠳᠤ ᠪᠠᠨ᠂ ᠪᠡᠭᠡᠵᠢᠩ ᠲᠢᠶᠠᠠᠵᠢᠨ ᠡᡁᠧᠪᠸᠢ ᠦᠪᠦᠷ ᠮᠤᠩᠭᠤᠯ ᠤᠨ ᠠᠵᠢᠯᠴᠢᠨ ᠤ ᠡᠪᠯᠡᠯ ᠤᠨ ᠤᠷᠤᠠ ᠪᠦᠰᠡ ᠠᠯᠤᠰᠯᠠᠠ ᠠᠵᠢᠯ ᠤᠯᠵᠦ ᠦᠢᠯᠡᠰ ᠴᠣᠭᠴᠠᠯᠠᠬᠤ ᠎ ᠶᠢ ᠠᠬᠢᠭᠤᠯᠬᠤ ᠠᠵᠢᠯᠯᠠᠭ᠎ᠠ ᠪᠤᠯ ᠤᠯᠠᠠ ᠵᠢᠯ ᠲᠠᠷᠠᠭᠠᠯᠠᠠ ᠶᠠᠪᠤᠭᠳᠠᠭᠰᠠᠨ᠂ ᠠᠵᠢᠯᠴᠢᠨ ᠤ ᠡᠪᠯᠡᠯ ᠤᠨ ᠰᠢᠰᠲ᠋ᠧᠮ ᠎ ᠤᠨ ᠬᠢᠨ ᠤ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠵᠦ᠂ ᠠᠵᠢᠯᠲᠠᠠ ᠠᠵᠢᠯᠴᠢᠨ ᠤ ᠠᠵᠢᠯ ᠤᠯᠭᠤᠯᠲᠠ ᠳᠤ ᠦᠢᠯᠡᠴᠢᠯᠡᠬᠦ᠂ ᠪᠡᠭᠡᠵᠢᠩ ᠲᠢᠶᠠᠠᠵᠢᠨ ᠡᡁᠧᠪᠸᠢ ᠶᠢᠨ ᠬᠠᠮᠵᠢᠯᠴᠠᠨ ᠬᠦᠭᠵᠢᠭᠦ ᠳᠤ ᠦᠢᠯᠡᠴᠢᠯᠡᠬᠦ ᠤᠯᠤᠰ ᠤᠨ ᠪᠠᠶᠢᠯᠲᠤᠬᠤ ᠪᠤᠲᠤᠯᠭ᠎ᠠ ᠶᠢᠨ ᠨᠡᠷᠡᠳᠦ ᠲᠦᠷᠦᠯ ᠲᠡᠮᠲᠡᠭᠲᠦ ᠶᠢᠨ ᠠᠵᠢᠯᠯᠠᠭ᠎ᠠ ᠪᠤᠯᠤᠭᠰᠠᠨ ᠪᠦᠭᠡᠳ ᠤᠷᠤᠨ ᠪᠦᠰᠡ ᠶᠢᠨ ᠴᠢᠨᠠᠷᠲᠠᠢ ᠠᠵᠢᠯᠴᠢᠨ ᠤ ᠡᠪᠯᠡᠯ ᠎ ᠤᠨ ᠬᠠᠮᠲᠤᠷᠠᠯᠴᠠᠭᠠᠨ ᠤ ᠦᠷᠬᠦᠯᠵᠢᠯᠡᠭᠰᠡᠨ ᠬᠦᠭᠵᠢᠯᠳᠠ ᠳᠤ ᠨᠡᠶᠢᠲᠡᠯᠢᠭ ᠬᠡᠪ ᠳᠠᠭᠤᠷᠢᠶᠠᠯ ᠢ ᠪᠤᠢ ᠪᠤᠯᠭᠠᠵᠠᠢ᠃ ᠲᠤᠰ ᠤᠳᠠᠭᠠᠨ ᠤ ᠠᠵᠢᠯᠯᠠᠭ᠎ᠠ ᠨᠢ ᠠᠵᠢᠯᠲᠠᠠ ᠠᠵᠢᠯᠴᠢᠨ ᠳᠤ ᠲᠤᠭᠲᠠᠭᠤᠨ ᠢᠶᠠᠷ ᠠᠵᠢᠯ ᠤᠯᠭᠤᠬᠤ᠂ ᠤᠷᠤᠨ ᠪᠦᠰᠡ ᠶᠢᠨ ᠬᠠᠮᠵᠢᠯᠴᠠᠭᠰᠠᠨ ᠬᠦᠭᠵᠢᠯᠳᠡ ᠶᠢ ᠠᠬᠢᠭᠤᠯᠬᠤ ᠲᠠᠯ᠎ᠠ ᠪᠠᠷ ᠰᠠᠶᠢᠨ ᠰᠠᠶᠢᠬᠠᠨ ᠦᠢᠯᠡᠲᠦᠯ ᠪᠠᠳᠠᠷᠠᠭᠤᠯᠬᠤ ᠨᠢ ᠯᠠᠪᠲᠠᠢ ᠶᠤᠮ ᠭᠡᠪᠡ᠃      ᠡᠬᠢᠯᠡᠯᠳᠡ ᠶᠢᠨ ᠶᠤᠰᠤᠯᠠᠯ ᠲᠠᠭᠦᠰᠦᠭᠰᠡᠡ ᠤ ᠲᠠᠷᠠᠭ᠎ᠠ᠂ ᠪᠦ᠋ ᠰᠢᠶᠤᠤ ᠯᠢᠠ ᠵᠡᠷᠭᠡ ᠤᠲᠤᠷᠢᠲᠤᠯᠭ᠎ᠠ ᠨᠠᠷ ᠬᠠᠮᠳᠤ ᠪᠠᠷ ᠠᠵᠢᠯᠯᠠᠭᠠᠨ ᠤ ᠦᠵᠡᠭᠦᠯᠭᠡ ᠶᠢᠨ ᠲᠤᠭᠤᠷᠢᠭ ᠲᠤ ᠬᠦᠷᠴᠤ᠂ ᠠᠵᠦ ᠠᠬᠤᠶᠢᠯᠠᠯ ᠤᠨ ᠴᠢᠳᠠᠪᠤᠷᠢᠳᠠᠨ ᠡᠯᠰᠡᠭᠰᠡᠨ ᠪᠠᠶᠢᠳᠠᠯ᠂ ᠠᠵᠢᠯ ᠤᠯᠵᠦ ᠦᠢᠯᠡᠰ ᠴᠤᠭᠴᠠᠯᠠᠬᠤ ᠶᠢ ᠵᠢᠭᠠᠠ ᠵᠢᠯᠤᠭᠤᠳᠤᠭᠰᠠᠨ ᠪᠠᠶᠢᠲᠠᠯ ᠵᠡᠷᠭᠡ ᠶᠢ ᠤᠶᠢᠯᠠᠭᠠᠭᠰᠠᠠ ᠪᠦᠭᠡᠳ ᠦᠪᠦᠷ ᠮᠤᠩᠭᠤᠯ ᠤᠨ ᠦᠪᠡᠷᠲᠡᠭᠡᠡ ᠵᠠᠰᠠᠬᠤ ᠤᠷᠤᠨ ᠤ ᠠᠵᠢᠯᠲᠠᠠ ᠠᠵᠢᠯᠴᠢᠨ ᠤ ᠰᠢᠨ᠎ᠠ ᠎ ᠶᠢ ᠡᠭᠦᠲᠦᠭᠰᠡᠡ ᠦᠷ᠎ᠠ ᠪᠦᠲᠦᠭᠡᠯ ᠤᠨ ᠰᠦᠯᠵᠢᠶᠠᠠ ᠳᠡᠭᠡᠷᠡᠬᠢ ᠲᠡᠯᠭᠡᠡ ᠦᠵᠡᠭᠦᠯᠬᠦ ᠤᠷᠲᠤᠨ ᠢ ᠨᠡᠭᠡᠭᠡᠵᠡᠢ᠃ ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠪᠠᠰᠠ ᠦᠪᠡᠷᠲᠡᠭᠡᠡ ᠵᠠᠰᠠᠬᠤ ᠤᠷᠤᠨ ᠤ ᠰᠢᠯᠢᠲᠡᠭ ᠠᠵᠦ ᠠᠬᠤᠶᠢᠯᠠᠯ ᠪᠠ ᠰᠢᠨ᠎ᠠ ᠶᠢ ᠡᠭᠦᠳᠴᠤ ᠦᠢᠯᠡᠰ ᠴᠣᠭᠴᠠᠯᠠᠬᠤ ᠲᠦᠷᠦᠯ ᠵᠦᠢᠯ ᠤᠨ ᠦᠵᠡᠭᠦᠯᠭᠡ᠂ ᠰᠤᠷᠭᠠᠭᠤᠯᠢ ᠪᠤᠯᠤᠨ ᠠᠵᠦ ᠠᠬᠤᠶᠢᠯᠠᠯ ᠤᠨ ᠵᠦᠪᠳᠡᠯᠴᠡᠭᠡᠷ ᠵᠡᠷᠭᠡ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号