ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠵᠥ ᠨᠡᠭᠡᠭᠡᠯᠳᠡ ᠬᠢᠬᠦ ᠤᠳᠤᠷᠢᠳᠬᠤ ᠲᠤᠭᠤᠢᠢᠯᠠᠩ ᠤᠨ ᠬᠤᠷᠡᠯ ᠢ ᠡᠷᠬᠢᠯᠡᠨ ᠬᠤᠷᠠᠯᠳᠤᠭᠤᠯᠵᠥ  ᠪᠦ᠋ ᠰᠢᠶᠤᠤ ᠯᠢᠨ ᠤᠷᠤᠯᠴᠠᠵᠠᠢ
ᠨᠡᠶᠢᠲᠡᠯᠡᠭᠰᠡᠨ ᠴᠠᠭ᠄
2019/5/13
     ᠯᠢ ᠵᠢᠢ ᠡᡁᠧᠩ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠵᠥ ᠨᠡᠭᠡᠭᠡᠯᠳᠡ ᠬᠢᠬᠦ ᠤᠳᠤᠷᠢᠳᠬᠤ ᠲᠤᠭᠤᠢᠢᠯᠠᠩ ᠤᠨ ᠬᠤᠷᠡᠯ ᠢ ᠡᠷᠬᠢᠯᠡᠨ ᠬᠤᠷᠠᠯᠳᠤᠭᠤᠯᠵᠥ ᠴᠢᠬᠤᠯᠠᠴᠢᠯᠠᠬᠰᠠᠠ ᠨᠢ  ᠶᠡᠷᠤᠩᠬᠡᠢ ᠱᠦᠵᠢ ᠰᠢ ᠶᠢᠨ ᠫᠢᠩ ᠎ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ 2018 ᠣᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠠᠮᠵᠢᠯᠳᠡ ᠪᠦᠳᠦᠮᠵᠢ ᠶᠢ ᠬᠢᠨᠠᠨ ᠰᠢᠯᠭᠠᠬᠤ ᠳᠤ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦ ᠪᠠᠷ ᠢᠶᠠᠨ ᠰᠠᠶᠢᠳᠤᠷ ᠠᠳᠬᠤᠬᠤ ᠬᠡᠷᠡᠭᠳᠡᠢ ᠭᠡᠵᠡᠢ      ᠪᠦ᠋ ᠰᠢᠶᠤᠤ ᠯᠢᠨ ᠤᠷᠤᠯᠴᠠᠵᠠᠢ      5 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠵᠥ ᠨᠡᠭᠡᠭᠡᠯᠳᠡ ᠬᠢᠬᠦ ᠤᠳᠤᠷᠢᠳᠬᠤ ᠲᠤᠭᠤᠢᠢᠯᠠᠩ 2019 ᠣᠨ ᠤ ᠬᠤᠶᠠᠳᠤᠭᠠᠷ ᠤᠳᠠᠭ᠎ᠠ ᠎ ᠶᠢᠨ ᠬᠤᠷᠡᠯ ᠢ ᠬᠤᠷᠡᠯᠳᠤᠭᠤᠯᠪᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠱᠦᠵᠢ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠵᠥ ᠨᠡᠭᠡᠭᠡᠯᠳᠡ ᠬᠢᠬᠦ ᠤᠳᠤᠷᠢᠳᠬᠤ ᠲᠤᠭᠤᠢᠢᠯᠠᠩ ᠤᠨ ᠲᠠᠷᠤᠭ᠎ᠠ ᠯᠢ ᠵᠢᠢ ᠡᡁᠧᠩ ᠬᠤᠷᠡᠯ ᠢ ᠡᠷᠬᠢᠯᠡᠨ ᠶᠠᠷᠢᠶ᠎ᠠ ᠲᠠᠯᠪᠢᠵᠥ᠂ ᠶᠡᠷᠤᠩᠬᠡᠢ ᠱᠦᠵᠢ ᠰᠢ ᠶᠢᠨ ᠫᠢᠩ ᠤᠨ ᠤᠢᠢᠷ᠎ᠡ ᠎ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠴᠢᠬᠤᠯᠠ ᠴᠢᠨᠠᠷ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠪᠡᠶᠡᠯᠡᠬᠦᠯᠬᠦ ᠶᠢᠨ ᠬᠠᠳᠠᠭᠤᠵᠢᠯᠳᠡᠢ ᠴᠢᠨᠠᠷ᠂ ᠲᠤᠪᠤᠶᠢᠮ᠎ᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠲᠤᠯᠭᠠᠮ ᠴᠢᠨᠠᠷ ᠢ ᠬᠦᠨᠵᠡᠬᠡᠢ ᠲᠠᠨᠢᠵᠥ᠂ ᠬᠠᠷᠠᠯᠳᠡ ᠪᠠᠨ ᠪᠠᠳᠤ ᠡᠵᠡᠮᠳᠡᠵᠥ᠂ ᠪᠡᠷᠭᠡ ᠶᠢ ᠲᠤᠭᠤᠯᠤᠨ ᠬᠦᠴᠢᠷ ᠢ ᠲᠡᠪᠡᠵᠥ᠂ ᠰᠢᠢᠳᠪᠤᠷᠢᠳᠤ ᠢᠯᠠᠯᠳᠡ ᠤᠯᠬᠤ ᠵᠠᠩᠬᠢᠯᠠᠭ᠎ᠠ ᠶᠢᠨ ᠱᠠᠳᠤᠨ ᠳᠤ ᠤᠷᠤᠭᠰᠠᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠨᠡᠩ ᠯᠠᠪᠳᠠᠭᠤᠨ ᠪᠠᠲᠤᠲᠠᠢ ᠪᠦᠳᠦᠮᠵᠢᠳᠡᠢ ᠪᠠᠷ ᠰᠠᠶᠢᠳᠤᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠪᠦ᠋ ᠰᠢᠶᠤᠤ ᠯᠢᠨ᠂ ᠯᠢᠨ ᠱᠤᠤ ᠴᠦᠨ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠪᠠᠢ ᠢᠤᠢ ᠭᠠᠩ᠂ ᠶᠠᠩ ᠸᠧᠢ ᠳ᠋ᠦᠩ᠂ ᠯᠢ ᠪᠢᠩ ᠷᠦᠩ ᠬᠤᠷᠡᠯ ᠳᠤ ᠤᠷᠤᠯᠴᠠᠪᠠ᠃      ᠬᠤᠷᠡᠯ ᠠᠴᠠ ᠶᠡᠷᠤᠩᠬᠡᠢ ᠱᠦᠵᠢ ᠰᠢ ᠶᠢᠨ ᠫᠢᠩ ᠤᠨ ︽ᠬᠤᠶᠠᠷ ᠲᠤ ᠦᠯᠦ ᠵᠤᠪᠠᠭ᠋ᠤ ᠭᠤᠷᠪᠠ ᠶᠢ ᠪᠠᠳᠤᠯᠠᠬᠤ︾ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠶᠠᠷᠢᠯᠴᠠᠬᠤ ᠬᠤᠷᠡᠯ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠤᠷᠡᠯ ᠠᠴᠠ 2018 ᠣᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠠᠮᠵᠢᠯᠳᠡ ᠪᠦᠳᠦᠮᠵᠢ ᠶᠢ ᠬᠢᠨᠠᠨ ᠰᠢᠯᠭᠠᠭᠰᠠᠨ ᠵᠡᠷᠬᠡ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠬᠤ ᠦᠶ᠎ᠡ ᠳᠤ ᠲᠤᠷᠠᠳᠤᠭᠰᠠᠠ ᠴᠢᠬᠤᠯᠠ ᠱᠠᠭᠠᠷᠳᠠᠯᠭ᠎ᠠ᠂ ᠲᠦᠪ ᠤᠨ ᠡᠳ᠋ ᠤᠨ ᠵᠠᠰᠠᠭ ᠠᠵᠥ ᠠᠬᠤᠢ ᠶᠢᠨ ᠵᠦᠪᠯᠡᠯ ᠤᠨ ᠲᠦᠷᠪᠡᠳᠤᠭᠡᠷ ᠤᠳᠠᠭ᠎ᠠ ᠶᠢᠨ ᠬᠤᠷᠡᠯ ᠲᠡᠭᠡᠷ᠎ᠡ ᠲᠤᠷᠠᠳᠤᠭᠰᠠᠠ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠴᠢᠬᠤᠯᠠ ᠱᠠᠭᠠᠷᠳᠠᠯᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠬᠤᠶᠠᠳᠤᠭᠠᠷ ᠬᠤᠷᠡᠯ ᠤᠨ ᠭᠠᠨᠰᠤ ᠶᠢᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠳᠤ ᠬᠡᠯᠡᠭᠰᠡᠨ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠪᠠ᠃ ᠬᠤᠷᠡᠯ ᠠᠴᠠ ᠵᠢᠭᠠᠵᠤ ᠭᠠᠷᠭᠠᠭᠰᠠᠨ ᠨᠢ᠂ ᠶᠡᠷᠤᠩᠬᠡᠢ ᠱᠦᠵᠢ ᠰᠢ ᠶᠢᠨ ᠫᠢᠩ ᠤᠨ ᠤᠢᠢᠷ᠎ᠡ ᠶᠢᠨ ᠬᠤᠭᠤᠴᠠᠭᠠᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠴᠢᠬᠤᠯᠠ ᠴᠤᠬᠤᠯᠠᠪᠤᠷᠢ ᠨᠢ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠪᠤᠯᠤᠨ ᠪᠤᠲᠠᠲᠦ ᠴᠢᠭᠯᠡᠬᠦᠯᠦᠯᠲᠦ ᠴᠢᠨᠠᠷᠳᠠᠢ ᠪᠠᠶᠢᠵᠥ᠂ ᠡᠨᠡ ᠵᠢᠯ ᠪᠤᠯᠤᠨ ᠢᠷᠡᠬᠦ ᠵᠢᠯ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠦᠨᠳᠦᠰᠤᠨ ᠵᠢᠷᠤᠮᠯᠠᠯ ᠪᠤᠯᠤᠨ ᠠᠵᠢᠯᠯᠠᠭᠠᠨ ᠤ ᠵᠦᠭᠯᠡᠬᠦᠷ ᠪᠤᠯᠤᠨ᠎ᠠ᠂ ᠪᠢᠲᠠ ᠡᠷᠬᠡᠪᠰᠢ ᠰᠤᠷᠤᠯᠴᠠᠨ ᠤᠢᠢᠯᠠᠭᠠᠵᠤ ᠡᠵᠡᠮᠰᠢᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠪᠤᠲᠠᠲᠠᠢ ᠠᠰᠠᠭᠤᠳᠠᠯ ᠲᠠᠢ ᠤᠶᠠᠯᠳᠤᠭᠤᠯᠤᠨ ᠬᠦᠨᠵᠡᠬᠡᠢ ᠰᠡᠳᠬᠢᠨ ᠪᠤᠳᠤᠵᠥ᠂ ᠠᠰᠠᠭᠤᠲᠠᠯ ᠲᠡᠭᠡᠷ᠎ᠡ ᠠᠩᠬᠠᠷᠤᠯ ᠲᠦᠪᠯᠡᠷᠡᠭᠦᠯᠦᠨ ᠲᠤᠩᠭᠠᠨ ᠪᠤᠲᠤᠵᠤ᠂ ᠡᠬᠦᠷᠬᠡ ᠲᠠᠢ ᠪᠠᠨ ᠤᠶᠠᠯᠳᠤᠭᠤᠯᠤᠨ ᠬᠦᠨᠵᠡᠬᠡᠢ ᠰᠤᠳᠤᠯᠵᠥ᠂ ᠰᠤᠷᠤᠯᠴᠠᠯᠭ᠎ᠠ ᠪᠠᠷ ᠲᠠᠮᠵᠢᠨ ᠤᠬᠠᠮᠰᠠᠷ ᠢᠶᠠᠨ ᠲᠡᠭᠡᠭᠰᠢᠯᠡᠬᠦᠯᠬᠦ᠂ ᠠᠷᠭ᠎ᠠ ᠪᠠᠷᠢᠯ᠂ ᠠᠷᠭ᠎ᠠ ᠬᠡᠮᠵᠢᠶ᠎ᠡ ᠪᠠᠨ ᠪᠤᠲᠠᠲᠠᠶᠢᠵᠢᠭᠤᠯᠬᠤ᠂ ᠡᠬᠦᠷᠬᠡᠯᠡᠯ ᠬᠠᠷᠢᠭᠤᠴᠠᠯᠭ᠎ᠠ ᠪᠠᠨ ᠪᠤᠲᠠᠲᠠᠶᠢᠵᠢᠭᠤᠯᠬᠤ ᠶᠢ ᠦᠨᠡᠨ ᠬᠦ ᠪᠡᠶᠡᠯᠡᠬᠦᠯᠬᠦ ᠬᠡᠷᠡᠭᠳᠡᠢ ᠭᠡᠵᠡᠢ᠃      ᠬᠤᠷᠠᠯ ᠠᠴᠠ ᠳᠦᠪ ᠤᠨ 2018 ᠣᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠤᠯᠤᠬᠰᠠᠨ ᠠᠮᠵᠢᠯᠳᠡ ᠪᠦᠳᠦᠮᠵᠢ ᠶᠢ ᠬᠢᠨᠠᠨ ᠰᠢᠯᠭᠠᠬᠤ ᠳᠤᠬᠠᠢ ᠬᠠᠮᠢᠶ᠎ᠠ ᠪᠦᠬᠦᠢ ᠵᠤᠷᠢᠬ ᠰᠠᠨᠠᠭ᠎ᠠ ᠶᠢ ᠤᠯᠠᠮᠵᠢᠯᠠᠵᠦ᠂ ︽2018 ᠣᠨ ᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠠ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠮᠵᠢᠯᠳᠡ ᠪᠦᠳᠦᠮᠵᠢ ᠶᠢ ᠬᠢᠨᠠᠨ ᠰᠢᠯᠭᠠᠬᠤ ᠳᠤ ᠬᠠᠷᠢᠭᠤ ᠳᠤᠰᠬᠠᠬᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠎ ᠤᠨ ᠳᠦᠰᠦᠯ︾᠂ 2018 ᠣᠨ ᠤ ᠠᠶᠢᠮᠠᠬ ᠬᠤᠳᠠ ᠶᠢᠨ ᠨᠠᠮ ᠤᠨ ᠬᠤᠷᠢᠶ᠎ᠠ ᠵᠠᠰᠠᠬ ᠤᠨ ᠤᠷᠳᠤᠨ ︵ᠠᠶᠢᠮᠠᠭ ᠎ ᠤᠨ ᠵᠠᠬᠢᠷᠭ᠎ᠠ︶᠎ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠤᠯᠤᠬᠰᠠᠨ ᠠᠮᠵᠢᠯᠳᠡ ᠪᠦᠳᠦᠮᠵᠢ ᠶᠢ ᠬᠢᠨᠠᠨ ᠰᠢᠯᠭᠠᠭᠰᠠᠨ ᠦᠷ᠎ᠠ ᠳ᠋ᠦᠩ᠂ 2018 ᠣᠨ ᠤ ᠦᠪᠡᠷᠳᠡᠬᠡᠨ ᠵᠠᠰᠠᠬᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠳᠤᠰᠬᠠᠢ ᠳᠦᠷᠦᠯ ᠤᠨ ᠠᠬᠢᠭᠤᠯᠬᠤ ᠳᠤᠭᠤᠢᠢᠯᠠᠩ ᠤᠨ ᠬᠢᠨᠠᠨ ᠰᠢᠯᠭᠠᠭᠰᠠᠨ ᠦᠷ᠎ᠠ ᠳ᠋ᠦᠩ ᠢ ᠬᠢᠨᠠᠨ ᠵᠦᠪᠯᠡᠵᠦ ᠪᠠᠳᠤᠯᠠᠬᠰᠠᠨ ᠤ ᠬᠠᠮᠳᠤ᠂ ᠪᠦᠬᠦ ᠤᠷᠤᠨ ᠎ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠱᠠᠩᠨᠠᠯ ᠢ ᠦᠨᠡᠯᠡᠨ ᠰᠢᠯᠭᠠᠷᠠᠭᠤᠯᠤᠬᠰᠠᠨ ᠪᠠ ᠬᠢᠨᠠᠨ ᠬᠠᠷᠭᠤᠭᠤᠯᠤᠬᠰᠠᠨ ᠪᠠᠶᠢᠳᠠᠯ ᠤᠨ ᠳᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠤ᠂ 2019 ᠣᠨ ᠤ ᠮᠠᠨ ᠤ ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠶᠠᠳᠠᠭᠤ ᠠᠴᠠ ᠠᠩᠬᠢᠵᠢᠷᠠᠭᠤᠯᠬᠤ ᠤᠷᠤᠯᠭ᠎ᠠ ᠶᠢᠨ ᠪᠠᠷᠢᠮᠵᠢᠶ᠎ᠠ ᠶᠢ ᠰᠤᠳᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ 2018 ᠣᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠤᠯᠤᠬᠰᠠᠨ ᠠᠮᠵᠢᠯᠳᠡ ᠪᠦᠳᠦᠮᠵᠢ ᠶᠢ ᠬᠢᠨᠠᠨ ᠰᠢᠯᠭᠠᠬᠤ ᠳᠤ ᠬᠠᠷᠢᠭᠤ ᠳᠤᠰᠬᠠᠭᠰᠠᠠ ᠠᠰᠠᠭᠤᠲᠠᠯ ᠢ ᠳᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠡᠷᠡᠰ ᠢᠶᠠᠷ ᠡᠬᠦᠷᠬᠡᠯᠡᠵᠦ᠂ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠪᠤᠢ ᠪᠦᠬᠦᠢ ᠠᠰᠠᠭᠤᠳᠠᠯ ᠢ ᠴᠡᠭᠴᠡᠯᠡᠨ ᠵᠠᠰᠠᠵᠦ᠂ ᠳᠦᠢᠯᠪᠤᠷᠢᠳᠡᠢ ᠴᠡᠭᠴᠡᠯᠡᠨ ᠵᠠᠰᠠᠬᠤ ᠬᠡᠷᠡᠭᠳᠡᠢ᠃ ᠠᠩᠬᠠᠷᠤᠯ ᠢᠶᠠᠨ ᠲᠦᠪᠯᠡᠷᠡᠭᠦᠯᠵᠤ ᠬᠦᠴᠦᠨ ᠢᠶᠠᠨ ᠳᠦᠪᠯᠡᠷᠡᠬᠦᠯᠵᠦ ᠪᠠᠶᠢᠭᠠᠳ ︽ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠳᠤᠯᠠᠬᠤ︾᠎ ᠶᠢᠨ ᠲᠤᠪᠤᠶᠢᠮ᠎ᠠ ᠠᠰᠠᠭᠤᠲᠠᠯ ᠢ ᠰᠠᠶᠢᠲᠤᠷ ᠰᠢᠢᠳᠪᠦᠷᠢᠯᠡᠵᠤ᠂ ᠤᠤᠭᠤᠬᠤ ᠤᠰᠤᠨ ᠤ ᠠᠮᠤᠷ ᠳᠦᠪᠰᠢᠨ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ᠂ ᠤᠷᠤᠨ ᠰᠠᠭᠤᠴᠠ ᠶᠢᠨ ᠠᠮᠤᠷ ᠳᠦᠪᠰᠢᠨ ᠵᠡᠷᠬᠡ ᠬᠦᠷᠢᠶᠡᠨ ᠳᠠᠬᠢ ᠦᠯᠡᠳᠡᠵᠤ ᠪᠠᠶᠢᠭ᠎ᠠ ᠵᠢᠭᠠᠯᠳᠠ ᠳᠤᠭᠠᠨ ᠤ ᠡᠬᠦᠷᠬᠡ ᠶᠢ ᠪᠦᠬᠦ ᠳᠠᠯ᠎ᠠ ᠪᠠᠷ ᠪᠠᠶᠠᠯᠠᠬᠦᠯᠬᠦ ᠶᠢ ᠦᠨᠡᠨ ᠬᠦ ᠪᠠᠳᠤᠯᠠᠵᠦ᠂ ᠪᠠᠷᠢᠮᠵᠢᠶᠠᠨ ᠳᠤ ᠬᠦᠷᠦᠭᠡᠳᠦᠢ ᠪᠠᠶᠢᠭ᠎ᠠ ᠶᠢ ᠪᠦᠬᠦᠨ ᠢ ᠪᠠᠷᠢᠮᠵᠢᠶᠠᠨ ᠳᠤ ᠬᠦᠷᠬᠡᠵᠦ᠂ ᠪᠠᠷᠢᠮᠵᠢᠶᠠᠨ ᠠᠴᠠ ᠬᠡᠳᠦᠷᠡᠬᠦᠯᠦᠭᠰᠡᠨ ᠠᠰᠠᠭᠤᠳᠠᠯ ᠤᠳ ᠢ ᠪᠦᠬᠦᠨ ᠢ ᠵᠠᠯᠠᠷᠠᠭᠤᠯᠬᠤ ᠬᠡᠷᠡᠭᠳᠡᠢ᠃ ᠤᠨᠴᠠ ᠶᠠᠳᠠᠭᠤ ᠬᠦᠴᠢᠷᠳᠡᠯᠳᠠᠢ ᠭᠠᠵᠠᠷ ᠤᠷᠤᠨ ᠤ ᠳᠦᠪᠯᠡᠷᠡᠩᠬᠦᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠬᠢᠬᠦ ᠳᠤ ᠳᠡᠮᠵᠢᠯᠬᠡ ᠦᠵᠡᠬᠦᠯᠵᠦ᠂ ᠪᠡᠬᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭ᠎ᠠ ᠶᠢ ᠬᠦᠨᠵᠡᠬᠡᠶᠢᠷᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠤᠷᠳᠤ ᠬᠤᠭᠤᠴᠠᠭᠠᠨ ᠤ ᠪᠦᠳᠦᠮᠵᠢᠳᠠᠢ ᠳᠤᠬᠳᠠᠴᠠ ᠶᠢ ᠪᠠᠶᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠪᠠ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠯᠤᠭ᠎ᠠ ᠪᠦᠳᠦᠮᠵᠢᠳᠡᠢ ᠵᠤᠯᠭᠠᠯᠴᠠᠭᠤᠯᠬᠤ ᠶᠢ ᠠᠬᠢᠭᠤᠯᠵᠦ᠂ ᠡᠯ᠎ᠠ ᠳᠦᠷᠦᠯ ᠎ ᠤᠨ ᠡᠬᠦᠷᠬᠡ ᠶᠢᠨ ᠨᠠᠶᠢᠳᠠᠪᠤᠷᠢᠵᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠬᠤ ᠬᠡᠷᠡᠭᠳᠡᠢ᠃ ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠴᠤᠯᠭᠤᠷᠠᠵᠦ ᠭᠠᠷᠤᠬᠰᠠᠨ ᠨᠡᠶᠢᠳᠡᠯᠢᠭ ᠵᠢᠱᠢᠶ᠎ᠠ ᠪᠤᠯᠤᠨ ᠳᠡᠷᠢᠬᠦᠨ ᠤ ᠦᠢᠯᠡ ᠠᠵᠢᠯᠯᠠᠭ᠎ᠠ ᠶᠢ ᠶᠡᠭᠡ ᠪᠠᠷ ᠤᠬᠠᠭᠤᠯᠵᠦ᠂ ᠦᠷᠬᠡᠨ ᠤᠯᠠᠨ ᠶᠠᠳᠠᠭᠤ ᠠᠴᠠ ᠠᠩᠬᠢᠵᠢᠷᠠᠭᠤᠯᠬᠤ ᠺᠠᠳ᠋ᠷ ᠪᠤᠯᠤᠨ ᠨᠡᠶᠢᠬᠡᠮ ᠤᠨ ᠡᠯ᠎ᠠ ᠳᠠᠯ᠎ᠠ ᠶᠢᠨ ᠢᠳᠡᠪᠬᠢᠵᠢᠯ ᠪᠤᠯᠤᠨ ᠰᠠᠨᠠᠭᠠᠴᠢᠯᠠᠭᠠᠳᠤ ᠴᠢᠨᠠᠷ ᠢ ᠬᠦᠢᠴᠡᠳ ᠳᠠᠶᠢᠴᠢᠯᠠᠨ ᠬᠦᠭᠵᠢᠬᠡᠵᠦ᠂ ᠰᠢᠪᠲᠤᠯᠤᠯᠲᠠ ᠶᠢᠨ ᠳᠠᠶᠢᠯᠠᠯᠳᠤᠭᠠᠨ ᠬᠢᠬᠦ ᠠᠭᠤᠷ ᠠᠮᠢᠰᠬᠤᠯ ᠢ ᠨᠡᠩ ᠦᠳᠭᠡᠨ ᠵᠤᠵᠠᠭᠠᠨ ᠪᠤᠯᠭᠠᠬᠤ ᠬᠡᠷᠡᠭᠳᠡᠢ ᠭᠡᠵᠡᠢ᠃      ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠵᠥ ᠨᠡᠬᠡᠬᠡᠨ ᠬᠦᠭᠵᠢᠬᠦᠯᠬᠦ ᠤᠳᠤᠷᠢᠳᠬᠤ ᠳᠤᠭᠤᠢᠢᠯᠠᠩ ᠎ ᠤᠨ ᠪᠦᠷᠢᠯᠳᠦᠬᠦᠨ ᠨᠢᠬᠡᠴᠢ ᠶᠢᠨ ᠬᠠᠷᠢᠭᠤᠴᠠᠯᠭᠠᠳᠠᠨ᠂ ᠦᠪᠡᠷᠳᠡᠬᠡᠨ ᠵᠠᠰᠠᠬᠤ ᠤᠷᠤᠨ ᠤ ᠶᠠᠳᠠᠭᠤ ᠶᠢ ᠳᠡᠳᠬᠦᠬᠦ ᠠᠯᠪᠠᠨ ᠬᠡᠷ ᠤᠨ ᠤᠳᠤᠷᠢᠳᠬᠤ ᠪᠠᠬ ᠤᠨ ᠪᠦᠷᠢᠯᠳᠦᠬᠦᠨ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号