ᠳᠤᠮᠳᠠᠳᠤ ᠤᠯᠤᠰ ᠤᠨ ᠡᠮᠡᠭᠲᠡᠶᠢᠴᠦᠳ ᠤᠨ ᠰᠠᠭᠤᠷᠢ ᠮᠥᠩᠭᠦᠨ ᠤ ᠨᠡᠶᠢᠭᠡᠮᠯᠢᠭ ᠮᠠᠨ ᠤ ᠣᠷᠣᠨ ᠳᠤ 122 ︽ᠡᠵᠢ ᠨᠡᠷᠡᠮᠵᠢᠲᠦ ᠡᠷᠡᠭᠦᠯ ᠮᠡᠨᠳᠦ ᠶᠢᠨ ᠲᠦᠷᠭᠡᠨ ᠲᠡᠷᠭᠡ︾ ᠬᠠᠨᠳᠢᠪᠯᠠᠪᠠ
ᠨᠡᠶᠢᠲᠡᠯᠡᠭᠰᠡᠨ ᠴᠠᠭ᠄
2019/5/13
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠎ ᠤ ᠨᠡᠶᠢᠭᠡᠮᠯᠢᠭ ᠮᠠᠨ ᠤ ᠣᠷᠣᠨ ᠳᠤ 4 ︽ᠡᠵᠢ ᠨᠡᠷᠡᠮᠵᠢᠲᠦ ᠡᠷᠡᠭᠦᠯ ᠮᠡᠨᠳᠦ ᠶᠢᠨ ᠲᠦᠷᠭᠡᠨ ᠲᠡᠷᠭᠡ︾ ᠬᠠᠨᠳᠢᠪᠯᠠᠪᠠ᠃ ᠣᠳᠣ ᠪᠣᠯᠲᠠᠯ᠎ᠠ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠮᠠᠨ ᠤ ᠣᠷᠣᠨ ᠳᠤ ᠨᠡᠶᠢᠲᠡ 122 ︽ᠡᠬᠡ ᠶᠢᠨ ᠡᠷᠡᠭᠦᠯ ᠮᠡᠨᠳᠦ ᠶᠢᠨ ᠲᠦᠷᠭᠡᠨ ᠲᠡᠷᠭᠡ︾ ᠬᠠᠨᠳᠢᠪᠯᠠᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ︽ᠲᠠᠯ᠎ᠠ ᠨᠤᠲᠤᠭ ᠤᠨ ᠡᠬᠡ ᠶᠢᠨ ᠡᠷᠡᠭᠦᠯ ᠮᠡᠨᠳᠦ ᠶᠢᠨ ᠲᠦᠷᠭᠡᠨ ᠲᠡᠷᠭᠡ︾᠎ ᠶᠢ 38 ᠲᠠᠯᠪᠢᠵᠤ᠂ ᠮᠠᠨ ᠤ ᠣᠷᠣᠨ ︽ᠡᠵᠢ ᠨᠡᠷᠡᠮᠵᠢᠲᠦ ᠡᠷᠡᠭᠦᠯ ᠮᠡᠨᠳᠦ ᠎ ᠶᠢᠨ ᠲᠦᠷᠭᠡᠨ ᠲᠡᠷᠭᠡ︾᠎ ᠶᠢ 103 ᠬᠤᠰᠢᠭᠤ ᠰᠢᠶᠠᠨ ︵ᠬᠤᠲᠠ᠂ ᠲᠣᠭᠤᠷᠢᠭ︶᠎ ᠳᠤ ᠨᠡᠶᠢᠳᠡᠮ ᠪᠦᠷᠬᠦᠭᠦᠯᠵᠡᠢ᠃      ᠣᠶᠢᠯᠠᠭᠠᠭᠰᠠᠨ ᠢᠶᠠᠷ᠂ ᠡᠨᠡ ᠵᠢᠯ ᠤᠨ ᠬᠠᠨᠳᠢᠪᠯᠠᠭᠰᠠᠨ 4 ︽ᠡᠵᠢ ᠨᠡᠷᠡᠮᠵᠢᠲᠦ ᠡᠷᠡᠭᠦᠯ ᠮᠡᠨᠳᠦ ᠶᠢᠨ ᠲᠦᠷᠭᠡᠨ ᠲᠡᠷᠭᠡ︾᠎ ᠶᠢ  ᠣᠶᠢᠷ᠎ᠠ ᠳᠤ ᠬᠦᠬᠡᠬᠤᠲᠠ ᠶᠢᠨ ᠲᠦᠮᠡᠳ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠬᠥᠯᠥᠨ ᠪᠣᠶᠢᠷ ᠬᠤᠲᠠ ᠶᠢᠨ ᠣᠷᠴᠣᠨ ᠥᠪᠡᠷᠲᠡᠭᠡᠨ ᠵᠠᠰᠠᠬᠤ ᠬᠤᠰᠢᠭᠤᠨ ᠤ ᠠᠯᠢ ᠭᠤᠤᠯ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠰᠢᠨ ᠬᠤᠢ ᠪᠠᠯᠭᠠᠰᠤ ᠶᠢᠨ ᠰᠢᠨ ᠳ᠋ᠢ ᠡᠷᠡᠭᠦᠯ ᠬᠠᠮᠠᠭᠠᠯᠠᠯ ᠤᠨ ᠬᠤᠷᠢᠶ᠎ᠠ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠦᠷᠢᠶᠡᠯᠡᠩ ᠎ ᠳᠤ ᠲᠤᠰ ᠲᠤᠰ ᠥᠭᠴᠡᠢ᠃      ︽ᠡᠵᠢ ᠨᠡᠷᠡᠮᠵᠢᠲᠦ ᠡᠷᠡᠭᠦᠯ ᠮᠡᠨᠳᠦ ᠶᠢᠨ ᠲᠦᠷᠭᠡᠨ ᠲᠡᠷᠭᠡ︾᠎ ᠶᠢᠨ ᠲᠥᠷᠥᠯ ᠵᠦᠢᠯ ᠪᠣᠯ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠬᠡ ᠨᠢᠯᠬᠠᠰ ᠤᠨ ᠠᠵᠢᠯ ᠤᠨ ᠵᠥᠪᠯᠡᠯ ᠎ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠨᠢᠭᠡ ᠵᠦᠢᠯ ᠤᠨ ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠣᠯᠣᠨ᠎ᠠ᠂ ᠮᠠᠨ ᠤ ᠤᠯᠤᠰ ᠤᠨ ᠪᠠᠷᠠᠭᠤᠨ ᠣᠷᠣᠨ ᠳᠤ ᠥᠭᠴᠦ᠂ ᠨᠡᠭᠦᠳᠡᠯ ᠡᠮᠴᠢᠯᠡᠭᠡᠨ ᠤ ᠬᠡᠯᠪᠡᠷᠢ ᠎ ᠪᠠᠷ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠡᠷᠡᠭᠦᠯ ᠮᠡᠨᠳᠦ ᠶᠢᠨ ᠮᠡᠳᠡᠯᠭᠡ᠂ ᠡᠷᠡᠭᠦᠯ ᠮᠡᠨᠳᠦ ᠶᠢᠨ ᠣᠨᠣᠯᠵᠢᠬᠤᠨ᠂ ᠡᠷᠡᠭᠦᠯ ᠮᠡᠨᠳᠦ ᠶᠢᠨ ᠦᠢᠯᠡᠴᠢᠯᠡᠭᠡ ᠬᠦᠷᠭᠡᠵᠦ ᠪᠠᠶᠢᠭ᠎ᠠ ᠶᠤᠮ᠃ 2005 ᠣᠨ ᠳᠤ ᠲᠤᠰ ᠲᠥᠷᠥᠯ ᠵᠦᠶᠯ ᠢ ᠮᠠᠨ ᠤ ᠣᠷᠣᠨ ᠳᠤ ᠬᠡᠷᠡᠭᠵᠢᠭᠦᠯᠦᠭᠰᠡᠨ ᠠᠴᠠ ᠨᠠᠭᠠᠰᠢ᠂ ᠲᠥᠷᠥᠯ ᠵᠦᠶᠯ ᠤᠨ ᠡᠮᠨᠡᠯᠭᠡ ᠶᠢᠨ ᠬᠤᠷᠢᠶ᠎ᠠ ︽ᠡᠵᠢ ᠨᠡᠷᠡᠮᠵᠢᠲᠦ ᠡᠷᠡᠭᠦᠯ ᠮᠡᠨᠳᠦ ᠶᠢᠨ ᠲᠦᠷᠭᠡᠨ ᠲᠡᠷᠭᠡ︾᠎ ᠳᠤ ᠲᠦᠰᠢᠭᠯᠡᠨ ᠠᠯᠪᠠᠨ ᠵᠢᠷᠤᠮ ᠤᠨ ᠡᠮᠴᠢᠯᠡᠭᠡᠨ ᠤ ᠵᠥᠪᠯᠡᠯᠭᠡ ᠥᠭᠬᠦ᠂ ᠡᠷᠡᠭᠦᠯ ᠮᠡᠨᠳᠦ ᠶᠢᠨ ᠨᠡᠶᠢᠳᠡᠮ ᠪᠠᠶᠢᠴᠠᠭᠠᠯᠲᠠ ᠬᠢᠬᠦ᠂ ᠰᠦᠢᠳᠬᠡᠯ ᠬᠤᠷᠢᠶᠠᠬᠤ ᠦᠭᠡᠢ ᠪᠠᠷ ᠡᠮ ᠤᠨ ᠵᠦᠶᠯ ᠣᠯᠭᠤᠬᠤ᠂ ᠵᠢᠷᠮᠦᠰᠦᠨ ᠡᠮᠡᠭᠲᠡᠶ ᠵᠢᠴᠢ ᠪᠤᠰᠤᠳ ᠬᠦᠨᠳᠦ ᠲᠦᠭᠰᠢᠭᠦᠷᠢᠲᠡᠶ ᠡᠪᠡᠳᠴᠢᠲᠡᠨ ᠢ ᠲᠦᠷᠭᠡᠨ ᠠᠪᠤᠷᠠᠬᠤ᠂ ︽ᠬᠤᠶᠠᠷ ᠥᠮᠡᠨ︾᠎ ᠤ ᠰᠢᠭᠰᠢᠨ ᠪᠠᠶᠢᠴᠠᠭᠠᠯᠲᠠ ᠵᠡᠷᠭᠡ ᠶᠢ ᠦᠷᠨᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠭᠰᠠᠨ ᠢᠶᠠᠷ ᠪᠠᠷᠠᠬᠤ ᠥᠬᠡᠶ ᠪᠠᠰᠠ ᠮᠠᠯᠵᠢᠬᠤ ᠲᠠᠷᠢᠶᠠᠯᠠᠬᠤ ᠣᠷᠣᠨ ᠤ ᠵᠢᠷᠮᠦᠰᠦᠨ ᠡᠮᠡᠭᠲᠡᠶ᠂ ᠨᠢᠯᠬ᠎ᠠ ᠬᠡᠦᠬᠡᠳ ᠤᠨ ᠦᠬᠦᠯ ᠤᠨ ᠨᠣᠷᠮ᠎ᠠ ᠪᠠ ᠡᠮᠡᠭᠲᠡᠶ ᠶᠢᠨ ᠡᠪᠡᠳᠴᠢᠨ ᠡᠭᠦᠰᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠤᠭᠰᠠᠨ ᠢᠶᠠᠷ ᠣᠯᠠᠨ ᠲᠦᠮᠡᠨ ︽ᠨᠡᠭᠦᠳᠡᠯ ᠡᠮᠴᠢᠯᠡᠭᠡ ᠡᠷᠡᠭᠦᠯᠵᠢᠯ ᠤᠨ ᠲᠡᠷᠭᠡ︾ ᠪᠣᠯᠣᠨ ᠵᠢᠷᠮᠦᠰᠦᠨ ᠪᠦᠰᠡᠭᠦᠶ ᠶᠢᠨ ︽ᠠᠮᠢ ᠨᠠᠰᠤᠨ ᠤ ᠡᠷᠡᠭᠦᠯ ᠮᠡᠨᠳᠦ ᠶᠢᠨ ᠲᠡᠷᠭᠡ︾ ᠬᠡᠮᠡᠨ ᠲᠤᠲᠤᠨᠤᠴᠢᠯᠠᠨ ᠨᠡᠷᠡᠶᠢᠳᠳᠡᠭ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号