ᠦᠪᠦᠷ ᠮᠣᠩᠭᠤᠯ ᠡᠨᠡ ᠵᠢᠯ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ 2 . 6 ᠲᠦᠮᠨ ᠬᠥᠮᠦᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2019/5/13
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ︽2019 ᠣᠨ ᠤ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ︾᠎ ᠶᠢᠨ ᠱᠠᠭᠠᠷᠳᠠᠯᠭ᠎ᠠ ᠶᠣᠰᠣᠭᠠᠷ᠂ ᠤᠯᠤᠰ ᠤᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ ᠬᠦᠮᠦᠵᠢᠭᠦᠯᠬᠦ ᠢᠨᠵᠧᠨᠧᠷᠢᠩ ᠳᠤ ᠲᠦᠰᠢᠭᠯᠡᠨ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠳᠠᠭᠠᠭᠤᠯᠤᠭᠴᠢ ᠶᠢ ᠡᠭᠡᠯᠵᠢᠯᠡᠨ ᠪᠣᠯᠪᠠᠰᠤᠷᠠᠭᠤᠯᠬᠤ ᠲᠥᠯᠥᠪᠯᠡᠭᠡ᠂ ᠣᠳᠣ ᠦᠶ᠎ᠡ ᠶᠢᠨ ᠵᠠᠯᠠᠭᠤ ᠲᠠᠷᠢᠶᠠᠯᠠᠩ ᠤᠨ ᠲᠠᠯᠠᠪᠠᠢ ᠶᠢᠨ ᠡᠵᠡᠨ ︵ᠲᠠᠷᠢᠶᠠᠯᠠᠩ ᠮᠠᠯ ᠠᠵᠤ ᠠᠬᠤᠢ ᠶᠢᠨ ᠲᠤᠰᠬᠠᠶ ᠳᠠᠭᠠᠭᠠᠮᠠᠯ︶᠎ ᠢ ᠬᠥᠮᠦᠵᠢᠭᠦᠯᠬᠦ ᠲᠥᠯᠥᠪᠯᠡᠭᠡ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠮᠠᠨ ᠤ ᠣᠷᠣᠨ ᠡᠨᠡ ᠵᠢᠯ 85 %᠎ ᠠᠴᠠ ᠳᠡᠭᠡᠭᠰᠢᠬᠢ ᠬᠤᠰᠢᠭᠤ ᠰᠢᠶᠠᠨ ᠳᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠬᠦ ᠠᠵᠢᠯ ᠢ ᠥᠷᠨᠢᠭᠦᠯᠵᠦ᠂ ᠪᠥᠬᠦ ᠵᠢᠯ ᠳᠤ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ 2 . 6 ᠲᠦᠮᠡᠨ ᠬᠥᠮᠥᠨ ᠬᠦᠮᠦᠵᠢᠭᠦᠯᠬᠦ ᠪᠠᠷ ᠪᠠᠶᠢᠨ᠎ᠠ᠃      ᠲᠤᠰ ᠲᠥᠯᠥᠪᠯᠡᠭᠡ ᠶᠢᠨ ᠲᠣᠬᠢᠷᠠᠭᠤᠯᠤᠯᠲᠠ ᠶᠣᠰᠣᠭᠠᠷ᠂ ᠡᠯ᠎ᠡ ᠭᠠᠵᠠᠷ ᠤᠨ ᠬᠢᠨ ᠳᠣᠤᠷᠠᠬᠢ ᠬᠡᠳᠦᠨ ᠵᠦᠶᠯ ᠤᠨ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠄ ᠨᠢᠭᠡ ᠳᠤ᠂ ᠤᠬᠠᠭᠤᠯᠤᠨ ᠳᠠᠶᠢᠴᠢᠯᠠᠬᠤ ᠪᠠ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠥᠷᠨᠢᠭᠦᠯᠵᠦ᠂ ᠬᠥᠮᠦᠵᠢᠭᠦᠯᠬᠦ ᠪᠠᠶᠢᠭᠤᠯᠤᠮᠵᠢ ᠶᠢ ᠰᠢᠨᠵᠢᠯᠡᠬᠦ ᠤᠬᠠᠭᠠᠨᠴᠢ ᠪᠠᠷ ᠰᠣᠩᠭᠤᠨ ᠲᠣᠭᠲᠠᠭᠠᠵᠤ᠂ ᠬᠥᠮᠦᠵᠢᠭᠦᠯᠬᠦ ᠰᠤᠷᠤᠭᠴᠢᠳ ᠤᠨ ᠬᠥᠮᠥᠷᠭᠡ ᠶᠢ ᠪᠦᠷᠢᠨᠰᠢᠭᠦᠯᠦᠨ᠂ ᠬᠤᠰᠢᠭᠤ ᠰᠢᠶᠠᠨ ᠤ ᠬᠡᠪᠴᠢᠶᠡᠨ ᠳᠠᠬᠢ ᠬᠦᠰᠡᠯ ᠡᠷᠡᠮᠡᠯᠵᠡᠯ ᠲᠠᠢ᠂ ᠬᠡᠷᠡᠭᠴᠡᠭᠡ ᠱᠠᠭᠠᠷᠳᠠᠯᠭ᠎ᠠ ᠲᠠᠢ᠂ ᠰᠠᠭᠤᠷᠢ ᠲᠠᠢ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠬᠥᠮᠦᠵᠢᠭᠦᠯᠬᠦ ᠠᠵᠢᠯ ᠳᠤ ᠨᠡᠷ᠎ᠡ ᠮᠡᠳᠡᠭᠦᠯᠬᠦ ᠬᠡᠷᠡᠭᠲᠡᠢ᠃ ᠬᠤᠶᠠᠷ ᠲᠤ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠪᠠ ᠬᠤᠪᠢ ᠬᠦᠮᠦᠨ ᠤ ᠪᠠᠶᠢᠳᠠᠯ ᠢ ᠨᠢ ᠦᠨᠳᠦᠰᠦᠯᠡᠵᠦ ᠰᠤᠷᠭᠠᠨ ᠬᠥᠮᠦᠵᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠪᠠᠷ ᠵᠣᠭᠰᠣᠴᠠ ᠪᠣᠯᠭᠠᠵᠤ᠂ ᠠᠵᠤ ᠦᠶᠯᠡᠰ᠂ ᠳᠡᠰ ᠳᠠᠪᠬᠤᠷᠭ᠎ᠠ᠂ ᠱᠠᠲᠤ ᠦᠶ᠎ᠡ ᠬᠤᠪᠢᠶᠠᠨ ᠪᠣᠯᠪᠠᠰᠤᠷᠠᠭᠤᠯᠤᠯ ᠢ ᠥᠷᠨᠢᠭᠦᠯᠬᠦ ᠬᠡᠷᠡᠭᠲᠡᠢ᠃ ᠪᠠᠷᠢᠮᠵᠢᠶᠠᠵᠢᠭᠤᠯᠬᠤ᠂ ᠭᠠᠷᠤᠯᠲᠠ ᠶᠢᠨ ᠣᠷᠣᠨ ᠢ ᠴᠡᠪᠡᠷᠰᠢᠭᠦᠯᠬᠦ᠂ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ᠂ ᠶᠠᠰᠤ ᠴᠢᠨᠠᠷ ᠤᠨ ᠠᠮᠤᠷ ᠲᠦᠪᠰᠢᠨ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯᠯᠠᠭᠠᠨ ᠤ ᠲᠥᠯᠥᠪᠯᠡᠭᠡ ᠲᠠᠢ ᠤᠶᠠᠯᠳᠤᠭᠤᠯᠤᠨ᠂ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠬᠦ ᠬᠡᠷᠡᠭᠲᠡᠢ᠃ ᠭᠤᠷᠪᠠ ᠳᠤ᠂ ᠪᠥᠬᠦ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠭᠦᠯᠡᠨ ᠪᠤᠲᠤᠯᠲᠠ ᠶᠢᠨ ᠲᠠᠪᠴᠠᠩ ᠪᠠ ︽ᠡᠭᠦᠯᠡᠨ ᠪᠤᠲᠤᠯᠲᠠ ᠶᠢᠨ ᠤᠶᠤᠨᠲᠤ ᠲᠠᠷᠢᠶᠠᠯᠠᠩ︾ A P P᠎ ᠳᠤ ᠲᠦᠰᠢᠭᠯᠡᠨ᠂ ᠮᠠᠯᠴᠢᠨ ᠲᠠᠷᠢᠶᠠᠴᠢᠨ ᠳᠤ ᠠᠮᠢᠳᠤᠯᠢᠭ ᠪᠥᠭᠡᠳ ᠳᠥᠭᠦᠮ ᠳᠥᠲᠡ᠂ ᠤᠶᠤᠨᠲᠤ ᠥᠨᠳᠥᠷ ᠪᠦᠲᠦᠮᠵᠢᠲᠡᠶ ᠰᠦᠯᠵᠢᠶᠡᠨ ᠤ ᠰᠤᠷᠭᠠᠨ ᠬᠦᠮᠦᠵᠢᠯ ᠎ ᠤᠨ ᠪᠣᠯᠪᠠᠰᠤᠷᠠᠭᠤᠯᠤᠯ᠂ ᠰᠢᠯᠵᠢᠮᠡᠯ ᠮᠡᠳᠡᠭᠡ ᠬᠤᠯᠪᠣᠭᠠᠨ ᠤ ᠦᠶᠯᠡᠴᠢᠯᠡᠭᠡ ᠪᠠ ᠪᠥᠬᠦ ᠶᠠᠪᠤᠴᠠ ᠶᠢᠨ ᠮᠥᠷᠳᠡᠨ ᠵᠢᠯᠣᠭᠤᠳᠣᠯᠭ᠎ᠠ ᠬᠠᠩᠭᠠᠵᠤ᠂ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠡᠩᠨᠡᠭᠡ ᠶᠢᠨ ᠬᠠᠮᠢᠶᠠᠷᠤᠯᠲᠠ ᠶᠢ ᠲᠥᠷᠥᠯ ᠬᠤᠪᠢᠶᠠᠨ ᠠᠬᠢᠭᠤᠯᠵᠤ᠂ ᠬᠤᠰᠢᠭᠤ ᠰᠢᠶᠠᠨ ᠢᠶᠠᠷ ᠭᠤᠤᠯ ᠪᠣᠯᠭᠠᠨ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠥᠷᠨᠢᠭᠦᠯᠵᠦ᠂ ᠦᠶᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠳᠤ ᠭᠤᠤᠯᠳᠠᠯᠭ᠎ᠠ ᠪᠠᠨ ᠬᠠᠨᠳᠤᠭᠤᠯᠤᠨ᠂ ᠨᠥᠬᠦᠴᠡᠯ ᠪᠠ ᠵᠢᠷᠤᠮᠵᠢᠭᠤᠯᠬᠤ ᠳᠡᠰ ᠳᠠᠷᠠᠭᠠᠯᠠᠯ ᠢ ᠲᠣᠳᠣᠷᠬᠠᠶᠢᠯᠠᠬᠤ ᠬᠡᠷᠡᠭᠲᠡᠢ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠮᠡᠳᠡᠭᠡ ᠵᠠᠩᠭᠢ ᠶᠢᠨ ᠳᠠᠩᠰᠠ ᠪᠠ ᠬᠥᠮᠥᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠭ ᠲᠤᠬᠠᠶ ᠳᠤ ᠨᠢ ᠰᠢᠨᠡᠳᠬᠡᠬᠦ ᠪᠠ ᠬᠥᠳᠡᠯᠦᠩᠭᠦᠶ ᠪᠠᠷ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号