ᠪᠦ᠋ ᠰᠢᠶᠤᠤ ᠯᠢᠨ ᠱᠧᠨᠵᠧᠨ ᠬᠤᠳᠠ ᠳᠤ ᠬᠦᠷᠴᠦ ᠰᠢᠨᠵᠢᠯᠡᠨ ᠪᠠᠶᠢᠴᠠᠭᠠᠭᠠᠳ ᠲᠡᠬᠡᠳᠤ ᠰᠢᠨ᠎ᠡ ᠮᠡᠷᠬᠡᠵᠢᠯ ᠎ ᠤᠨ ᠠᠵᠥ ᠠᠬᠤᠶᠢᠯᠠᠯ ᠪᠠ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠲᠠᠢ ᠶᠠᠷᠢᠯᠴᠠᠵᠤ ᠬᠠᠮᠳᠤᠷᠠᠯᠴᠠᠭᠠᠨ ᠤ ᠵᠦᠪᠯᠡᠯᠴᠡᠬᠡᠷ ᠲᠣᠭᠲᠠᠵᠠᠢ
ᠨᠡᠶᠢᠲᠡᠯᠡᠭᠰᠡᠨ ᠴᠠᠭ᠄
2019/5/14
     5 ᠳ᠋ᠤᠭᠠᠷ ᠰᠠᠷ᠎ᠠ ᠶᠢᠨ 12᠎ ᠤᠨ ᠡᠳᠤᠷ ᠤᠨ ᠦᠳᠡ ᠶᠢᠨ ᠬᠤᠶᠢᠨ᠎ᠡ ᠠᠴᠠ 13᠎ ᠤ ᠡᠳᠤᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠱᠧᠨᠵᠧᠨ ᠬᠤᠳᠠ ᠳᠤ ᠬᠦᠷᠴᠦ᠂ ᠤᠷᠢᠳ ᠬᠤᠵᠢᠳ ᠬᠤᠸᠠ ᠳ᠋ᠠ ᠭᠧᠨ ᠤ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ᠂ ᠬᠤᠸᠠ ᠸᠧᠢ ᠺᠤᠮᠫᠠᠨᠢ᠂ ᠬᠤᠳᠠᠯᠳᠤᠭᠠᠴᠢᠨ ᠤ ᠪᠠᠩᠬᠢ᠂ ᠱᠧᠨᠵᠧᠨ ᠤ ᠦᠨᠡᠳᠤ ᠲᠡᠮᠳᠡᠭᠳᠤ ᠶᠢᠨ ᠠᠷᠠᠯᠵᠢᠶᠠᠨ ᠤ ᠭᠠᠵᠠᠷ ᠢᠶᠠᠷ ᠰᠢᠨᠵᠢᠯᠡᠨ ᠪᠠᠶᠢᠴᠠᠭᠠᠵᠤ᠂ ᠦᠪᠤᠷ ᠮᠤᠩᠭᠤᠯ ᠎ ᠤᠨ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠥ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ︾᠎ ᠢᠶᠠᠷ ᠵᠠᠮᠨᠠᠬᠤ ᠶᠢ ᠠᠬᠢᠭᠤᠯᠬᠤ ᠬᠠᠮᠳᠤᠷᠠᠯᠴᠠᠭ᠎ᠠ ᠦᠷᠨᠢᠬᠦᠯᠬᠦ ᠲᠤᠬᠠᠢ ᠶᠠᠷᠢᠯᠴᠠᠭᠰᠠᠠ ᠪᠦᠬᠡᠳ ᠬᠠᠮᠳᠤᠷᠠᠯᠴᠠᠭᠠᠨ ᠤ ᠵᠦᠪᠯᠡᠯᠴᠡᠬᠡᠷ ᠲᠣᠭᠳᠠᠭᠰᠠᠨ ᠪᠠᠶᠢᠨ᠎ᠠ᠃      ᠪᠦ᠋ ᠰᠢᠶᠤᠤ ᠯᠢᠨ ᠬᠤᠸᠠ ᠳ᠋ᠠ ᠭᠧᠨ ᠤ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠸᠠᠩ ᠵᠢᠶᠠᠨ ᠲᠠᠢ ᠶᠠᠷᠢᠯᠴᠠᠬᠤ ᠦᠶᠡᠰ᠂ ᠦᠪᠤᠷ ᠮᠤᠩᠭᠤᠯ ᠪᠤᠯᠤᠨ ᠬᠤᠸᠠ ᠳ᠋ᠠ ᠭᠧᠨ ᠤ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ ᠨᠢᠬᠡᠨᠳᠡ ᠮᠠᠰᠢ ᠰᠠᠶᠢᠨ ᠬᠠᠮᠳᠤᠷᠠᠯᠴᠠᠭᠠᠨ ᠤ ᠰᠠᠭᠤᠷᠢ ᠲᠠᠢ ᠪᠤᠯᠪᠠ᠂ ᠲᠠᠷᠠᠭ᠎ᠠ ᠠᠯᠬᠤᠮ ᠤᠨ ᠬᠠᠮᠳᠤᠷᠠᠯᠴᠠᠭᠠᠨ ᠤ ᠲᠡᠯᠳᠡ ᠬᠦᠴᠦᠨ ᠯᠤᠳᠤ ᠶᠡᠭᠡ ᠪᠠᠶᠢᠨ᠎ᠠ ᠬᠡᠵᠥ ᠬᠤᠶᠠᠷ ᠲᠠᠯ᠎ᠠ ᠪᠠᠷ ᠢᠶᠠᠨ ᠢᠯᠡᠳᠬᠡᠵᠡᠢ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠎ ᠤ ᠪᠦᠳᠦᠬᠦᠪᠴᠢ ᠵᠦᠪᠯᠡᠯᠴᠡᠬᠡᠷ ᠲᠣᠭᠲᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠠᠶᠢᠭᠤᠯᠤᠯᠳᠡ ᠪᠤᠯᠤᠨ ᠴᠢᠳᠠᠪᠤᠷᠢᠳᠡᠨ ᠤ ᠰᠤᠯᠢᠯᠴᠠᠭᠠᠨ ᠤ ᠲᠡᠯ᠎ᠡ ᠪᠠᠷ ᠬᠢ ᠬᠠᠮᠳᠤᠷᠠᠯᠴᠠᠭ᠎ᠠ ᠪᠠᠨ ᠭᠤᠤᠯᠳᠠᠯᠭ᠎ᠠ ᠲᠠᠢ ᠴᠢᠩᠭᠠᠳᠬᠠᠬᠤ ᠪᠠᠷ ᠪᠤᠯᠪᠠ᠃      ᠪᠦ᠋ ᠰᠢᠶᠤᠤ ᠯᠢᠨ ᠬᠤᠸᠠ ᠸᠧᠢ ᠺᠤᠮᠫᠠᠨᠢ ᠶᠢᠨ ᠵᠢᠵᠢᠭᠦᠷ ᠬᠡᠷᠡᠭ ᠮᠡᠳᠡᠭᠴᠢᠳ ᠤᠨ ᠲᠠᠷᠤᠭ᠎ᠠ ᠰᠢᠤᠢ ᡁᠢ ᠵᠢᠶᠦ᠋ᠨ ᠲᠠᠢ ᠶᠠᠷᠢᠯᠴᠠᠬᠤ ᠦᠶᠡᠰ᠂ ᠬᠤᠶᠠᠷ ᠲᠡᠯ᠎ᠡ ᠪᠠᠷ ᠢᠶᠠᠨ ᠭᠤᠤᠯᠳᠠᠯᠭ᠎ᠠ ᠲᠠᠢ ᠬᠠᠮᠳᠤᠷᠠᠯᠴᠠᠭᠠᠨ ᠤ ᠬᠦᠷᠢᠶᠡᠨ ᠤ ᠲᠤᠬᠠᠢ ᠰᠠᠨᠠᠯ ᠢᠶᠠᠨ ᠬᠦᠨᠵᠡᠬᠡᠢ ᠰᠤᠯᠢᠯᠴᠠᠭᠰᠠᠠ ᠪᠦᠬᠡᠳ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠣᠭᠳᠠᠵᠤ᠂ ᠨᠢᠬᠡᠨᠳᠡ ᠲᠤᠭᠳᠠᠭᠰᠠᠠ ᠬᠠᠮᠳᠤᠷᠠᠯᠴᠠᠭᠠᠨ ᠤ ᠠᠭᠤᠯᠭ᠎ᠠ ᠳᠤ ᠡᠬᠦᠯᠡᠨ ᠪᠤᠳᠤᠯᠳᠡ᠂ ᠲᠤᠮᠤ ᠳ᠋ᠠᠶᠢᠲ᠋ᠠ᠂ ᠪᠤᠳᠠᠰ ᠤᠨ ᠢᠨᠲ᠋ᠧᠷ ᠰᠦᠯᠵᠢᠶ᠎ᠡ᠂ ᠵᠤᠬᠢᠶᠠᠮᠠᠯ ᠤᠶᠤᠨ ᠴᠢᠳᠠᠪᠤᠷᠢ᠂ ᠤᠶᠤᠨᠳᠤ ᠬᠤᠳᠠ᠂ ᠠᠵᠥ ᠦᠢᠯᠡᠳᠪᠤᠷᠢ ᠶᠢᠨ ᠢᠨᠲ᠋ᠧᠷ ᠰᠦᠯᠵᠢᠶ᠎ᠡ ᠵᠢᠴᠢ ᠴᠢᠳᠠᠪᠤᠷᠢᠳᠡᠨ ᠬᠦᠮᠥᠵᠢᠭᠦᠯᠬᠦ ᠵᠡᠷᠬᠡ ᠲᠡᠯ᠎ᠡ ᠶᠢ ᠬᠠᠮᠤᠷᠴᠠᠢ᠃ ᠡᠨᠡ ᠨᠢ ᠬᠤᠶᠠᠷ ᠲᠠᠯ᠎ᠠ ᠶᠢᠨ ᠬᠠᠮᠳᠤᠷᠠᠯᠴᠠᠭ᠎ᠠ ᠴᠣ ᠰᠢᠨ᠎ᠡ ᠱᠠᠳᠤᠨ ᠳᠤ ᠤᠷᠤᠭᠰᠠᠠ ᠢ ᠬᠠᠷᠠᠭᠤᠯᠵᠤ ᠪᠤᠢ᠃      ᠪᠦ᠋ ᠰᠢᠶᠤᠤ ᠯᠢᠨ ᠬᠤᠳᠠᠯᠳᠤᠭᠠᠴᠢᠨ ᠤ ᠪᠠᠩᠬᠢ ᠶᠢᠨ ᠲᠠᠷᠤᠭ᠎ᠠ ᠲᠢᠶᠠᠨ ᠬᠤᠢ ᠢᠤᠢ ᠲᠠᠢ ᠮᠥᠩᠬᠦᠨ ᠬᠦᠢᠯᠬᠡᠬᠡᠨ ᠢᠶᠠᠷ ᠴᠢᠨᠠᠷ ᠰᠠᠶᠢᠳᠠᠢ ᠬᠦᠭᠵᠢᠯᠳᠡ ᠳᠤ ᠦᠢᠯᠡᠴᠢᠯᠡᠬᠦ ᠵᠡᠷᠬᠡ ᠲᠠᠯ᠎ᠠ ᠶᠢᠨ ᠬᠠᠮᠳᠤᠷᠠᠯᠴᠠᠭᠠᠨ ᠤ ᠲᠤᠬᠠᠢ ᠭᠤᠤᠯᠳᠠᠯᠭ᠎ᠠ ᠲᠠᠢ ᠶᠠᠷᠢᠯᠴᠠᠵᠥ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠣᠭᠲᠠᠵᠤ᠂ ᠬᠤᠶᠢᠰᠢᠳᠠ ᠶᠢᠨ 5 ᠵᠢᠯ ᠳᠤ ᠬᠤᠳᠠᠯᠳᠤᠭᠠᠴᠢᠨ ᠤ ᠪᠠᠩᠬᠢ ᠶᠢᠨ ᠬᠢᠨ ᠦᠪᠤᠷ ᠮᠤᠩᠭᠤᠯ ᠎ ᠤᠨ ᠭᠤᠤᠯᠳᠠᠯᠭ᠎ᠠ ᠲᠠᠢ ᠲᠦᠷᠦᠯ ᠵᠦᠢᠯ᠂ ᠠᠷᠠᠳ ᠠᠴᠠ ᠡᠵᠡᠩᠨᠡᠭᠰᠡᠨ ᠠᠵᠥ ᠠᠬᠤᠶᠢᠯᠠᠯ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ ᠡᠬᠦᠳᠦᠯᠳᠡ᠂ ᠲᠤᠮᠤ ᠳ᠋ᠠᠶᠢᠲ᠋ᠠ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ᠂ ᠤᠷᠤᠨ ᠪᠦᠰᠡ ᠶᠢᠨ ᠬᠦᠭᠵᠢᠯᠳᠡ᠂ ᠪᠤᠬᠢᠷᠳᠤᠯ ᠦᠬᠡᠢ ᠬᠦᠭᠵᠢᠯᠳᠡ᠂ ᠭᠠᠳᠠᠭᠠᠳᠤ ᠨᠡᠬᠡᠬᠡᠯᠳᠡ ᠵᠡᠷᠬᠡ ᠬᠦᠷᠢᠶᠡᠨ ᠳᠤ ᠮᠥᠩᠬᠦᠨ ᠬᠦᠢᠯᠬᠡᠬᠡᠨ ᠤ ᠳᠡᠮᠵᠢᠯᠬᠡ ᠦᠵᠡᠬᠦᠯᠬᠦ ᠡᠷᠴᠢᠮ ᠢᠶᠠᠨ ᠴᠢᠩᠭᠠᠷᠠᠭᠤᠯᠬᠤ ᠪᠠᠷ ᠲᠤᠳᠤᠷᠬᠠᠶᠢᠯᠠᠪᠠ᠃      ᠪᠦ᠋ ᠰᠢᠶᠤᠤ ᠯᠢᠨ ᠱᠧᠨᠵᠧᠨ ᠤ ᠦᠨᠡᠳᠤ ᠲᠡᠮᠳᠡᠭᠳᠤ ᠶᠢᠨ ᠠᠷᠠᠯᠵᠢᠶᠠᠨ ᠤ ᠭᠠᠵᠠᠷ ᠤᠨ ᠬᠡᠷᠡᠭ ᠡᠷᠬᠢᠯᠡᠭᠴᠢᠳ ᠎ ᠤᠨ ᠲᠠᠷᠤᠭ᠎ᠠ ᠦ᠋ ᠯᠢ ᠵᠢᠶᠦ᠋ᠨ ᠲᠠᠢ ᠶᠠᠷᠢᠯᠴᠠᠬᠤ ᠦᠶᠡᠰ᠂ ᠬᠤᠶᠠᠷ ᠲᠡᠯ᠎ᠡ ᠪᠠᠷ ᠢᠶᠠᠨ ᠦᠪᠤᠷ ᠮᠤᠩᠭᠤᠯ ᠤᠨ ᠠᠵᠥ ᠠᠬᠤᠶᠢᠯᠠᠯ ᠤᠨ ᠰᠲ᠋ᠤᠺ ᠢᠶᠠᠨ ᠵᠠᠬ᠎ᠠ ᠲᠡᠯᠬᠡᠬᠦᠷ ᠲᠤ ᠭᠠᠷᠭᠠᠬᠤ᠂ ᠪᠡᠯᠡ ᠲᠤᠬᠢᠷᠠᠭᠤᠯᠬᠤ ᠦᠢᠯᠡᠴᠢᠯᠡᠭᠡ ᠬᠠᠩᠭᠠᠬᠤ᠂ ᠠᠵᠥ ᠠᠬᠤᠢ ᠶᠢᠨ ᠬᠡᠯᠪᠡᠷᠢ ᠪᠠᠨ ᠬᠤᠪᠢᠷᠡᠭᠤᠯᠤᠨ ᠲᠡᠰ ᠲᠡᠪᠰᠢᠭᠦᠯᠬᠦ᠂ ᠲᠤᠰᠬᠠᠶᠢᠵᠢᠬᠰᠠᠠ ᠴᠢᠳᠠᠪᠤᠷᠢᠳᠡᠨ ᠢ ᠬᠦᠮᠥᠵᠢᠬᠦᠯᠬᠦ ᠵᠡᠷᠬᠡ ᠲᠡᠯ᠎ᠡ ᠪᠠᠷ ᠬᠠᠮᠳᠤᠷᠠᠯᠴᠠᠭ᠎ᠠ ᠪᠠᠨ ᠴᠢᠩᠭᠠᠳᠬᠠᠬᠤ ᠶᠢ ᠤᠯᠠᠮ ᠨᠢᠭᠡ ᠠᠯᠬᠤᠮ ᠠᠬᠢᠭᠤᠯᠤᠨ᠎ᠠ ᠭᠡᠵᠦ ᠢᠯᠡᠳᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号