ᠮᠠ ᠰᠢᠤᠸᠠᠢ ᠵᠢᠶᠦ᠋ᠨ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠳᠡ ᠬᠢᠬᠦ ᠳᠤ ᠪᠠᠨ ᠴᠢᠬᠤᠯᠠᠴᠢᠯᠠᠬᠰᠠᠠ ᠨᠢ ᠦᠵᠡᠯ ᠰᠠᠨᠠᠭ᠎ᠠ ᠪᠠᠨ ᠲᠠᠬᠢᠨ ᠴᠢᠯᠥᠬᠡᠯᠡᠵᠥ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠭᠡᠵᠡᠢ
ᠨᠡᠶᠢᠲᠡᠯᠡᠭᠰᠡᠨ ᠴᠠᠭ᠄
2019/5/14
     5 ᠳ᠋ᠤᠭᠠᠷ ᠰᠠᠷ᠎ᠠ ᠶᠢᠨ 13᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠎ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠳᠡ ᠬᠢᠵᠥ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠲᠠᠬᠢᠨ ᠴᠢᠯᠥᠬᠡᠯᠡᠬᠦ ᠶᠢ ᠠᠬᠢᠭᠤᠯᠵᠥ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢᠨ ᠡᠯ᠎ᠡ ᠵᠦᠢᠯ ᠤᠨ ᠠᠵᠢᠯ ᠢ ᠪᠥᠬᠦ ᠬᠦᠴᠦ ᠪᠠᠷ ᠢᠶᠠᠨ ᠰᠠᠶᠢᠳᠤᠷ ᠬᠢᠬᠦ ᠬᠡᠷᠡᠭᠳᠡᠢ ᠬᠡᠪᠠ᠃     ᠮᠠ ᠰᠢᠤᠸᠠᠢ ᠵᠢᠶᠦ᠋ᠨ ᠤᠯᠠᠭᠠᠨᠰᠤᠬᠠᠢ ᠶᠢᠨ ᠶᠡᠷᠤᠩᠬᠡᠶᠢᠯᠡᠨ ᠵᠠᠰᠠᠭᠰᠠᠠ ᠪᠠᠶᠢᠳᠠᠯ ᠢ ᠰᠢᠨᠵᠢᠯᠡᠨ ᠪᠠᠶᠢᠴᠠᠭᠠᠬᠤ ᠳᠤ ᠪᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠥ᠂ ᠶᠡᠷᠤᠩᠬᠡᠢ ᠱᠦᠵᠢ ᠶᠢᠨ ᠬᠦᠰᠡᠯ ᠨᠡᠶᠢᠳᠡᠯᠭ᠎ᠠ ᠶᠢ ᠪᠠᠳᠤ ᠴᠡᠬᠡᠵᠢᠯᠡᠵᠥ᠂ ᠶᠡᠭᠡ ᠬᠦᠴᠦ ᠤᠷᠤᠭᠤᠯᠵᠥ ᠪᠠᠶᠢᠭᠠᠳ ᠤᠯᠠᠭᠠᠨᠰᠤᠬᠠᠢ ᠶᠢ ᠰᠠᠶᠢᠳᠤᠷ ᠵᠠᠰᠠᠬᠤ ᠬᠡᠷᠡᠭᠳᠡᠢ ᠬᠡᠪᠠ᠃ ᠮᠠ ᠰᠢᠤᠸᠠᠢ ᠵᠢᠶᠦ᠋ᠨ ᠪᠠᠷᠠᠭᠤᠨ ᠪᠠᠭ᠎ᠠ ᠵᠤᠤ ᠪᠠᠯᠭᠠᠰᠤ ᠶᠢᠨ ᠭᠦᠩ ᠲᠢᠶᠠᠨ ᠲᠤᠰᠬᠤᠨ᠂ ᠲᠠᠷᠢᠶᠠᠯᠠᠩ ᠤᠨ ᠰᠤᠶᠤᠯ ᠤᠨ ᠦᠵᠡᠰᠭᠦᠯᠡᠩ ᠤᠨ ᠬᠦᠷᠢᠶᠡᠯᠡᠩ᠂ ᠯᠢᠶᠠᠨᠰᠢᠩ ᠭᠡᠷᠡᠯ ᠴᠡᠨᠡᠭ ᠤᠨ ᠰᠢᠨ᠎ᠠ ᠲᠤᠰᠬᠤᠨ᠂ ᠲᠠᠪᠤᠰᠤᠯᠢᠭ ᠭᠠᠵᠠᠷ ᠢ ᠬᠤᠪᠢᠷᠠᠭᠤᠯᠤᠨ ᠪᠡᠯᠴᠢᠭᠡᠷ ᠨᠡᠮᠡᠭᠳᠡᠭᠦᠯᠦᠨ ︵ᠪᠤᠷᠳᠤᠭ᠎ᠠ︶ ᠮᠠᠯᠵᠢᠯ ᠢ ᠬᠦᠭᠵᠢᠭᠦᠯᠬᠦ ᠲᠤᠷᠰᠢᠯᠳᠠ ᠶᠢᠨ ᠵᠢᠱᠢᠶ᠎ᠠ ᠦᠵᠡᠭᠦᠯᠬᠦ ᠲᠦᠷᠦᠯ ᠵᠦᠢᠯ᠂ ᠳᠤᠮᠳᠠᠳᠤ ᠤᠯᠤᠰ ᠤᠨ ᠠᠮᠤ ᠪᠤᠳᠠᠭᠠᠨ ᠤ ᠪᠦᠯᠦᠭᠯᠡᠯ ᠤᠨ ᠭᠤᠯᠢᠷ ᠤᠨ ᠦᠢᠯᠡᠰ ᠪᠤᠯᠤᠨ ᠶᠠᠳᠠᠭᠤ ᠬᠦᠴᠢᠷᠳᠡᠯᠳᠠᠢ ᠡᠷᠦᠬᠡ ᠳᠤ ᠬᠦᠨᠵᠡᠬᠡᠶᠢᠷᠡᠵᠥ᠂ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠲᠦᠷᠦᠯ ᠵᠦᠢᠯ ᠤᠨ ᠪᠠᠶᠢᠳᠠᠯ ᠢ ᠨᠠᠷᠢᠨ ᠬᠢᠨᠠᠮᠠᠭᠠᠢ ᠤᠶᠢᠯᠠᠭᠠᠵᠤ᠂ ︽ᠬᠤᠶᠠᠷ ᠲᠤ ᠵᠤᠪᠠᠭ᠋ᠤ ᠦᠭᠡᠢ᠂ ᠭᠤᠷᠪᠠᠨ ᠪᠠᠳᠤᠯᠠᠭ᠎ᠠ ᠲᠠᠢ ᠪᠠᠶᠢᠬᠤ︾ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠬᠤ ᠪᠠᠶᠢᠳᠠᠯ ᠢ ᠲᠤᠬᠠᠢ ᠶᠢᠨ ᠭᠠᠵᠠᠷ ᠢᠶᠠᠷ ᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ︽ᠬᠤᠶᠠᠷ ᠲᠤ ᠵᠤᠪᠠᠭ᠋ᠤ ᠦᠭᠡᠢ᠂ ᠭᠤᠷᠪᠠᠨ ᠪᠠᠳᠤᠯᠠᠭ᠎ᠠ ᠲᠠᠢ ᠪᠠᠶᠢᠬᠤ︾ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠭᠤᠤᠯᠳᠠᠭᠤᠯᠵᠤ᠂ 2018 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠦᠷ᠎ᠠ ᠪᠦᠲᠦᠮᠵᠢ ᠶᠢ ᠰᠢᠯᠭᠠᠨ ᠦᠨᠡᠯᠡᠵᠤ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠪᠦᠬᠦ ᠬᠦᠴᠦ ᠪᠠᠷ ᠰᠠᠶᠢᠳᠤᠷ ᠠᠳᠬᠤᠵᠤ᠂ ᠬᠠᠷᠠᠯᠳᠠ ᠪᠠᠨ ᠴᠢᠭᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠢᠳᠪᠦᠷᠢᠳᠤ ᠢᠯᠠᠯᠳᠠ ᠶᠢ ᠤᠯᠬᠤ ᠵᠠᠩᠭᠢᠯᠠᠭ᠎ᠠ ᠶᠢᠨ ᠱᠠᠳᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠨᠡᠩ ᠯᠠᠪᠳᠠᠭᠤᠨ ᠪᠦᠲᠦᠮᠵᠢᠳᠠᠢ ᠰᠠᠶᠢᠳᠤᠷ ᠬᠢᠬᠦ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠎ ᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠦᠷᠨᠢᠭᠦᠯᠬᠦ ᠪᠠᠶᠢᠷᠢᠯᠠᠭᠤᠯᠤᠯᠳᠠ ᠲᠤᠬᠢᠷᠠᠭᠤᠯᠤᠯᠳᠠ ᠶᠤᠰᠤᠭᠠᠷ᠂ ᠦᠵᠡᠯ ᠰᠠᠨᠠᠭ᠎ᠠ ᠪᠠᠨ ᠦᠷᠭᠦᠯᠵᠢᠯᠡᠨ ᠴᠢᠯᠦᠭᠡᠯᠡᠬᠦ ᠶᠢ ᠠᠬᠢᠭᠤᠯᠵᠤ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠦᠢᠯᠡᠳᠦᠯᠭᠡᠵᠢᠭᠦᠯᠵᠤ᠂ ︽ᠭᠤᠷᠪᠠᠨ ᠶᠡᠭᠡ ᠰᠢᠪᠳᠤᠯᠤᠯᠳᠠ ᠶᠢᠨ ᠳᠠᠶᠢᠯᠠᠯᠳᠤᠭᠠᠨ︾᠎ ᠢ ᠵᠠᠪᠠᠯ ᠰᠠᠶᠢᠳᠤᠷ ᠬᠢᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠱᠠᠳᠤᠨ ᠳᠤ ᠤᠷᠤᠬᠤ ᠶᠢ ᠠᠬᠢᠭᠤᠯᠬᠤ ᠬᠡᠷᠡᠭᠳᠠᠢ ᠭᠡᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号