ᠥᠪᠥᠷ ᠵᠠᠰᠠᠭ ᠲᠠᠷᠬᠠᠭᠠᠭᠰᠠᠨ ﹇2019﹈ 4 ᠳ᠋ᠤᠭᠡᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠠᠵᠢᠯ ᠤᠯᠭᠤᠬᠤ ᠶᠢ ᠠᠬᠢᠭᠤᠯᠬᠤ | ᠠᠵᠢᠯ ᠢ ᠰᠠᠶᠢᠳᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ | ﹇2018﹈ 39 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠢᠯ ᠤᠯᠭᠤᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠠᠵᠢᠯ ᠤᠯᠭᠤᠬᠤ ᠶᠢ ᠥᠷᠭᠡᠳᠬᠡᠨ | ᠠᠬᠢᠭᠤᠯᠬᠤ ᠶᠢᠨ ᠲᠤᠰᠠᠲᠠ᠂ ᠮᠠᠨ ᠤ ᠣᠷᠣᠨ ᠤ ᠪᠣᠳᠠᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠬᠡᠷᠡᠭᠵᠢᠭᠦᠯᠬᠦ | ᠰᠠᠨᠠᠯ ᠢ ᠳᠤᠷᠠᠳᠪᠠ᠃ | ᠨᠢᠭᠡ᠂ ᠠᠵᠤ ᠠᠬᠤᠶᠢᠯᠠᠯ ᠤᠨ ᠠᠵᠢᠯ ᠣᠯᠭᠤᠬᠤ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ ᠶᠢ | ᠳᠡᠮᠵᠢᠨ᠎ᠡ | ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠯᠭᠤᠬᠤ ᠶᠢ ᠠᠬᠢᠭᠤᠯᠬᠤ ᠪᠠ ᠠᠵᠤ ᠠᠬᠤᠶᠢᠯᠠᠯ ᠳᠤ | ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠭᠡᠷᠡᠭᠵᠢᠭᠦᠯᠦᠨ᠂ | ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ | ᠨᠡᠮᠡᠷᠢᠯᠡᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ᠎ᠠ᠃ ᠠᠵᠢᠯᠲᠠᠨ ᠬᠠᠰᠤᠬᠤ ᠦᠭᠡᠢ | ᠪᠤᠶᠤ ᠴᠦᠬᠡᠨ ᠬᠠᠰᠤᠭᠰᠠᠨ ︵ᠠᠵᠢᠯᠲᠠᠨ ᠬᠠᠰᠤᠭᠰᠠᠨ ᠨᠣᠷᠮ᠎ᠠ ᠨᠢ ᠲᠤᠰ ᠭᠠᠵᠠᠷ ᠤᠷᠤᠨ ᠤ ᠳᠡᠭᠡᠷ᠎ᠡ ᠵᠢᠯ ᠤᠨ | ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠰᠡᠨ ᠠᠵᠢᠯ ᠠᠯᠳᠠᠭᠰᠠᠳ ᠤᠨ ᠨᠣᠷᠮ᠎ᠠ ᠠᠴᠠ ᠳᠤᠤᠷ᠎ᠠ᠂ ᠳᠣᠷᠣᠭᠰᠢ | ᠠᠳᠠᠯᠢ᠃ ᠠᠵᠢᠯᠲᠠᠨ ᠬᠠᠰᠤᠭᠰᠠᠨ ᠨᠣᠷᠮ᠎ᠠ ᠶᠢ ᠪᠣᠯ ᠠᠵᠤ ᠠᠬᠤᠶᠢᠯᠠᠯ ᠤᠨ ᠳᠡᠭᠡᠷ᠎ᠡ ᠵᠢᠯ ᠳᠤ ᠬᠠᠰᠤᠭᠰᠠᠨ | ᠠᠵᠢᠯᠲᠠᠨ ᠤ ᠲᠤᠭ᠎ᠠ ᠶᠢ ᠳᠡᠭᠡᠷ᠎ᠡ ᠵᠢᠯ ᠳᠤ ᠬᠠᠰᠤᠭᠰᠠᠨ ᠠᠵᠢᠯᠲᠠᠨ ᠤ ᠲᠤᠭ᠎ᠠ ᠪᠣᠯᠣᠨ ᠳᠡᠭᠡᠷ᠎ᠡ ᠵᠢᠯ ᠤᠨ | ᠡᠴᠦᠰ ᠲᠠᠬᠢ ᠠᠵᠢᠯᠲᠠᠨ ᠠᠵᠢᠯᠴᠢᠨ ᠤ ᠲᠤᠭᠠᠨ ᠤ ᠨᠡᠶᠢᠯᠡᠪᠦᠷᠢ ᠪᠠᠷ ᠬᠤᠪᠢᠶᠠᠭᠰᠠᠨ ᠬᠠᠷᠢᠴᠠᠯ ᠢᠶᠠᠷ ᠪᠣᠳᠣᠨ᠎ᠠ᠂ | ᠠᠵᠤ ᠠᠬᠤᠶᠢᠯᠠᠯ ᠤᠨ ᠠᠵᠢᠯᠲᠠᠨ ᠬᠠᠰᠤᠭᠰᠠᠨ ᠦᠭᠡᠢ ᠪᠤᠶᠤ ᠠᠵᠢᠯᠲᠠᠨ ᠬᠠᠰᠤᠭᠰᠠᠨ ᠨᠣᠷᠮ᠎ᠠ ᠶᠢ ᠪᠣᠳᠣᠬᠤ ᠳᠤ᠂ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ᠂ | ᠰᠢᠯᠵᠢᠵᠦ ᠶᠠᠪᠤᠭᠰᠠᠨ᠂ ᠰᠠᠶᠢᠨ ᠳᠤᠷ᠎ᠠ ᠠᠴᠠ ᠪᠠᠨ ᠠᠵᠢᠯ ᠢᠶᠠᠨ ᠬᠠᠶᠠᠬᠤ ︵ᠠᠵᠢᠯ ᠠᠴᠠ ᠪᠠᠨ ᠰᠠᠯᠤᠭᠰᠠᠨ︶᠂ | ᠠᠵᠢᠯ ᠠᠴᠠ ᠪᠠᠨ ᠠᠮᠠᠷᠠᠭᠰᠠᠨ᠂ ᠨᠠᠰᠤ ᠨᠥᠭᠴᠢᠭᠰᠡᠨ ᠵᠡᠷᠭᠡ ᠬᠡᠪ ᠤᠨ ᠪᠠᠶᠢᠳᠠᠯ ᠢᠶᠠᠷ ᠬᠠᠰᠤᠭᠳᠠᠭᠰᠠᠨ ᠠᠵᠢᠯᠲᠠᠨ ᠤ | ᠲᠤᠭ᠎ᠠ ᠶᠢ ᠬᠠᠰᠤᠬᠤ ᠶᠣᠰᠣᠲᠠᠢ︶ ᠲᠡᠳᠡᠭᠡᠷ ᠳᠠᠭᠠᠳᠬᠠᠯ ᠳᠤ ᠣᠷᠣᠭᠰᠠᠨ ᠠᠵᠤ ᠠᠬᠤᠶᠢᠯᠠᠯ ᠳᠤ ᠪᠤᠯ᠂ ᠳᠡᠭᠡᠷ᠎ᠡ | ᠵᠢᠯ ᠳᠤ ᠪᠣᠳᠠᠲᠠᠢ ᠲᠤᠰᠢᠶᠠᠭᠰᠠᠨ ᠠᠵᠢᠯ ᠠᠯᠳᠠᠭᠰᠠᠳ ᠤᠨ ᠰᠦᠢᠳᠬᠡᠯ ᠤᠨ 50% ᠶᠢ ᠨᠢ ᠪᠤᠴᠠᠭᠠᠨ ᠥᠭᠴᠦ | ᠪᠣᠯᠣᠨ᠎ᠠ᠃ 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ | ᠬᠦᠷᠲᠡᠯ᠎ᠡ᠂ ᠦᠢᠯᠡᠳᠪᠦᠷᠢᠯᠡᠵᠦ ᠡᠵᠡᠩᠨᠡᠬᠦ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠪᠣᠯᠪᠠᠴᠤ | ᠥᠷᠬᠦᠯᠵᠢᠯᠡᠨ ᠦᠢᠯᠡᠳᠪᠦᠷᠢᠯᠡᠵᠦ ᠡᠵᠡᠩᠨᠡᠬᠦ ᠪᠣᠯᠣᠮᠵᠢᠲᠠᠢ ᠪᠦᠭᠡᠳ ᠠᠵᠢᠯᠲᠠᠨ ᠢᠶᠠᠨ ᠬᠠᠰᠤᠬᠤ ᠦᠭᠡᠢ ᠪᠤᠶᠤ | ᠴᠥᠬᠡᠨ ᠬᠠᠰᠤᠬᠤ ᠶᠢ ᠪᠠᠷᠢᠮᠲᠠᠯᠠᠵᠤ ᠪᠠᠶᠢᠭ᠎ᠠ ᠳᠠᠭᠠᠳᠬᠠᠯ ᠳᠤ ᠣᠷᠣᠭᠰᠠᠨ ᠠᠵᠤ ᠠᠬᠤᠶᠢᠯᠠᠯ ᠳᠤ ᠪᠤᠴᠠᠭᠠᠨ ᠥᠭᠬᠦ | ᠪᠠᠷᠢᠮᠵᠢᠶ᠎ᠠ ᠶᠢ ᠵᠢᠷᠭᠤᠭᠠᠨ ᠰᠠᠷ᠎ᠠ ᠳᠣᠲᠣᠷᠠᠬᠢ ᠲᠤᠰ ᠭᠠᠵᠠᠷ ᠤᠷᠤᠨ ᠤ ᠰᠠᠷ᠎ᠠ ᠪᠦᠷᠢ ᠶᠢᠨ ᠬᠥᠮᠥᠨ ᠳᠤᠮᠳᠠᠴᠢ | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠣᠯᠣᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ | ᠲᠤᠭ᠎ᠠ ᠪᠠᠷ ᠲᠣᠭᠲᠠᠭᠠᠬᠤ ᠪᠤᠶᠤ ᠵᠢᠷᠭᠤᠭᠠᠨ ᠰᠠᠷ᠎ᠠ ᠳᠣᠲᠣᠷᠠᠬᠢ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ | ᠬᠢᠨᠢ ᠲᠤᠰᠢᠶᠠᠪᠠᠰᠤ ᠵᠣᠬᠢᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ 50% ᠶᠢᠨ ᠪᠠᠷᠢᠮᠵᠢᠶ᠎ᠠ ᠪᠠᠷ | ᠲᠣᠭᠲᠠᠭᠠᠨ᠎ᠠ᠃ ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ | ᠮᠥᠩᠭᠦᠨ ᠠᠴᠠ ᠵᠠᠷᠤᠴᠠᠭᠤᠯᠤᠨ᠎ᠠ᠃ ᠨᠢᠭᠡᠳᠦᠯᠲᠡᠢ ᠲᠥᠯᠥᠪᠵᠢᠭᠦᠯᠬᠦ ᠡᠯ᠎ᠡ ᠭᠠᠵᠠᠷ ᠣᠷᠣᠨ ᠨᠢ ᠠᠵᠢᠯ | ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠦᠷᠭᠦᠯᠵᠢᠯᠡᠭᠰᠡᠨ ᠬᠠᠳᠠᠭᠠᠯᠠᠮᠵᠢ ᠶᠢᠨ ᠦᠯᠡᠳᠡᠪᠦᠷᠢ ᠪᠠᠷ | ᠨᠢᠭᠡ ᠵᠢᠯ ᠠᠴᠠ ᠳᠡᠭᠡᠭᠰᠢᠬᠢ ᠶᠢ ᠦᠭᠬᠦ ᠴᠢᠳᠠᠪᠤᠷᠢ ᠲᠠᠢ ᠪᠠᠶᠢᠬᠤ ᠤᠷᠢᠳᠠᠯ ᠳᠣᠣᠷ᠎ᠠ᠂ ᠪᠤᠴᠠᠭᠠᠨ ᠥᠭᠬᠦ | ᠪᠠᠷᠢᠮᠵᠢᠶ᠎ᠠ ᠪᠠᠨ ᠥᠪᠡᠰᠦᠪᠡᠨ ᠰᠣᠩᠭᠤᠵᠤ ᠲᠣᠭᠲᠠᠭᠠᠨ᠎ᠠ᠃ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ | ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠬᠢᠨᠠᠨ | ᠬᠠᠷᠭᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ︽ᠦᠢᠯᠡᠳᠪᠦᠷᠢᠯᠡᠵᠦ ᠡᠵᠡᠩᠨᠡᠬᠦ ᠨᠢ ᠲᠦᠷ | ᠴᠠᠭ ᠤᠨ ᠬᠦᠴᠢᠷᠳᠡᠯ ᠳᠤ ᠲᠤᠯᠭᠠᠷᠠᠭᠰᠠᠨ ᠪᠣᠯᠪᠠᠴᠤ ᠥᠷᠬᠦᠯᠵᠢᠯᠡᠨ ᠦᠢᠯᠡᠳᠪᠦᠷᠢᠯᠡᠵᠦ ᠡᠵᠡᠩᠨᠡᠬᠦ ᠪᠣᠯᠣᠮᠵᠢᠲᠠᠢ | ᠪᠦᠭᠡᠳ ᠠᠵᠢᠯᠲᠠᠨ ᠢᠶᠠᠨ ᠬᠠᠰᠤᠬᠤ ᠦᠭᠡᠢ ᠪᠤᠶᠤ ᠴᠥᠬᠡᠨ ᠬᠠᠰᠤᠬᠤ ᠶᠢ ᠪᠠᠷᠢᠮᠲᠠᠯᠠᠵᠤ ᠪᠠᠶᠢᠭ᠎ᠠ ᠳᠠᠭᠠᠳᠬᠠᠯ ᠳᠤ | ᠣᠷᠣᠭᠰᠠᠨ ᠠᠵᠤ ᠠᠬᠤᠶᠢᠯᠠᠯ︾ ᠤᠨ ᠬᠦᠷᠢᠶ᠎ᠡ ᠬᠡᠪᠴᠢᠶ᠎ᠡ ᠶᠢ ᠲᠣᠭᠲᠠᠭᠠᠬᠤ ᠶᠢ ᠬᠠᠷᠢᠭᠤᠴᠠᠵᠤ᠂ ᠲᠤᠰ ᠭᠠᠵᠠᠷ | ᠤᠷᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠡᠳ᠋ ᠤᠨ | ᠵᠠᠰᠠᠭ ᠠᠴᠠ ᠴᠠᠭ ᠲᠤᠬᠠᠢ ᠳᠤ ᠨᠢ ᠰᠠᠯᠭᠠᠨ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠨ᠎ᠠ᠃ ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠬᠦ ᠨᠢᠭᠡᠴᠢ ᠪᠣᠯᠣᠨ᠎ᠠ᠂ ᠳᠣᠷᠣᠭᠰᠢ ᠠᠳᠠᠯᠢ︶ | ᠬᠤᠶᠠᠷ᠂ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠵᠤ ᠳᠠᠭᠠᠭᠠᠯᠲᠠ ᠬᠢᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠤᠨ᠎ᠠ | ᠤᠯᠤᠰ ᠤᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠰᠠᠭᠤᠷᠢ ᠮᠥᠩᠭᠦᠨ ᠤ ᠦᠢᠯᠡᠳᠦᠯ ᠢ ᠭᠦᠢᠴᠡᠳ | ᠪᠠᠳᠠᠷᠠᠭᠤᠯᠵᠤ᠂ ᠨᠡᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠥᠨ ᠳᠠᠭᠠᠭᠤᠯᠵᠤ ᠪᠠᠶᠢᠭᠠᠳ | ᠦᠢᠯᠡᠰ ᠴᠣᠭᠴᠠᠯᠠᠨ ᠠᠵᠢᠯ ᠣᠯᠭᠤᠬᠤ ᠶᠢ ᠳᠡᠮᠵᠢᠨ᠎ᠡ᠃ ᠡᠯ᠎ᠡ ᠭᠠᠵᠠᠷ ᠣᠷᠣᠨ ᠤ ᠵᠠᠰᠠᠭ ᠤᠨ ᠣᠷᠳᠣᠨ ᠤ ᠴᠢᠨᠠᠷᠲᠠᠢ | ᠪᠡᠯᠡ ᠲᠣᠬᠢᠷᠠᠭᠤᠯᠵᠤ ᠳᠠᠭᠠᠭᠠᠯᠲᠠ ᠬᠢᠬᠦ ᠰᠠᠭᠤᠷᠢ ᠮᠥᠩᠭᠦ ᠶᠢ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ | ᠠᠬᠤᠶᠢᠯᠠᠯ ᠳᠤ ᠰᠦᠢᠳᠭᠡᠯ ᠤᠨ ᠨᠣᠷᠮ᠎ᠠ ᠪᠠᠷ ᠳᠣᠣᠷ᠎ᠠ ᠪᠠᠶᠢᠳᠠᠭ ᠳᠠᠭᠠᠭᠠᠯᠲᠠ ᠶᠢᠨ ᠳᠡᠮᠵᠢᠯᠭᠡ ᠶᠢ ᠤᠷᠢᠳ ᠢᠶᠠᠷ | ᠬᠠᠩᠭᠠᠬᠤ ᠪᠣᠯᠭᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠣᠯᠬᠤ ᠪᠣᠯᠣᠮᠵᠢ ᠶᠢ ᠨᠢ | ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠵᠢᠵᠢᠭ ᠪᠢᠴᠢᠯ ᠠᠵᠤ ᠠᠬᠤᠶᠢᠯᠠᠯ ᠳᠤ | ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ ᠴᠢᠩᠭᠠᠳᠬᠠᠬᠤ ᠶᠢ ᠠᠬᠢᠭᠤᠯᠤᠨ᠂ ᠰᠠᠯᠠᠭ᠎ᠠ ᠮᠥᠴᠢᠷ ᠤᠨ | ᠬᠤᠭᠤᠷᠣᠨᠳᠤ ᠪᠠᠨ ᠣᠶᠢᠯᠠᠭᠠᠨ ᠨᠡᠪᠲᠡᠷᠡᠯᠴᠡᠵᠦ ᠵᠣᠬᠢᠴᠠᠭᠤᠯᠬᠤ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ᠂ ᠦᠢᠯᠡᠴᠢᠯᠡᠵᠦ ᠬᠠᠮᠵᠢᠯᠴᠠᠬᠤ ᠤᠷᠲᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ ᠬᠠᠷᠢᠭᠤᠴᠠᠨ᠎ᠠ︶ | ᠭᠤᠷᠪᠠ᠂ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠳᠤ ᠳᠠᠮ ᠬᠦᠦ ᠲᠥᠯᠥᠬᠦ ᠵᠢᠴᠢ ᠱᠠᠩᠨᠠᠵᠤ | ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠡᠷᠴᠢᠮ ᠢ ᠴᠢᠩᠭᠠᠷᠠᠭᠤᠯᠤᠨ᠎ᠠ | ︽ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭᠠᠨ ︵2016 — 2020 ᠣᠨ︶︾ ᠢ | ᠭᠦᠨᠵᠡᠭᠡᠢ ᠬᠡᠷᠡᠭᠵᠢᠭᠦᠯᠦᠨ᠂ ᠦᠢᠯᠡᠰ ᠴᠣᠭᠴᠠᠯᠠᠬᠤ ᠶᠢᠨ ᠳᠠᠭᠠᠭᠠᠯᠲᠠ ᠲᠠᠢ ᠵᠢᠭᠡᠯᠡᠯᠭᠡ ᠶᠢ ᠳᠡᠮᠵᠢᠬᠦ ᠡᠷᠴᠢᠮ ᠢ | ᠴᠢᠩᠭᠠᠷᠠᠭᠤᠯᠵᠤ᠂ ᠦᠢᠯᠡᠰ ᠴᠣᠭᠴᠠᠯᠠᠬᠤ ᠶᠢᠨ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ | ᠨᠡᠶᠢᠴᠡᠭᠰᠡᠨ ᠬᠥᠮᠥᠰ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠳᠤ᠂ ᠬᠠᠮᠤᠭ ᠶᠡᠭᠡ ᠳᠤ ᠪᠠᠨ 15 ᠲᠦᠮᠡᠨ | ᠲᠥᠭᠦᠷᠢᠭ ᠠᠴᠠ ᠳᠠᠪᠠᠭ᠋ᠤ ᠦᠭᠡᠢ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠣᠨ᠎ᠠ᠃ | ᠵᠢᠵᠢᠭ ᠪᠢᠴᠢᠯ ᠠᠵᠤ ᠠᠬᠤᠶᠢᠯᠠᠯ ᠤᠨ ᠲᠤᠰ ᠵᠢᠯ ᠳᠠᠬᠢ ᠰᠢᠨ᠎ᠡ ᠪᠠᠷ ᠤᠷᠢᠵᠤ ᠬᠡᠷᠡᠭᠯᠡᠭᠰᠡᠨ ᠦᠢᠯᠡᠰ ᠴᠣᠭᠴᠠᠯᠠᠬᠤ | ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠦᠮᠦᠨ ᠤ ᠲᠤᠭ᠎ᠠ ᠨᠢ ᠠᠵᠤ ᠠᠬᠤᠶᠢᠯᠠᠯ ᠤᠨ | ᠣᠳᠣ ᠶᠢᠨ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠣᠭᠠᠨ ᠤ 25% ︵100 ᠬᠥᠮᠥᠨ ᠠᠴᠠ ᠳᠠᠪᠠᠭᠰᠠᠨ | ᠠᠵᠤ ᠠᠬᠤᠶᠢᠯᠠᠯ ᠳᠤ 15% ᠳᠤ ᠬᠦᠷᠦᠭᠰᠡᠨ︶ ᠳᠤ ᠬᠦᠷᠦᠭᠰᠡᠨ ᠤ ᠬᠠᠮᠲᠤ᠂ ᠲᠡᠳᠡᠨ ᠲᠠᠢ 1 ᠵᠢᠯ ᠠᠴᠠ | ᠳᠡᠭᠡᠭᠰᠢᠬᠢ ᠬᠦᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ ᠬᠠᠮᠤᠭ ᠶᠡᠭᠡ ᠳᠤ ᠪᠠᠨ 300 ᠲᠦᠮᠡᠨ | ᠲᠥᠭᠦᠷᠢᠭ ᠠᠴᠠ ᠳᠠᠪᠠᠭ᠋ᠤ ᠦᠭᠡᠢ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠣᠨ᠎ᠠ᠃ | ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠦᠢᠯᠡᠰ ᠴᠣᠭᠴᠠᠯᠠᠬᠤ | ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠢᠶᠠᠨ ᠵᠣᠬᠢᠰᠲᠠᠢ ᠪᠠᠷ ᠠᠭᠤᠵᠢᠭᠤ ᠳᠠᠯᠪᠢᠵᠤ ᠪᠣᠯᠣᠨ᠎ᠠ᠂ | ᠡᠭᠦᠨ ᠠᠴᠠ ᠪᠣᠯᠣᠭᠰᠠᠨ ᠳᠠᠮ ᠬᠦᠦ ᠲᠥᠯᠥᠬᠦ ᠪᠡᠯᠡ ᠮᠥᠩᠭᠦ ᠶᠢ ᠣᠷᠣᠨ ᠨᠤᠲᠤᠭ ᠤᠨ ᠡᠳ᠋ ᠤᠨ ᠵᠠᠰᠠᠭ | ᠡᠭᠦᠷᠭᠡᠯᠡᠨ᠎ᠡ᠃ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ | ᠠᠬᠢᠭᠤᠯᠤᠨ᠂ ᠡᠯ᠎ᠡ ᠭᠠᠵᠠᠷ ᠣᠷᠣᠨ ᠤ ᠲᠤᠰ ᠵᠢᠯ ᠤᠨ ᠰᠢᠨ᠎ᠡ ᠪᠠᠷ ᠲᠠᠯᠪᠢᠭᠰᠠᠨ ᠦᠢᠯᠡᠰ ᠴᠣᠭᠴᠠᠯᠠᠬᠤ | ᠳᠠᠭᠠᠭᠠᠯᠲᠠ ᠲᠠᠢ ᠵᠢᠭᠡᠯᠡᠯᠭᠡ ᠶᠢᠨ ᠪᠥᠬᠦ ᠲᠣᠭᠠᠨ ᠤ ᠵᠣᠬᠢᠬᠤ ᠬᠠᠷᠢᠴᠠᠯ ᠢᠶᠠᠷ ᠦᠢᠯᠡᠰ ᠴᠣᠭᠴᠠᠯᠠᠬᠤ | ᠳᠠᠭᠠᠭᠠᠯᠲᠠ ᠲᠠᠢ ᠵᠢᠭᠡᠯᠡᠯᠭᠡ ᠶᠢᠨ ᠰᠠᠭᠤᠷᠢ ᠮᠥᠩᠭᠦ ᠶᠢ ᠡᠷᠭᠢᠯᠳᠦᠭᠦᠯᠦᠨ ᠬᠠᠮᠢᠶᠠᠷᠴᠤ ᠪᠠᠶᠢᠭ᠎ᠠ ᠪᠠᠶᠢᠭᠤᠯᠤᠮᠵᠢ ᠵᠡᠷᠭᠡ | ᠨᠢᠭᠡᠴᠢ ᠶᠢ ᠱᠠᠩᠨᠠᠨ ᠬᠥᠬᠢᠭᠦᠯᠵᠦ᠂ ᠳᠡᠭᠦᠨ ᠢ ᠬᠦᠲᠦᠯᠦᠨ ᠵᠢᠯᠤᠭᠤᠳᠴᠦ ᠪᠠᠶᠢᠭᠠᠳ ᠦᠢᠯᠡᠰ ᠴᠣᠭᠴᠠᠯᠠᠨ ᠠᠵᠢᠯ | ᠣᠯᠭᠤᠬᠤ ᠳᠤ ᠦᠢᠯᠡᠴᠢᠯᠡᠬᠦ ᠢᠳᠡᠪᠬᠢᠵᠢᠯ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠤᠨ᠎ᠠ᠃ ᠡᠯ᠎ᠡ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠳᠠᠭᠠᠭᠠᠯᠲᠠ ᠶᠢᠨ ᠰᠠᠭᠤᠷᠢ ᠮᠥᠩᠭᠦ ᠶᠢ ᠦᠷᠭᠦᠯᠵᠢᠯᠡᠨ ᠨᠦᠬᠦᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠳᠠᠭᠠᠭᠠᠯᠲᠠ ᠶᠢᠨ ᠰᠠᠭᠤᠷᠢ ᠮᠥᠩᠭᠦᠨ ᠤ ᠬᠡᠪᠴᠢᠶ᠎ᠡ ᠶᠢ ᠴᠠᠭ ᠲᠤ ᠨᠢ ᠲᠣᠬᠢᠷᠠᠭᠤᠯᠤᠨ ᠥᠷᠭᠡᠳᠬᠡᠨ᠎ᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠢ ᠦᠢᠯᠡᠰ ᠴᠣᠭᠴᠠᠯᠠᠨ ᠠᠵᠢᠯ ᠣᠯᠭᠤᠬᠤ ᠳᠤ ᠦᠢᠯᠡᠴᠢᠯᠡᠬᠦ ᠢᠳᠡᠪᠬᠢᠵᠢᠯ ᠢᠶᠠᠨ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢ ᠬᠠᠮᠢᠶᠠᠷᠬᠤ | ᠠᠵᠢᠯ ᠢᠶᠠᠨ ᠰᠠᠶᠢᠳᠤᠷ ᠬᠢᠵᠦ᠂ ᠳᠣᠲᠣᠭᠠᠳᠤ ᠶᠢᠨ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ | ᠵᠢᠭᠡᠯᠡᠯᠭᠡ ᠶᠢᠨ ᠲᠦᠭᠰᠢᠭᠦᠷᠢ ᠠᠴᠠ ᠰᠡᠷᠭᠡᠶᠢᠯᠡᠵᠦ᠂ ᠵᠢᠭᠡᠯᠡᠯᠭᠡ ᠳᠤ ᠦᠢᠯᠡᠴᠢᠯᠡᠬᠦ ᠶᠠᠰᠤ ᠴᠢᠨᠠᠷ ᠪᠣᠯᠣᠨ ᠦᠷ᠎ᠡ | ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠵᠢᠵᠢᠭ ᠪᠢᠴᠢᠯ ᠠᠵᠤ ᠠᠬᠤᠶᠢᠯᠠᠯ ᠪᠤᠶᠤ ᠬᠤᠪᠢ ᠶᠢᠨ ᠡᠵᠡᠩᠨᠡᠯᠲᠡ ᠶᠢ | ᠠᠩᠬ᠎ᠠ ᠬᠢᠵᠦ ᠪᠠᠶᠢᠭ᠎ᠠ ᠮᠥᠷᠲᠡᠭᠡᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠪᠠᠨ ᠲᠡᠮᠳᠡᠭᠯᠡᠭᠦᠯᠵᠦ ᠳᠠᠩᠰᠠᠯᠠᠭᠤᠯᠤᠭᠰᠠᠨ ᠡᠳᠦᠷ ᠠᠴᠠ ᠡᠬᠢᠯᠡᠵᠦ ᠬᠡᠪ ᠤᠨ ᠪᠠᠶᠢᠳᠠᠯ ᠢᠶᠠᠷ | ᠵᠢᠯ ᠢᠯᠡᠭᠦᠦ ᠠᠵᠢᠯᠯᠠᠭᠤᠯᠤᠭᠰᠠᠨ ᠰᠤᠷᠭᠠᠭᠤᠯᠢ ᠠᠴᠠ ᠲᠡᠭᠦᠰᠴᠦ ᠶᠠᠪᠤᠭᠠᠳ ᠬᠤᠶᠠᠷ ᠵᠢᠯ ᠪᠣᠯᠣᠭᠠᠳᠤᠢ ᠳᠡᠭᠡᠳᠦ | ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠥᠰ ᠲᠤ 5000 ᠲᠥᠭᠦᠷᠢᠭ ᠤᠨ ᠦᠢᠯᠡᠰ | ᠴᠣᠭᠴᠠᠯᠠᠬᠤ ᠨᠡᠮᠡᠭᠦᠷᠢ ᠶᠢ ᠨᠢᠭᠡ ᠯᠡ ᠤᠳᠠᠭ᠎ᠠ ᠪᠠᠷ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠳᠥᠷᠪᠡ᠂ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠳᠡᠮᠵᠢᠬᠦ ᠡᠷᠴᠢᠮ ᠢ | ᠴᠢᠩᠭᠠᠷᠠᠭᠤᠯᠤᠨ᠎ᠠ | ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠭᠤᠣᠯᠳᠠᠯᠭ᠎ᠠ ᠲᠠᠢ ᠬᠥᠮᠥᠰ ᠲᠤ ᠦᠢᠯᠡᠰ ᠴᠣᠭᠴᠠᠯᠠᠵᠤ | ᠨᠡᠪᠴᠢᠭᠦᠯᠬᠦ ᠠᠴᠢᠶᠠᠯᠠᠪᠤᠷᠢ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠪᠣᠯᠣᠨ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠦᠢᠯᠡᠰ ᠴᠣᠭᠴᠠᠯᠠᠬᠤ ᠬᠦᠷᠢᠶᠡᠯᠡᠩ ᠪᠣᠯᠣᠨ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ | ᠭᠠᠵᠠᠷ᠂ ᠣᠯᠠᠨ ᠢᠶᠠᠷ ᠢᠶᠠᠨ ᠴᠣᠭᠴᠠᠯᠠᠵᠤ ᠳᠠᠭᠠᠭᠠᠴᠢᠯᠠᠵᠤ ᠲᠡᠳᠬᠦᠵᠦ ᠲᠥᠯᠥᠪᠯᠡᠵᠦ ᠦᠢᠯᠡᠰ ᠴᠣᠭᠴᠠᠯᠠᠬᠤ ᠳᠤ | ᠲᠤᠯᠭᠠᠭᠤᠷᠢᠯᠠᠬᠤ ᠲᠠᠪᠴᠠᠩ ᠨᠢ ᠬᠦᠳᠡᠯᠮᠥᠷᠢᠯᠡᠭᠴᠢᠳ ᠤᠨ ᠦᠢᠯᠡᠰ ᠴᠣᠭᠴᠠᠯᠠᠬᠤ ᠳᠤ ᠵᠥᠪᠯᠡᠯᠭᠡ᠂ ᠮᠡᠳᠡᠭᠡ ᠵᠠᠩᠭᠢ᠂ | ᠲᠥᠷᠥᠯ ᠵᠦᠢᠯ᠂ ᠪᠣᠯᠪᠠᠰᠤᠷᠠᠭᠤᠯᠤᠯ᠂ ᠪᠡᠯᠡ ᠲᠣᠬᠢᠷᠠᠭᠤᠯᠬᠤ᠂ ᠨᠡᠪᠴᠢᠭᠦᠯᠬᠦ᠂ ᠠᠵᠢᠯᠯᠠᠵᠤ ᠡᠬᠢᠯᠡᠬᠦ᠂ ᠬᠠᠪᠰᠤᠷᠴᠤ | ᠲᠡᠳᠬᠦᠬᠦ ᠲᠠᠯ᠎ᠠ ᠪᠠᠷ ᠬᠢ ᠦᠢᠯᠡᠰ ᠴᠣᠭᠴᠠᠯᠠᠬᠤ ᠶᠢ ᠨᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠵᠡᠷᠭᠡ ᠦᠢᠯᠡᠴᠢᠯᠡᠭᠡ ᠬᠠᠩᠭᠠᠵᠤ ᠥᠭᠬᠦ ᠳᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ | ᠳᠠᠮᠵᠢᠭᠤᠯᠤᠨ᠂ ᠦᠢᠯᠡᠰ ᠴᠣᠭᠴᠠᠯᠠᠬᠤ ᠳᠤ ᠪᠠᠨ ᠦᠢᠯᠡᠴᠢᠯᠡᠭᠦᠯᠬᠦ ᠲᠤᠭ᠎ᠠ ᠬᠡᠮᠵᠢᠶ᠎ᠡ ᠪᠣᠯᠣᠨ ᠦᠢᠯᠡᠰ | ᠴᠣᠭᠴᠠᠯᠠᠬᠤ ᠳᠤ ᠦᠢᠯᠡᠴᠢᠯᠡᠭᠰᠡᠨ ᠦᠷ᠎ᠡ ᠦᠢᠯᠡᠳᠦᠯ ᠢ ᠨᠢ ᠦᠨᠳᠦᠰᠦᠯᠡᠵᠦ ᠦᠢᠯᠡᠰ ᠴᠣᠭᠴᠠᠯᠠᠨ ᠠᠵᠢᠯ ᠣᠯᠭᠤᠵᠤ | ᠦᠢᠯᠡᠴᠢᠯᠡᠭᠰᠡᠨ ᠨᠡᠮᠡᠭᠦᠷᠢ ᠥᠭᠴᠦ ᠪᠣᠯᠣᠨ᠎ᠠ᠃ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠤᠶᠢᠵᠢᠭᠤᠯᠬᠤ ᠪᠠ ᠴᠣᠭᠴᠠᠯᠠᠭᠰᠠᠨ ᠨᠢ᠂ ᠦᠢᠯᠡᠰ ᠴᠣᠭᠴᠠᠯᠠᠬᠤ ᠪᠣᠯᠪᠠᠰᠤᠷᠠᠭᠤᠯᠤᠯ | ᠥᠷᠨᠢᠭᠦᠯᠦᠭᠰᠡᠨ ᠦᠷ᠎ᠡ ᠪᠦᠲᠦᠬᠡᠮᠵᠢ ᠪᠠᠷ ᠲᠣᠪᠤᠶᠢᠮ᠎ᠠ ᠪᠠᠶᠢᠵᠤ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ | ᠴᠢᠨᠠᠷᠲᠠᠢ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠳᠡᠰ ᠤᠨ | ᠵᠢᠱᠢᠶ᠎ᠡ ᠦᠵᠡᠭᠦᠯᠬᠦ ᠴᠢᠨᠠᠷᠲᠠᠢ ᠦᠢᠯᠡᠰ ᠴᠣᠭᠴᠠᠯᠠᠬᠤ ᠬᠦᠷᠢᠶᠡᠯᠡᠩ ᠪᠣᠯᠣᠨ ᠨᠡᠪᠴᠢᠭᠦᠯᠬᠦ ᠰᠠᠭᠤᠷᠢᠨ ᠭᠠᠵᠠᠷ ᠢᠶᠠᠷ | ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠲᠣᠭᠲᠠᠭᠠᠯ ᠶᠣᠰᠣᠭᠠᠷ ᠦᠢᠯᠡᠰ ᠴᠣᠭᠴᠠᠯᠠᠨ ᠠᠵᠢᠯ ᠣᠯᠭᠤᠬᠤ ᠶᠢᠨ ︽ | ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠦᠩᠭᠦᠨ ᠤ ᠬᠡᠪᠴᠢᠶᠡᠨ ᠳᠤ ᠣᠷᠣᠭᠤᠯᠵᠦ ᠳᠡᠮᠵᠢᠵᠦ | ᠪᠣᠯᠣᠨ᠎ᠠ᠃ ᠳᠡᠭᠡᠷᠡᠬᠢ ᠵᠦᠢᠯ ᠳᠤ ᠬᠡᠷᠡᠭᠰᠡᠬᠦ ᠵᠠᠷᠤᠳᠠᠯ ᠢ ᠠᠵᠢᠯ ᠣᠯᠭᠤᠯᠲᠠ ᠶᠢᠨ ᠨᠥᠬᠦᠪᠦᠷᠢ ᠠᠴᠠ ᠵᠠᠷᠤᠴᠠᠭᠤᠯᠤᠨ᠎ᠠ᠃ | ᠠᠵᠢᠯ ᠣᠯᠭᠤᠬᠤ ᠶᠢ ᠲᠣᠭᠲᠠᠪᠤᠷᠢᠵᠢᠭᠤᠯᠬᠤ ᠡᠭᠦᠷᠭᠡ ᠨᠡᠯᠢᠶᠡᠳ ᠶᠡᠭᠡ ᠪᠠᠶᠢᠭ᠎ᠠ ᠭᠠᠵᠠᠷ ᠣᠷᠣᠨ ᠢ ᠳᠡᠮᠵᠢᠵᠦ | ᠪᠠᠶᠢᠭᠠᠳ ᠠᠵᠢᠯ ᠠᠯᠳᠠᠭᠰᠠᠳ ᠤᠨ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠳᠤ ᠡᠵᠡᠩᠨᠡᠬᠦ ᠲᠠᠯᠠᠪᠤᠷ ᠭᠠᠵᠠᠷ᠂ | ᠦᠢᠯᠡᠰ ᠴᠣᠭᠴᠠᠯᠠᠬᠤ ᠲᠥᠷᠥ ᠶᠢᠨ ᠪᠣᠳᠤᠯᠭ᠎ᠠ ᠶᠢᠨ ᠵᠥᠪᠯᠡᠯᠭᠡ᠂ ᠦᠢᠯᠡᠰ ᠴᠣᠭᠴᠠᠯᠠᠬᠤ ᠪᠣᠯᠪᠠᠰᠤᠷᠠᠭᠤᠯᠤᠯ | ᠵᠡᠷᠭᠡ ᠶᠢ ᠲᠥᠯᠥᠪᠦᠷᠢ ᠦᠭᠡᠢ ᠪᠠᠷ ᠬᠠᠩᠭᠠᠵᠤ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠲᠠᠪᠤ᠂ ᠵᠠᠯᠠᠭᠤᠴᠤᠳ ᠢ ᠢᠳᠡᠪᠬᠢᠲᠡᠢ ᠵᠣᠷᠢᠬᠵᠢᠭᠤᠯᠤᠨ ᠠᠵᠢᠯ ᠣᠯᠬᠤ ᠳᠠᠳᠤᠯᠭ᠎ᠠ ᠳᠤ ᠣᠷᠣᠯᠴᠠᠭᠤᠯᠤᠨ᠎ᠠ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠦᠮᠡᠨ ᠵᠠᠯᠠᠭᠤᠴᠤᠳ ᠤᠨ ᠳᠠᠳᠤᠯᠭ᠎ᠠ | ᠬᠢᠬᠦ ᠲᠥᠯᠥᠪᠯᠡᠭᠡ ᠶᠢ ᠬᠡᠷᠡᠭᠵᠢᠭᠦᠯᠵᠦ᠂ 2021 ᠣᠨ ᠪᠣᠯᠬᠤ ᠳᠤ 3 ᠲᠦᠮᠡᠨ ᠵᠠᠯᠠᠭᠤᠴᠤᠳ ᠢ ᠵᠣᠬᠢᠶᠠᠨ | ᠪᠠᠶᠢᠭᠤᠯᠵᠤ ᠠᠵᠢᠯ ᠣᠯᠬᠤ ᠳᠠᠳᠤᠯᠭ᠎ᠠ ᠳᠤ ᠣᠷᠣᠯᠴᠠᠭᠤᠯᠤᠨ᠎ᠠ᠃ ᠠᠵᠢᠯ ᠣᠯᠬᠤ ᠳᠠᠳᠤᠯᠭ᠎ᠠ ᠶᠢᠨ ᠨᠡᠮᠡᠭᠦᠷᠢ ᠶᠢᠨ | ᠬᠦᠷᠢᠶ᠎ᠡ ᠬᠡᠪᠴᠢᠶ᠎ᠡ ᠶᠢ ᠰᠤᠷᠭᠠᠭᠤᠯᠢ ᠠᠴᠠ ᠲᠡᠭᠦᠰᠴᠦ ᠶᠠᠪᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ | ᠲᠡᠭᠦᠰᠦᠭᠰᠡᠳ ᠪᠠᠶᠢᠭᠰᠠᠨ ᠠᠴᠠ ᠠᠵᠢᠯ ᠠᠯᠳᠠᠭᠰᠠᠨ 16 — 24 ᠨᠠᠰᠤᠨ ᠤ ᠵᠠᠯᠠᠭᠤᠴᠤᠳ ᠪᠣᠯᠲᠠᠯ᠎ᠠ | ᠥᠷᠭᠡᠳᠬᠡᠨ᠎ᠡ᠃ ᠠᠵᠢᠯ ᠠᠯᠳᠠᠭᠰᠠᠨ ᠵᠠᠯᠠᠭᠤᠴᠤᠳ ᠢ ᠵᠣᠬᠢᠶᠠᠨ ᠪᠠᠶᠢᠭᠤᠯᠵᠤ 3 — 12 ᠰᠠᠷ᠎ᠠ ᠶᠢᠨ ᠠᠵᠢᠯ | ᠣᠯᠬᠤ ᠳᠠᠳᠤᠯᠭ᠎ᠠ ᠳᠤ ᠣᠷᠣᠯᠴᠠᠭᠤᠯᠤᠨ᠂ ᠲᠣᠭᠲᠠᠭᠠᠯ ᠶᠣᠰᠣᠭᠠᠷ ᠠᠵᠢᠯ ᠣᠯᠬᠤ ᠳᠠᠳᠤᠯᠭ᠎ᠠ ᠶᠢᠨ ᠨᠡᠮᠡᠭᠦᠷᠢ | ᠣᠯᠭᠤᠨ᠎ᠠ᠂ ᠳᠠᠳᠤᠯᠭ᠎ᠠ ᠶᠢᠨ ᠨᠡᠮᠡᠭᠦᠷᠢ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ | ᠲᠥᠷᠥᠯ ᠤᠨ ᠲᠣᠭᠤᠷᠢᠭ ᠲᠠᠬᠢ ᠬᠠᠮᠤᠭ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 50% ᠪᠠᠶᠢᠯᠭᠠᠵᠤ᠂ | ᠳᠠᠳᠤᠯᠭ᠎ᠠ ᠬᠢᠭᠰᠡᠳ ᠤᠨ ᠳᠠᠳᠤᠯᠭ᠎ᠠ ᠶᠢᠨ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠬᠤᠴᠣᠷᠭᠠᠨ | ᠠᠵᠢᠯᠯᠠᠭᠤᠯᠤᠭᠰᠠᠨ ᠨᠣᠷᠮ᠎ᠠ ᠨᠢ 50% ᠠᠴᠠ ᠳᠡᠭᠡᠭᠰᠢ ᠳᠤ ᠬᠦᠷᠦᠭᠰᠡᠨ ᠨᠢᠭᠡᠴᠢ ᠳᠤ ᠨᠡᠮᠡᠭᠦᠷᠢ ᠥᠭᠬᠦ | ᠪᠠᠷᠢᠮᠵᠢᠶ᠎ᠠ ᠶᠢ ᠨᠢ 60% ᠪᠣᠯᠲᠠᠯ᠎ᠠ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠬᠠᠷᠢᠭᠤᠴᠠᠨ᠎ᠠ︶ | ᠵᠢᠷᠭᠤᠭ᠎ᠠ᠂ ᠬᠦᠴᠢᠷᠳᠡᠯ ᠲᠠᠢ ᠠᠵᠤ ᠠᠬᠤᠶᠢᠯᠠᠯ ᠢ ᠳᠡᠮᠵᠢᠵᠦ ᠠᠵᠢᠯᠲᠠᠨ ᠠᠵᠢᠯᠴᠢᠨ ᠤ ᠠᠵᠢᠯ ᠤᠨ | ᠪᠠᠶᠢᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ | ᠪᠣᠯᠲᠠᠯ᠎ᠠ᠂ ᠬᠦᠴᠢᠷᠳᠡᠯ ᠲᠠᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠬᠦ ᠳᠤ ᠬᠡᠷᠡᠭᠰᠡᠬᠦ ᠵᠠᠷᠤᠳᠠᠯ ᠢ ᠨᠢ ᠲᠣᠭᠲᠠᠭᠠᠯ ᠶᠣᠰᠣᠭᠠᠷ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠰᠤᠷᠭᠠᠨ ᠬᠥᠮᠥᠵᠢᠯ ᠤᠨ ᠵᠠᠷᠤᠳᠠᠯ ᠠᠴᠠ ᠵᠠᠷᠤᠴᠠᠭᠤᠯᠤᠨ᠎ᠠ᠂ ᠬᠦᠷᠦᠯᠴᠡᠬᠦ | ᠦᠭᠡᠢ ᠬᠡᠰᠡᠭ ᠢ ᠨᠢ ᠪᠠᠶᠢᠭ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠦᠨᠡᠯᠡᠨ ᠵᠢᠱᠢᠭᠦᠯᠦᠭᠡᠳ ᠬᠢᠷᠢ ᠲᠡᠩᠴᠡᠭᠰᠡᠨ ᠤ ᠳᠠᠷᠠᠭ᠎ᠠ᠂ ᠠᠵᠢᠯ | ᠣᠯᠭᠤᠬᠤ ᠨᠥᠬᠦᠪᠦᠷᠢ ᠶᠢᠨ ᠪᠡᠯᠡ ᠮᠥᠩᠭᠦ ᠪᠠᠷ ᠵᠣᠬᠢᠰᠲᠠᠢ ᠳᠡᠮᠵᠢᠵᠦ ᠪᠣᠯᠣᠨ᠎ᠠ᠃ ᠬᠦᠴᠢᠷᠳᠡᠯ ᠲᠠᠢ ᠠᠵᠤ | ᠠᠬᠤᠶᠢᠯᠠᠯ ᠤᠨ ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ ᠢ ᠢᠳᠡᠪᠬᠢᠲᠡᠢ ᠬᠥᠲᠥᠯᠥᠨ ᠵᠢᠯᠣᠭᠤᠳᠴᠤ | ᠪᠠᠶᠢᠭᠠᠳ ᠰᠢᠨ᠎ᠡ ᠬᠡᠯᠪᠡᠷᠢ ᠪᠦᠬᠦᠢ ᠱᠠᠪᠢ ᠳᠠᠭᠠᠭᠤᠯᠬᠤ ᠳᠦᠷᠢᠮᠲᠦ ᠪᠣᠯᠪᠠᠰᠤᠷᠠᠭᠤᠯᠤᠯ ᠢ ᠥᠷᠨᠢᠭᠦᠯᠦᠨ᠂ ︽ | ᠰᠤᠷᠭᠠᠭᠤᠯᠢ ᠪᠣᠯᠣᠨ ᠠᠵᠤ ᠠᠬᠤᠶᠢᠯᠠᠯ ᠳᠤ ᠬᠤᠣᠰ ᠳᠦᠷᠢᠮ ᠲᠠᠢ᠂ ᠠᠵᠢᠯᠯᠠᠬᠤ ᠪᠠ ᠰᠤᠷᠬᠤ ᠶᠢ ᠨᠢᠭᠡ | ᠴᠣᠭᠴᠠᠵᠢᠭᠤᠯᠬᠤ︾ ᠬᠡᠯᠪᠡᠷᠢ ᠶᠢ ᠬᠡᠷᠡᠭᠯᠡᠨ ᠳᠤᠮᠳᠠ ᠪᠣᠯᠣᠨ ᠳᠡᠭᠡᠳᠦ ᠵᠡᠷᠭᠡ ᠶᠢᠨ ᠤᠷ᠎ᠠ ᠮᠡᠷᠭᠡᠰᠢᠯ ᠲᠠᠢ ᠠᠵᠢᠯᠲᠠᠨ ᠢ | ᠬᠥᠮᠥᠵᠢᠭᠦᠯᠦᠨ᠎ᠡ᠂ 1 — 2 ᠵᠢᠯ ᠤᠨ ᠬᠤᠭᠤᠴᠠᠭ᠎ᠠ ᠲᠠᠢ ᠬᠥᠮᠥᠵᠢᠭᠦᠯᠵᠦ᠂ ᠲᠣᠭᠲᠠᠭᠠᠯ ᠶᠣᠰᠣᠭᠠᠷ | ᠪᠣᠯᠪᠠᠰᠤᠷᠠᠭᠤᠯᠤᠯ ᠤᠨ ᠨᠡᠮᠡᠭᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ᠳᠣᠯᠤᠭ᠎ᠠ᠂ ᠠᠵᠢᠯ ᠠᠯᠳᠠᠭᠰᠠᠳ ᠲᠤ ᠳᠠᠬᠢᠵᠤ ᠠᠵᠢᠯ ᠣᠯᠬᠤ ᠪᠣᠯᠪᠠᠰᠤᠷᠠᠭᠤᠯᠤᠯ ᠬᠢᠬᠦ ᠡᠷᠴᠢᠮ ᠢ | ᠴᠢᠩᠭᠠᠷᠠᠭᠤᠯᠤᠨ᠎ᠠ | ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ | ᠰᠤᠷᠭᠠᠭᠤᠯᠢ ᠪᠠᠭᠲᠠᠨ᠎ᠠ︶᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠯᠣᠨ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ ᠳᠡᠮᠵᠢᠵᠦ ᠪᠠᠶᠢᠭᠠᠳ | ᠠᠵᠢᠯ ᠠᠯᠳᠠᠭᠰᠠᠳ ᠲᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠪᠤᠶᠤ ᠦᠢᠯᠡᠰ | ᠴᠣᠭᠴᠠᠯᠠᠬᠤ ᠪᠣᠯᠪᠠᠰᠤᠷᠠᠭᠤᠯᠤᠯ ᠬᠢᠬᠦ ᠠᠵᠢᠯ ᠢ ᠳᠠᠭᠠᠭᠠᠨ ᠡᠭᠦᠷᠭᠡᠯᠡᠭᠦᠯᠦᠨ᠎ᠡ᠃ ᠵᠠᠰᠠᠭ ᠤᠨ ᠣᠷᠳᠣᠨ ᠤ | ᠨᠡᠮᠡᠭᠦᠷᠢ ᠲᠠᠢ ᠪᠣᠯᠪᠠᠰᠤᠷᠠᠭᠤᠯᠤᠯ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠣᠯᠪᠠᠰᠤᠷᠠᠭᠤᠯᠤᠯ ᠪᠣᠯᠣᠨ ᠣᠷᠣᠨ | ᠪᠦᠰᠡ ᠶᠢᠨ ᠣᠨᠴᠠᠯᠢᠭ ᠲᠠᠢ ᠪᠣᠯᠪᠠᠰᠤᠷᠠᠭᠤᠯᠤᠯ ᠤᠨ ᠭᠠᠷᠴᠠᠭ ᠢ ᠡᠯᠰᠡᠨ ᠴᠣᠭᠴᠠᠯᠠᠭᠤᠯᠬᠤ ᠶᠢᠨ ᠬᠠᠮᠲᠤ ᠨᠡᠶᠢᠲᠡᠯᠡᠵᠤ᠂ | ᠪᠣᠯᠪᠠᠰᠤᠷᠠᠭᠤᠯᠤᠯ ᠤᠨ ᠬᠠᠨᠲᠤᠯᠭᠠᠲᠤ ᠴᠢᠨᠠᠷ ᠪᠤᠯᠤᠨ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠬᠢᠨ ᠤ ᠵᠡᠷᠭᠡ ᠡᠯ᠎ᠡ ᠲᠥᠷᠥᠯ ᠤᠨ ᠪᠣᠯᠪᠠᠰᠤᠷᠠᠭᠤᠯᠤᠯ ᠤᠨ | ᠡᠬᠢ ᠪᠠᠶᠠᠯᠢᠭ ᠢ ᠰᠢᠯᠢᠳᠡᠭᠵᠢᠭᠦᠯᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠭᠤᠯᠤᠭᠰᠠᠨ | ᠦᠷ᠎ᠡ ᠪᠦᠲᠦᠮᠵᠢ ᠪᠠᠷ ᠰᠠᠶᠢᠨ᠂ ᠪᠣᠯᠪᠠᠰᠤᠷᠠᠭᠤᠯᠤᠭᠰᠠᠨ ᠤ ᠳᠠᠷᠠᠭ᠎ᠠ ᠠᠵᠢᠯ ᠣᠯᠣᠭᠰᠠᠨ ᠨᠢ ᠲᠣᠭᠲᠠᠪᠤᠷᠢᠲᠠᠢ᠂ | ᠪᠣᠯᠪᠠᠰᠤᠷᠠᠭᠤᠯᠤᠭᠰᠠᠨ ᠬᠡᠪᠴᠢᠶ᠎ᠡ ᠨᠢ ᠵᠣᠬᠢᠬᠤ ᠬᠠᠷᠢᠴᠠᠯ ᠳᠤ ᠬᠦᠷᠦᠭᠰᠡᠨ ᠪᠣᠳᠠᠲᠠᠢ ᠪᠣᠯᠪᠠᠰᠤᠷᠠᠭᠤᠯᠬᠤ ᠰᠠᠭᠤᠷᠢᠨ | ᠭᠠᠵᠠᠷ ᠲᠤ᠂ ᠲᠣᠭᠲᠠᠭᠠᠯ ᠶᠣᠰᠣᠭᠠᠷ ᠦᠢᠯᠡᠰ ᠴᠣᠭᠴᠠᠯᠠᠨ ᠠᠵᠢᠯ ᠣᠯᠭᠤᠭᠰᠠᠨ ᠤ ︽ᠱᠠᠩᠨᠠᠬᠤ ᠪᠠᠷ | ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠪᠣᠯᠪᠠᠰᠤᠷᠠᠭᠤᠯᠤᠯ ᠳᠤ ᠬᠢᠷᠢ | ᠲᠡᠩᠴᠡᠭᠰᠡᠨ ᠠᠵᠢᠯ ᠠᠯᠳᠠᠭᠰᠠᠳ ᠲᠤ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠡᠮᠡᠭᠦᠷᠢ ᠣᠯᠭᠤᠵᠤ᠂ | ᠨᠡᠮᠡᠭᠦᠷᠢ ᠶᠢᠨ ᠪᠠᠷᠢᠮᠵᠢᠶ᠎ᠠ ᠶᠢ ᠪᠣᠯᠪᠠᠰᠤᠷᠠᠭᠤᠯᠤᠭᠰᠠᠨ ᠥᠪᠡᠷ ᠤᠨ ᠥᠷᠲᠡᠭ᠂ ᠪᠣᠯᠪᠠᠰᠤᠷᠠᠭᠤᠯᠤᠭᠰᠠᠨ ᠴᠠᠭ | ᠬᠤᠭᠤᠴᠠᠭ᠎ᠠ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠣᠨ ᠬᠠᠮᠢᠶ᠎ᠠ ᠪᠦᠬᠦᠢ ᠦᠨᠡᠮᠯᠡᠯ ᠣᠯᠣᠭᠰᠠᠨ | ᠪᠠᠶᠢᠳᠠᠯ ᠵᠡᠷᠭᠡ ᠶᠢ ᠨᠢ ᠦᠨᠳᠦᠰᠦᠯᠡᠨ ᠲᠣᠭᠲᠠᠭᠠᠨ᠎ᠠ᠃ 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ | 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠲᠡᠳᠡᠭᠡᠷ ᠤᠨ ᠠᠵᠢᠯ ᠣᠯᠬᠤ ᠳᠤ ᠬᠦᠴᠢᠷᠲᠡᠢ | ᠬᠥᠮᠥᠰ ᠪᠣᠯᠣᠨ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠪᠦᠷᠢᠯᠳᠦᠬᠦᠨ ᠨᠠᠷ ᠲᠤ ᠪᠣᠯᠪᠠᠰᠤᠷᠠᠭᠤᠯᠬᠤ | ᠬᠤᠭᠤᠴᠠᠭᠠᠨ ᠳᠠᠬᠢ ᠠᠮᠢᠳᠤᠷᠠᠯ ᠤᠨ ᠨᠡᠮᠡᠭᠦᠷᠢ ᠶᠢ ᠳᠠᠬᠢᠵᠤ ᠣᠯᠭᠤᠨ᠎ᠠ᠂ ᠪᠣᠯᠪᠠᠰᠤᠷᠠᠭᠤᠯᠬᠤ ᠠᠮᠢᠳᠤᠷᠠᠯ ᠤᠨ | ᠵᠠᠷᠤᠳᠠᠯ ᠤᠨ ᠨᠡᠮᠡᠭᠦᠷᠢ ᠶᠢᠨ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠣᠳᠠᠲᠤ | ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ᠠᠮᠢᠳᠤᠷᠠᠯ ᠤᠨ ᠵᠠᠷᠤᠳᠠᠯ ᠤᠨ ᠨᠡᠮᠡᠭᠦᠷᠢ ᠶᠢᠨ ᠲᠥᠷᠥ ᠶᠢᠨ | ᠪᠣᠳᠣᠯᠭ᠎ᠠ ᠶᠢ ᠬᠥᠮᠥᠨ ᠪᠦᠷᠢ ᠵᠢᠯ ᠪᠦᠷᠢ ᠳᠤ ᠨᠢᠭᠡ ᠯᠡ ᠤᠳᠠᠭ᠎ᠠ ᠬᠦᠷᠲᠡᠬᠦ ᠮᠥᠷᠲᠡᠭᠡᠨ ᠡᠭᠦᠨ ᠤ ᠳᠠᠭᠠᠤ ᠳᠤ | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠠᠪᠴᠤ ᠪᠣᠯᠬᠤ ᠦᠭᠡᠢ᠃ ᠠᠵᠢᠯ ᠲᠥᠷᠥᠯ ᠤᠨ ᠨᠡᠶᠢᠭᠡᠮᠯᠢᠭ᠂ | ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠲᠠᠪᠴᠠᠩ᠂ ᠬᠥᠮᠥᠨ ᠤ | ᠬᠦᠴᠦᠨ ᠤ ᠡᠬᠢ ᠪᠠᠶᠠᠯᠢᠭ ᠤᠨ ᠵᠠᠭᠤᠴᠢ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ | ᠲᠠᠪᠴᠠᠩ ᠪᠠᠶᠢᠭᠤᠯᠬᠤ ᠶᠢ ᠵᠣᠷᠢᠬᠵᠢᠭᠤᠯᠤᠨ ᠳᠡᠮᠵᠢᠵᠦ᠂ ᠠᠵᠢᠯᠴᠢᠨ ᠬᠡᠷᠡᠭᠯᠡᠬᠦ ᠪᠠᠷ ᠣᠯᠠᠨ ᠪᠣᠯᠣᠨ ᠴᠦᠬᠡᠨ ᠪᠠᠶᠢᠭ᠎ᠠ | ᠵᠢᠴᠢ ᠢᠯᠡᠭᠦᠳᠡᠵᠦ ᠳᠤᠲᠠᠭᠳᠠᠵᠤ ᠪᠠᠶᠢᠭ᠎ᠠ ᠶᠢ ᠲᠣᠬᠢᠷᠠᠭᠤᠯᠤᠨ ᠨᠡᠶᠢᠴᠡᠭᠦᠯᠬᠦ ᠵᠡᠷᠭᠡ ᠦᠢᠯᠡᠴᠢᠯᠡᠭᠡ ᠥᠷᠨᠢᠭᠦᠯᠵᠦ | ᠪᠠᠶᠢᠪᠠᠯ᠂ ᠡᠯ᠎ᠡ ᠭᠠᠵᠠᠷ ᠣᠷᠣᠨ ᠤ ᠠᠵᠢᠯ ᠣᠯᠭᠤᠨ ᠦᠢᠯᠡᠰ ᠴᠣᠭᠴᠠᠯᠠᠬᠤ ᠦᠢᠯᠡᠴᠢᠯᠡᠭᠡᠨ ᠤ ᠬᠡᠪᠴᠢᠶᠡᠨ ᠳᠤ | ᠣᠷᠣᠭᠤᠯᠵᠤ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ | ᠵᠡᠷᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠬᠠᠷᠢᠭᠤᠴᠠᠨ᠎ᠠ︶ | ᠨᠠᠢᠮᠠ᠂ ᠮᠡᠷᠭᠡᠵᠢᠯ ᠤᠷ᠎ᠠ ᠮᠡᠷᠭᠡᠰᠢᠯ ᠢᠶᠠᠨ ᠳᠡᠭᠡᠭᠰᠢᠯᠡᠭᠦᠯᠬᠦ ᠨᠡᠮᠡᠭᠦᠷᠢ ᠭᠤᠶᠤᠴᠢᠯᠠᠬᠤ ᠨᠥᠬᠦᠴᠡᠯ ᠢ | ᠠᠭᠤᠵᠢᠭᠤ ᠪᠣᠯᠭᠠᠨ᠎ᠠ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ᠂ ᠮᠡᠷᠭᠡᠵᠢᠯ ᠤᠷ᠎ᠠ ᠮᠡᠷᠭᠡᠰᠢᠯ ᠢᠶᠠᠨ ᠳᠡᠭᠡᠭᠰᠢᠯᠡᠭᠦᠯᠬᠦ ᠨᠡᠮᠡᠭᠦᠷᠢ ᠭᠤᠶᠤᠴᠢᠯᠠᠬᠤ ᠨᠥᠬᠦᠴᠡᠯ ᠢ | ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠠᠵᠢᠯ ᠠᠯᠳᠠᠭᠰᠠᠳ ᠤᠨ ᠳᠠᠭᠠᠳᠬᠠᠯ ᠳᠤ | ᠣᠷᠣᠯᠴᠠᠭᠠᠳ 3 ᠵᠢᠯ ︵3 ᠵᠢᠯ ᠪᠣᠯᠣᠭᠰᠠᠨ ᠢ ᠪᠠᠭᠲᠠᠭᠠᠨ᠎ᠠ︶ ᠠᠴᠠ ᠳᠡᠭᠡᠭᠰᠢᠬᠢ ᠪᠠᠶᠢᠭᠰᠠᠨ ᠢ ᠨᠢ ᠠᠵᠢᠯ | ᠠᠯᠳᠠᠭᠰᠠᠳ ᠤᠨ ᠳᠠᠭᠠᠳᠬᠠᠯ ᠳᠤ ᠣᠷᠣᠯᠴᠠᠭᠠᠳ 1 ᠵᠢᠯ ︵1 ᠵᠢᠯ ᠪᠣᠯᠣᠭᠰᠠᠨ ᠢ ᠪᠠᠭᠲᠠᠭᠠᠨ᠎ᠠ︶ ᠠᠴᠠ ᠳᠡᠭᠡᠭᠰᠢᠬᠢ | ᠪᠣᠯᠲᠠᠯ᠎ᠠ ᠠᠭᠤᠵᠢᠭᠤ ᠲᠠᠯᠪᠢᠨ᠎ᠠ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢ ᠠᠵᠢᠯ | ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠤᠨ | ᠦᠨᠡᠮᠯᠡᠯ ᠣᠯᠣᠭᠰᠠᠨ ᠪᠠᠶᠢᠪᠠᠯ᠂ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠮᠡᠷᠭᠡᠵᠢᠯ ᠤᠷ᠎ᠠ ᠮᠡᠷᠭᠡᠰᠢᠯ ᠢᠶᠠᠨ | ᠳᠡᠭᠡᠭᠰᠢᠯᠡᠭᠦᠯᠬᠦ ᠨᠡᠮᠡᠭᠦᠷᠢ ᠶᠢ ᠭᠤᠶᠤᠴᠢᠯᠠᠵᠤ ᠪᠣᠯᠣᠨ᠎ᠠ᠂ ᠬᠡᠷᠡᠭᠰᠡᠬᠦ ᠪᠡᠯᠡ ᠮᠥᠩᠭᠦ ᠶᠢ ᠠᠵᠢᠯ ᠠᠯᠳᠠᠭᠰᠠᠳ ᠤᠨ | ᠳᠠᠭᠠᠳᠬᠠᠯ ᠤᠨ ᠰᠠᠭᠤᠷᠢ ᠮᠥᠩᠭᠦᠨ ᠠᠴᠠ ᠵᠠᠷᠤᠴᠠᠭᠤᠯᠤᠨ᠎ᠠ᠂ ᠪᠣᠳᠠᠲᠠᠢ ᠨᠡᠮᠡᠭᠦᠷᠢ ᠶᠢᠨ ᠪᠠᠷᠢᠮᠵᠢᠶ᠎ᠠ ᠶᠢ ᠠᠩᠬ᠎ᠠ ᠵᠡᠷᠭᠡ | ︵ᠲᠠᠪᠤᠳᠤᠭᠠᠷ ᠳᠡᠰ︶᠂ ᠳᠤᠮᠳᠠ ᠵᠡᠷᠭᠡ ︵ᠳᠥᠷᠪᠡᠳᠦᠭᠡᠷ ᠳᠡᠰ︶᠂ ᠳᠡᠭᠡᠳᠦ ᠵᠡᠷᠭᠡ ︵ᠭᠤᠷᠪᠠᠳᠤᠭᠠᠷ ᠳᠡᠰ︶ ᠤᠨ | ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠣᠯᠣᠭᠰᠠᠨ ᠪᠤᠶᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ | ᠳᠡᠰ ᠲᠠᠢ ᠪᠣᠯᠣᠭᠰᠠᠨ ᠢᠶᠠᠷ ᠨᠢ ᠲᠤᠰ ᠲᠤᠰ 1000 ᠲᠥᠭᠦᠷᠢᠭ᠂ 1500 ᠲᠥᠭᠦᠷᠢᠭ᠂ 2000 | ᠲᠥᠭᠦᠷᠢᠭ ᠠᠴᠠ ᠳᠠᠪᠠᠭᠤᠯᠬᠤ ᠦᠭᠡᠢ ᠬᠡᠮᠵᠢᠶᠡᠨ ᠤ ᠪᠣᠯᠪᠠᠰᠤᠷᠠᠭᠤᠯᠤᠯ ᠤᠨ ᠨᠡᠮᠡᠭᠦᠷᠢ ᠣᠯᠭᠤᠨ᠎ᠠ᠃ ︵ᠥᠪᠡᠷᠲᠡᠭᠡᠨ | ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠬᠠᠷᠢᠭᠤᠴᠠᠨ᠎ᠠ︶ | ᠶᠢᠰᠦ᠂ ᠠᠵᠢᠯ ᠠᠯᠳᠠᠭᠰᠠᠨ ᠢᠶᠠᠨ ᠲᠡᠮᠳᠡᠭᠯᠡᠭᠦᠯᠦᠭᠰᠡᠨ ᠪᠠᠶᠢᠩᠭᠤ ᠰᠠᠭᠤᠭ᠎ᠠ ᠭᠠᠵᠠᠷ ᠲᠤ ᠦᠢᠯᠡᠴᠢᠯᠡᠭᠡ | ᠬᠠᠩᠭᠠᠵᠤ ᠥᠭᠭᠦᠨ᠎ᠡ | ᠬᠠᠤᠯᠢ ᠶᠣᠰᠣᠨ ᠤ ᠬᠦᠳᠡᠯᠮᠦᠷᠢᠯᠡᠬᠦ ᠨᠠᠰᠤᠨ ᠤ ᠳᠣᠲᠣᠷᠠᠬᠢ᠂ ᠬᠦᠳᠡᠯᠮᠦᠷᠢᠯᠡᠬᠦ ᠴᠢᠳᠠᠪᠤᠷᠢ ᠲᠠᠢ᠂ ᠠᠵᠢᠯ | ᠣᠯᠬᠤ ᠱᠠᠭᠠᠷᠳᠠᠯᠭ᠎ᠠ ᠲᠠᠢ᠂ ᠠᠵᠢᠯ ᠦᠭᠡᠢ ᠪᠠᠶᠢᠭ᠎ᠠ ᠪᠠᠶᠢᠳᠠᠯ ᠲᠠᠢ ᠠᠵᠢᠯ ᠠᠯᠳᠠᠭᠰᠠᠳ ᠪᠠᠶᠢᠩᠭᠤ ᠰᠠᠭᠤᠭ᠎ᠠ | ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠠᠯᠳᠠᠭᠰᠠᠨ ᠢᠶᠠᠨ | ᠲᠡᠮᠳᠡᠭᠯᠡᠭᠦᠯᠵᠦ᠂ ᠪᠠᠶᠢᠩᠭᠤ ᠰᠠᠭᠤᠭ᠎ᠠ ᠭᠠᠵᠠᠷ ᠤᠨ ᠠᠵᠢᠯ ᠣᠯᠭᠤᠨ ᠦᠢᠯᠡᠰ ᠴᠣᠭᠴᠠᠯᠠᠬᠤ ᠦᠢᠯᠡᠴᠢᠯᠡᠭᠡ᠂ ᠠᠵᠢᠯ | ᠣᠯᠭᠤᠬᠤ ᠶᠢ ᠲᠡᠳᠬᠦᠬᠦ ᠲᠥᠷᠥ ᠶᠢᠨ ᠪᠣᠳᠣᠯᠭ᠎ᠠ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠵᠤ ᠦᠢᠯᠡᠰ | ᠴᠣᠭᠴᠠᠯᠠᠬᠤ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠷᠲᠡᠬᠦ ᠪᠠᠷ | ᠭᠤᠶᠤᠴᠢᠯᠠᠬᠤ ᠶᠢ ᠨᠢ ᠵᠥᠪᠰᠢᠶᠡᠷᠡᠨ᠎ᠡ᠃ ᠠᠵᠢᠯ ᠠᠯᠳᠠᠭᠰᠠᠨ ᠢᠶᠠᠨ ᠲᠡᠮᠳᠡᠭᠯᠡᠭᠦᠯᠬᠦ ᠨᠥᠬᠦᠴᠡᠯ ᠳᠤ ᠨᠡᠶᠢᠴᠡᠬᠦ | ᠬᠥᠮᠥᠰ ᠢ ᠥᠪᠡᠷ ᠤᠨ ᠪᠡᠶ᠎ᠡ ᠪᠣᠯᠣᠨ ᠡᠷᠦᠬᠡ ᠠᠮᠠ ᠨᠢ ᠰᠠᠯᠤᠩᠭᠢᠳᠠ ᠪᠠᠶᠢᠬᠤ᠂ ᠡᠷᠦᠬᠡ ᠠᠮᠠ ᠨᠢ ᠲᠤᠰ ᠭᠠᠵᠠᠷ ᠲᠤ | ᠪᠠᠶᠢᠬᠤ ᠦᠭᠡᠢ ᠪᠤᠶᠤ ᠳᠠᠩᠰᠠ ᠡᠪᠬᠡᠮᠡᠯ ᠪᠠᠶᠢᠬᠤ ᠦᠭᠡᠢ ᠵᠡᠷᠭᠡ ᠰᠢᠯᠲᠠᠭᠠᠨ ᠢᠶᠠᠷ ᠬᠦᠯᠢᠶᠡᠨ ᠠᠪᠬᠤ ᠦᠭᠡᠢ ᠪᠠᠶᠢᠵᠤ | ᠪᠣᠯᠬᠤ ᠦᠭᠡᠢ᠃ ᠠᠵᠢᠯ ᠣᠯᠬᠤ ᠳᠤ ᠬᠦᠴᠢᠷᠲᠡᠢ ᠪᠠᠶᠢᠬᠤ ᠨᠥᠬᠦᠴᠡᠯ ᠳᠤ ᠨᠡᠶᠢᠴᠡᠬᠦ ᠬᠥᠮᠥᠰ ᠨᠢ ᠪᠠᠶᠢᠩᠭᠤ | ᠰᠠᠭᠤᠭ᠎ᠠ ᠭᠠᠵᠠᠷ ᠲᠤ ᠪᠠᠨ ᠠᠵᠢᠯ ᠣᠯᠬᠤ ᠳᠤ ᠬᠦᠴᠢᠷᠲᠡᠢ ᠪᠠᠶᠢᠭ᠎ᠠ ᠬᠥᠮᠥᠰ ᠢᠶᠠᠷ ᠮᠠᠭᠠᠳᠯᠠᠨ ᠲᠣᠭᠲᠠᠭᠠᠯᠭᠠᠬᠤ ᠶᠢ | ᠭᠤᠶᠤᠴᠢᠯᠠᠵᠤ᠂ ᠠᠵᠢᠯ ᠣᠯᠭᠤᠬᠤ ᠲᠤᠰᠠᠯᠠᠮᠵᠢ ᠬᠦᠷᠲᠡᠵᠦ ᠪᠣᠯᠣᠨ᠎ᠠ᠃ ᠡᠯ᠎ᠡ ᠱᠠᠲᠤᠨ ᠤ ᠣᠯᠠᠨ ᠨᠡᠶᠢᠲᠡ ᠶᠢᠨ | ᠠᠵᠢᠯ ᠣᠯᠭᠤᠵᠤ ᠦᠢᠯᠡᠴᠢᠯᠡᠬᠦ ᠪᠠᠶᠢᠭᠤᠯᠤᠮᠵᠢ ᠨᠢ ᠠᠵᠢᠯ ᠣᠯᠭᠤᠬᠤ ᠨᠠᠷᠢᠯᠢᠬᠵᠢᠭᠤᠯᠤᠭᠰᠠᠨ᠂ ᠤᠷᠲᠤ | ᠬᠤᠭᠤᠴᠠᠭᠠᠨ ᠤ ᠪᠦᠲᠦᠮᠵᠢᠲᠡᠢ ᠪᠠᠶᠢᠬᠤ ᠲᠤᠰᠠᠯᠠᠮᠵᠢ ᠶᠢ ᠴᠠᠭ ᠲᠤᠬᠠᠢ ᠳᠤ ᠨᠢ ᠬᠠᠩᠭᠠᠨ ᠥᠭᠴᠦ᠂ ᠲᠣᠭᠲᠠᠭᠠᠯ | ᠶᠣᠰᠣᠭᠠᠷ ᠨᠡᠶᠢᠭᠡᠮ ᠤᠨ ᠳᠠᠭᠠᠳᠬᠠᠯ ᠤᠨ ᠨᠡᠮᠡᠭᠦᠷᠢ᠂ ᠠᠵᠢᠯ ᠤᠨ ᠪᠠᠶᠢᠷᠢ ᠶᠢᠨ ᠨᠡᠮᠡᠭᠦᠷᠢ ᠵᠡᠷᠭᠡ ᠶᠢᠨ ᠲᠡᠳᠬᠦᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠲᠤ᠂ | ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠦᠩᠭᠦᠨ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ | ᠣᠯᠭᠤᠵᠤ᠂ ᠬᠤᠪᠢ ᠬᠥᠮᠥᠨ ᠤ ᠲᠤᠰᠢᠶᠠᠪᠠᠰᠤ ᠵᠣᠬᠢᠬᠤ ᠡᠮᠴᠢᠯᠡᠭᠡᠨ ᠤ ᠦᠨᠳᠦᠰᠦᠨ ᠳᠠᠭᠠᠳᠬᠠᠯ ᠤᠨ | ᠰᠦᠢᠳᠬᠡᠯ ᠢ ᠨᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠵᠠᠷᠤᠴᠠᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ᠠᠷᠪᠠ᠂ ᠬᠦᠴᠢᠷᠳᠡᠯᠲᠡᠢ ᠬᠥᠮᠥᠰ ᠤᠨ ᠠᠮᠢᠳᠤᠷᠠᠯ ᠳᠤ ᠲᠤᠰᠠᠯᠠᠵᠤ ᠬᠠᠪᠰᠤᠷᠬᠤ ᠶᠢ ᠴᠢᠩᠭᠠᠳᠬᠠᠨ᠎ᠠ | ᠬᠤᠲᠠ ᠬᠦᠳᠡᠭᠡ ᠶᠢ ᠠᠭᠤᠰᠤᠯᠴᠠᠭᠤᠯᠤᠭᠰᠠᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠨ | ᠲᠡᠭᠦᠯᠳᠡᠷᠵᠢᠭᠦᠯᠵᠦ᠂ ᠠᠵᠢᠯ ᠣᠯᠬᠤ ᠳᠤ ᠬᠦᠴᠢᠷᠲᠡᠢ ᠬᠥᠮᠥᠰ ᠤᠨ ᠬᠡᠪᠴᠢᠶ᠎ᠡ ᠶᠢ ᠴᠠᠭ ᠲᠤ ᠨᠢ ᠵᠣᠬᠢᠴᠠᠭᠤᠯᠤᠨ | ᠲᠣᠬᠢᠷᠠᠭᠤᠯᠤᠨ᠎ᠠ᠃ ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢ ᠢᠳᠡᠪᠬᠢᠲᠡᠢ ᠪᠠᠷ ᠭᠠᠷᠭᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠵᠠᠮ ᠢᠶᠠᠷ ᠳᠠᠮᠵᠢᠭᠤᠯᠤᠨ | ᠠᠵᠢᠯ ᠣᠯᠬᠤ ᠳᠤ ᠪᠡᠷᠬᠡ ᠪᠠᠶᠢᠭ᠎ᠠ ᠬᠦᠴᠢᠷᠳᠡᠯᠲᠡᠢ ᠬᠥᠮᠥᠰ ᠢ ᠪᠠᠲᠤᠯᠠᠨ ᠳᠠᠭᠠᠭᠠᠵᠤ ᠲᠥᠪᠬᠢᠨᠡᠭᠦᠯᠦᠨ᠂ ᠠᠵᠢᠯ ᠲᠠᠢ | ᠬᠥᠮᠥᠨ ᠦᠭᠡᠢ ᠭᠡᠷ ᠪᠦᠯᠢ ᠶᠢᠨ ᠬᠦᠳᠡᠯᠥᠩᠭᠦᠢ ᠪᠠᠷ ᠬᠠᠰᠤᠭᠳᠠᠵᠤ ᠴᠡᠪᠡᠷᠯᠡᠬᠦ ᠶᠢ ᠦᠨᠡᠨ ᠬᠦ ᠪᠠᠲᠤᠯᠠᠨ᠎ᠠ᠃ | ᠠᠮᠢᠳᠤᠷᠠᠯ ᠨᠢ ᠬᠦᠴᠢᠷᠳᠡᠯᠲᠡᠢ ᠠᠵᠢᠯ ᠤᠨ ᠪᠠᠶᠢᠷᠢ ᠠᠴᠠ ᠪᠠᠭᠤᠭᠰᠠᠨ ᠨᠥᠬᠦᠴᠡᠯ ᠳᠤ ᠨᠡᠶᠢᠴᠡᠬᠦ ᠠᠵᠢᠯ | ᠠᠯᠳᠠᠭᠰᠠᠳ ᠲᠤ ᠠᠮᠢᠳᠤᠷᠠᠯ ᠤᠨ ᠲᠦᠷ ᠴᠠᠭ ᠤᠨ ᠨᠥᠬᠦᠪᠦᠷᠢ ᠣᠯᠭᠤᠨ᠎ᠠ᠂ ᠨᠥᠬᠦᠪᠦᠷᠢ ᠶᠢᠨ ᠪᠠᠷᠢᠮᠵᠢᠶ᠎ᠠ ᠶᠢ ᠭᠡᠷ | ᠪᠦᠯᠢ ᠶᠢᠨ ᠬᠦᠴᠢᠷᠳᠡᠯᠲᠡᠢ ᠪᠠᠶᠢᠭ᠎ᠠ ᠬᠡᠮᠵᠢᠶ᠎ᠡ᠂ ᠭᠠᠵᠠᠷ ᠣᠷᠣᠨ ᠤ ᠬᠡᠷᠡᠭᠯᠡᠭᠡ ᠶᠢᠨ ᠬᠢᠷᠢ ᠲᠦᠪᠰᠢᠨ ᠵᠡᠷᠭᠡ ᠶᠢ | ᠦᠨᠳᠦᠰᠦᠯᠡᠨ ᠶᠡᠷᠦᠩᠬᠡᠢ ᠳᠤ ᠨᠢ ᠲᠣᠭᠲᠠᠭᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠨᠥᠬᠦᠴᠡᠯ ᠳᠤ ᠨᠡᠶᠢᠴᠡᠬᠦ ᠭᠡᠷ ᠪᠦᠯᠢ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ | ᠳᠠᠷᠦ᠋ᠢᠬᠠᠨ ᠣᠷᠣᠭᠤᠯᠤᠨ᠎ᠠ᠃ ᠲᠦᠷ ᠴᠠᠭ ᠤᠨ ᠲᠤᠰᠠᠯᠠᠵᠤ ᠬᠠᠪᠰᠤᠷᠬᠤ ᠨᠥᠬᠦᠴᠡᠯ ᠳᠤ ᠨᠡᠶᠢᠴᠡᠬᠦ ᠪᠣᠯ᠂ ᠲᠦᠷ | ᠴᠠᠭ ᠢᠶᠠᠷ ᠲᠤᠰᠠᠯᠠᠨ ᠬᠠᠪᠰᠤᠷᠤᠨ᠎ᠠ᠂ ᠲᠤᠰᠠᠯᠠᠨ ᠬᠠᠪᠰᠤᠷᠬᠤ ᠪᠠᠷᠢᠮᠵᠢᠶ᠎ᠠ ᠶᠢ ᠡᠯ᠎ᠡ ᠭᠠᠵᠠᠷ ᠣᠷᠣᠨ ᠨᠢ | ᠪᠣᠳᠠᠲᠠᠢ ᠲᠠᠢ ᠪᠠᠨ ᠤᠶᠠᠯᠳᠤᠭᠤᠯᠵᠤ ᠥᠪᠡᠰᠦᠪᠡᠨ ᠲᠣᠭᠲᠠᠭᠠᠨ᠎ᠠ᠃ ᠠᠩᠭᠢᠯᠠᠵᠤ ᠬᠠᠪᠰᠤᠷᠤᠨ ᠲᠡᠳᠬᠦᠬᠦ᠂ | ᠶᠡᠷᠦᠩᠬᠡᠶᠢᠯᠡᠨ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠵᠤ᠂ ᠬᠦᠴᠢᠷᠳᠡᠯᠲᠡᠢ ᠬᠥᠮᠥᠰ ᠤᠨ ᠠᠮᠢᠳᠤᠷᠠᠯ ᠤᠨ | ᠬᠦᠴᠢᠷ ᠢ ᠨᠢ ᠦᠨᠡᠨ ᠬᠦ ᠰᠢᠢᠳᠪᠦᠷᠢᠯᠡᠵᠦ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ | ᠶᠠᠪᠤᠳᠠᠯ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠬᠠᠷᠢᠭᠤᠴᠠᠨ᠎ᠠ︶ | ᠠᠷᠪᠠᠨ ᠨᠢᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠣᠨ ᠠᠵᠢᠯ ᠣᠯᠭᠤᠬᠤ ᠦᠢᠯᠡᠴᠢᠯᠡᠭᠡ ᠶᠢ | ᠢᠳᠡᠪᠬᠢᠲᠡᠢ ᠥᠷᠨᠢᠭᠦᠯᠦᠨ᠎ᠡ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠣᠯᠭᠤᠬᠤ ᠲᠥᠷᠥ ᠶᠢᠨ | ᠪᠣᠳᠣᠯᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠤᠬᠠᠭᠤᠯᠤᠨ᠂ ᠣᠳᠣ ᠦᠶ᠎ᠡ ᠶᠢᠨ ᠮᠡᠳᠡᠭᠡ ᠵᠠᠩᠭᠢ ᠶᠢᠨ | ᠵᠠᠭᠤᠴᠢᠯᠠᠭᠤᠷ ᠢ ᠭᠦᠢᠴᠡᠳ ᠠᠰᠢᠭᠯᠠᠵᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ᠂ ᠭᠤᠶᠤᠴᠢᠯᠠᠨ | ᠭᠦᠢᠴᠡᠳᠬᠡᠬᠦ ᠴᠤᠪᠤᠷᠠᠯ᠂ ᠨᠡᠮᠡᠭᠦᠷᠢ ᠶᠢᠨ ᠪᠠᠷᠢᠮᠵᠢᠶ᠎ᠠ᠂ ᠦᠢᠯᠡᠴᠢᠯᠡᠬᠦ ᠪᠠᠶᠢᠭᠤᠯᠤᠮᠵᠢ ᠵᠢᠴᠢ ᠬᠠᠷᠢᠯᠴᠠᠬᠤ ᠠᠷᠭ᠎ᠠ | ᠬᠡᠯᠪᠡᠷᠢ᠂ ᠬᠢᠨᠠᠯᠲᠠ ᠲᠠᠯᠪᠢᠵᠤ ᠵᠠᠭᠠᠯᠳᠤᠬᠤ ᠤᠲᠠᠰᠤ ᠶᠢ ᠨᠡᠶᠢᠭᠡᠮ ᠳᠤ ᠨᠡᠶᠢᠲᠡᠯᠡᠵᠦ᠂ ᠠᠵᠤ ᠠᠬᠤᠶᠢᠯᠠᠯ ᠳᠤ | ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢ ᠤᠬᠠᠭᠤᠯᠵᠤ ᠬᠦᠴᠢᠷᠳᠡᠯ ᠢ ᠨᠢ ᠣᠶᠢᠯᠠᠭᠠᠵᠤ ᠬᠠᠪᠰᠤᠷᠴᠤ ᠲᠡᠳᠬᠦᠬᠦ | ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠨ ᠦᠢᠯᠡᠰ ᠴᠣᠭᠴᠠᠯᠠᠬᠤ ᠳᠤ ᠲᠡᠳᠬᠦᠬᠦ ᠲᠥᠷᠥ ᠶᠢᠨ | ᠪᠣᠳᠣᠯᠭ᠎ᠠ ᠪᠣᠯᠣᠨ ᠠᠵᠢᠯ ᠣᠯᠭᠤᠨ ᠦᠢᠯᠡᠰ ᠴᠣᠭᠴᠠᠯᠠᠬᠤ ᠳᠤ ᠦᠢᠯᠡᠴᠢᠯᠡᠬᠦ ᠶᠢ ᠬᠦᠷᠲᠡᠬᠦ ᠪᠠᠷ ᠭᠤᠶᠤᠴᠢᠯᠠᠬᠤ | ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ᠂ ᠠᠵᠢᠯ ᠤᠨ ᠪᠠᠶᠢᠷᠢ ᠠᠴᠠ ᠪᠠᠭᠤᠵᠤ ᠠᠵᠢᠯ ᠠᠯᠳᠠᠭᠰᠠᠳ ᠲᠤ | ᠦᠨᠡᠨ ᠨᠡᠷ᠎ᠡ ᠶᠢᠨ ᠳᠦᠷᠢᠮ ᠢ ᠬᠡᠷᠡᠭᠵᠢᠭᠦᠯᠦᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠡ | ᠵᠠᠩᠭᠢ ᠶᠢᠨ ᠰᠢᠰᠲ᠋ᠧᠮ ᠳᠤ ᠣᠷᠣᠭᠤᠯᠬᠤ ᠶᠢᠨ ᠬᠠᠮᠲᠤ ᠴᠠᠭ ᠲᠤ ᠨᠢ ᠲᠣᠬᠢᠷᠠᠭᠤᠯᠤᠨ ᠰᠢᠨᠡᠳᠬᠡᠬᠦ ᠬᠡᠷᠡᠭᠲᠡᠢ᠃ | ᠦᠢᠯᠡᠴᠢᠯᠡᠬᠦ ᠴᠤᠪᠤᠷᠠᠯ ᠢ ᠰᠢᠯᠢᠳᠡᠭᠵᠢᠭᠦᠯᠦᠨ᠂ ᠭᠡᠷᠡᠴᠢᠯᠡᠬᠦ ᠮᠠᠲ᠋ᠧᠷᠢᠶᠠᠯ ᠢ ᠴᠤᠮᠬᠠᠳᠬᠠᠵᠤ᠂ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ᠂ ᠪᠡᠯᠡ ᠮᠥᠩᠭᠦ ᠶᠢᠨ ᠳᠡᠮᠵᠢᠬᠦ ᠶᠢ ᠪᠣᠳᠠᠲᠠᠶᠢᠵᠢᠭᠤᠯᠬᠤ᠂ ᠦᠢᠯᠡᠴᠢᠯᠡᠭᠡ ᠶᠢᠨ ᠲᠥᠬᠦᠮ | ᠠᠪᠰᠠᠷᠬᠠᠨ ᠪᠣᠯᠬᠤ ᠶᠢ ᠦᠨᠡᠨ ᠬᠦ ᠪᠠᠲᠤᠯᠠᠵᠤ᠂ ᠡᠳᠡᠭᠡᠷ ᠢ ᠬᠦᠷᠲᠡᠬᠦ ᠬᠥᠮᠥᠰ ᠲᠤ ᠪᠥᠬᠦ ᠲᠠᠯ᠎ᠠ ᠪᠠᠷ ᠬᠦᠷᠲᠡᠭᠡᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠠᠷᠪᠠᠨ ᠬᠤᠶᠠᠷ᠂ ᠠᠵᠢᠯ ᠣᠯᠭᠤᠬᠤ ᠶᠢ ᠠᠬᠢᠭᠤᠯᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠬᠤ ᠶᠢ ᠨᠢ | ᠴᠢᠩᠭᠠᠷᠠᠭᠤᠯᠤᠨ᠎ᠠ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠢ ᠦᠵᠡᠯ ᠰᠠᠨᠠᠭᠠᠨ ᠤ | ᠲᠠᠨᠢᠯᠲᠠ ᠪᠠᠨ ᠨᠢᠭᠡᠳᠬᠡᠨ᠂ ᠠᠵᠢᠯ ᠣᠯᠭᠤᠬᠤ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠤᠯᠭ᠎ᠠ ᠶᠢ | ᠬᠡᠷᠡᠭᠵᠢᠭᠦᠯᠵᠦ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠠᠵᠢᠯ | ᠣᠯᠭᠤᠬᠤ ᠶᠢ ᠠᠬᠢᠭᠤᠯᠬᠤ ᠠᠵᠢᠯ ᠳᠠᠬᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ | ᠳᠠᠭᠠᠭᠠᠵᠤ᠂ ᠠᠵᠢᠯ ᠣᠯᠭᠤᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠨᠢᠭᠡ ᠠᠯᠬᠤᠮ | ᠴᠢᠩᠭᠠᠳᠬᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠨᠢᠭᠡᠳᠦᠯᠲᠡᠢ ᠲᠥᠯᠥᠪᠵᠢᠭᠦᠯᠵᠦ ᠲᠣᠬᠢᠷᠠᠭᠤᠯᠬᠤ ᠶᠢ | ᠴᠢᠩᠭᠠᠷᠠᠭᠤᠯᠤᠨ᠂ ᠱᠠᠲᠤ ᠬᠤᠪᠢᠶᠠᠨ ᠰᠡᠷᠡᠮᠵᠢᠯᠡᠭᠦᠯᠬᠦ ᠪᠠ ᠤᠷᠢᠶᠠᠯᠠᠨ ᠳᠠᠭᠠᠭᠤᠯᠵᠤ᠂ ᠲᠤᠬᠠᠢ ᠶᠢᠨ ᠭᠠᠵᠠᠷ ᠤᠨ | ᠪᠠᠶᠢᠳᠠᠯ ᠳᠤ ᠪᠠᠨ ᠲᠣᠬᠢᠷᠠᠭᠤᠯᠤᠨ ᠲᠥᠷᠥᠯ ᠬᠤᠪᠢᠶᠠᠵᠤ ᠪᠣᠳᠣᠯᠭ᠎ᠠ ᠬᠡᠷᠡᠭᠵᠢᠭᠦᠯᠦᠨ᠂ ᠲᠤᠰ ᠭᠠᠵᠠᠷ ᠣᠷᠣᠨ ᠤ | ᠠᠵᠢᠯ ᠣᠯᠭᠤᠬᠤ ᠶᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠢᠯᠠᠩᠭᠤᠶ᠎ᠠ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠠᠪᠤᠴᠠ ᠳᠤ ᠪᠡᠯᠡ ᠮᠥᠩᠭᠦ ᠬᠡᠷᠡᠭᠯᠡᠬᠦ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠪᠡᠯᠡ | ᠮᠥᠩᠭᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢ | ᠳᠡᠭᠡᠭᠰᠢᠯᠡᠭᠦᠯᠵᠦ᠂ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ ᠬᠠᠷᠢᠴᠠᠯ ᠪᠣᠯᠣᠨ ᠬᠡᠪᠴᠢᠶ᠎ᠡ ᠠᠴᠠ | ᠬᠡᠲᠦᠷᠡᠭᠦᠯᠵᠦ ᠬᠡᠷᠡᠭᠯᠡᠭᠰᠡᠨ ᠪᠠᠶᠢᠪᠠᠯ᠂ ᠴᠢᠩᠭ᠎ᠠ ᠪᠠᠶᠢᠴᠠᠭᠠᠨ ᠰᠢᠢᠳᠬᠡᠵᠦ᠂ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠲᠤᠰ ᠮᠡᠳᠡᠭᠳᠡᠯ ᠪᠠᠭᠤᠭᠰᠠᠨ ᠡᠳᠦᠷ ᠠᠴᠠ | ᠡᠬᠢᠯᠡᠨ 30 ᠡᠳᠦᠷ ᠲᠤ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠪᠣᠯᠣᠨ ᠠᠵᠢᠯ ᠶᠠᠪᠤᠳᠠᠯ ᠭᠦᠢᠴᠡᠳᠬᠡᠬᠦ | ᠵᠦᠭᠯᠡᠭᠦᠷ ᠢᠶᠠᠨ ᠲᠣᠭᠲᠠᠭᠠᠵᠤ ᠲᠡᠭᠦᠯᠳᠡᠷᠵᠢᠭᠦᠯᠬᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠵᠢᠯ ᠣᠯᠭᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ | ᠲᠣᠭᠲᠠᠭᠠᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ᠂ ᠪᠦᠷᠢᠳᠬᠡᠨ ᠬᠢᠨᠠᠵᠤ ᠰᠢᠨᠵᠢᠬᠦ ᠵᠡᠷᠭᠡ ᠠᠵᠢᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠪᠠᠷ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠂ ᠠᠵᠢᠯ ᠤᠯᠭᠤᠬᠤ ᠶᠢ ᠠᠬᠢᠭᠤᠯᠬᠤ ᠲᠦᠷᠥ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠵᠤᠬᠢᠶᠠᠨ | ᠪᠠᠶᠢᠭᠤᠯᠵᠤ ᠵᠤᠬᠢᠴᠠᠭᠤᠯᠬᠤ ᠬᠠᠷᠢᠭᠤᠴᠠᠯᠭ᠎ᠠ ᠪᠠᠨ ᠭᠦᠢᠴᠡᠳᠭᠡᠨ᠂ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠣᠶᠢᠯᠠᠭᠠᠯᠴᠠᠨ ᠨᠡᠪᠲᠡᠷᠡᠯᠴᠡᠵᠦ ᠬᠠᠮᠵᠢᠯᠴᠠᠬᠤ ᠪᠠᠨ ᠴᠢᠩᠭᠠᠳᠬᠠᠨ᠂ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠬᠦ ᠬᠡᠷᠡᠭᠲᠡᠢ᠃ ᠬᠦᠴᠢᠷᠳᠡᠯ ᠳᠤ ᠲᠤᠯᠭᠠᠷᠠᠭᠰᠠᠨ | ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠣᠯᠠᠨ | ᠠᠷᠭ᠎ᠠ ᠵᠠᠮ ᠢᠶᠠᠷ ᠠᠵᠢᠯᠲᠠᠨ ᠠᠵᠢᠯᠴᠢᠨ ᠢ ᠲᠤᠬᠢᠷᠠᠭᠤᠯᠵᠤ ᠲᠥᠪᠬᠢᠨᠡᠭᠦᠯᠦᠨ᠂ ᠬᠦᠳᠡᠯᠮᠦᠷᠢ ᠶᠢᠨ ᠬᠠᠷᠢᠴᠠᠭ᠎ᠠ ᠶᠢ | ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠨᠢ ᠠᠵᠢᠯᠲᠠᠨ ᠠᠵᠢᠯᠴᠢᠨ ᠢᠶᠠᠨ ᠬᠥᠲᠥᠯᠥᠨ | ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢ ᠬᠠᠯᠠᠮᠵᠢᠯᠠᠭᠤᠯᠵᠤ᠂ ᠴᠠᠯᠢᠩ | ᠬᠥᠯᠥᠰᠦ ᠶᠢ ᠵᠥᠪᠳᠡᠯᠴᠡᠬᠦ᠂ ᠠᠵᠢᠯ ᠤᠨ ᠪᠠᠶᠢᠷᠢ ᠪᠠᠨ ᠰᠣᠯᠢᠪᠴᠠᠭᠤᠯᠬᠤ ᠪᠠ ᠡᠭᠡᠯᠵᠢᠯᠡᠨ ᠠᠮᠠᠷᠠᠬᠤ᠂ ᠠᠵᠢᠯ ᠤᠨ | ᠪᠠᠶᠢᠷᠢ ᠳᠤ ᠪᠣᠯᠪᠠᠰᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ᠂ ᠠᠵᠢᠯ ᠣᠯᠭᠤᠬᠤ ᠠᠵᠢᠯ ᠤᠨ ᠪᠠᠶᠢᠷᠢ ᠲᠠᠢ ᠪᠠᠶᠢᠯᠭᠠᠵᠤ᠂ | ᠬᠦᠳᠡᠯᠮᠦᠷᠢ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ | ᠤᠯᠤᠰ ᠤᠨ ᠠᠵᠤ ᠦᠢᠯᠡᠳᠪᠦᠷᠢ ᠠᠵᠤ ᠠᠬᠤᠶᠢᠯᠠᠯ ᠤᠨ ᠪᠦᠲᠦᠴᠡ ᠲᠣᠬᠢᠷᠠᠭᠤᠯᠬᠤ ᠲᠤᠰᠬᠠᠢ ᠱᠠᠩᠨᠠᠵᠤ | ᠲᠤᠰᠠᠯᠠᠬᠤ ᠪᠡᠯᠡ ᠮᠥᠩᠭᠦᠨ ᠤ ᠳᠣᠲᠣᠷ᠎ᠠ ᠠᠴᠠ ᠲᠣᠬᠢᠷᠠᠭᠤᠯᠤᠭᠰᠠᠨ ᠠᠵᠢᠯ ᠣᠯᠭᠤᠬᠤ ᠳᠤ ᠨᠥᠬᠦᠪᠦᠷᠢ ᠥᠭᠬᠦ ᠪᠡᠯᠡ | ᠮᠥᠩᠭᠦ ᠶᠢ ᠪᠣᠯ᠂ ᠣᠳᠣᠬᠠᠨ ᠤ ᠠᠵᠢᠯ ᠣᠯᠭᠤᠬᠤ ᠶᠢ ᠲᠣᠭᠲᠠᠭᠤᠨ ᠪᠠᠶᠢᠯᠭᠠᠬᠤ ᠠᠵᠢᠯ ᠳᠤ ᠲᠤᠰᠬᠠᠶᠢᠯᠠᠨ | ᠬᠡᠷᠡᠭᠯᠡᠨ᠎ᠡ᠃ ᠡᠯ᠎ᠡ ᠭᠠᠵᠠᠷ ᠣᠷᠣᠨ ᠨᠢ ᠲᠤᠰ ᠬᠡᠷᠡᠭᠵᠢᠭᠦᠯᠬᠦ ᠰᠠᠨᠠᠯ ᠢ ᠲᠤᠭᠤᠰᠢᠯᠠᠭᠤᠯᠵᠤ ᠬᠡᠷᠡᠭᠵᠢᠭᠦᠯᠦᠭᠰᠡᠨ | ᠬᠤᠯᠪᠣᠭᠳᠠᠯ ᠪᠦᠬᠦᠢ ᠪᠠᠶᠢᠳᠠᠯ ᠪᠣᠯᠣᠨ ᠢᠯᠡᠷᠡᠭᠰᠡᠨ ᠴᠢᠬᠤᠯᠠ ᠠᠰᠠᠭᠤᠳᠠᠯ ᠢᠶᠠᠨ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠳᠠᠷᠦ᠋ᠢᠬᠠᠨ ᠮᠡᠳᠡᠭᠦᠯᠬᠦ | ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |