2019 ᠣᠨ ᠤ ᠳᠤᠮᠳᠠᠳᠤ ᠤᠯᠤᠰ ᠤᠨ ᠪᠡᠭᠡᠵᠢᠩ ᠤᠨ ᠳᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠎ ᠤᠨ ᠴᠤᠭᠯᠠᠭᠠᠨ ᠤ ︽ᠥᠪᠥᠷ ᠮᠣᠩᠭᠤᠯ ᠤᠨ ᠭᠤᠣᠯ ᠰᠡᠳᠦᠪᠲᠦ ᠠᠵᠢᠯᠯᠠᠭᠠᠨ ᠤ ᠡᠳᠦᠷ︾ ᠶᠠᠪᠤᠬᠳᠠᠬᠤ ᠪᠠᠷ ᠪᠤᠢ
ᠨᠡᠶᠢᠲᠡᠯᠡᠭᠰᠡᠨ ᠴᠠᠭ᠄
2019/5/15
     2019 ᠣᠨ ᠤ ᠳᠤᠮᠳᠠᠳᠤ ᠤᠯᠤᠰ ᠤᠨ ᠪᠡᠭᠡᠵᠢᠩ ᠲᠠᠬᠢ ᠳᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠎ ᠤᠨ ᠴᠤᠭᠯᠠᠭᠠᠨ ᠤ ︽ᠥᠪᠥᠷ ᠮᠣᠩᠭᠤᠯ ᠤᠨ ᠭᠤᠣᠯ ᠰᠡᠳᠦᠪᠲᠦ ᠠᠵᠢᠯᠯᠠᠭᠠᠨ ᠤ ᠡᠳᠦᠷ︾ 5 ᠳ᠋ᠤᠭᠠᠷ ᠰᠠᠷ᠎ᠠ ᠶᠢᠨ 16᠎ ᠤ ᠡᠳᠤᠷ ᠠᠴᠠ18᠎ ᠤ ᠡᠳᠤᠷ᠎ᠡ ᠪᠤᠯᠳᠠᠯ᠎ᠠ ᠶᠠᠪᠤᠭᠳᠠᠨ᠎ᠠ᠃ ᠭᠤᠷᠪᠠᠨ ᠡᠳᠦᠷ ᠤᠨ ᠬᠤᠭᠤᠴᠠᠭ᠎ᠠ ᠲᠠᠢ ᠠᠵᠢᠯᠯᠠᠭ᠎ᠠ ᠨᠢ ︽ᠥᠪᠥᠷ ᠮᠣᠩᠭᠤᠯ ᠤᠨ ᠭᠤᠣᠯ ᠰᠡᠳᠦᠪᠲᠦ ᠠᠵᠢᠯᠯᠠᠭᠠᠨ ᠤ ᠡᠳᠦᠷ︾ ᠪᠣᠯᠤᠨ ︽ᠠᠶᠢᠮᠠᠭ ᠬᠤᠲᠠ ᠎ ᠶᠢᠨ ᠭᠤᠣᠯ ᠰᠡᠳᠦᠪᠲᠦ ᠠᠵᠢᠯᠯᠠᠭᠠᠨ ᠤ ᠡᠳᠦᠷ︾ ᠬᠡᠬᠦ ᠬᠤᠶᠠᠷ ᠶᠡᠭᠡ ᠠᠭᠤᠯᠭ᠎ᠠ ᠪᠠᠷ ᠶᠠᠪᠤᠭᠳᠠᠨ᠎ᠠ᠃      ᠡᠬᠦᠨ ᠳᠤ᠂ 5 ᠳ᠋ᠤᠭᠠᠷ ᠰᠠᠷ᠎ᠠ ᠶᠢᠨ 16᠎ ᠤ ᠡᠳᠦᠷ ︽ᠥᠪᠥᠷ ᠮᠣᠩᠭᠤᠯ ᠤᠨ ᠭᠤᠣᠯ ᠰᠡᠳᠦᠪᠲᠦ ᠠᠵᠢᠯᠯᠠᠭᠠᠨ ᠤ ᠡᠳᠦᠷ︾᠎ ᠤᠨ ᠡᠬᠢᠯᠡᠯᠳᠡ ᠶᠢᠨ ᠶᠣᠰᠣᠯᠠᠯ ᠪᠠ ᠠᠵᠤ ᠠᠬᠤᠢ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠢ ᠳᠠᠨᠢᠯᠴᠠᠭᠤᠯᠬᠤ ᠬᠤᠷᠠᠯ ᠶᠠᠪᠤᠭᠳᠠᠭᠤᠯᠵᠤ᠂ ᠥᠪᠥᠷ ᠮᠤᠩᠭᠤᠯ ᠤᠨ ᠮᠸᠡᠭ ᠼᠤᠤ ᠠᠮᠢ ᠠᠬᠤᠢ ᠶᠢᠨ ᠣᠷᠴᠢᠨ ᠳᠤᠭᠤᠷᠢᠨ ᠤ ᠬᠢᠵᠠᠭᠠᠷᠳᠤ ᠺᠣᠮᠫᠠᠨᠢ᠂ ᠢ ᠯᠢ ᠡᠬᠢ ᠪᠠᠶᠠᠯᠢᠭ ᠤᠨ ᠪᠦᠯᠦᠭᠯᠡᠯ ᠵᠡᠷᠭᠡ ᠠᠵᠤ ᠠᠬᠤᠶᠢᠯᠠᠯ ᠠᠴᠠ ᠬᠠᠮᠢᠶ᠎ᠠ ᠪᠦᠬᠦᠢ ᠳᠤᠰᠬᠠᠢ ᠰᠡᠳᠤᠪᠳᠤ ᠳᠠᠨᠢᠯᠴᠠᠭᠤᠯᠭ᠎ᠠ ᠬᠢᠨ᠎ᠡ᠂ ᠳᠤᠬᠠᠢ ᠶᠢᠨ ᠡᠳᠦᠷ ᠪᠠᠰᠠ ︽ᠥᠪᠥᠷ ᠮᠣᠩᠭᠤᠯ ᠤᠨ ᠦᠨᠦᠷ ᠠᠮᠲᠠ︾᠎ ᠶᠢ ᠠᠮᠳᠠᠯᠠᠭᠤᠯᠬᠤ ᠪᠠ ᠪᠠᠭ᠎ᠠ ᠬᠡᠯᠪᠡᠷᠢ ᠶᠢᠨ ᠤᠷᠠᠨ ᠰᠠᠶᠢᠬᠠᠨ ᠤ ᠳᠤᠬᠯᠠᠯᠳᠠ ᠰᠤᠨᠢᠷᠬᠠᠭᠤᠯᠬᠤ ᠪᠤᠯᠤᠨ᠎ᠠ᠃ ︽ᠠᠶᠢᠮᠠᠭ ᠬᠤᠲᠠ ᠶᠢᠨ ᠭᠤᠣᠯ ᠰᠡᠳᠦᠪᠲᠦ ᠠᠵᠢᠯᠯᠠᠭᠠᠨ ᠤ ᠡᠳᠦᠷ︾᠎ ᠨᠢ 17᠎ ᠤ ᠡᠳᠤᠷ ᠠᠴᠠ18᠎ ᠤ ᠡᠳᠦᠷ ᠲᠤ ᠶᠠᠪᠤᠭᠳᠠᠵᠤ᠂ ᠬᠦᠬᠡᠬᠤᠳᠠ᠂ ᠬᠥᠯᠥᠨ ᠪᠤᠶᠢᠷ ᠬᠤᠲᠠ᠂ ᠪᠤᠭᠤᠲᠤ ᠬᠤᠲᠠ ᠵᠡᠷᠭᠡ 8 ᠠᠶᠢᠮᠠᠭ ᠬᠤᠲᠠ ᠶᠢᠨ ᠳᠠᠭᠠᠭᠠᠴᠢᠯᠠᠨ ᠡᠷᠬᠢᠯᠡᠭᠰᠡᠨ ᠪᠠᠶᠢᠭᠤᠯᠭ᠎ᠠ ᠨᠢᠭᠡᠴᠢ ᠠᠴᠠ ᠵᠢᠭᠤᠯᠴᠢᠯᠠᠯ ᠰᠣᠶᠣᠯ ᠤᠨ ᠳᠠᠨᠢᠯᠴᠠᠭᠤᠯᠭ᠎ᠠ᠂ ᠠᠵᠤ ᠠᠬᠤᠶᠢᠯᠠᠯ ᠤᠨ ᠲᠠᠨᠢᠯᠴᠠᠭᠤᠯᠭ᠎ᠠ ᠪᠠ ᠪᠣᠬᠢᠷᠲᠤᠯ ᠦᠭᠡᠢ ᠠᠵᠤ ᠦᠢᠯᠡᠰ ᠤᠨ ᠳᠠᠨᠢᠯᠴᠠᠭᠤᠯᠭ᠎ᠠ ᠵᠡᠷᠭᠡ ᠠᠵᠢᠯᠯᠠᠭ᠎ᠠ ᠶᠢ ᠶᠠᠪᠤᠭᠳᠠᠭᠤᠯᠵᠤ᠂ ᠣᠷᠳᠣᠰ ᠤᠨ ᠤᠯᠠᠭᠠᠨᠮᠦ᠋ᠴᠢᠷ ᠪᠠᠰᠠ ᠲᠤᠰᠬᠠᠢ ᠲᠣᠭᠯᠠᠯᠲᠠ ᠭᠠᠷᠭᠠᠨ᠎ᠠ᠃      ᠤᠶᠢᠯᠠᠭᠠᠭᠰᠠᠨ ᠢᠶᠠᠷ᠂ 2019 ᠣᠨ ᠤ ᠳᠤᠮᠳᠠᠳᠤ ᠤᠯᠤᠰ ᠤᠨ ᠪᠡᠭᠡᠵᠢᠩ ᠲᠠᠬᠢ ᠳᠡᠯᠡᠬᠡᠢ ᠶᠢᠨ ᠴᠡᠴᠡᠷᠯᠢᠭ ᠎ ᠤᠨ ᠦᠵᠡᠰᠬᠦᠯᠡᠩ ᠤᠨ ᠴᠤᠭᠯᠠᠭᠠᠨ ᠤ ᠥᠪᠥᠷ ᠮᠤᠩᠭᠤᠯ ᠤᠨ ᠬᠦᠷᠢᠶᠡᠯᠡᠩ ᠨᠢ 4 ᠰᠠᠷ᠎ᠠ ᠶᠢᠨ 29᠎ ᠤ ᠡᠳᠦᠷ ᠡᠬᠦᠳᠡ ᠪᠠᠨ ᠨᠡᠬᠡᠬᠡᠵᠡᠢ᠃ ᠦᠵᠡᠬᠦᠯᠭᠡ ᠶᠢᠨ ᠳᠤᠭᠤᠷᠢᠭ ᠨᠢ ︽ᠰᠦᠷᠯᠢᠭ ᠰᠠᠶᠢᠬᠠᠨ ᠤᠮᠠᠷᠠᠳᠤ ᠬᠢᠯᠢ ᠶᠢᠨ ᠵᠢᠷᠤᠭ︾᠎ ᠢᠶᠠᠷ ᠭᠤᠤᠯ ᠰᠡᠳᠤᠪ ᠪᠣᠯᠭᠠᠵᠤ᠂ ᠳᠤᠮᠳᠠᠳᠤ ᠤᠯᠤᠰ ᠤᠨ ᠤᠷᠳᠤᠨ ᠤ ᠦᠪᠦᠷ ᠮᠤᠩᠭᠤᠯ ᠤᠨ ᠦᠵᠡᠬᠦᠯᠭᠡ ᠶᠢᠨ ᠳᠤᠭᠤᠷᠢᠭ᠂ ᠦᠪᠦᠷ ᠮᠤᠩᠭᠤᠯ ᠤᠨ ᠬᠦᠷᠢᠶᠡᠯᠡᠩ ᠪᠠ ᠦᠪᠦᠷ ᠮᠤᠩᠭᠤᠯ ᠤᠨ ᠮᠸᠡᠭ ᠼᠤᠤ ᠬᠦᠷᠢᠶᠡᠯᠡᠩ ᠬᠡᠬᠦ ᠭᠤᠷᠪᠠᠨ ᠭᠤᠤᠯ ᠰᠡᠳᠤᠪᠳᠤ ᠦᠵᠡᠬᠦᠯᠭᠡ ᠶᠢᠨ ᠬᠦᠷᠢᠶᠡᠯᠡᠩ ᠢᠶᠠᠷ ᠪᠦᠷᠢᠯᠳᠦᠵᠤ᠂ ᠮᠠᠨ ᠤ ᠣᠷᠣᠨ ᠤ ᠦᠪᠡᠷᠮᠢᠴᠡ ᠤᠨᠴᠠᠯᠢᠭ ᠪᠦᠬᠦᠢ ᠤᠷᠭᠤᠮᠠᠯ ᠤᠨ ᠡᠬᠢ ᠪᠠᠶᠠᠯᠢᠭ᠂ ᠴᠡᠴᠡᠷᠯᠢᠭ ᠤᠨ ᠮᠡᠷᠭᠡᠵᠢᠯ ᠪᠠ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠡ ᠪᠦᠳᠦᠮᠵᠢ ᠶᠢ ᠳᠡᠯᠭᠡᠨ ᠦᠵᠡᠬᠦᠯᠵᠤ᠂ ᠲᠠᠯ᠎ᠠ ᠨᠤᠳᠤᠭ ᠤᠨ ᠠᠷᠠᠳ ᠲᠦᠮᠡᠨ ᠤ ᠡᠬᠡ ᠪᠠᠶᠢᠭᠠᠯᠢ ᠪᠠᠨ ᠨᠠᠨᠳᠢᠩᠨᠠᠨ ᠬᠠᠶᠢᠷᠠᠯᠠᠬᠤ ᠠᠮᠢ ᠠᠬᠤᠢ ᠶᠢᠨ ᠰᠣᠶᠣᠯ ᠤᠨ ᠣᠶᠤᠨ ᠤᠬᠠᠭᠠᠨ ᠢ ᠤᠯᠠᠮᠵᠢᠯᠠᠨ ᠰᠤᠷᠳᠠᠯᠴᠢᠯᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号