ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠡᠮᠢᠷ ᠤᠨ ᠴᠤᠬᠯᠠᠭᠠᠨ ᠤ ᠠᠯᠠᠱᠠ ᠠᠶᠢᠮᠠᠬ ᠲᠠᠬᠢ ᠭᠠᠯ ᠪᠠᠮᠪᠠᠷ ᠲᠠᠮᠵᠢᠭᠤᠯᠬᠤ ᠠᠵᠢᠯᠯᠠᠭ᠎ᠠ ᠡᠵᠠᠨ᠎ᠠ ᠬᠤᠰᠢᠭᠤᠨ ᠳᠤ ᠶᠠᠪᠤᠬᠳᠠᠪᠠ  ᠷᠧᠨ ᠶᠠ ᠫᠢᠡᠭ ᠠᠷᠢᠭᠤᠨ ᠭᠠᠯ ᠢ ᠠᠰᠠᠭᠠᠵᠠᠢ
ᠨᠡᠶᠢᠲᠡᠯᠡᠭᠰᠡᠨ ᠴᠠᠭ᠄
2019/5/16
     5 ᠳ᠋ᠤᠭᠠᠷ ᠰᠠᠷ᠎ᠠ ᠶᠢᠨ 15᠎ ᠤ ᠡᠳᠦᠷ ᠤᠨ ᠥᠳᠡ ᠶᠢᠨ ᠡᠮᠥᠨᠡᠬᠢ 9 ᠴᠠᠬ 45 ᠮᠢᠨᠦ᠋ᠲ ᠲᠤ᠂ ᠪᠥᠬᠦᠳᠠ ᠨᠡᠶᠢᠷᠡᠮᠳᠠᠬᠤ ᠲᠤᠮᠳᠠᠳᠤ ᠠᠷᠠᠳ ᠤᠯᠤᠰ ᠤᠨ ᠠᠷᠪᠠᠨ ᠲᠥᠷᠪᠡᠳᠥᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠲᠠᠮᠢᠷ ᠤᠨ ᠴᠤᠬᠯᠠᠭᠠᠨ ᠤ ᠠᠯᠠᠱᠠ ᠠᠶᠢᠮᠠᠬ ᠲᠠᠬᠢ ᠭᠠᠯ ᠪᠡᠮᠪᠡᠷ ᠲᠠᠮᠵᠢᠭᠤᠯᠬᠤ ᠠᠵᠢᠯᠯᠠᠭ᠎ᠠ ᠶᠢᠨ ᠡᠬᠢᠯᠠᠯᠳᠠ ᠶᠢᠨ ᠶᠤᠰᠤᠯᠠᠯ ᠡᠵᠡᠨ᠎ᠠ ᠬᠤᠰᠢᠭᠤᠨ ᠤ ᠰᠤᠶᠤᠯ ᠪᠡᠶ᠎ᠠ ᠶᠢᠨ ᠲᠠᠮᠢᠷ ᠤᠨ ᠠᠭᠤᠳᠠᠮ ᠲᠠᠯᠠᠪᠠᠢ ᠳᠤ ᠶᠠᠪᠤᠬᠳᠠᠪᠠ᠃      ᠶᠤᠰᠤᠯᠠᠯ ᠤᠨ ᠠᠬᠤᠢ ᠲᠠᠯᠠᠪᠠᠢ ᠳᠤ᠂ ᠠᠷᠢᠭᠤᠨ ᠭᠠᠯ ᠤᠨ ᠬᠡᠤᠬᠡᠨ ᠪᠠ ᠠᠷᠢᠭᠤᠨ ᠭᠠᠯ ᠢ ᠬᠠᠮᠠᠭᠠᠯᠠᠬᠴᠢ ᠎ ᠶᠢᠨ ᠬᠠᠮᠠᠭᠠᠯᠠᠯᠳᠠ ᠪᠠᠷ ᠠᠷᠢᠭᠤᠨ ᠭᠠᠯ ᠢ ᠠᠬᠤᠢ ᠲᠡᠯᠡᠪᠡᠢ ᠳᠤ ᠬᠥᠷᠭᠡᠵᠦ ᠠᠪᠴᠢᠷᠠᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠬᠥᠮᠥᠨ ᠠᠮᠠ ᠡᠬᠢ ᠪᠠᠶᠠᠯᠢᠬ ᠤᠷᠴᠢᠨ ᠲᠤᠭᠤᠷᠢᠨ ᠤ ᠵᠥᠪᠯᠡᠯ ᠤᠨ ᠲᠡᠳ᠋ ᠡᠷᠬᠢᠯᠡᠭᠴᠢ᠂ ᠥᠪᠡᠷᠳᠡᠭᠡᠨ ᠵᠠᠰᠠᠬᠤ ᠤᠷᠤᠨ ᠤ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠲᠡᠷᠢᠬᠦᠯᠡᠭᠴᠢ ᠷᠧᠨ ᠶᠠ ᠫᠢᠡᠭ ︽ᠠᠷᠪᠠᠨ ᠲᠥᠷᠪᠡᠳᠥᠭᠡᠷ ᠬᠤᠭᠤᠴᠠᠭᠠᠨ ᠤ ᠪᠥᠬᠦ ᠤᠯᠤᠰ ᠤᠨ ᠡᠪᠤᠯ ᠤᠨ ᠤᠯᠠᠷᠢᠯ ᠤᠨ ᠲᠡᠮᠢᠷ ᠤᠨ ᠴᠤᠬᠯᠠᠭᠠᠨ︾ ᠎ ᠤ ᠠᠷᠢᠭᠤᠨ ᠭᠠᠯ ᠢ ᠠᠰᠠᠭᠠᠵᠥ᠂ ᠠᠯᠠᠱᠠ ᠠᠶᠢᠮᠠᠬ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ ᠶᠢᠨ ᠡᠷᠬᠢᠯᠡᠭᠴᠢ ᠴᠠᠰᠤᠳᠠᠢ ᠭᠠᠯ ᠪᠠᠮᠪᠠᠷ ᠢ ᠠᠷᠢᠭᠤᠨ ᠭᠠᠯ ᠠᠴᠠ ᠠᠰᠠᠭᠠᠬᠰᠠᠨ ᠤ ᠲᠠᠷᠠᠭ᠎ᠠ ᠨᠢᠬᠡᠳᠤᠭᠡᠷ ᠭᠠᠯ ᠪᠠᠮᠪᠠᠷ ᠲᠠᠮᠵᠢᠭᠤᠯᠤᠬᠴᠢ ᠴᠧᠨ ᠰᠢᠶᠤᠤ ᠱᠤᠸᠠᠩ ᠳᠤ ᠲᠤᠰᠢᠶᠠᠪᠠ᠃ ᠭᠠᠯ ᠪᠠᠮᠪᠠᠷ ᠢ ᠠᠰᠠᠭᠠᠬᠤ ᠲᠡᠷᠡ ᠬᠦ ᠭᠱᠠᠨ᠎ᠠ ᠠᠬᠤᠢ ᠲᠠᠯᠠᠪᠠᠢ ᠳᠤ ᠤᠷᠠᠢ ᠬᠠᠰᠬᠢᠷᠥᠨ ᠬᠠᠯᠠᠭᠤᠨ ᠠᠯᠠᠭ᠎ᠠ ᠲᠠᠰᠢᠯᠳᠠ ᠨᠢᠵᠢᠬᠢᠨᠡᠵᠥ᠂ ᠠᠯᠠᠱᠠ ᠥᠷᠳᠡᠭᠡ ᠳᠠᠬᠢ ᠭᠠᠯ ᠪᠠᠮᠪᠠᠷ ᠢ ᠲᠠᠮᠵᠢᠭᠤᠯᠬᠤ ᠠᠵᠢᠯᠯᠠᠭ᠎ᠠ ᠵᠢᠩᠭᠢᠨᠢ ᠪᠠᠷ ᠡᠬᠢᠯᠡᠪᠡ᠃      ᠲᠤᠰ ᠤᠳᠠᠭ᠎ᠠ ᠶᠢᠨ 20 ᠭᠠᠯ ᠪᠠᠮᠪᠠᠷᠴᠢᠨ ᠤᠷᠢᠳ ᠬᠤᠵᠢᠳ ᠲᠤᠤᠷᠠᠢ ᠶᠢᠨ ᠤᠢ᠂ ᠰᠢᠷᠭᠠᠯ ᠡᠯᠡᠰᠤ ᠵᠢᠴᠢ ᠰᠤᠪᠨᠠᠭᠤᠷ ᠢᠶᠠᠷ ᠥᠡᠭᠭᠡᠷᠡᠨ ᠨᠠᠶᠢᠳᠠ 108 ᠺᠢᠯᠣᠮᠧᠲᠷ ᠤᠷᠳᠤ ᠵᠠᠮ ᠢᠶᠠᠷ ᠭᠠᠯ ᠪᠠᠮᠪᠠᠷ ᠢ ᠲᠠᠮᠵᠢᠭᠤᠯᠪᠠ᠃ ᠭᠠᠯ ᠪᠠᠮᠪᠠᠷ ᠢ ᠲᠠᠮᠵᠢᠭᠤᠯᠬᠤ ᠠᠵᠢᠯᠯᠠᠭ᠎ᠠ ᠡᠬᠢᠯᠡᠬᠦ ᠠᠴᠠ ᠡᠮᠥᠨ᠎ᠠ᠂ ᠬᠥᠯ ᠪᠥᠮᠪᠦᠭᠡ ᠶᠢᠨ ᠪᠡᠶ᠎ᠠ ᠶᠢᠨ ᠲᠠᠮᠢᠷ ᠤᠨ ᠥᠵᠡᠬᠦᠯᠭᠡ᠂ ᠰᠤᠷᠭᠠᠭᠤᠯᠢ ᠶᠢᠨ ᠬᠥᠷᠢᠶᠠᠨ ᠤ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠲᠤᠬᠯᠠᠯᠳᠠ ᠵᠡᠷᠭᠡ ᠪᠡᠶ᠎ᠠ ᠎ ᠶᠢᠨ ᠲᠠᠮᠢᠷ ᠤᠨ ᠬᠥᠳᠡᠯᠭᠡᠭᠡᠨ ᠤ ᠲᠤᠬᠯᠠᠯᠳᠠ ᠭᠠᠷᠭᠠᠨ᠂ ᠡᠵᠡᠨᠠᠴᠤᠳ ᠤᠨ ᠭᠠᠯ ᠪᠠᠮᠪᠠᠷ ᠢ ᠬᠠᠯᠠᠭᠤᠨ ᠢᠶᠠᠷ ᠤᠬᠳᠤᠵᠥ ᠪᠠᠶᠢᠬᠤ ᠪᠠᠨ ᠢᠯᠡᠳᠭᠡᠵᠠᠢ᠃      ᠥᠢᠯᠠᠭᠠᠬᠰᠠᠨ ᠢᠶᠠᠷ᠂ ᠥᠢᠷ᠎ᠠ ᠶᠢᠨ ᠵᠢᠯ ᠳᠤ ᠠᠯᠠᠱᠠ ᠠᠶᠢᠮᠠᠬ ᠪᠥᠬᠦ ᠠᠷᠠᠳ ᠢᠶᠠᠷ ᠢᠶᠠᠨ ᠪᠡᠶ᠎ᠠ ᠪᠠᠨ ᠴᠢᠬᠢᠷᠠᠬᠵᠢᠭᠤᠯᠬᠤ ᠬᠥᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠪᠥᠬᠦ ᠠᠷᠠᠳ ᠢᠶᠠᠷ ᠢᠶᠠᠨ ᠪᠡᠶ᠎ᠠ ᠪᠠᠨ ᠴᠢᠬᠢᠷᠠᠬᠵᠢᠭᠤᠯᠬᠤ ᠡᠯ᠎ᠠ ᠵᠦᠢᠯ ᠤᠨ ᠠᠵᠢᠯᠯᠠᠭ᠎ᠠ ᠶᠢ ᠢᠳᠠᠪᠬᠢᠳᠠᠢ ᠥᠷᠨᠢᠬᠦᠯᠦᠨ ᠤᠯᠠᠨ ᠲᠦᠮᠡᠨ ᠤ ᠬᠠᠯᠠᠭᠤᠨ ᠬᠥᠷᠢᠶᠠᠯᠠᠯ ᠢ ᠤᠯᠵᠥ᠂ ᠪᠡᠶ᠎ᠠ ᠶᠢᠨ ᠲᠠᠮᠢᠷ ᠤᠨ ᠪᠡᠶ᠎ᠠ ᠮᠠᠬᠠᠪᠤᠳ ᠢᠶᠠᠨ ᠴᠢᠬᠢᠷᠠᠬᠵᠢᠭᠤᠯᠬᠤ ᠠᠵᠢᠯᠯᠠᠭ᠎ᠠ ᠳᠤ ᠤᠷᠤᠯᠴᠠᠬᠰᠠᠳ ᠤᠨ ᠲᠤᠭ᠎ᠠ ᠵᠢᠯ ᠳᠤ 10 ᠲᠥᠮᠡ ᠭᠠᠷᠤᠢ ᠬᠥᠮᠥᠨ ᠤᠳᠠᠭ᠎ᠠ ᠳᠤ ᠬᠥᠷᠴᠤ᠂ ᠪᠥᠬᠦ ᠠᠷᠠᠳ ᠢᠶᠠᠷ ᠢᠶᠠᠨ ᠪᠡᠶ᠎ᠠ ᠪᠠᠨ ᠴᠢᠬᠢᠷᠠᠬᠵᠢᠭᠤᠯᠬᠤ ᠰᠢᠨ᠎ᠠ ᠠᠭᠤᠷ ᠠᠮᠢᠰᠬᠤᠯ ᠎ ᠢ ᠪᠤᠢ ᠪᠣᠯᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号