2019 ᠣᠨ ᠤ ᠪᠦᠬᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ  ᠡᠸᠤ ᠶᠠᠩ ᠰᠢᠶᠤᠤ ᠬᠤᠢ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2019/5/16
     5 ᠳ᠋ᠤᠭᠠᠷ ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ 2019 ᠣᠨ ᠤ ᠪᠥᠬᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠠᠬᠢᠭᠤᠯᠬᠤ ᠲᠧᠯᠸᠢᠰ ᠳ᠋ᠢᠶᠠᠩᠬᠤᠸᠠ ᠬᠤᠷᠠᠯ ᠢ ᠬᠤᠷᠠᠯᠳᠤᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠲᠥᠪ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠣᠤ ᠬᠤᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠡᠸᠤ ᠶᠠᠩ ᠰᠢᠶᠣᠤ ᠬᠤᠢ ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠪᠠᠶᠢᠳᠠᠯ ᠢ ᠲᠣᠳᠣᠷᠬᠠᠢ ᠲᠠᠨᠢᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠬᠠᠷᠠᠯᠲᠠᠲᠤ ᠰᠡᠳᠬᠢᠴᠡ ᠶᠢ ᠲᠣᠳᠣᠷᠬᠠᠶᠢᠯᠠᠬᠤ ᠬᠡᠷᠡᠭᠲᠡᠢ᠃ ᠭᠤᠤᠯᠳᠠᠯᠭ᠎ᠠ ᠶᠢ ᠳᠣᠪᠤᠶᠢᠯᠭᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ ︵ᠥᠷᠲᠡᠭᠡ︶᠎ ᠢ ᠵᠣᠬᠢᠶᠠᠨ ᠪᠠᠶᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠠᠵᠢᠯ ᠤᠨ ᠲᠣᠭᠲᠠᠴᠠ ᠶᠢ ᠪᠠᠶᠢᠭᠤᠯᠤᠨ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠣᠨᠣᠪᠴᠢᠲᠠᠢ ᠬᠢᠨᠠᠨ ᠮᠠᠭᠠᠳᠯᠠᠨ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠬᠡᠰᠡᠭ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠢ ᠵᠠᠯᠭᠠᠯᠳᠤᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠣᠷᠣᠨ ᠲᠤᠭ᠎ᠠ ᠶᠢᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂  ᠡᠮᠴᠢᠯᠡᠭᠡ ᠶᠢᠨ ᠲᠠᠭᠠᠳᠬᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠬᠡᠰᠡᠭ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠢ ᠦᠷᠭᠦᠯᠵᠢᠯᠡᠭᠦᠯᠬᠦ ᠵᠡᠷᠭᠡ ᠲᠠᠯ᠎ᠠ ᠪᠠᠷ ᠶᠠᠷᠢᠶ᠎ᠠ ᠲᠠᠯᠪᠢᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号