5 ᠳ᠋ᠤᠭᠠᠷ ᠰᠠᠷ᠎ᠠ ᠶᠢᠨ 15 ᠤ ᠡᠳᠦᠷ᠂ ᠪᠥᠬᠦ ᠤᠯᠤᠰ ᠤᠨ ᠠᠷᠪᠠᠳᠡᠬᠢ ᠤᠳᠠᠭᠠᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠲᠡᠭᠦᠨ ᠢ | ᠰᠡᠷᠭᠡᠶᠢᠯᠡᠬᠦ ᠤᠬᠠᠭᠤᠯᠭ᠎ᠠ ᠶᠢᠨ ᠡᠳᠦᠷ ᠰᠤᠷᠪᠤᠯᠵᠢᠯᠠᠭᠴᠢ ᠬᠦᠬᠡᠬᠤᠲᠠ ᠶᠢᠨ ᠤᠬᠠᠭᠤᠯᠭ᠎ᠠ ᠶᠢᠨ ᠲᠤᠬᠠᠶ ᠶᠢᠨ | ᠲᠠᠯᠠᠪᠤᠷ ᠠᠴᠠ ᠣᠶᠢᠯᠠᠭᠠᠭᠰᠠᠨ ᠢᠶᠠᠷ᠂ 2018 ᠣᠨ ᠳᠤ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠤ | ᠠᠬᠤᠢ ᠶᠢᠨ ᠲᠠᠩᠨᠠᠨ ᠪᠠᠶᠢᠴᠠᠭᠠᠬᠤ ᠰᠠᠯᠠᠭ᠎ᠠ ᠮᠥᠴᠢᠷ ᠨᠢ ᠡᠯ᠎ᠡ ᠲᠦᠷᠥᠯ ᠤᠨ ᠠᠵᠤ ᠠᠬᠤᠢ ᠶᠢᠨ ᠶᠠᠯᠠᠲᠤ | ᠠᠵᠢᠯᠯᠠᠭ᠎ᠠ ᠢᠯᠠᠩᠭᠤᠶ᠎ᠠ ᠣᠯᠠᠨ ᠲᠦᠮᠡᠨ ᠳᠤ ᠬᠤᠯᠪᠣᠭᠳᠠᠭᠰᠠᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠪᠥᠬᠦ ᠵᠢᠯ ᠳᠤ ᠨᠡᠶᠢᠲᠡ 3419 ᠬᠡᠷᠡᠭ ᠢ ᠬᠡᠷᠡᠭ ᠪᠣᠯᠭᠠᠨ ᠳᠠᠩᠰᠠᠯᠠᠵᠤ᠂ 2653 | ᠬᠡᠷᠡᠭ ᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠯᠡᠯᠲᠡᠶ 2400 ᠬᠥᠮᠦᠨ ᠢ ᠪᠠᠷᠢᠪᠴᠢᠯᠠᠵᠤ᠂ ᠬᠡᠷᠡᠭ ᠲᠤ | ᠬᠤᠯᠪᠣᠭᠳᠠᠭᠰᠠᠨ ᠪᠥᠬᠦ ᠵᠣᠭᠤᠰ ᠤᠨ ᠲᠤᠭ᠎ᠠ 175 ᠳ᠋ᠦᠩᠰᠢᠭᠤᠷ ᠭᠠᠷᠤᠶ ᠲᠥᠭᠦᠷᠢᠭ ᠬᠦᠷᠴᠦ᠂11.8 | ᠳ᠋ᠦᠩᠰᠢᠭᠤᠷ ᠭᠠᠷᠤᠶ ᠲᠥᠭᠦᠷᠢᠭ ᠤᠨ ᠬᠤᠬᠢᠷᠠᠯ ᠢ ᠪᠤᠴᠠᠭᠠᠨ ᠠᠪᠴᠢᠷᠠᠵᠤ᠂ ᠠᠵᠤ ᠠᠬᠤᠢ ᠶᠢᠨ ᠶᠠᠯᠠᠲᠤ ᠠᠵᠢᠯᠯᠠᠭ᠎ᠠ | ᠣᠯᠠᠨ ᠡᠭᠦᠰᠬᠦ ᠬᠠᠨᠳᠤᠰᠢ ᠶᠢ ᠪᠦᠲᠦᠮᠵᠢᠲᠡᠶ ᠬᠤᠷᠢᠭᠯᠠᠪᠠ᠃ | ᠡᠭᠦᠨ ᠤ ᠬᠠᠮᠲᠤ᠂ ᠮᠠᠨ ᠤ ᠣᠷᠣᠨ ᠤ ᠭᠠᠶᠢᠯᠢ ᠳᠤ ᠬᠤᠯᠪᠣᠭᠳᠠᠭᠰᠠᠨ ᠲᠣᠮᠣ ᠴᠢᠬᠤᠯᠠ ᠬᠡᠷᠡᠭ ᠣᠯᠠᠨ | ᠡᠭᠦᠰᠴᠦ ᠪᠠᠶᠢᠭ᠎ᠠ ᠬᠦᠨᠳᠦ ᠨᠣᠴᠢᠲᠠᠶ ᠪᠠᠶᠢᠳᠠᠯ ᠳᠤ ᠴᠢᠭᠯᠡᠭᠦᠯᠦᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ | ᠠᠵᠤ ᠠᠬᠤᠢ ᠶᠢᠨ ᠲᠠᠩᠨᠠᠨ ᠪᠠᠶᠢᠴᠠᠭᠠᠬᠤ ᠰᠠᠯᠠᠭ᠎ᠠ ᠮᠥᠴᠢᠷ ᠨᠢ ᠪᠥᠬᠦ ᠤᠯᠤᠰ ᠤᠨ ︽ᠭᠠᠶᠢᠯᠢ ᠶᠢ ᠬᠤᠳᠠᠯ ᠢᠶᠠᠷ | ᠮᠡᠬᠡᠯᠡᠨ ᠠᠪᠤᠭᠰᠠᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠮᠲᠤᠷᠠᠨ ᠴᠣᠬᠢᠯᠲᠠ ᠥᠭᠬᠦ︾ ᠲᠤᠰᠬᠠᠶ | ᠠᠵᠢᠯᠯᠠᠭ᠎ᠠ ᠲᠠᠢ ᠤᠶᠠᠯᠳᠤᠭᠤᠯᠤᠨ᠂ ᠪᠥᠬᠦ ᠣᠷᠣᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ | ᠭᠦᠨᠵᠡᠭᠡᠶ ᠰᠡᠷᠡᠮᠵᠢᠯᠡᠭᠦᠯᠦᠨ ᠮᠠᠭᠠᠳᠯᠠᠬᠤ ᠪᠠᠨ ᠴᠢᠩᠭᠠᠳᠬᠠᠵᠤ᠂ ᠭᠠᠶᠢᠯᠢ ᠳᠤ ᠬᠤᠯᠪᠣᠭᠳᠠᠭᠰᠠᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 2018 ᠣᠨ ᠳᠤ ᠨᠡᠶᠢᠲᠡ 237 ᠬᠡᠷᠡᠭ ᠢ ᠬᠡᠷᠡᠭ ᠪᠣᠯᠭᠠᠨ | ᠳᠠᠩᠰᠠᠯᠠᠵᠤ᠂ 170 ᠬᠡᠷᠡᠭ ᠢ ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ 125 | ᠳ᠋ᠦᠩᠰᠢᠭᠤᠷ ᠭᠠᠷᠤᠶ ᠲᠥᠭᠦᠷᠢᠭ ᠲᠤ ᠬᠦᠷᠴᠦ᠂ ᠪᠥᠬᠦ ᠵᠢᠯ ᠤᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ | ᠬᠤᠯᠪᠣᠭᠳᠠᠭᠰᠠᠨ ᠪᠦᠬᠦ ᠵᠣᠭᠤᠰ ᠤᠨ ᠲᠣᠭᠠᠨ ᠤ 71 % ᠶᠢ ᠡᠵᠡᠯᠡᠪᠡ᠃ | ᠡᠭᠦᠨ ᠠᠴᠠ ᠭᠠᠳᠠᠨ᠎ᠠ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠠᠵᠤ ᠠᠬᠤᠢ ᠶᠢᠨ ᠲᠠᠩᠨᠠᠨ | ᠪᠠᠶᠢᠴᠠᠭᠠᠬᠤ ᠰᠠᠯᠠᠭ᠎ᠠ ᠮᠥᠴᠢᠷ ᠨᠢ ᠭᠠᠳᠠᠭᠠᠳᠤ ᠳᠤ ᠳᠤᠲᠠᠭᠠᠭᠰᠠᠨ ᠣᠷᠭᠤᠳᠤᠯ ᠬᠡᠷᠡᠭᠲᠡᠨ ᠢ ᠨᠡᠬᠡᠮᠵᠢᠯᠡᠬᠦ ᠠᠵᠢᠯ ᠢ | ᠶᠡᠬᠡᠪᠡᠷ ᠥᠷᠨᠢᠭᠦᠯᠵᠦ᠂ ︽ᠳᠤᠲᠠᠭᠠᠪᠠᠯ ᠵᠠᠪᠠᠯ ᠨᠡᠬᠡᠮᠵᠢᠯᠡᠬᠦ᠂ ᠡᠴᠦᠰ ᠲᠤ ᠨᠢ ᠲᠤᠯᠲᠠᠯ᠎ᠠ ᠨᠡᠬᠡᠮᠵᠢᠯᠡᠬᠦ︾ ᠵᠠᠷᠴᠢᠮ ᠢ | ᠪᠠᠷᠢᠮᠲᠠᠯᠠᠨ᠂ ︽ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠬᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ᠂ | ᠣᠷᠭᠤᠳᠤᠯ ᠬᠡᠷᠡᠭᠲᠡᠨ ᠢ ᠨᠡᠬᠡᠮᠵᠢᠯᠡᠨ ᠪᠤᠵᠠᠷ ᠡᠳ᠋ ᠢ ᠨᠢ ᠨᠡᠬᠡᠮᠵᠢᠯᠡᠬᠦ ᠠᠵᠢᠯ ᠢ ᠵᠡᠷᠭᠡᠪᠡᠷ ᠬᠢᠬᠦ︾ ᠪᠠᠷ ᠬᠠᠷᠠᠯᠲᠠ | ᠪᠣᠯᠭᠠᠵᠤ᠂ ︽ᠯᠢᠶᠧ ᠬᠤ᠋ 2018︾ ᠲᠤᠰᠬᠠᠶ ᠠᠵᠢᠯᠯᠠᠭᠠᠨ ᠥᠷᠨᠢᠭᠦᠯᠵᠦ᠂ ᠪᠥᠬᠦ ᠵᠢᠯ ᠳᠤ ᠬᠢᠯᠢ ᠶᠢᠨ ᠭᠠᠳᠠᠨ᠎ᠠ | ᠳᠤᠲᠠᠭᠠᠭᠰᠠᠨ 11 ᠶᠠᠯᠠᠲᠠᠨ ᠢ ᠪᠠᠷᠢᠪᠴᠢᠯᠠᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠭᠤᠯᠭᠠᠭᠰᠠᠨ 20 | % ᠶᠢᠨ ᠨᠡᠬᠡᠮᠵᠢᠯᠡᠨ ᠪᠠᠷᠢᠪᠴᠢᠯᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ︽ᠤᠯᠠᠭᠠᠨ ᠵᠠᠷᠯᠠᠯᠳᠤ ᠵᠠᠭᠤᠨ | ᠬᠡᠷᠡᠭᠲᠡᠨ︾ ᠤ ᠭᠠᠳᠠᠭᠠᠳᠤ ᠳᠤ ᠳᠤᠲᠠᠭᠠᠭᠰᠠᠨ ᠪᠠᠶ ᠣᠪᠣᠭᠲᠤ ᠶᠢ ᠪᠤᠴᠠᠭᠠᠨ ᠠᠪᠴᠢᠷᠠᠬᠤ ᠠᠵᠢᠯ ᠴᠤ ᠴᠢᠬᠤᠯᠠ | ᠶᠡᠭᠡ ᠠᠬᠢᠯᠲᠠ ᠲᠠᠢ ᠪᠣᠯᠵᠤ᠂ ᠪᠥᠬᠦ ᠣᠷᠣᠨ ᠤ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠦᠴᠦᠲᠡᠶ | ᠬᠠᠮᠠᠭᠠᠯᠠᠪᠠ᠃ | ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ | ᠡᠲᠡᠭᠡᠳ ᠤᠨ ᠬᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠲᠡᠭᠦᠨ ᠢ ᠰᠡᠷᠭᠡᠶᠢᠯᠡᠬᠦ | ᠠᠵᠢᠯ ᠳᠤ ᠬᠠᠮᠲᠤ ᠣᠷᠣᠯᠴᠠᠬᠤ ᠶᠢ ᠠᠬᠢᠭᠤᠯᠬᠤ ᠶᠢᠨ ᠲᠥᠯᠥᠭᠡ᠂ ᠲᠤᠰ ᠡᠳᠦᠷ᠂ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ | ᠠᠷᠠᠳ ᠲᠦᠮᠡᠨ ᠲᠠᠢ ᠰᠡᠳᠬᠢᠯ ᠨᠢᠭᠡᠳᠴᠦ᠂ ᠪᠠᠲᠤ ᠰᠠᠬᠢᠨ ᠬᠠᠮᠠᠭᠠᠯᠠᠨᠠᠮ︾ ᠭᠤᠤᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠵᠣ᠂P2P ᠲᠠᠪᠴᠠᠩ ᠤᠨ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠶᠠᠯᠠᠲᠤ ᠠᠵᠢᠯᠯᠠᠭ᠎ᠠ᠂ | ᠳᠠᠮᠵᠢᠭᠤᠯᠤᠨ ᠪᠣᠷᠣᠯᠠᠭᠤᠯᠤᠭᠰᠠᠨ ᠶᠠᠯᠠᠲᠤ ᠠᠵᠢᠯᠯᠠᠭ᠎ᠠ ᠪᠠ ᠬᠤᠪᠢ ᠪᠠᠷ ᠢᠶᠠᠨ ᠴᠤᠭᠯᠠᠭᠤᠯᠤᠭᠰᠠᠨ ᠬᠦᠷᠢᠶᠡᠨ ᠳᠠᠬᠢ | ᠮᠥᠩᠭᠦᠨ ᠭᠦᠶᠯᠭᠡᠭᠡᠨ ᠤ ᠶᠠᠯᠠᠲᠤ ᠠᠵᠢᠯᠯᠠᠭ᠎ᠠ ᠵᠡᠷᠭᠡ ᠪᠠᠷ ᠭᠤᠤᠯᠳᠠᠯᠭ᠎ᠠ ᠪᠣᠯᠭᠠᠨ᠂ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠳᠠᠯᠤᠨ ᠰᠢᠨᠵᠢᠯᠡᠵᠦ᠂ ᠦᠷᠭᠦᠯᠵᠢ ᠲᠣᠬᠢᠶᠠᠯᠳᠤᠳᠠᠭ ᠠᠷᠭ᠎ᠠ ᠪᠠᠰᠢᠷ ᠵᠢᠴᠢ ︽ᠫᠠᠩ ᠣᠪᠣᠭᠲᠤ ᠶᠢᠨ | ᠮᠡᠬᠡᠯᠡᠯ︾ ᠤᠨ ᠮᠥᠨ ᠴᠢᠨᠠᠷ ᠢ ᠲᠠᠶᠢᠯᠪᠤᠷᠢᠯᠠᠨ᠂ ᠮᠡᠬᠡᠯᠡᠭᠳᠡᠬᠦ ᠠᠴᠠ ᠰᠡᠷᠭᠡᠶᠢᠯᠡᠬᠦ ᠮᠡᠳᠡᠯᠭᠡ ᠪᠠ ᠥᠪᠡᠷ ᠢ ᠪᠠᠨ | ᠠᠪᠤᠷᠠᠬᠤ ᠤᠷ᠎ᠠ ᠮᠡᠷᠭᠡᠵᠢᠯ ᠵᠢᠭᠠᠵᠤ᠂ ᠠᠷᠠᠳ ᠣᠯᠠᠨ ᠳᠤ ᠡᠯ᠎ᠡ ᠵᠦᠶᠯ ᠤᠨ ᠥᠳᠥᠭᠡᠯᠭᠡ ᠶᠢ ᠲᠡᠪᠴᠢᠵᠦ᠂ ᠠᠵᠤ | ᠠᠬᠤᠢ ᠶᠢᠨ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠪᠠ᠃ |