5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠨᠢ ᠲᠠᠨ ᠳᠤ ᠶᠠᠮᠠᠷ ᠨᠥᠯᠥᠭᠡ ᠲᠠᠢ ᠪᠣᠢ︖
ᠨᠡᠶᠢᠲᠡᠯᠡᠭᠰᠡᠨ ᠴᠠᠭ᠄
2019/5/16
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠤᠯᠪᠣᠭᠠᠯᠠᠵᠤ ᠲᠦᠷᠦᠭᠦᠬᠡᠨ ︽ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ᠢ ᠳᠣᠷᠣᠭᠰᠢ ᠲᠠᠷᠬᠠᠭᠠᠪᠠ᠂ ᠡᠭᠦᠨ ᠳᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠲᠠ ᠪᠠᠯᠭᠠᠰᠤ ᠶᠢᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ︵ᠠᠵᠤ ᠠᠬᠤᠶᠢᠯᠠᠯ ᠪᠠ ᠪᠠᠶᠢᠭᠤᠯᠭ᠎ᠠ ᠶᠢᠨ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠨᠠᠰᠤᠵᠢᠯ ᠤᠨ ᠳᠠᠭᠠᠳᠬᠠᠯ ᠪᠠᠭᠲᠠᠨ᠎ᠠ︶ ᠤᠨ ᠨᠢᠭᠡᠴᠢ ᠶᠢᠨ ᠲᠤᠰᠢᠶᠠᠬᠤ ᠰᠦᠢᠳᠬᠡᠯ ᠤᠨ ᠬᠠᠷᠢᠴᠠᠯ ᠢ ᠨᠢᠭᠡᠳᠦᠯᠲᠡᠢ ᠪᠠᠷ 16% ᠪᠣᠯᠲᠠᠯ᠎ᠠ ᠪᠠᠭᠤᠷᠠᠭᠤᠯᠤᠨ᠎ᠠ︔ ᠠᠵᠢᠯ ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠦᠷᠭᠦᠯᠵᠢᠯᠡᠨ ᠱᠠᠲᠤᠴᠢ ᠴᠢᠨᠠᠷᠲᠠᠢ ᠪᠠᠷ ᠪᠠᠭᠤᠷᠠᠭᠤᠯᠤᠨ᠎ᠠ︔ ᠨᠡᠶᠢᠭᠡᠮ ᠤᠨ ᠳᠠᠭᠠᠳᠬᠠᠯ ᠤᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠪᠠ ᠲᠡᠭᠦᠯᠳᠡᠷᠵᠢᠭᠦᠯᠦᠨ᠎ᠡ ᠭᠡᠵᠦ ᠲᠣᠳᠣᠷᠬᠠᠶᠢᠯᠠᠪᠠ᠃ ᠲᠡᠭᠡᠪᠡᠯ᠂ ᠲᠤᠰ ᠤᠳᠠᠭᠠᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠨᠢ ᠶᠠᠮᠠᠷ ᠶᠠᠮᠠᠷ ᠶᠠᠮᠠᠷ ᠲᠠᠯ᠎ᠠ ᠪᠠᠷ ᠠᠰᠢᠭ ᠲᠤᠰᠠ ᠲᠠᠢ ᠪᠣᠢ︖ ᠨᠠᠰᠤᠵᠢᠯ ᠤᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠤᠨ ᠬᠠᠷᠢᠴᠠᠯ ᠢ ᠪᠠᠭᠤᠷᠠᠭᠤᠯᠤᠭᠰᠠᠨ ᠨᠢ ᠠᠵᠤ ᠠᠬᠤᠶᠢᠯᠠᠯ ᠤᠨ ᠠᠵᠢᠯᠲᠠᠨ ᠪᠠ ᠠᠮᠢᠳᠤᠯᠢᠭ ᠢᠶᠠᠷ ᠠᠵᠢᠯ ᠣᠯᠣᠭᠰᠠᠳ ᠤᠨ ᠲᠤᠰᠢᠶᠠᠬᠤ ᠰᠦᠢᠳᠬᠡᠯ ᠤᠨ ᠳᠠᠷᠤᠭᠠᠰᠤ ᠶᠢ ᠬᠥᠩᠭᠡᠯᠡᠵᠦ ᠴᠢᠳᠠᠨ᠎ᠠ ᠦᠦ︖ ᠠᠵᠢᠯᠲᠠᠨ ᠤ ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠤ ᠳᠠᠷᠠᠭ᠎ᠠ᠂ ᠠᠵᠢᠯᠲᠠᠨ ᠤ ᠨᠠᠰᠤᠵᠢᠯ ᠤᠨ ᠮᠥᠩᠭᠦ ᠶᠢᠨ ᠬᠢᠷᠢ ᠲᠦᠪᠰᠢᠨ ᠳᠤ ᠨᠥᠯᠥᠭᠡ ᠲᠠᠢ ᠦᠦ︖ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠳᠡᠭᠡᠷ᠎ᠡ ᠶᠠᠷᠢᠭᠰᠠᠨ ᠬᠠᠯᠠᠮᠰᠢᠯ ᠠᠰᠠᠭᠤᠳᠠᠯ ᠳᠤ ᠲᠠᠶᠢᠯᠤᠮᠵᠢ ᠬᠢᠵᠡᠢ᠃      ᠠᠰᠢᠭ ᠲᠤᠰᠠ ᠨᠢᠭᠡ᠄ ᠠᠵᠤ ᠠᠬᠤᠶᠢᠯᠠᠯ ᠤᠨ ᠳᠠᠷᠤᠭᠠᠰᠤ ᠶᠢ 60 ᠳ᠋ᠦᠩᠰᠢᠭᠤᠷ ᠲᠥᠭᠦᠷᠢᠭ ᠠᠴᠠ ᠳᠡᠭᠡᠭᠰᠢ ᠬᠥᠩᠭᠡᠯᠡᠵᠦ ᠪᠣᠯᠣᠨ᠎ᠠ      ᠲᠤᠰ ᠤᠳᠠᠭᠠᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠤ ᠳᠠᠷᠠᠭᠠᠬᠢ ᠵᠢᠱᠢᠭᠰᠡᠨ ᠦᠷ᠎ᠡ ᠪᠦᠲᠦᠮᠵᠢ ᠶᠢᠨ ᠲᠤᠬᠠᠢ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠨᠠ ᠸᠧᠢ ᠴᠢᠩ ᠲᠠᠨᠢᠯᠴᠠᠭᠤᠯᠬᠤ ᠳᠤ ᠪᠠᠨ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ᠂ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠨᠢ ᠪᠦᠬᠦ ᠣᠷᠣᠨ ᠤ ᠬᠤᠲᠠ ᠬᠥᠳᠡᠭᠡ ᠶᠢᠨ ᠡᠯ᠎ᠡ ᠲᠥᠷᠥᠯ ᠤᠨ ᠪᠦᠬᠦ ᠠᠵᠤ ᠠᠬᠤᠶᠢᠯᠠᠯ᠂ ᠪᠠᠶᠢᠭᠤᠯᠭ᠎ᠠ ᠶᠢᠨ ᠠᠵᠢᠯ ᠦᠢᠯᠡᠰ ᠤᠨ ᠨᠢᠭᠡᠴᠢ ᠪᠠ ᠥᠷᠭᠡᠨ ᠣᠯᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠠᠮᠢᠳᠤᠯᠢᠭ ᠢᠶᠠᠷ ᠠᠵᠢᠯ ᠣᠯᠣᠭᠰᠠᠳ ᠲᠤ ᠠᠰᠢᠭ ᠬᠦᠷᠲᠡᠭᠡᠨ᠎ᠡ᠃ ᠨᠠᠰᠤᠵᠢᠯ ᠤᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠤᠨ ᠬᠠᠷᠢᠴᠠᠯ ᠢ 16% ᠪᠣᠯᠲᠠᠯ᠎ᠠ ᠪᠠᠭᠤᠷᠠᠭᠤᠯᠤᠭᠰᠠᠨ ᠨᠢ᠂ ᠮᠠᠨ ᠤ ᠣᠷᠣᠨ ᠤ ᠡᠭᠦᠨ ᠠᠴᠠ ᠡᠮᠦᠨ᠎ᠡ ᠬᠡᠷᠡᠭᠵᠢᠭᠦᠯᠦᠭᠰᠡᠨ ᠱᠠᠲᠤᠴᠢ ᠴᠢᠨᠠᠷᠲᠠᠢ ᠪᠠᠷ 19% ᠪᠣᠯᠲᠠᠯ᠎ᠠ ᠪᠠᠭᠠᠷᠠᠭᠤᠯᠬᠤ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ᠂ ᠨᠢᠭᠡ ᠯᠠ ᠤᠳᠠᠭ᠎ᠠ ᠳᠡᠭᠡᠷ᠎ᠡ 3 ᠵᠠᠭᠤᠨ ᠤ ᠴᠡᠭ ᠢᠶᠠᠷ ᠪᠠᠭᠤᠷᠠᠭᠤᠯᠵᠤ᠂ ᠪᠠᠭᠤᠷᠠᠭᠤᠯᠤᠭᠰᠠᠨ ᠬᠡᠮᠵᠢᠶ᠎ᠡ ᠨᠢ 15.8% ᠳᠤ ᠬᠦᠷᠪᠡ᠃ ᠰᠢᠯᠭᠠᠨ ᠪᠣᠳᠣᠭᠰᠠᠨ ᠢ ᠦᠨᠳᠦᠰᠦᠯᠡᠪᠡᠯ᠂ 2019 ᠣᠨ ᠳᠤ ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠨ᠂ ᠠᠵᠢᠯ ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠦᠷᠭᠦᠯᠵᠢᠯᠡᠨ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠪᠠ ᠨᠠᠰᠤᠵᠢᠯ ᠤᠨ ᠳᠠᠭᠠᠳᠬᠠᠯ ᠤᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠨᠢ᠂ ᠵᠢᠱᠢᠯᠲᠡ ᠪᠠᠷ ᠠᠵᠤ ᠠᠬᠤᠶᠢᠯᠠᠯ ᠤᠨ ᠳᠠᠷᠤᠭᠠᠰᠤ ᠶᠢ 60 ᠳ᠋ᠦᠩᠰᠢᠭᠤᠷ ᠲᠥᠭᠦᠷᠢᠭ ᠠᠴᠠ ᠳᠡᠭᠡᠭᠰᠢ ᠬᠥᠩᠭᠡᠯᠡᠵᠦ᠂ ᠡᠭᠦᠨ ᠤ ᠤᠯᠠᠮ ᠢᠶᠠᠷ ᠠᠵᠤ ᠠᠬᠤᠶᠢᠯᠠᠯ ᠤᠨ ᠳᠠᠷᠤᠭᠠᠰᠤ ᠶᠢ ᠶᠡᠭᠡ ᠬᠡᠮᠵᠢᠶ᠎ᠡ ᠪᠠᠷ ᠬᠥᠩᠭᠡᠯᠡᠵᠦ᠂ ᠵᠠᠬ᠎ᠠ ᠳᠡᠯᠭᠡᠭᠦᠷ ᠤᠨ ᠠᠮᠢᠳᠤ ᠬᠦᠴᠦᠨ ᠢ ᠤᠯᠠᠨ ᠨᠢᠭᠡ ᠠᠯᠬᠤᠮ ᠬᠥᠭᠵᠢᠭᠡᠨ᠎ᠡ ᠭᠡᠵᠡᠢ᠃      ᠠᠰᠢᠭ ᠲᠤᠰᠠ ᠬᠤᠶᠠᠷ᠄ ᠳᠠᠭᠠᠳᠬᠠᠯ ᠳᠤ ᠣᠷᠣᠯᠴᠠᠭᠰᠠᠳ ᠰᠦᠢᠳᠬᠡᠯ ᠳᠤᠲᠠᠭᠤ ᠲᠤᠰᠢᠶᠠᠬᠤ ᠪᠣᠯᠣᠨ᠎ᠠ      ᠲᠤᠰ ᠤᠳᠠᠭᠠᠨ ᠤ ᠠᠵᠢᠯᠲᠠᠨ ᠤ ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠨᠢ ᠠᠵᠤ ᠠᠬᠤᠶᠢᠯᠠᠯ ᠤᠨ ᠳᠠᠷᠤᠭᠠᠰᠤ ᠶᠢ ᠶᠡᠭᠡ ᠬᠡᠮᠵᠢᠶ᠎ᠡ ᠪᠠᠷ ᠬᠥᠩᠭᠡᠯᠡᠪᠡ᠂ ᠲᠡᠭᠡᠪᠡᠯ ᠠᠵᠤ ᠠᠬᠤᠶᠢᠯᠠᠯ ᠤᠨ ᠠᠵᠢᠯᠲᠠᠨ ᠪᠠ ᠠᠮᠢᠳᠤᠯᠢᠭ ᠢᠶᠠᠷ ᠠᠵᠢᠯ ᠣᠯᠣᠭᠰᠠᠳ ᠵᠡᠷᠭᠡ ᠳᠠᠭᠠᠳᠬᠠᠯ ᠳᠤ ᠣᠷᠣᠯᠴᠠᠭᠰᠠᠳ ᠲᠤ ᠠᠪᠴᠤ ᠬᠡᠯᠡᠪᠡᠯ᠂ ᠰᠦᠢᠳᠬᠡᠯ ᠲᠤᠰᠢᠶᠠᠬᠤ ᠳᠠᠷᠤᠭᠠᠰᠤ ᠶᠢ ᠨᠢ ᠮᠥᠨ ᠬᠦ ᠬᠥᠩᠭᠡᠯᠡᠵᠦ ᠴᠢᠳᠠᠨ᠎ᠠ ᠦᠦ︖ ᠡᠭᠦᠨ ᠳᠤ᠂ ᠨᠠ ᠸᠧᠢ ᠴᠢᠩ ᠲᠠᠶᠢᠯᠤᠮᠵᠢ ᠬᠢᠬᠦ ᠳᠤ ᠪᠠᠨ᠂ ᠲᠤᠰ ᠤᠳᠠᠭᠠᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠨᠢ᠂ ᠠᠵᠢᠯᠲᠠᠨ ᠬᠤᠪᠢ ᠬᠥᠮᠥᠨ ᠳᠤ ᠠᠪᠴᠤ ᠬᠡᠯᠡᠪᠡᠯ ᠰᠦᠢᠳᠬᠡᠯ ᠲᠤᠰᠢᠶᠠᠬᠤ ᠳᠠᠷᠤᠭᠠᠰᠤ ᠶᠢ ᠨᠢ ᠦᠨᠡᠨ ᠬᠦ ᠪᠠᠭᠤᠷᠠᠭᠤᠯᠵᠤ ᠪᠣᠯᠣᠨ᠎ᠠ ᠭᠡᠵᠡᠢ᠃      ᠡᠩ ᠲᠡᠷᠢᠭᠦᠨ ᠳᠤ᠂ ᠠᠵᠤ ᠠᠬᠤᠶᠢᠯᠠᠯ ᠤᠨ ᠠᠵᠢᠯᠲᠠᠳ ᠲᠤ ᠠᠪᠴᠤ ᠬᠡᠯᠡᠪᠡᠯ᠂ ᠤᠤᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠨᠢ᠂ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢ ᠬᠠᠮᠤᠭ ᠤᠨ ᠳᠣᠣᠷ᠎ᠠ ᠳᠤ ᠪᠠᠨ ᠬᠤᠲᠠ ᠪᠠᠯᠭᠠᠰᠤ ᠶᠢᠨ ᠬᠤᠪᠢ ᠪᠠᠷ ᠢᠶᠠᠨ ᠡᠵᠡᠩᠨᠡᠭᠰᠡᠨ ᠪᠤᠰᠤ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠤᠨ 60% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠡᠨᠡ ᠤᠳᠠᠭᠠᠨ ᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠤ ᠳᠠᠷᠠᠭ᠎ᠠ᠂ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠬᠤᠪᠢ ᠪᠠᠷ ᠢᠶᠠᠨ ᠡᠵᠡᠩᠨᠡᠭᠰᠡᠨ ᠪᠤᠰᠤ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠪᠠ ᠬᠤᠲᠠ ᠪᠠᠯᠭᠠᠰᠤ ᠶᠢᠨ ᠬᠤᠪᠢ ᠪᠠᠷ ᠢᠶᠠᠨ ᠡᠵᠡᠩᠨᠡᠭᠰᠡᠨ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠤᠨ ᠰᠠᠭᠤᠷᠢ ᠲᠤᠭ᠎ᠠ ᠪᠠᠷ ᠦᠷᠡᠵᠢᠭᠦᠯᠦᠨ ᠪᠣᠳᠣᠭᠰᠠᠨ ᠪᠦᠬᠦ ᠰᠢᠰᠲ᠋ᠧᠮ ᠤᠨ  ᠬᠢᠨ ᠤ ᠬᠤᠲᠠ ᠪᠠᠯᠭᠠᠰᠤ ᠶᠢᠨ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠢᠶᠠᠷ ᠨᠠᠰᠤᠵᠢᠯ ᠤᠨ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢᠨ ᠳᠡᠭᠡᠳᠦ ᠳᠣᠣᠷᠠᠳᠤ ᠬᠢᠵᠠᠭᠠᠷ ᠢ ᠬᠠᠷᠭᠤᠭᠤᠯᠤᠨ ᠲᠣᠭᠲᠠᠭᠠᠨ᠎ᠠ᠂ ᠢᠩᠭᠢᠵᠦ ᠲᠣᠬᠢᠷᠠᠭᠤᠯᠬᠤ ᠨᠢ ᠳᠠᠭᠠᠳᠬᠠᠯ ᠳᠤ ᠣᠷᠣᠯᠴᠠᠭᠰᠠᠳ ᠤᠨ ᠪᠣᠳᠠᠲᠠᠢ ᠳᠤᠮᠳᠠᠴᠢ ᠴᠠᠯᠢᠩ ᠤᠨ ᠬᠢᠷᠢ ᠲᠦᠪᠰᠢᠨ ᠢ ᠨᠡᠩ ᠵᠦᠢ ᠵᠣᠬᠢᠰᠲᠠᠢ ᠪᠠᠷ ᠲᠤᠰᠬᠠᠵᠤ ᠴᠢᠳᠠᠨ᠎ᠠ᠃ ᠭᠡᠲᠡᠯ᠎ᠡ ᠴᠠᠯᠢᠩ ᠤᠨ ᠣᠷᠣᠯᠭ᠎ᠠ ᠨᠢ ᠬᠠᠷᠢᠴᠠᠩᠭᠤᠢ ᠳᠣᠣᠷ᠎ᠠ ᠪᠠᠶᠢᠭ᠎ᠠ ᠠᠵᠤ ᠠᠬᠤᠶᠢᠯᠠᠯ ᠤᠨ ᠵᠠᠷᠢᠮ ᠠᠵᠢᠯᠲᠠᠨ ᠳᠤ᠂ ᠬᠤᠪᠢ ᠬᠥᠮᠥᠨ ᠤ ᠰᠠᠭᠤᠷᠢ ᠲᠤᠭ᠎ᠠ ᠶᠢ ᠪᠦᠬᠦ ᠰᠢᠰᠲ᠋ᠧᠮ ᠤᠨ ᠬᠢᠨ ᠤ ᠬᠤᠲᠠ ᠪᠠᠯᠭᠠᠰᠤ ᠶᠢᠨ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠢᠶᠠᠷ ᠲᠣᠬᠢᠷᠠᠭᠤᠯᠤᠯᠲᠠ ᠬᠢᠭᠰᠡᠨ ᠠᠴᠠ᠂ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠨᠢ ᠵᠣᠬᠢᠬᠤ ᠬᠡᠮᠵᠢᠶ᠎ᠡ ᠪᠠᠷ ᠪᠠᠭᠤᠷᠠᠵᠤ᠂ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠬᠡᠮᠵᠢᠶ᠎ᠡ  ᠨᠢ ᠴᠤ ᠵᠣᠬᠢᠬᠤ ᠬᠡᠮᠵᠢᠶ᠎ᠡ ᠪᠠᠷ ᠪᠠᠭᠠᠰᠬᠤ ᠪᠣᠯᠣᠨ᠎ᠠ᠃      ᠳᠡᠳ᠋ᠯᠡᠪᠡᠯ᠂ ᠠᠮᠢᠳᠤᠯᠢᠭ ᠢᠶᠠᠷ ᠠᠵᠢᠯ ᠣᠯᠣᠭᠰᠠᠳ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠬᠤᠪᠢ ᠪᠠᠷ ᠢᠶᠠᠨ ᠳᠠᠭᠠᠳᠬᠠᠯ ᠳᠤ ᠣᠷᠣᠯᠴᠠᠭᠰᠠᠨ ᠠᠵᠢᠯᠲᠠᠳ ᠲᠤ ᠠᠪᠴᠤ ᠬᠡᠯᠡᠪᠡᠯ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠤ ᠳᠠᠷᠠᠭ᠎ᠠ᠂ ᠪᠦᠬᠦ ᠰᠢᠰᠲ᠋ᠧᠮ ᠤᠨ ᠬᠢᠨ ᠤ ᠬᠤᠲᠠ ᠪᠠᠯᠭᠠᠰᠤ ᠶᠢᠨ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠢᠶᠠᠷ ᠨᠠᠰᠤᠵᠢᠯ ᠤᠨ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠰᠠᠭᠤᠷᠢ ᠲᠣᠭᠠᠨ ᠤ ᠳᠡᠭᠡᠳᠦ ᠳᠣᠣᠷᠠᠳᠤ ᠬᠢᠵᠠᠭᠠᠷ ᠢ ᠬᠠᠷᠭᠤᠭᠤᠯᠤᠨ ᠲᠣᠭᠲᠠᠭᠠᠭᠰᠠᠨ ᠠᠴᠠ᠂ ᠬᠤᠪᠢ ᠬᠥᠮᠥᠨ ᠤ ᠰᠦᠢᠳᠬᠡᠯ ᠲᠤᠰᠢᠶᠠᠬᠤ ᠳᠠᠷᠤᠭᠠᠰᠤ ᠨᠢ ᠢᠯᠡᠳᠲᠡ ᠪᠠᠭᠤᠷᠠᠬᠤ ᠪᠣᠯᠣᠨ᠎ᠠ᠃      ᠠᠰᠢᠭ ᠲᠤᠰᠠ ᠭᠤᠷᠪᠠ᠄ ᠠᠵᠢᠯᠲᠠᠨ ᠤ ᠨᠠᠰᠤᠵᠢᠯ ᠤᠨ ᠮᠥᠩᠭᠦ ᠶᠢᠨ ᠬᠢᠷᠢ ᠲᠦᠪᠰᠢᠨ ᠢ ᠨᠥᠯᠥᠭᠡᠯᠡᠬᠦ ᠦᠭᠡᠢ      ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠠᠷᠠᠭᠤᠯᠬᠤ ᠨᠢ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠠᠷᠤᠭᠠᠰᠤ ᠶᠢ ᠪᠦᠲᠦᠮᠵᠢᠲᠡᠢ ᠪᠠᠷ ᠬᠥᠩᠭᠡᠯᠡᠬᠦ ᠶᠢᠨ ᠬᠠᠮᠲᠤ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠶᠢ ᠴᠤ ᠪᠠᠭᠠᠰᠬᠠᠨ᠎ᠠ᠃ ᠲᠡᠭᠡᠪᠡᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ ᠣᠷᠣᠨ ᠠᠴᠠ ᠨᠠᠰᠤᠵᠢᠯ ᠤᠨ ᠳᠠᠭᠠᠳᠬᠠᠯ ᠤᠨ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠣᠯᠭᠤᠬᠤ ᠶᠢ ᠬᠡᠷᠬᠢᠨ ᠪᠠᠲᠤᠯᠠᠬᠤ ᠪᠣᠢ︖ ᠡᠨᠡ ᠲᠤᠬᠠᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠣᠭᠤᠷᠢᠨ ᠪᠠᠶᠢᠴᠠᠭᠠᠭᠴᠢ ᠬᠠᠨ ᠱᠦ ᠴᠢᠩ᠄ ︽ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠠᠷᠠᠭᠤᠯᠬᠤ ᠨᠢ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠠᠷᠤᠭᠠᠰᠤ ᠶᠢ ᠪᠦᠲᠦᠮᠵᠢᠲᠡᠢ ᠪᠠᠷ ᠬᠥᠩᠭᠡᠯᠡᠬᠦ ᠶᠢᠨ ᠬᠠᠮᠲᠤ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠶᠢ ᠦᠨᠡᠨ ᠬᠦ ᠪᠠᠭᠠᠰᠬᠠᠬᠤ ᠪᠣᠯᠪᠠᠴᠤ᠂ ᠮᠠᠨ ᠤ ᠣᠷᠣᠨ ᠤ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠪᠠᠶᠢᠳᠠᠯ ᠨᠢ ᠬᠠᠷᠢᠴᠠᠩᠭᠤᠢ ᠲᠣᠭᠲᠠᠭᠤᠨ ᠪᠠᠶᠢᠵᠤ᠂ ᠨᠡᠯᠢᠶᠡᠳ ᠰᠠᠶᠢᠨ ᠲᠤᠯᠭᠠᠭᠤᠷᠢᠯᠠᠬᠤ ᠴᠢᠳᠠᠪᠤᠷᠢ ᠲᠠᠢ ᠪᠠᠶᠢᠳᠠᠭ᠃ ᠰᠢᠯᠭᠠᠨ ᠪᠣᠳᠣᠭᠰᠠᠨ ᠢ ᠦᠨᠳᠦᠰᠦᠯᠡᠪᠡᠯ᠂ ᠮᠠᠨ ᠤ ᠣᠷᠣᠨ ᠤ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠨᠢ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠢᠷᠡᠭᠡᠳᠦᠢ ᠶᠢᠨ ᠨᠢᠭᠡ ᠬᠡᠰᠡᠭ ᠬᠤᠭᠤᠴᠠᠭᠠᠨ ᠳᠤ᠂ ᠮᠥᠨ ᠬᠦ ᠨᠡᠯᠢᠶᠡᠳ ᠰᠠᠶᠢᠨ ᠦᠷᠭᠦᠯᠵᠢᠯᠡᠬᠦᠶᠢᠴᠡ ᠴᠢᠨᠠᠷ ᠢ ᠪᠠᠲᠤᠯᠠᠵᠤ ᠴᠢᠳᠠᠨ᠎ᠠ︾ ᠭᠡᠵᠦ ᠲᠠᠨᠢᠯᠴᠠᠭᠤᠯᠤᠨ ᠬᠡᠯᠡᠵᠡᠢ᠃      ᠬᠠᠨ ᠱᠦ ᠴᠢᠩ ᠢᠯᠡᠷᠬᠡᠶᠢᠯᠡᠬᠦ ᠳᠤ ᠪᠠᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠨᠡᠩ ᠢᠳᠡᠪᠬᠢᠲᠡᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠳᠠᠷᠤᠯᠲᠠ ᠶᠢ ᠨᠠᠮᠳᠠᠭᠠᠵᠤ᠂ ᠨᠠᠰᠤᠵᠢᠯ ᠤᠨ ᠮᠥᠩᠭᠦ ᠶᠢᠨ ᠣᠯᠭᠤᠨ ᠥᠭᠬᠦ ᠲᠦᠭᠰᠢᠭᠦᠷᠢ ᠡᠭᠦᠰᠦᠨ ᠪᠦᠷᠢᠯᠳᠦᠬᠦ ᠦᠭᠡᠢ ᠶᠢ ᠪᠠᠲᠤᠯᠠᠵᠤ᠂ ᠨᠠᠰᠤᠵᠢᠯ ᠤᠨ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨ ᠬᠦ ᠪᠠᠲᠤᠯᠠᠨ᠎ᠠ ᠭᠡᠵᠡᠢ᠃      ᠠᠰᠢᠭ ᠲᠤᠰᠠ ᠳᠥᠷᠪᠡ᠄ ᠳᠠᠭᠠᠳᠬᠠᠯ ᠳᠤ ᠣᠷᠣᠬᠤ ᠬᠤᠷᠢᠭ᠎ᠠ ᠪᠣᠭᠤᠮᠲᠠ ᠶᠢ ᠪᠠᠭᠤᠷᠠᠭᠤᠯᠬᠤ ᠨᠢ ᠣᠯᠠᠨ ᠬᠥᠮᠥᠨ ᠳᠤ ᠠᠰᠢᠭ ᠬᠦᠷᠲᠡᠭᠡᠬᠦ ᠪᠣᠯᠣᠨ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠨᠠ ᠸᠧᠢ ᠴᠢᠩ ᠬᠡᠯᠡᠬᠦ ᠳᠤ ᠪᠠᠨ᠂ ᠡᠨᠡ ᠤᠳᠠᠭᠠᠨ ᠤ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠳᠤ ᠲᠣᠬᠢᠷᠠᠭᠤᠯᠤᠯᠲᠠ ᠬᠢᠭᠰᠡᠨ  ᠨᠢ ᠱᠠᠲᠤᠴᠢ ᠴᠢᠨᠠᠷ ᠪᠠ ᠲᠦᠷ ᠴᠠᠭ ᠤᠨ ᠴᠢᠨᠠᠷᠲᠠᠢ ᠲᠠᠢ ᠪᠢᠰᠢ᠂ ᠬᠠᠷᠢᠨ ᠤᠷᠲᠤ ᠬᠤᠭᠤᠴᠠᠭᠠᠨ ᠤ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠪᠣᠯᠣᠨ᠎ᠠ᠃ ᠬᠥᠮᠥᠨ ᠬᠡᠷᠡᠭᠯᠡᠬᠦ ᠡᠯ᠎ᠡ ᠲᠥᠷᠥᠯ ᠤᠨ ᠨᠢᠭᠡᠴᠢ᠂ ᠣᠨᠴᠠᠭᠠᠶᠢᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠨᠢ ᠪᠦᠷ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢᠨ ᠳᠤᠮᠳᠠ ᠠᠰᠢᠭ ᠬᠦᠷᠲᠡᠬᠦ ᠪᠣᠯᠣᠨ᠎ᠠ ᠭᠡᠵᠡᠢ᠃      ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠲᠤᠰᠢᠶᠠᠬᠤ ᠰᠦᠢᠳᠬᠡᠯ ᠨᠢ ᠪᠠᠭᠠᠰᠤᠨ᠂ ᠳᠠᠭᠠᠳᠬᠠᠯ ᠳᠤ ᠣᠷᠣᠬᠤ ᠬᠤᠷᠢᠭ᠎ᠠ ᠪᠣᠭᠤᠮᠲᠠ ᠨᠢ ᠴᠤ ᠳᠣᠷᠣᠭᠰᠢᠯᠠᠵᠤ᠂ ᠠᠵᠤ ᠠᠬᠤᠶᠢᠯᠠᠯ ᠤᠨ ᠠᠮᠢᠳᠤ ᠬᠦᠴᠦᠨ ᠪᠠ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠷᠠᠭᠤᠯᠵᠤ ᠪᠣᠯᠬᠤ ᠪᠠᠷ ᠪᠠᠷᠠᠬᠤ ᠦᠭᠡᠢ᠂ ᠠᠵᠤ ᠠᠬᠤᠶᠢᠯᠠᠯ ᠪᠠ ᠠᠵᠢᠯᠲᠠᠨ ᠤ ᠳᠠᠭᠠᠳᠬᠠᠯ ᠳᠤ ᠣᠷᠣᠬᠤ ᠢᠳᠡᠪᠬᠢᠵᠢᠯ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠡᠭᠦᠨ ᠤ ᠤᠯᠠᠮ ᠠᠴᠠ ᠨᠡᠩ ᠣᠯᠠᠨ ᠠᠵᠢᠯᠲᠠᠨ ᠢ ᠨᠠᠰᠤᠵᠢᠯ ᠤᠨ ᠳᠠᠭᠠᠳᠬᠠᠯ ᠤᠨ ᠳᠦᠷᠢᠮ ᠤᠨ ᠰᠢᠰᠲ᠋ᠧᠮᠵᠢ ᠳᠤ ᠣᠷᠣᠭᠤᠯᠵᠤ᠂ ᠠᠵᠤ ᠠᠬᠤᠶᠢᠯᠠᠯ ᠤᠨ ᠬᠥᠭᠵᠢᠯᠲᠡ ᠬᠢᠭᠡᠳ ᠨᠠᠰᠤᠵᠢᠯ ᠤᠨ ᠳᠠᠭᠠᠳᠬᠠᠯ ᠤᠨ ᠳᠦᠷᠢᠮ ᠤᠨ ᠬᠥᠭᠵᠢᠯᠲᠡ ᠶᠢᠨ ᠠᠰᠢᠭᠲᠠᠢ ᠡᠷᠭᠢᠯᠲᠡ ᠶᠢ ᠪᠦᠷᠢᠯᠳᠦᠭᠦᠯᠦᠨ᠎ᠡ᠃     【ᠲᠠᠶᠢᠯᠤᠮᠵᠢ】ᠠᠵᠢᠯ ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠦᠷᠭᠦᠯᠵᠢᠯᠡᠨ ᠱᠠᠲᠤᠴᠢ ᠴᠢᠨᠠᠷᠲᠠᠢ ᠪᠠᠷ ᠪᠠᠭᠤᠷᠠᠭᠤᠯᠤᠨ᠎ᠠ      2019 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ︽ᠠᠵᠢᠯ ᠠᠯᠳᠠᠭᠰᠠᠳ ᠤᠨ ᠳᠠᠭᠠᠳᠬᠠᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠠᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ᠤᠨ ᠬᠡᠷᠡᠭᠵᠢᠭᠦᠯᠬᠦ ᠬᠤᠭᠤᠴᠠᠭᠠᠨ ᠤ ᠬᠢᠵᠠᠭᠠᠷ ᠢ 2020 ᠣᠨ ᠤ 4 ᠳ᠋ᠦ᠋ᠭᠡᠷ ᠰᠠᠷ᠎ᠠ ᠶᠢᠨ 30 ᠡᠳᠦᠷ ᠪᠣᠯᠲᠠᠯ᠎ᠠ ᠤᠷᠲᠤᠳᠬᠠᠨ᠎ᠠ᠃ ᠡᠨᠡ ᠬᠦ ᠬᠤᠭᠤᠴᠠᠭᠠᠨ ᠳᠤ᠂ ᠠᠵᠢᠯ ᠠᠯᠳᠠᠭᠰᠠᠳ ᠤᠨ ᠳᠠᠭᠠᠳᠬᠠᠯ ᠤᠨ ᠶᠡᠷᠦᠩᠬᠡᠢ ᠰᠦᠢᠳᠬᠡᠯ ᠤᠨ ᠨᠣᠷᠮ᠎ᠠ ᠨᠢ 1% ᠪᠠᠶᠢᠵᠤ᠂ ᠲᠡᠭᠦᠨ ᠤ ᠳᠣᠲᠣᠷ᠎ᠠ ᠬᠥᠮᠥᠨ ᠬᠡᠷᠡᠭᠯᠡᠬᠦ ᠨᠢᠭᠡᠴᠢ ᠪᠠ ᠠᠵᠢᠯᠲᠠᠨ ᠬᠤᠪᠢ ᠬᠥᠮᠥᠨ ᠮᠥᠨ ᠬᠦ ᠲᠤᠰ ᠲᠤᠰ 0.5% ᠢᠶᠠᠷ ᠬᠡᠷᠡᠭᠵᠢᠭᠦᠯᠦᠨ᠎ᠡ᠃      2019 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ︽ᠨᠡᠶᠢᠭᠡᠮ ᠤᠨ ᠳᠠᠭᠠᠳᠬᠠᠯ ᠤᠨ ᠨᠣᠷᠮ᠎ᠠ ᠶᠢ ᠦᠷᠭᠦᠯᠵᠢᠯᠡᠨ ᠱᠠᠲᠤᠴᠢ ᠴᠢᠨᠠᠷᠲᠠᠢ ᠪᠠᠷ ᠪᠠᠭᠠᠷᠠᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ᠳᠤ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠶᠢ ᠬᠡᠷᠡᠭᠵᠢᠭᠦᠯᠬᠦ ᠬᠤᠭᠤᠴᠠᠭᠠᠨ ᠤ ᠬᠢᠵᠠᠭᠠᠷ ᠢ 2020 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠨ᠎ᠠ ᠭᠡᠵᠡᠢ᠃ 2018 ᠣᠨ ᠤ ᠰᠡᠭᠦᠯᠴᠢ ᠶᠢᠨ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠶᠢᠨ ᠣᠯᠭᠤᠨ ᠥᠭᠴᠦ ᠪᠣᠯᠬᠤ ᠰᠠᠷ᠎ᠠ ᠶᠢᠨ ᠲᠤᠭ᠎ᠠ ᠨᠢ 18 ᠠᠴᠠ 23 ᠰᠠᠷ᠎ᠠ ᠪᠣᠯᠬᠤ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠳᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ︵2018 ᠣᠨ ᠤ ᠠᠵᠢᠯ ᠤᠨ ᠭᠡᠮᠲᠦᠯ ᠠᠴᠠ ᠪᠣᠯᠣᠭᠰᠠᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠴᠢ ᠴᠢᠨᠠᠷᠲᠠᠢ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨ᠎ᠡ ᠲᠣᠬᠢᠷᠠᠭᠤᠯᠤᠨ ᠬᠡᠷᠡᠭᠯᠡᠭᠰᠡᠨ ᠰᠦᠢᠳᠬᠡᠯ ᠤᠨ ᠨᠣᠷᠮ᠎ᠠ ᠶᠢ ᠵᠢᠭᠠᠵᠤ ᠪᠠᠶᠢᠨ᠎ᠠ︶ ᠪᠠᠷ ᠰᠠᠭᠤᠷᠢ ᠪᠣᠯᠭᠠᠨ 20% ᠪᠠᠷ ᠪᠠᠭᠤᠷᠠᠭᠤᠯᠵᠤ ᠪᠣᠯᠣᠨ᠎ᠠ᠃ ᠨᠡᠶᠢᠲᠡ ᠦᠯᠡᠳᠡᠪᠦᠷᠢ ᠶᠢᠨ ᠣᠯᠭᠤᠨ ᠥᠭᠴᠦ ᠪᠣᠯᠬᠤ ᠰᠠᠷ᠎ᠠ ᠶᠢᠨ ᠲᠤᠭ᠎ᠠ ᠨᠢ 24 ᠰᠠᠷ᠎ᠠ ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠳᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠪᠠᠷ ᠰᠠᠭᠤᠷᠢ ᠪᠣᠯᠭᠠᠨ 50% ᠪᠠᠷ ᠪᠠᠭᠤᠷᠠᠭᠤᠯᠵᠤ ᠪᠣᠯᠣᠨ᠎ᠠ᠃ ᠱᠠᠲᠤᠴᠢ ᠴᠢᠨᠠᠷᠲᠠᠢ ᠪᠠᠷ ᠰᠦᠢᠳᠬᠡᠯ ᠪᠠᠭᠤᠷᠠᠭᠤᠯᠬᠤ ᠬᠤᠭᠤᠴᠠᠭᠠᠨ ᠳᠤ᠂ ᠰᠦᠢᠳᠬᠡᠯ ᠤᠨ ᠨᠣᠷᠮ᠎ᠠ ᠶᠢ ᠲᠣᠭᠲᠠᠭᠠᠭᠰᠠᠨ ᠤ ᠳᠠᠷᠠᠭ᠎ᠠ ᠶᠡᠷᠦ ᠶᠢᠨ ᠪᠠᠶᠢᠳᠠᠯ ᠳᠤ ᠲᠣᠬᠢᠷᠠᠭᠤᠯᠤᠯᠲᠠ ᠬᠢᠬᠦ ᠦᠭᠡᠢ᠃     【ᠲᠠᠶᠢᠯᠤᠮᠵᠢ】ᠨᠠᠰᠤᠵᠢᠯ ᠤᠨ ᠳᠠᠭᠠᠳᠬᠠᠯ ᠤᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠨ᠎ᠡ      2019 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠪᠠ ᠲᠡᠭᠦᠯᠳᠡᠷᠵᠢᠭᠦᠯᠦᠨ᠎ᠡ᠃      ︵ᠨᠢᠭᠡ︶ ᠠᠵᠢᠯ ᠣᠯᠣᠭᠰᠠᠳ ᠤᠨ ᠳᠤᠮᠳᠠᠴᠢ ᠴᠠᠯᠢᠩ ᠤᠨ ᠲᠣᠭᠠᠴᠠᠨ ᠪᠣᠳᠣᠬᠤ ᠰᠢᠰᠲ᠋ᠧᠮ ᠳᠤ ᠲᠣᠬᠢᠷᠠᠭᠤᠯᠤᠯᠲᠠ ᠬᠢᠨ᠎ᠡ᠃ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠬᠤᠪᠢ ᠪᠠᠷ ᠢᠶᠠᠨ ᠡᠵᠡᠩᠨᠡᠭᠰᠡᠨ ᠪᠤᠰᠤ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠪᠠ ᠬᠤᠲᠠ ᠪᠠᠯᠭᠠᠰᠤ ᠶᠢᠨ ᠬᠤᠪᠢ ᠪᠠᠷ ᠢᠶᠠᠨ ᠡᠵᠡᠩᠨᠡᠭᠰᠡᠨ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠤᠨ ᠰᠠᠭᠤᠷᠢ ᠲᠤᠭ᠎ᠠ ᠪᠠᠷ ᠦᠷᠡᠵᠢᠭᠦᠯᠦᠨ ᠪᠣᠳᠣᠭᠰᠠᠨ ᠪᠦᠬᠦ ᠰᠢᠰᠲ᠋ᠧᠮ ᠤᠨ ᠬᠢᠨ ᠤ ᠬᠤᠲᠠ ᠪᠠᠯᠭᠠᠰᠤ ᠶᠢᠨ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠢᠶᠠᠷ ᠨᠠᠰᠤᠵᠢᠯ ᠤᠨ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢᠨ ᠳᠡᠭᠡᠳᠦ ᠳᠣᠣᠷᠠᠳᠤ ᠬᠢᠵᠠᠭᠠᠷ ᠢ ᠬᠠᠷᠭᠤᠭᠤᠯᠤᠨ ᠲᠣᠭᠲᠠᠭᠠᠨ᠎ᠠ᠃      ︵ᠬᠤᠶᠠᠷ︶ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠭᠰᠠᠨ ᠨᠢᠭᠡᠴᠢ ᠨᠢ᠂ ᠲᠤᠰ ᠨᠢᠭᠡᠴᠢ ᠶᠢᠨ ᠢᠶᠠᠨ ᠳᠡᠭᠡᠷ᠎ᠡ ᠣᠨ ᠤ ᠴᠠᠯᠢᠩ ᠤᠨ ᠶᠡᠷᠦᠩᠬᠡᠢ ᠲᠤᠭ᠎ᠠ ᠪᠠᠷ ᠰᠠᠭᠤᠷᠢ ᠪᠣᠯᠭᠠᠵᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠲᠤᠰᠢᠶᠠᠨ᠎ᠠ᠃      ︵ᠭᠤᠷᠪᠠ︶ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠠᠮᠢᠳᠤᠯᠢᠭ ᠢᠶᠠᠷ ᠠᠵᠢᠯ ᠣᠯᠣᠭᠰᠠᠳ ᠤᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠠᠮᠢᠳᠤᠯᠢᠭ ᠢᠶᠠᠷ ᠠᠵᠢᠯ ᠣᠯᠣᠭᠰᠠᠳ ᠠᠵᠤ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠪᠠᠯ᠂ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠦᠬᠦ ᠰᠢᠰᠲ᠋ᠧᠮ ᠤᠨ ᠬᠢᠨ ᠤ ᠬᠤᠲᠠ ᠪᠠᠯᠭᠠᠰᠤ ᠶᠢᠨ ᠨᠢᠭᠡᠴᠢ ᠳᠤ ᠠᠵᠢᠯ ᠣᠯᠣᠭᠰᠠᠳ ᠤᠨ ᠳᠤᠮᠳᠠᠴᠢ ᠴᠠᠯᠢᠩ ᠤᠨ 60% ᠠᠴᠠ 300% ᠶᠢᠨ ᠬᠤᠭᠤᠷᠣᠨᠳᠤ ᠲᠤᠰᠢᠶᠠᠬᠤ ᠰᠦᠢᠳᠬᠡᠯ ᠤᠨ ᠲᠣᠬᠢᠷᠠᠭᠰᠠᠨ ᠰᠠᠭᠤᠷᠢ ᠲᠤᠭ᠎ᠠ ᠶᠢ ᠰᠣᠩᠭᠤᠵᠤ ᠪᠣᠯᠣᠨ᠎ᠠ᠃     【ᠲᠠᠶᠢᠯᠤᠮᠵᠢ】ᠣᠳᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠶᠣᠰᠣᠭᠠᠷ ᠦᠷᠭᠦᠯᠵᠢᠯᠡᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠷᠢᠶᠠᠨ᠎ᠠ      ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠤᠭᠰᠠᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠷᠢᠶᠠᠬᠤ ᠠᠵᠢᠯ ᠢ ᠬᠡᠷᠬᠢᠨ ᠥᠷᠨᠢᠭᠦᠯᠬᠦ ᠶᠠᠪᠤᠳᠠᠯ ᠤᠨ ᠲᠤᠬᠠᠢ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠡᠾᠦ᠋ᠸᠧ ᠸᠧᠨ ᠭᠠᠩ ᠲᠠᠨᠢᠯᠴᠠᠭᠤᠯᠬᠤ ᠳᠤ ᠪᠠᠨ᠂ ᠠᠵᠤ ᠠᠬᠤᠶᠢᠯᠠᠯ ᠤᠨ ᠠᠵᠢᠯᠲᠠᠨ᠂ ᠪᠠᠶᠢᠭᠤᠯᠭ᠎ᠠ ᠶᠢᠨ ᠠᠵᠢᠯ ᠦᠢᠯᠡᠰ ᠤᠨ ᠨᠢᠭᠡᠴᠢ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠵᠠᠷᠴᠢᠮ ᠳᠡᠭᠡᠷ᠎ᠡ ᠪᠠᠨ ᠲᠦᠷ ᠴᠠᠭ ᠣᠳᠣ ᠶᠢᠨ ᠬᠡᠷᠡᠭᠵᠢᠭᠦᠯᠵᠦ ᠪᠠᠶᠢᠭ᠎ᠠ ᠬᠤᠷᠢᠶᠠᠬᠤ ᠳᠦᠷᠢᠮ ᠶᠣᠰᠣᠭᠠᠷ ᠦᠷᠭᠦᠯᠵᠢᠯᠡᠨ ᠬᠤᠷᠢᠶᠠᠨ᠎ᠠ᠂ ᠲᠤᠬᠠᠶᠢᠯᠠᠪᠠᠯ ᠨᠡᠶᠢᠭᠡᠮ ᠤᠨ ᠳᠠᠭᠠᠳᠬᠠᠯ ᠢ ᠬᠠᠷᠭᠤᠭᠤᠯᠤᠨ ᠲᠣᠭᠲᠠᠭᠠᠵᠤ᠂ ᠭᠠᠶᠢᠯᠢ ᠶᠢᠨ ᠶᠠᠪᠤᠳᠠᠯ ᠢ ᠲᠠᠲᠠᠪᠤᠷᠢᠯᠠᠨ ᠬᠤᠷᠢᠶᠠᠬᠤ ᠵᠠᠭᠪᠤᠷ ᠢ ᠦᠷᠭᠦᠯᠵᠢᠯᠡᠨ ᠬᠡᠷᠡᠭᠯᠡᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠳᠤ᠂ ᠵᠠᠰᠠᠭ ᠤᠨ ᠣᠷᠳᠣᠨ ᠠᠴᠠ ᠨᠢᠭᠡᠳᠦᠯᠲᠡᠢ ᠪᠠᠷ ᠵᠣᠬᠢᠶᠠᠨ ᠪᠠᠶᠢᠭᠤᠯᠵᠤ᠂ ᠣᠯᠠᠨ ᠲᠠᠯ᠎ᠠ ᠠᠴᠠ ᠬᠠᠮᠵᠢᠯᠴᠠᠨ ᠠᠵᠢᠯᠯᠠᠬᠤ ᠶᠢ ᠦᠷᠭᠦᠯᠵᠢᠯᠡᠨ ᠬᠡᠷᠡᠭᠯᠡᠵᠦ᠂ ᠲᠥᠪᠯᠡᠷᠡᠭᠦᠯᠦᠨ ᠬᠤᠷᠢᠶᠠᠬᠤ ᠪᠤᠶᠤ ᠲᠣᠰᠬᠤᠨ ︵ᠨᠡᠶᠢᠭᠡᠮ ᠲᠣᠭᠤᠷᠢᠭ︶᠂ ᠰᠤᠷᠭᠠᠭᠤᠯᠢ ᠳᠤ ᠨᠠᠶᠢᠳᠠᠵᠤ ᠲᠥᠪᠯᠡᠷᠡᠭᠦᠯᠵᠦ ᠣᠷᠣᠯᠠᠨ ᠬᠤᠷᠢᠶᠠᠬᠤ ᠵᠡᠷᠭᠡ ᠠᠷᠭ᠎ᠠ ᠬᠡᠯᠪᠡᠷᠢ ᠪᠠᠷ ᠬᠤᠷᠢᠶᠠᠵᠤ᠂ ᠰᠦᠢᠳᠬᠡᠯ ᠬᠤᠷᠢᠶᠠᠬᠤ ᠠᠵᠢᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃      ᠡᠾᠦ᠋ᠸᠧ ᠸᠧᠨ ᠭᠠᠩ ᠤᠨ ᠲᠠᠨᠢᠯᠴᠠᠭᠤᠯᠤᠭᠰᠠᠨ ᠢ ᠦᠨᠳᠦᠰᠦᠯᠡᠪᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠷᠢᠶᠠᠬᠤ ᠮᠡᠳᠡᠭᠡ ᠵᠠᠩᠭᠢ ᠶᠢᠨ ᠰᠢᠰᠲ᠋ᠧᠮ ᠢ ᠴᠠᠭ ᠲᠤᠬᠠᠢ ᠳᠤ ᠨᠢ ᠳᠡᠰ ᠳᠡᠪᠰᠢᠭᠦᠯᠦᠨ ᠰᠢᠯᠢᠳᠡᠭᠵᠢᠭᠦᠯᠵᠦ᠂ ᠪᠣᠯᠵᠣᠯᠲᠤ ᠲᠤᠭ᠎ᠠ ᠳᠤ ᠲᠣᠬᠢᠷᠠᠭᠤᠯᠤᠯᠲᠠ ᠬᠢᠵᠦ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠠᠵᠢᠯ ᠤᠨ ᠱᠠᠭᠠᠷᠳᠠᠯᠭ᠎ᠠ ᠶᠢ ᠪᠠᠲᠤᠯᠠᠨ᠎ᠠ᠃      4 ᠳ᠋ᠦ᠋ᠭᠡᠷ ᠰᠠᠷ᠎ᠠ ᠶᠢᠨ 1 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠶᠡᠷᠦᠩᠬᠡᠢ ᠲᠥᠰᠥᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡ ᠶᠢᠨ ᠳᠠᠭᠠᠳᠬᠠᠯ᠂ ᠬᠥᠩᠭᠡᠵᠢᠯ ᠤᠨ ᠳᠠᠭᠠᠳᠬᠠᠯ ᠤᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠳᠤ ᠲᠣᠬᠢᠷᠠᠭᠤᠯᠤᠯᠲᠠ ᠬᠢᠬᠦ ᠲᠤᠬᠠᠢ ᠲᠣᠳᠣᠷᠬᠠᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠠᠵᠢᠯ ᠤᠨ ᠱᠠᠭᠠᠷᠳᠠᠯᠭ᠎ᠠ ᠲᠣᠭᠲᠠᠭᠠᠪᠠ᠃ ᠡᠨᠡ ᠬᠦ ᠵᠦᠢᠯ ᠤᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ᠂ ᠤᠯᠤᠰ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠤᠷᠤᠭᠰᠢᠲᠠᠢ ᠬᠡᠷᠡᠭᠵᠢᠭᠦᠯᠬᠦ ᠶᠢ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ ᠶᠢᠨ ᠮᠠᠨ ᠢ ᠶᠢᠨ ᠲᠠᠨᠢᠯᠴᠠᠭᠤᠯᠤᠭᠰᠠᠨ ᠢ ᠦᠨᠳᠦᠰᠦᠯᠡᠪᠡᠯ᠂ ᠮᠠᠨ ᠤ ᠣᠷᠣᠨ ᠠᠴᠠ ᠤᠯᠤᠰ ᠤᠨ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠮᠴᠢᠯᠡᠭᠡ ᠶᠢᠨ ᠳᠠᠭᠠᠳᠬᠠᠯ᠂ ᠬᠥᠩᠭᠡᠵᠢᠯ ᠤᠨ ᠳᠠᠭᠠᠳᠬᠠᠯ ᠤᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠳᠤ ᠬᠤᠭᠤᠴᠠᠭ᠎ᠠ ᠶᠣᠰᠣᠭᠠᠷ ᠲᠣᠬᠢᠷᠠᠭᠤᠯᠤᠯᠲᠠ ᠬᠢᠨ᠎ᠡ᠃ ᠨᠡᠶᠢᠭᠡᠮ ᠤᠨ ᠳᠠᠭᠠᠳᠬᠠᠯ ᠤᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠮᠠᠨ ᠤ ᠣᠷᠣᠨ ᠠᠴᠠ ᠡᠮᠴᠢᠯᠡᠭᠡ ᠬᠥᠩᠭᠡᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠠᠵᠢᠯᠯᠠᠭᠤᠯᠤᠨ ᠵᠠᠳᠠᠯᠤᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠰᠢᠨᠵᠢᠯᠡᠵᠦ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ᠡᠭᠦᠨ ᠤ ᠬᠠᠮᠲᠤ᠂ ︽ᠡᠮᠴᠢᠯᠡᠭᠡ ᠡᠷᠡᠭᠦᠯ ᠬᠠᠮᠠᠭᠠᠯᠠᠯ ᠡᠮ ᠤᠨ ᠵᠦᠢᠯᠡᠰ ᠤᠨ ᠬᠤᠯᠪᠣᠭᠠᠯᠠᠨ ᠦᠢᠯᠡᠳᠦᠯᠴᠡᠬᠦ︾ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠮᠴᠢᠯᠡᠭᠡ ᠶᠢᠨ ᠳᠠᠭᠠᠳᠬᠠᠯ ᠤᠨ ᠪᠡᠯᠡ ᠮᠥᠩᠭᠦ ᠶᠢ ᠵᠦᠢ ᠵᠣᠬᠢᠰᠲᠠᠢ ᠪᠠᠷ ᠬᠡᠷᠡᠭᠯᠡᠨ᠂ ᠠᠮᠤᠷ ᠲᠦᠪᠰᠢᠨ ᠢᠶᠠᠷ ᠡᠵᠡᠮᠳᠡᠬᠦ ᠶᠢ ᠪᠠᠲᠤᠯᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ