ᠮᠠᠨ ᠤ ᠤᠷᠤᠨ ᠤ 50 ᠭᠠᠷᠤᠢ ᠠᠵᠤ ᠠᠬᠤᠶᠢᠯᠠᠯ ᠱᠧᠨᠵᠧᠨ ᠤ ᠤᠯᠠᠨ ᠤᠯᠤᠰ ᠤᠨ ᠰᠤᠶᠤᠯ ᠤᠨ ᠠᠵᠤ ᠦᠢᠯᠡᠰ ᠤᠨ ᠦᠵᠡᠰᠭᠦᠯᠡᠩ ᠳᠤ ᠤᠷᠤᠯᠴᠠᠪᠠ
ᠨᠡᠶᠢᠲᠡᠯᠡᠭᠰᠡᠨ ᠴᠠᠭ᠄
2019/5/17
     5 ᠳ᠋ᠤᠭᠠᠷ ᠰᠠᠷ᠎ᠠ ᠶᠢᠨ 16᠎ ᠤ ᠡᠳᠤᠷ᠂ ᠠᠷᠪᠠᠨ ᠳᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶᠎ ᠤᠨ ᠤᠯᠠᠨ ᠤᠯᠤᠰ ᠤᠨ ᠰᠤᠶᠤᠯ ᠤᠨ ᠠᠵᠤ ᠦᠢᠯᠡᠰ ᠤᠨ ᠦᠵᠡᠰᠭᠦᠯᠡᠩ ᠤᠨ ᠠᠷᠠᠯᠵᠢᠶᠠᠨ ᠤ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠵᠤ᠂ ᠮᠠᠨ ᠤ ᠤᠷᠤᠨ ᠤ ᠠᠨᠳᠠ ᠰᠤᠶᠤᠯ ᠤᠯᠠᠮᠵᠢᠯᠠᠯ ᠤᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠪᠦᠷᠢᠳᠦ ᠰᠤᠶᠤᠯ ᠵᠢᠭᠤᠯᠴᠢᠯᠠᠯ ᠤᠨ ᠬᠢᠵᠠᠭᠠᠷᠳᠤ ᠺᠤᠮᠫᠠᠨᠢ ᠵᠡᠷᠭᠡ 50 ᠭᠠᠷᠤᠢ ᠠᠵᠤ ᠠᠬᠤᠶᠢᠯᠠᠯ ᠬᠢᠬᠡᠳ ᠬᠠᠮᠳᠤ ᠨᠢᠭᠡᠴᠢ ᠤᠷᠤᠯᠴᠠᠪᠠ᠃      ᠲᠤᠰ ᠦᠵᠡᠰᠭᠦᠯᠡᠩ ᠳᠠᠬᠢ ᠦᠪᠦᠷ ᠮᠤᠩᠭᠤᠯ ᠤᠨ ᠦᠵᠡᠭᠦᠯᠭᠡ ᠶᠢᠨ ᠲᠢᠩᠬᠢᠮ ᠨᠢ ᠤᠯᠤᠰ ᠤᠨ ᠲᠤᠭ ᠤᠨ ᠦᠩᠬᠡ — ᠤᠯᠠᠭᠠᠨ ᠰᠢᠷ᠎ᠠ ᠬᠤᠤᠰ ᠦᠩᠬᠡ ᠪᠠᠷ ᠳᠡᠪᠢᠰᠭᠡᠷᠯᠡᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠤᠭᠳᠤᠵᠤ ᠪᠠᠶᠢᠭ᠎ᠠ ᠶᠢ ᠪᠡᠯᠭᠡᠳᠡᠨ᠂ ᠦᠵᠡᠭᠦᠯᠭᠡ ᠶᠢᠨ ᠲᠢᠩᠬᠢᠮ ᠤᠨ ᠭᠤᠤᠯ ᠴᠤᠭᠴᠠ ᠨᠢ ᠮᠤᠩᠭᠤᠯ ᠬᠡᠷ ᠤᠨ ᠬᠡᠯᠪᠡᠷᠢ ᠲᠠᠢ ᠪᠠᠶᠢᠭ᠎ᠠ ᠨᠢ ᠦᠪᠦᠷ ᠮᠤᠩᠭᠤᠯ ᠤᠨ ᠤᠨᠴᠠᠯᠢᠭ ᠎ ᠢ ᠢᠯᠡᠷᠡᠭᠦᠯᠵᠤ᠂ ᠪᠦᠬᠦᠶᠢᠯᠡ ᠲᠢᠩᠬᠢᠮ ᠨᠢ ᠮᠤᠩᠭᠤᠯ ᠮᠤᠷᠢ ᠬᠢᠬᠡᠳ ᠤᠯᠠᠭᠠᠨᠮᠦ᠋ᠴᠢᠷ ᠤᠨ ᠡᠯᠧᠮᠧᠨ᠋ᠲ ᠢᠶᠠᠷ ᠭᠤᠤᠯᠯᠠᠨ᠂ ᠦᠪᠦᠷ ᠮᠤᠩᠭᠤᠯ ᠤᠨ ᠰᠤᠶᠤᠯ ᠤᠨ ᠠᠵᠤ ᠦᠢᠯᠡᠰ ᠤᠨ ᠤᠯᠠᠨ ᠲᠦᠷᠦᠯ ᠤᠨ ᠪᠦᠳᠦᠭᠡᠭᠳᠡᠭᠦᠨ ᠢ ᠳᠡᠯᠭᠡᠨ ᠦᠵᠡᠭᠦᠯᠦᠭᠰᠡᠨ ᠪᠠᠶᠢᠨ᠎ᠠ᠃ ᠡᠭᠦᠨ ᠳᠤ ᠰᠠᠶ᠋ᠢᠬᠠᠨ 2019 ᠣᠨ ᠤ ᠳᠤᠮᠳᠠᠳᠤ ᠤᠯᠤᠰ ᠤᠨ ᠵᠤᠭᠠᠴᠠᠯ ᠤᠨ ᠲᠠᠸᠠᠷ ᠤᠨ ᠤᠷᠤᠯᠳᠤᠭᠠᠨ ᠳᠤ ᠠᠯᠳᠠᠨ ᠱᠠᠩᠨᠠᠯ ᠭᠠᠷᠳᠠᠭᠰᠠᠨ ᠦᠪᠦᠷ ᠮᠤᠩᠭᠤᠯ ᠤᠨ ᠮᠦᠽᠸᠢ ᠶᠢᠨ ︽ᠲᠦᠮᠡᠨ ᠭᠠᠵᠠᠷ ᠤᠨ ᠴᠠᠢ ᠶᠢᠨ ᠵᠠᠮ︾ ᠭᠤᠤᠯ ᠰᠡᠳᠦᠪᠳᠤ ᠪᠦᠳᠦᠭᠡᠯᠴᠢ ᠰᠤᠶᠤᠯ ᠤᠨ ᠪᠦᠳᠦᠭᠡᠭᠳᠡᠭᠦᠨ᠂ ᠦᠪᠦᠷ ᠮᠤᠩᠭᠤᠯ ᠎ ᠤᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢ ᠬᠠᠷᠠᠭᠤᠯᠵᠤ ᠪᠠᠶᠢᠭ᠎ᠠ ᠰᠢᠨᠬᠤᠸᠠ ᠬᠡᠪᠯᠡᠯ ᠤᠨ ᠪᠦᠯᠦᠭᠯᠡᠯ ᠎ ᠤᠨ ︽ᠬᠤᠨ ᠭᠠᠯᠠᠭᠤ︾ ᠨᠤᠮ ᠤᠩᠰᠢᠯᠭ᠎ᠠ ᠶᠢᠨ APP᠂ ᠮᠤᠩᠭᠤᠯ ᠦᠨᠳᠦᠰᠦᠲᠡᠨ ᠤ ᠤᠯᠠᠮᠵᠢᠯᠠᠯᠳᠤ ᠰᠤᠶᠤᠯ ᠎ ᠤᠨ ᠦᠪ ᠢ ᠤᠳᠤᠬᠢ ᠠᠮᠢᠳᠤᠷᠠᠯ ᠳᠤ ᠰᠠᠶᠢᠳᠤᠷ ᠠᠭᠤᠰᠬᠠᠭᠰᠠᠨ ᠬᠢᠩᠭᠠᠨ ᠠᠶᠢᠮᠠᠭ ᠤᠨ ᠸᠠᠩ ᠤᠨ ᠤᠷᠳᠤᠨ ᠤ ᠬᠠᠳᠬᠤᠮᠠᠯ ᠵᠢᠴᠢ ᠪᠤᠭᠤᠳᠤ ᠶᠢᠨ ᠬᠤᠪᠤᠷ ᠰᠢᠷᠤᠢ ᠶᠢᠨ ᠤᠷᠤᠭᠤᠯ ᠤᠨ ᠪᠤᠳᠤᠭ᠂ ᠢᠩᠬᠡᠨ ᠰᠦ ᠶᠢᠨ ᠰᠠᠪᠤᠩ ᠵᠡᠷᠭᠡ ᠳᠠᠯ᠎ᠠ ᠨᠤᠳᠤᠭ ᠤᠨ ᠤᠨᠴᠠᠯᠢᠭᠳᠤ ᠰᠤᠶᠤᠯ ᠤᠨ ᠠᠵᠤ ᠦᠢᠯᠡᠰ ᠤᠨ ᠪᠦᠳᠦᠭᠡᠭᠳᠡᠭᠦᠨ ᠨᠦᠭᠦᠳ ᠨᠢ ᠬᠦᠮᠦᠰ ᠤᠨ ᠬᠠᠷᠠᠴᠡ ᠶᠢ ᠪᠤᠯᠢᠶᠠᠨ ᠠᠩᠬᠠᠷᠤᠯ ᠢ ᠳᠠᠳᠠᠵᠤ ᠪᠠᠶᠢᠯ᠎ᠠ᠃      ᠤᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠰᠤᠶᠤᠯ ᠤᠨ ᠠᠵᠤ ᠦᠢᠯᠡᠰ ᠤᠨ ᠦᠵᠡᠰᠭᠦᠯᠡᠩ 1 ᠭᠤᠤᠯ ᠳᠠᠯᠠᠪᠤᠷ᠂ 66 ᠬᠤᠪᠢᠶᠠᠷᠢ ᠳᠠᠯᠠᠪᠤᠷ ᠢᠶᠠᠷ ᠪᠦᠷᠢᠯᠳᠦᠵᠤ᠂ ᠭᠤᠤᠯ ᠳᠠᠯᠠᠪᠤᠷ ᠨᠢ ᠰᠤᠶᠤᠯ ᠤᠨ ᠠᠵᠤ ᠦᠢᠯᠡᠰ ᠤᠨ ᠶᠡᠷᠦᠩᠬᠡᠢ ᠲᠢᠩᠬᠢᠮ᠂ ᠰᠤᠶᠤᠯ ᠬᠢᠬᠡᠳ ᠵᠢᠭᠤᠯᠴᠢᠯᠠᠯ ᠤᠨ ᠲᠢᠩᠬᠢᠮ᠂ ᠺᠢᠨᠣ᠋ ᠺᠠᠷᠲ᠋ᠤᠨ ᠬᠢᠬᠡᠳ ᠷᠠᠳᠢᠣ᠋ ᠲᠧᠯᠸᠢᠰ ᠤᠨ ᠲᠢᠩᠬᠢᠮ᠂ ᠵᠠᠭᠤᠴᠢᠯᠠᠭᠤᠷ ᠤᠨ ᠠᠭᠤᠰᠤᠯᠴᠠᠯ ᠬᠦᠭᠵᠢᠯ ᠬᠢᠬᠡᠳ ᠰᠤᠨᠢᠨ ᠮᠡᠳᠡᠭᠡ ᠭᠡᠪᠯᠡᠯ ᠤᠨ ᠲᠢᠩᠬᠢᠮ᠂ ᠭᠤᠸᠠᠩᠳᠦ᠋ᠩ ᠰᠢᠶᠠᠩᠭᠠᠩ ᠤᠤᠮᠧᠨ ᠶᠡᠭᠡ ᠲᠤᠭᠤᠷᠢᠭ ᠤᠨ ᠰᠤᠶᠤᠯ ᠤᠨ ᠠᠵᠤ ᠦᠢᠯᠡᠰ ᠤᠨ ᠲᠢᠩᠬᠢᠮ᠂ ᠵᠢᠷᠤᠭ ᠲᠦᠯᠦᠪᠯᠡᠭᠡ ᠬᠢᠬᠡᠳ ᠤᠷᠠᠨ ᠪᠦᠳᠦᠭᠡᠯ ᠤᠨ ᠲᠢᠩᠬᠢᠮ᠂ ᠨᠢᠭᠡ ᠪᠦᠰᠡ ᠨᠢᠭᠡ ᠵᠠᠮ — ᠤᠯᠠᠨ ᠤᠯᠤᠰ ᠤᠨ ᠲᠢᠩᠬᠢᠮ᠂ ᠪᠤᠳᠠᠰ ᠤᠨ ᠪᠤᠰᠤ ᠰᠤᠶᠤᠯ ᠤᠨ ᠦᠪ ᠤᠨ ᠲᠢᠩᠬᠢᠮ᠂ ᠭᠠᠷ ᠤᠷᠠᠯᠠᠯ ᠬᠢᠬᠡᠳ ᠤᠷᠠᠨ ᠵᠢᠷᠤᠭ ᠤᠨ ᠲᠢᠩᠬᠢᠮ ᠵᠡᠷᠭᠡ 9 ᠲᠢᠩᠬᠢᠮ ᠢᠶᠠᠷ ᠪᠦᠷᠢᠯᠳᠤᠵᠤ᠂ ᠪᠦᠬᠦ ᠤᠯᠤᠰ ᠤᠨ 31 ᠮᠤᠵᠢ ᠤᠷᠤᠨ ᠬᠤᠳᠠ᠂ ᠰᠢᠶᠠᠩᠭᠠᠩ ᠤᠤᠮᠧᠨ ᠳᠠᠶᠢᠸᠠᠨ ᠵᠢᠴᠢ ᠳᠡᠯᠡᠭᠡᠢ ᠶᠢᠨ 50 ᠭᠠᠷᠤᠢ ᠤᠯᠤᠰ ᠪᠠᠭᠠᠵᠠᠷ ᠤᠷᠤᠨ ᠤ 132 ᠲᠦᠯᠦᠭᠡᠯᠡᠭᠴᠢ ᠶᠢᠨ ᠪᠦᠯᠬᠦᠮ ᠤᠷᠤᠯᠴᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号