ᠪᠡᠭᠡᠵᠢᠩ ᠤᠨ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠤ ︽ᠦᠪᠤᠷ ᠮᠤᠩᠭᠤᠯ ᠎ ᠤᠨ ᠭᠤᠤᠯ ᠰᠡᠳᠤᠪᠳᠤ ᠠᠵᠢᠯᠯᠠᠭ᠎ᠠ ᠶᠢᠨ ᠡᠳᠤᠷ︾ ᠡᠬᠢᠯᠡᠪᠡ  ᠪᠦ᠋ ᠰᠢᠶᠤᠤ ᠯᠢᠨ ᠠᠵᠢᠯᠯᠠᠭ᠎ᠠ ᠶᠢᠨ ᠡᠳᠤᠷ ᠡᠬᠢᠯᠡᠭᠰᠡᠡ ᠢ ᠵᠠᠷᠯᠠᠵᠠᠢ
ᠨᠡᠶᠢᠲᠡᠯᠡᠭᠰᠡᠨ ᠴᠠᠭ᠄
2019/5/20
    5 ᠳ᠋ᠤᠭᠠᠷ ᠰᠠᠷ᠎ᠠ ᠶᠢᠨ 16᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ 2019 ᠣᠨ ᠤ ᠲᠤᠮᠳᠠᠳᠤ ᠤᠯᠤᠰ ᠎ ᠤᠨ ᠪᠡᠭᠡᠵᠢᠩ ᠤᠨ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠨ ᠪᠦᠭᠡᠳ ︽ᠦᠪᠤᠷ ᠮᠤᠩᠭᠤᠯ ᠤᠨ ᠭᠤᠤᠯ ᠰᠡᠳᠤᠪᠳᠤ ᠠᠵᠢᠯᠯᠠᠭ᠎ᠠ ᠶᠢᠨ ᠡᠳᠤᠷ︾ ᠡᠬᠢᠯᠡᠭᠰᠡᠡ ᠢ ᠵᠠᠷᠯᠠᠵᠤ ᠪᠠᠶᠢᠭ᠎ᠠ ᠨᠢ᠃      5 ᠳ᠋ᠤᠭᠠᠷ ᠰᠠᠷ᠎ᠠ ᠶᠢᠨ 16᠎ ᠤ ᠡᠳᠤᠷ᠂ 2019 ᠣᠨ ᠤ ᠲᠤᠮᠳᠠᠳᠤ ᠤᠯᠤᠰ ᠤᠨ ᠪᠡᠭᠡᠵᠢᠩ ᠤᠨ ᠲᠡᠯᠡᠬᠡᠢ ᠎ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠤ ︽ᠦᠪᠤᠷ ᠮᠤᠩᠭᠤᠯ ᠤᠨ ᠭᠤᠤᠯ ᠰᠡᠳᠤᠪᠳᠤ ᠠᠵᠢᠯᠯᠠᠭ᠎ᠠ ᠎ ᠶᠢᠨ ᠡᠳᠤᠷ︾ ᠪᠡᠭᠡᠵᠢᠩ ᠤᠨ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠤ ᠬᠦᠷᠢᠶᠡᠯᠡᠩ ᠲᠤᠭᠤᠷᠢᠭ ᠲᠤ ᠡᠬᠢᠯᠡᠵᠥ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠲᠠᠯᠠᠬᠡᠢ ᠶᠢᠨ ᠬᠠᠷᠠᠭᠠᠨ ᠳᠤ ᠲᠠᠯᠬᠡᠯ᠎ᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠨ ᠪᠦᠭᠡᠳ ︽ᠦᠪᠤᠷ ᠮᠤᠩᠭᠤᠯ ᠤᠨ ᠭᠤᠤᠯ ᠰᠡᠳᠤᠪᠳᠤ ᠠᠵᠢᠯᠯᠠᠭ᠎ᠠ ᠶᠢᠨ ᠡᠳᠤᠷ︾ ᠡᠬᠢᠯᠡᠭᠰᠡᠡ ᠢ ᠵᠠᠷᠯᠠᠵᠠᠢ᠃      ᠲᠤᠮᠳᠠᠳᠤ ᠤᠯᠤᠰ ᠲᠤ ᠰᠠᠭᠤᠭ᠎ᠠ ᠮᠤᠷᠤᠺᠺᠤ ᠸᠠᠩᠳᠤ ᠤᠯᠤᠰ ᠤᠨ ᠡᠯᠴᠢᠨ ᠰᠠᠶᠢᠳ ᠠᠴᠢᠼᠢ · ᠮᠸᠢᠢᠺᠦ᠋᠊ ᠊ ᠠᠯ᠂ ᠲᠤᠮᠳᠠᠳᠤ ᠤᠯᠤᠰ ᠲᠤ ᠰᠠᠭᠤᠭ᠎ᠠ ᠤᠷᠤᠰ ᠤᠨ ᠡᠯᠴᠢᠨ ᠰᠠᠶᠢᠳ ᠤᠨ ᠶᠠᠮᠤᠨ ᠤ ᠲᠡᠬᠡᠳᠤ ᠵᠡᠷᠬᠡ ᠶᠢᠨ ᠵᠦᠪᠯᠡᠭᠴᠢ ᠹᠠᠵᠢᠶᠧᠶᠧᠹ᠂ ᠲᠤᠮᠳᠠᠳᠤ ᠤᠯᠤᠰ ᠲᠤ ᠰᠠᠭᠤᠭ᠎ᠠ ᠮᠤᠩᠭᠤᠯ ᠤᠯᠤᠰ ᠤᠨ ᠡᠯᠴᠢᠨ ᠰᠠᠶᠢᠳ ᠤᠨ ᠶᠠᠮᠤᠨ ᠎ ᠤ ᠵᠦᠪᠯᠡᠭᠴᠢ ᠪᠠᠶᠢᠭᠠᠯᠢᠮ᠎ᠠ᠂ ᠲᠤᠮᠳᠠᠳᠤ ᠤᠯᠤᠰ ᠲᠤ ᠰᠠᠭᠤᠭ᠎ᠠ ᠠᠩᠭ᠍ᠯᠢ ᠶᠢᠨ ᠡᠯᠴᠢᠨ ᠰᠠᠶᠢᠳ ᠤᠨ ᠶᠠᠮᠤᠨ ᠤ ᠵᠦᠪᠯᠡᠭᠴᠢ ᠨᠢᠺ ᠯᠦᠸᠧ᠂ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠰᠤᠷᠭᠠᠨ ᠬᠦᠮᠥᠵᠢᠯ ᠰᠢᠨᠵᠢᠯᠡᠬᠦ ᠤᠬᠠᠭᠠᠨ ᠰᠤᠶᠤᠯ ᠡᠷᠡᠬᠦᠯ ᠬᠠᠮᠠᠭᠠᠯᠠᠯ ᠤᠨ ᠵᠦᠪᠯᠡᠯ ᠤᠨ ᠲᠡᠳ᠋ ᠡᠷᠬᠢᠯᠡᠭᠴᠢ ᠬᠡᠰᠢᠬᠦᠨ ᠶᠠᠩ ᡁᠢ ᠶᠢᠨ᠂ ᠪᠡᠭᠡᠵᠢᠩ ᠬᠤᠳᠠ ᠶᠢᠨ ᠠᠷᠠᠳ ᠤᠨ ᠲᠦᠯᠥᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠡᠨ ᠎ ᠤ ᠲᠡᠳ᠋ ᠡᠷᠬᠢᠯᠡᠭᠴᠢ ᠵᠠᠩ ᠴᠢᠩ᠂ ᠤᠯᠤᠰ ᠤᠨ ᠬᠦᠳᠡᠭᠡ ᠠᠵᠥ ᠠᠬᠤᠢ ᠬᠦᠳᠡᠭᠡ ᠲᠤᠰᠬᠤᠨ ᠤ ᠶᠠᠮᠤᠨ ᠤ ᠲᠠᠷᠢᠶᠠᠯᠠᠩ ᠤᠨ ᠶᠡᠷᠤᠩᠬᠡᠢ ᠲᠧᠭᠨᠢᠭᠴᠢ ᠮᠠ ᠠᠢ ᠬᠦᠸᠧ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃      ᠲᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠲᠡᠳ᠋ ᠲᠠᠷᠤᠭ᠎ᠠ ᠯᠥ ᠫᠧᠩ ᠴᠢ᠂ ᠤᠯᠤᠰ ᠤᠨ ᠤᠢ ᠰᠢᠭᠤᠢ ᠪᠡ ᠨᠤᠳᠤᠭ ᠪᠡᠯᠴᠢᠬᠡᠷ ᠤᠨ ᠲᠤᠪᠴᠢᠶᠠᠨ ᠤ ᠲᠡᠳ᠋ ᠲᠠᠷᠤᠭ᠎ᠠ ᠵᠠᠩ ᠶᠦᠩ ᠯᠢ᠂ ᠪᠡᠬᠡᠵᠢᠩ ᠎ ᠤᠨ ᠲᠡᠯᠡᠬᠡᠢ ᠶᠢᠨ ᠴᠡᠴᠡᠷᠯᠢᠭ ᠤᠨ ᠦᠵᠡᠰᠬᠦᠯᠠᠩ ᠤᠨ ᠲᠤᠪᠴᠢᠶᠠᠨ ᠤ ᠲᠡᠳ᠋ ᠲᠠᠷᠤᠭ᠎ᠠ ᠯᠢᠨ ᠶᠢᠨ ᠸᠧᠨ ᠡᠬᠢᠯᠡᠯᠳᠡ ᠎ ᠶᠢᠨ ᠶᠤᠰᠤᠯᠠᠯ ᠲᠡᠭᠡᠷ᠎ᠡ ᠲᠤᠰ ᠲᠤᠰ ᠪᠠᠶᠠᠷ ᠤᠨ ᠦᠬᠡ ᠬᠡᠯᠡᠵᠥ᠂ ᠦᠪᠤᠷ ᠮᠤᠩᠭᠤᠯ ᠤᠨ ᠬᠢᠨ ᠡᠬᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠡᠶᠢᠨ ᠪᠦᠳᠦᠬᠡᠨ ᠪᠠᠶᠢᠭᠤᠯᠵᠤ ᠪᠠᠶᠢᠭ᠎ᠠ ᠨᠢ ᠪᠡᠭᠡᠵᠢᠩ ᠤᠨ ᠲᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠤ ︽ᠪᠤᠬᠢᠷᠳᠤᠯ ᠦᠬᠡᠢ ᠠᠮᠢᠳᠤᠷᠠᠯ᠂ ᠦᠵᠡᠰᠬᠦᠯᠡᠩᠳᠤ ᠰᠠᠶᠢᠬᠠᠨ ᠬᠡᠷ ᠤᠷᠤᠨ︾ ᠬᠡᠬᠦ ᠦᠵᠡᠰᠬᠦᠯᠡᠩ ᠤᠨ ᠴᠤᠭᠯᠠᠭᠠᠨ ᠢ ᠡᠷᠬᠢᠯᠡᠬᠦ ᠭᠤᠤᠯ ᠰᠡᠳᠤᠪ ᠲᠠᠢ ᠴᠢᠪ ᠬᠡᠮᠡᠨ ᠨᠡᠶᠢᠴᠡᠭᠰᠡᠡ ᠪᠠᠶᠢᠨ᠎ᠠ᠂ ︽ᠦᠪᠤᠷ ᠮᠤᠩᠭᠤᠯ ᠤᠨ ᠭᠤᠤᠯ ᠰᠡᠳᠤᠪᠳᠤ ᠠᠵᠢᠯᠯᠠᠭ᠎ᠠ ᠶᠢᠨ ᠡᠳᠤᠷ︾ ᠠᠮᠵᠢᠯᠳᠡ ᠲᠠᠢ ᠶᠠᠪᠤᠭᠳᠠᠬᠤ ᠶᠢ ᠵᠦᠩᠨᠡᠵᠥ ᠪᠠᠶᠢᠨ᠎ᠠ ᠬᠡᠵᠥ ᠵᠢᠭᠠᠵᠥ ᠭᠠᠷᠭᠠᠪᠠ᠃      ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠭᠡᠰᠢᠭᠦᠨ᠂ ᠦᠪᠡᠷᠲᠡᠭᠡᠡ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠮᠠ ᠰᠢᠤᠸᠡᠢ ᠵᠢᠶᠦ᠋ᠨ ᠪᠠᠶᠠᠷ ᠤᠨ ᠦᠭᠡ ᠬᠡᠯᠡᠵᠦ᠂ ︵ᠲᠤᠰ ᠤᠲᠠᠭ᠎ᠠ ᠶᠢᠨ ︽ᠦᠪᠦᠷ ᠮᠤᠩᠭᠤᠯ ᠤᠨ ᠭᠤᠤᠯ ᠰᠡᠲᠦᠪᠲᠦ ᠠᠵᠢᠯᠯᠠᠭ᠎ᠠ ᠶᠢᠨ ᠡᠲᠦᠷ︾᠎ ᠢᠶᠠᠷ ᠠᠵᠠ ᠲᠤᠬᠢᠶᠠᠯ ᠪᠤᠯᠭᠠᠠ᠂ ᠨᠡᠩ ᠠᠷᠪᠢᠨ ᠤᠯᠠᠨ ᠤᠯᠤᠰ ᠤᠨ ᠨᠦᠬᠦᠷᠰᠡᠭ ᠬᠦᠮᠦᠰ ᠪᠤᠯᠤᠨ ᠪᠦᠬᠦ ᠤᠯᠤᠰ ᠤᠨ ᠡᠯ᠎ᠠ ᠭᠠᠵᠠᠷ ᠤᠨ ᠨᠠᠶᠢᠵᠠ ᠨᠠᠷ ᠲᠤ ᠦᠪᠦᠷ ᠮᠤᠩᠭᠤᠯ ᠢ ᠤᠢᠢᠯᠠᠭᠠᠭᠤᠯᠵᠤ᠂ ᠦᠪᠦᠷ ᠮᠤᠩᠭᠤᠯ ᠢ ᠲᠡᠮᠵᠢᠬᠦᠯᠵᠦ᠂ ᠪᠤᠬᠢᠷᠲᠤᠯ ᠦᠭᠡᠢ ᠲᠠᠯ᠎ᠠ ᠨᠤᠲᠤᠭ ᠢ ᠬᠠᠮᠲᠤ ᠪᠠᠷ ᠰᠠᠬᠢᠨ ᠬᠠᠮᠠᠭᠠᠯᠠᠬᠤ ᠶᠢ ᠬᠦᠰᠡᠵᠥ ᠪᠠᠶᠢᠨ᠎ᠠ᠃ ᠦᠪᠦᠷ ᠮᠤᠩᠭᠤᠯ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠶᠡᠷᠦᠩᠭᠡᠢ ᠱᠦᠵᠢ ᠶᠢᠨ ᠦᠪᠦᠷ ᠮᠤᠩᠭᠤᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠵᠤ ᠪᠤᠬᠢᠷᠲᠤᠯ ᠦᠭᠡᠢ ᠬᠦᠭᠵᠢᠯᠲᠠ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢ ᠢᠲᠡᠪᠬᠢᠲᠠᠢ ᠬᠠᠶᠢᠨ ᠰᠦᠪᠡᠭᠴᠢᠯᠡᠵᠤ᠂ ᠡᠭᠡ ᠤᠯᠤᠰ ᠤᠨ ᠤᠮᠠᠷᠠᠲᠦ ᠳᠤ ᠲᠦᠮᠡᠡ ᠭᠠᠵᠠᠷ ᠤᠨ ᠨᠤᠮᠢᠨ ᠨᠤᠭᠤᠭᠠᠠ ᠤᠷᠲᠤ ᠴᠠᠭᠠᠠ ᠭᠡᠷᠡᠮ ᠢ ᠴᠤᠭᠴᠠᠯᠠᠵᠤ ᠪᠠᠶᠢᠨ᠎ᠠ ᠬᠡᠪᠡ᠃      ᠡᠬᠢᠯᠡᠯᠳᠡ ᠶᠢᠨ ᠶᠤᠰᠤᠯᠠᠯ ᠤᠨ ᠲᠠᠷᠠᠭ᠎ᠠ ᠲᠠᠨᠢᠯᠴᠠᠭᠤᠯᠬᠤ ᠬᠤᠷᠠᠯ ᠶᠠᠪᠤᠭᠳᠠᠵᠤ᠂ ᠬᠡᠰᠡᠭ ᠠᠵᠦ ᠠᠬᠤᠢᠢᠯᠠᠯ᠂ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠪᠤᠯᠤᠨ ᠦᠪᠡᠷᠲᠡᠭᠡᠡ ᠵᠠᠰᠬᠠᠤ ᠤᠷᠤᠨ ᠤ ᠵᠠᠰᠠᠭ ᠤᠨ ᠤᠷᠲᠤᠨ ᠤ ᠬᠤᠯᠪᠤᠭᠲᠠᠯ ᠪᠦᠬᠦᠢ ᠬᠠᠷᠢᠭᠤᠴᠠᠯᠭᠠᠲᠠᠠ ᠠᠮᠢ ᠠᠬᠤᠢ ᠤᠷᠴᠢᠨ ᠲᠤᠭᠤᠷᠢᠨ ᠤ ᠰᠡᠷᠭᠦᠭᠡᠯᠳᠡ᠂ ᠡᠯᠡᠰᠦ ᠮᠠᠩᠬ᠎ᠠ ᠶᠢᠨ ᠵᠠᠰᠠᠯᠳᠠ᠂ ᠦᠪᠦᠷ ᠮᠤᠩᠭᠤᠯ ᠤᠨ ᠰᠤᠶᠤᠯ ᠵᠢᠭᠤᠯᠴᠢᠯᠠᠯ᠂ ︽ᠦᠪᠦᠷ ᠮᠤᠩᠭᠤᠯ ᠤᠨ ᠦᠨᠦᠷ ᠠᠮᠳᠠ︾ ᠢᠲᠡᠭᠡᠠ ᠤᠮᠲᠠᠭᠠᠠ ᠤ ᠰᠤᠶᠤᠯ᠂ ᠠᠷᠪᠠᠠ ᠵᠢᠷᠭᠤᠲᠤᠭᠠᠷ ᠬᠤᠭᠤᠴᠠᠭᠠᠠ ᠤ ᠮᠤᠩᠭᠤᠯ ᠦᠨᠲᠦᠰᠦᠲᠡᠡ ᠤ ᠬᠤᠪᠴᠠᠰᠤ ᠵᠠᠰᠠᠯ ᠎ ᠤᠨ ᠤᠷᠠᠯᠢᠭ ᠤᠨ ᠨᠠᠶᠢᠷ ᠵᠢᠴᠢ ᠮᠤᠩᠭᠤᠯ ᠦᠨᠲᠦᠰᠦᠲᠡᠡ ᠤ ᠬᠤᠪᠴᠠᠰᠤ ᠵᠠᠰᠠᠯ ᠤᠨ ᠤᠷᠤᠯᠲᠤᠭᠠᠠ ᠵᠡᠷᠭᠡ ᠠᠭᠤᠯᠭ᠎ᠠ ᠪᠠᠷ ᠲᠤᠰᠬᠠᠢ ᠲᠠᠨᠢᠯᠴᠠᠭᠤᠯᠭ᠎ᠠ ᠬᠢᠭᠰᠡᠨ ᠪᠦᠭᠡᠳ ᠰᠤᠨᠢᠨ ᠮᠡᠲᠡᠭᠡ ᠨᠠᠶᠢᠲᠡᠯᠡᠵᠦ᠂ ᠠᠬᠤᠢ ᠲᠠᠯᠠᠪᠠᠢ ᠳᠤ ᠮᠤᠩᠭᠤᠯ ᠦᠨᠲᠦᠰᠦᠲᠡᠡ ᠤ ᠬᠤᠪᠴᠠᠰᠤ ᠵᠠᠰᠠᠯ ᠤᠨ ᠦᠵᠡᠭᠦᠯᠭᠡ ᠭᠠᠷᠭᠠᠵᠠᠢ᠃      ᠲᠤᠰ ᠡᠲᠦᠷ ᠪᠠᠰᠠ ︽ᠦᠪᠦᠷ ᠮᠤᠩᠭᠤᠯ ᠤᠨ ᠦᠨᠦᠷ ᠠᠮᠳᠠ︾ ᠠᠮᠲᠠᠲᠤ ᠢᠲᠡᠭᠡᠡ ᠢ ᠠᠮᠳᠠᠯᠠᠵᠤ ᠦᠨᠡᠯᠡᠬᠦ᠂ ᠦᠪᠦᠷ ᠮᠤᠩᠭᠤᠯ ᠤᠨ ᠤᠷᠠᠨ ᠰᠠᠶᠢᠬᠠᠨ ᠤ ᠲᠤᠰᠬᠠᠢ ᠲᠤᠭᠯᠠᠯᠲᠠ ᠵᠡᠷᠭᠡ ᠠᠵᠢᠯᠯᠠᠭ᠎ᠠ ᠶᠠᠪᠤᠭᠳᠠᠭᠤᠯᠵᠠᠢ᠃ ︽ᠦᠪᠦᠷ ᠮᠤᠩᠭᠤᠯ ᠤᠨ ᠭᠤᠤᠯ ᠰᠡᠲᠦᠪᠲᠦ ᠠᠵᠢᠯᠯᠠᠭ᠎ᠠ ᠶᠢᠨ ᠡᠲᠦᠷ︾᠎ ᠨᠢ 3 ᠡᠲᠦᠷ ᠶᠠᠪᠤᠭᠲᠠᠵᠦ᠂ ᠡᠨᠡ ᠬᠦ ᠬᠤᠭᠤᠴᠠᠭᠠᠠ ᠳᠤ ᠪᠠᠰᠠ 8 ᠠᠶᠢᠮᠠᠭ ᠬᠤᠲᠠ ᠶᠢ ᠲᠠᠨᠢᠯᠴᠠᠭᠤᠯᠬᠤ ᠠᠵᠢᠯᠯᠠᠭ᠎ᠠ ᠵᠢᠴᠢ ᠤᠯᠠᠭᠠᠠᠮᠦ᠋ᠴᠢᠷ ᠤᠨ ᠲᠤᠰᠬᠠᠢ ᠲᠤᠭᠯᠠᠯᠲᠠ ᠭᠠᠷᠭᠠᠬᠤ ᠪᠤᠯᠤᠨ᠎ᠠ᠃      ᠦᠪᠦᠷ ᠮᠤᠩᠭᠤᠯ ︽ᠦᠵᠡᠰᠭᠦᠯᠡᠩᠳᠤ ᠰᠠᠶᠢᠬᠠᠠ ᠮᠢᠨᠤ ᠨᠤᠲᠤᠭ︾ ᠭᠡᠬᠦ ᠭᠤᠤᠯ ᠰᠡᠲᠦᠪ ᠢᠶᠠᠷ ᠪᠡᠭᠡᠵᠢᠩ ᠤᠨ ᠳᠡᠯᠡᠬᠡᠢ ᠶᠢᠨ ᠴᠡᠴᠡᠷᠯᠢᠭ ᠤᠨ ᠦᠵᠡᠰᠭᠦᠯᠡᠩ ᠤᠨ ᠴᠤᠭᠯᠠᠭᠠᠠ ᠳᠤ ᠤᠷᠤᠯᠴᠠᠵᠦ᠂ ᠲᠤᠮᠲᠠᠲᠤ ᠤᠯᠤᠰ ᠤᠨ ᠤᠷᠲᠤᠨ ᠳᠤ ᠦᠪᠦᠷ ᠮᠤᠩᠭᠤᠯ ᠤᠨ ᠦᠵᠡᠭᠦᠯᠭᠡ ᠶᠢᠨ ᠲᠤᠭᠤᠷᠢᠭ᠂ ᠦᠪᠦᠷ ᠮᠤᠩᠭᠤᠯ ᠤᠨ ᠦᠵᠡᠭᠦᠯᠭᠡ ᠶᠢᠨ ᠬᠦᠷᠢᠶᠡᠯᠡᠩ ᠪᠤᠯᠤᠨ ᠦᠪᠦᠷ ᠮᠤᠩᠭᠤᠯ ᠤᠨ ᠮᠧᠩ ᠼᠤᠤ ᠬᠦᠷᠢᠶᠡᠯᠡᠩ ᠵᠡᠷᠭᠡ ᠭᠤᠷᠪᠠᠠ ᠶᠡᠭᠡ ᠦᠵᠡᠭᠦᠯᠭᠡ ᠶᠢᠨ ᠲᠤᠭᠤᠷᠢᠭ ᠦᠵᠡᠭᠦᠯᠭᠡ ᠶᠢᠨ ᠬᠦᠷᠢᠶᠡᠯᠡᠩ ᠪᠠᠶᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号