ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠤ ᠥᠪᠥᠷ ᠮᠣᠩᠭᠤᠯ ᠤᠨ ᠣᠷᠣᠨ ᠨᠤᠲᠤᠭ ᠤᠨ ᠤᠷᠤᠯᠳᠤᠭᠠᠨ ᠪᠣᠯᠣᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2019/5/20
     5 ᠳ᠋ᠤᠭᠠᠷ ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠤᠳᠠᠯ ᠥᠬᠡᠶ ᠡᠷᠬᠢᠯᠡᠬᠦ ᠭᠡᠵᠦ ᠪᠠᠶᠢᠭ᠎ᠠ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠤ ᠥᠪᠥᠷ ᠮᠣᠩᠭᠤᠯ ᠤᠨ ᠣᠷᠣᠨ ᠨᠤᠲᠤᠭ ᠤᠨ ᠤᠷᠤᠯᠳᠤᠭᠠᠨ ᠪᠣᠯᠣᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠤ ᠬᠤᠯᠪᠣᠭᠳᠠᠯ ᠪᠦᠬᠦᠢ ᠪᠠᠶᠢᠳᠠᠯ ᠢ ᠵᠠᠷᠯᠠᠨ ᠮᠡᠳᠡᠭᠳᠡᠪᠡ᠃      ᠳᠤᠮᠳᠠᠳᠤ ᠤᠯᠤᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠰᠤᠷᠭᠠᠨ ᠬᠦᠮᠦᠵᠢᠯ ᠤᠨ ᠶᠠᠮᠤᠨ᠂ ᠲᠥᠪ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠲᠠ ᠶᠢᠨ ᠵᠥᠪᠯᠡᠯ ᠤᠨ ᠠᠯᠪᠠᠨ ᠭᠡᠷ᠂ ᠪᠦᠬᠦ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠰᠠᠯᠠᠭ᠎ᠠ ᠮᠦᠴᠢᠷ ᠬᠠᠮᠲᠤ ᠪᠠᠷ ᠵᠢᠯᠣᠭᠤᠳᠣᠨ ᠡᠷᠬᠢᠯᠡᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠢᠨᠡᠴᠢᠯᠡᠵᠦ᠂ ᠶᠡᠭᠡ ᠦᠢᠯᠡᠰ ᠢ ᠪᠦᠲᠦᠭᠡᠶ᠎ᠡ︾ ᠭᠡᠳᠡᠭ ᠢᠶᠠᠷ ᠭᠤᠣᠯ ᠰᠡᠳᠦᠪ ᠢᠶᠠᠨ ᠪᠣᠯᠭᠠᠭᠰᠠᠨ ᠪᠦᠬᠦ ᠤᠯᠤᠰ ᠤᠨ ᠴᠢᠨᠠᠷᠲᠠᠢ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠪᠣᠯᠣᠨ᠎ᠠ᠃ ᠳᠤᠮᠳᠠᠳᠤ ᠤᠯᠤᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠤ ᠥᠪᠥᠷ ᠮᠣᠩᠭᠤᠯ ᠤᠨ ᠣᠷᠣᠨ ᠨᠤᠲᠤᠭ ᠤᠨ ᠤᠷᠤᠯᠳᠤᠭᠠᠨ ᠢ 2016 ᠣᠨ ᠳᠤ ᠥᠷᠨᠢᠭᠦᠯᠦᠭᠰᠡᠨ ᠠᠴᠠ ᠨᠠᠭᠠᠰᠢ ᠨᠢᠭᠡᠨᠲᠡ 3 ᠬᠤᠭᠤᠴᠠᠭ᠎ᠠ ᠡᠷᠬᠢᠯᠡᠨ᠂ ᠨᠡᠶᠢᠲᠡ 1100 ᠭᠠᠷᠤᠢ ᠠᠵᠤ ᠠᠬᠤᠶᠢᠯᠠᠯ ᠪᠣᠯᠣᠨ ᠪᠦᠯᠬᠦᠮ ᠨᠡᠶᠢᠲᠡ ᠣᠷᠤᠯᠴᠠᠵᠤ᠂ ᠨᠡᠶᠢᠲᠡ 37 ᠠᠵᠤ ᠠᠬᠤᠶᠢᠯᠠᠯ ᠪᠣᠯᠣᠨ 2 ᠪᠦᠯᠬᠦᠮ ᠨᠡᠶᠢᠲᠡ ᠨᠢ ᠪᠦᠬᠦ ᠤᠯᠤᠰ ᠤᠨ ᠠᠵᠢᠯ ᠲᠥᠷᠥᠯ ᠤᠨ ᠤᠷᠤᠯᠳᠤᠭᠠᠨ ᠳᠤ ᠣᠷᠤᠯᠴᠠᠵᠤ᠂ ᠡᠭᠦᠨ ᠳᠤ 9 ᠠᠵᠤ ᠠᠬᠤᠶᠢᠯᠠᠯ ᠨᠢ ᠤᠯᠤᠰ ᠤᠨ ᠠᠵᠢᠯ ᠲᠥᠷᠥᠯ ᠤᠨ ᠤᠷᠤᠯᠳᠤᠭᠤᠨ ᠤ ᠰᠢᠯᠢᠳᠡᠭ ᠱᠠᠩᠨᠠᠯ ᠢ ᠬᠦᠷᠲᠡᠪᠡ᠃      ᠳᠤᠮᠳᠠᠳᠤ ᠤᠯᠤᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠤ ᠥᠪᠥᠷ ᠮᠣᠩᠭᠤᠯ ᠤᠨ ᠣᠷᠣᠨ ᠨᠤᠲᠤᠭ ᠤᠨ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠭᠤᠤᠯᠯᠠᠨ ᠡᠷᠬᠢᠯᠡᠵᠦ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠰᠣᠯᠢᠯᠴᠠᠭᠠᠨ ᠤ ᠲᠥᠪ ᠳᠠᠭᠠᠭᠠᠴᠢᠯᠠᠨ ᠡᠷᠬᠢᠯᠡᠵᠦ᠂ 6 ᠳ᠋ᠤᠭᠠᠷ ᠰᠠᠷ᠎ᠠ ᠶᠢᠨ ᠳᠤᠮᠳᠠᠴᠢ ᠠᠴᠠ 8 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ ᠶᠠᠪᠤᠭᠳᠠᠨ᠎ᠠ᠃ ᠤᠷᠤᠯᠳᠤᠭᠠᠨ ᠨᠢ ᠠᠩᠬ᠎ᠠ ᠦᠢᠯᠡᠰ ᠴᠣᠭᠴᠠᠯᠠᠵᠤ ᠪᠠᠶᠢᠭ᠎ᠠ ᠠᠵᠤ ᠠᠬᠤᠶᠢᠯᠠᠯ ᠤᠨ ᠳᠤᠭᠤᠶᠢᠯᠠᠩ᠂ ᠦᠰᠦᠨ ᠪᠣᠶᠢᠵᠢᠵᠤ ᠪᠠᠶᠢᠭ᠎ᠠ ᠠᠵᠤ ᠠᠬᠤᠶᠢᠯᠠᠯ ᠤᠨ ᠳᠤᠭᠤᠶᠢᠯᠠᠩ ᠪᠣᠯᠣᠨ ᠪᠦᠯᠬᠦᠮ ᠨᠡᠶᠢᠲᠡ ᠶᠢᠨ ᠠᠵᠤ ᠠᠬᠤᠶᠢᠯᠠᠯ ᠤᠨ ᠳᠤᠭᠤᠶᠢᠯᠠᠩ ᠬᠡᠮᠡᠨ ᠲᠤᠰ ᠲᠤᠰ ᠶᠠᠪᠤᠭᠳᠠᠨ᠎ᠠ᠂ ᠤᠷᠤᠯᠳᠤᠭᠠᠨ ᠳᠤ ᠣᠷᠣᠯᠴᠠᠬᠤ ᠶᠠᠪᠤᠴᠠ ᠶᠢ ᠨᠡᠷ᠎ᠡ ᠮᠡᠳᠡᠭᠦᠯᠦᠯᠲᠡ᠂ ᠠᠩᠬᠠᠨ ᠤ ᠤᠷᠤᠯᠳᠤᠭᠠᠨ᠂ ᠳᠠᠬᠢᠯᠲᠠ ᠤᠷᠤᠯᠳᠤᠭᠠᠨ᠂ ᠰᠢᠶᠳᠪᠦᠷᠢᠲᠦ ᠤᠷᠤᠯᠳᠤᠭᠠᠨ᠂ ᠶᠡᠷᠦᠩᠬᠡᠢ ᠰᠢᠶᠳᠪᠦᠷᠢᠲᠦ ᠤᠷᠤᠯᠳᠤᠭᠠᠨ᠂ ᠲᠤᠰᠢᠶᠠᠯ ᠭᠦᠢᠴᠡᠳᠬᠡᠬᠦ ᠪᠠᠶᠢᠴᠠᠭᠠᠯᠲᠠ᠂ ᠪᠦᠬᠦ ᠤᠯᠤᠰ ᠤᠨ ᠤᠷᠤᠯᠳᠤᠭᠠᠨ ᠳᠤ ᠲᠠᠨᠢᠯᠴᠠᠭᠤᠯᠬᠤ ᠵᠡᠷᠭᠡ ᠭᠤᠭᠴᠤᠭ᠎ᠠ ᠬᠤᠪᠢᠶᠠᠨ᠎ᠠ᠃ ᠶᠡᠭᠡ ᠤᠷᠤᠯᠳᠤᠭᠠᠨ ᠳᠤ ᠮᠠᠩᠯᠠᠶᠢᠯᠠᠭᠰᠠᠨ ᠠᠵᠤ ᠠᠬᠤᠶᠢᠯᠠᠯ ᠪᠣᠯᠤᠨ ᠪᠦᠯᠬᠦᠮ ᠨᠡᠶᠢᠲᠡ ᠨᠢ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠪᠠᠶᠢᠭᠤᠯᠤᠮᠵᠢ ᠶᠢᠨ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠬᠦ ᠠᠴᠠ ᠭᠠᠳᠠᠨ᠎ᠠ ᠪᠠᠰᠠ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠺᠣᠮᠢᠰ ᠠᠴᠠ ᠣᠯᠭᠤᠬᠤ ᠵᠣᠬᠢᠴᠠᠩᠭᠤᠶ ᠱᠠᠩᠨᠠᠯ ᠢ ᠬᠦᠷᠲᠡᠨ᠎ᠡ᠃      ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠣᠯᠣᠭᠠᠶᠢᠯᠠᠨ᠂ ᠠᠯᠠᠱᠠ ᠠᠶᠢᠮᠠᠭ ᠤᠨ ᠵᠠᠬᠢᠷᠭ᠎ᠠ ᠠᠴᠠ ᠡᠷᠬᠢᠯᠡᠭᠰᠡᠨ ᠤᠯᠤᠰ ᠤᠨ ᠲᠤᠰᠬᠠᠢ ᠮᠡᠷᠭᠡᠵᠢᠯ ᠤᠨ ᠤᠷᠤᠯᠳᠤᠭᠠᠨ ᠪᠣᠯᠣᠨ᠎ᠠ᠃ ᠤᠷᠤᠯᠳᠤᠭᠠᠨ ᠨᠢ 6 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠵᠦ ᠨᠡᠷ᠎ᠡ ᠮᠡᠳᠡᠭᠦᠯᠦᠨ᠎ᠡ᠂ ᠠᠩᠬᠠᠨ ᠤ ᠰᠢᠯᠭᠠᠷᠠᠭᠤᠯᠤᠯᠲᠠ ᠨᠢ 8 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠳᠠᠭᠤᠰᠤᠨ᠎ᠠ᠃ ᠳᠠᠬᠢᠯᠲᠠ ᠤᠷᠤᠯᠳᠤᠭᠠᠨ ᠳᠤ ᠣᠷᠤᠯᠴᠠᠬᠤ ᠡᠩᠨᠡᠭᠡ ᠨᠢ 9 ᠳ᠋ᠦ᠋ᠭᠡᠷ ᠰᠠᠷ᠎ᠠ ᠶᠢᠨ ᠰᠡᠭᠦᠯᠴᠢ ᠪᠠᠷ ᠥᠪᠥᠷ ᠮᠣᠩᠭᠤᠯ ᠤᠨ ᠠᠯᠠᠱᠠ ᠠᠶᠢᠮᠠᠭ ᠤᠨ ᠪᠠᠶᠠᠨᠬᠤᠲᠠ ᠳᠤ ᠴᠤᠭᠯᠠᠷᠠᠨ ᠮᠦᠷᠦᠶᠢᠴᠡᠬᠦ ᠪᠣᠯᠣᠨ᠎ᠠ᠃ ᠲᠤᠰ ᠬᠤᠭᠤᠴᠠᠭᠠᠨ ᠤ ᠤᠷᠤᠯᠳᠤᠭᠠᠨ ᠢ ᠰᠢᠨ᠎ᠡ ᠶᠢ ᠡᠭᠦᠳᠦᠭᠰᠡᠨ ᠲᠦᠷᠥᠯ ᠵᠦᠢᠯ ᠪᠣᠯᠣᠨ ᠦᠢᠯᠡᠰ ᠴᠣᠭᠴᠠᠯᠠᠭᠰᠠᠨ ᠲᠥᠷᠥᠯ ᠵᠦᠢᠯ ᠭᠡᠵᠦ ᠬᠤᠶᠠᠷ ᠳᠤᠭᠤᠶᠢᠯᠠᠩ ᠬᠤᠪᠢᠶᠠᠨ᠎ᠠ᠂ ᠨᠡᠷ᠎ᠡ ᠮᠡᠳᠡᠭᠦᠯᠵᠦ ᠤᠷᠤᠯᠳᠤᠭᠤᠨ ᠳᠤ ᠣᠷᠣᠯᠴᠠᠬᠤ ᠲᠥᠷᠥᠯ ᠵᠦᠢᠯ ᠨᠢ ᠤᠯᠤᠰ ᠤᠨ ᠬᠠᠤᠯᠢ ᠳᠦᠷᠢᠮ ᠪᠣᠯᠣᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠵᠦ᠂ ᠡᠵᠡᠩᠨᠡᠯᠲᠡ ᠶᠢᠨ ᠳᠥᠷᠢᠮᠵᠢᠯ᠂ ᠨᠡᠶᠢᠭᠡᠮ ᠤᠨ ᠢᠲᠡᠭᠡᠯ ᠬᠦᠨᠳᠦ ᠰᠠᠶᠢᠨ᠂ ᠡᠷᠡᠭᠦᠯ ᠪᠤᠰᠤ ᠲᠡᠮᠳᠡᠭᠯᠡᠯ ᠦᠭᠡᠢ᠂ ᠭᠤᠷᠪᠠᠳᠡᠬᠢ ᠡᠲᠡᠭᠡᠳ ᠤᠨ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠭᠰᠠᠨ ᠥᠬᠡᠶ ᠪᠠᠶᠢᠬᠤ ᠬᠡᠷᠡᠭᠲᠡᠢ᠃      2017 ᠣᠨ ᠠᠴᠠ ᠡᠬᠢᠯᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠨᠡᠶᠢᠭᠡᠮ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ ᠤ ᠵᠢᠯᠣᠭᠤᠳᠤᠯᠭ᠎ᠠ ᠳᠣᠣᠷ᠎ᠠ᠂ ᠠᠯᠠᠱᠠ ᠠᠶᠢᠮᠠᠭ ᠤᠨ ᠵᠠᠬᠢᠷᠭ᠎ᠠ ᠨᠢ ᠥᠪᠥᠷ ᠮᠣᠩᠭᠤᠯ᠂ ᠬᠥᠬᠡᠨᠠᠭᠤᠷ ᠵᠡᠷᠭᠡ ᠵᠢᠷᠭᠤᠭᠠᠨ ᠮᠣᠵᠢ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠠᠢ ᠬᠤᠯᠪᠣᠭᠠᠯᠠᠨ᠂ ᠠᠯᠠᠱᠠ ᠠᠶᠢᠮᠠᠭ ᠲᠤ ᠬᠤᠶᠠᠷ ᠵᠢᠯ ᠳᠠᠷᠠᠭᠠᠯᠠᠨ ︽ᠪᠦᠬᠦ ᠤᠯᠤᠰ ᠤᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠤᠷᠤᠯᠳᠤᠭᠠᠨ︾᠎ ᠢ ᠠᠮᠵᠢᠯᠲᠠ ᠲᠠᠢ ᠡᠷᠬᠢᠯᠡᠪᠡ᠃ ᠥᠨᠥ ᠵᠢᠯ ᠤᠨ 4 ᠳ᠋ᠦ᠋ᠭᠡᠷ ᠰᠠᠷ᠎ᠠ ᠳᠤ᠂ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠦᠨ ᠦᠶᠯᠡᠰ ᠴᠣᠭᠴᠠᠯᠠᠬᠤ ᠤᠷᠤᠯᠳᠤᠭᠠᠨ ᠨᠢ ᠤᠯᠤᠰ ᠤᠨ ᠤᠷᠤᠯᠳᠤᠭᠠᠨ ᠤ ᠲᠤᠰᠬᠠᠶ ᠮᠡᠷᠭᠡᠵᠢᠯ ᠤᠨ ᠤᠷᠤᠯᠳᠤᠭᠠᠨ ᠤ ᠳᠡᠰ ᠳᠠᠷᠠᠭᠠᠯᠠᠯ ᠳᠤ ᠵᠢᠩᠬᠢᠨᠢ ᠪᠠᠷ ᠳᠠᠩᠰᠠᠯᠠᠭᠳᠠᠵᠤ᠂ ᠣᠷᠣᠨ ᠪᠦᠰᠡ ᠶᠢᠨ ᠴᠢᠨᠠᠷᠲᠠᠶ ᠤᠷᠤᠯᠳᠤᠭᠠᠨ ᠠᠴᠠ ᠪᠠᠨ ᠪᠦᠬᠦ ᠤᠯᠤᠰ ᠤᠨ ᠴᠢᠨᠠᠷᠲᠠᠶ ᠤᠷᠤᠯᠳᠤᠭᠠᠨ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号