ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠤᠷᠢᠶ᠎ᠡ ᠬᠤᠷᠠᠯ ᠬᠤᠷᠠᠯᠲᠤᠭᠤᠯᠵᠦ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠠ ᠤ ᠬᠤᠷᠠᠯ ᠤᠨ ᠪᠦᠬᠦ ᠨᠠᠮ ᠳᠤ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠦᠷᠨᠢᠭᠦᠯᠬᠦ ᠲᠤᠬᠠᠢ ᠬᠤᠯᠪᠤᠭᠲᠠᠯ ᠪᠦᠬᠦᠢ ᠵᠤᠷᠢᠭ ᠰᠠᠨᠠᠭ᠎ᠠ ᠶᠢ ᠤᠯᠠᠮᠵᠢᠯᠠᠠ ᠰᠤᠷᠤᠯᠴᠠᠵᠦ ᠲᠤᠭᠤᠰᠢᠯᠠᠭᠤᠯᠵᠠᠢ
ᠨᠡᠶᠢᠲᠡᠯᠡᠭᠰᠡᠨ ᠴᠠᠭ᠄
2019/5/20
     5 ᠳ᠋ᠤᠭᠠᠷ ᠰᠠᠷ᠎ᠠ ᠶᠢᠨ 17᠎ ᠤ ᠡᠲᠦᠷ᠂ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠲᠤᠭᠤᠯᠵᠦ᠂ 5 ᠳ᠋ᠤᠭᠠᠷ ᠰᠠᠷ᠎ᠠ ᠶᠢᠨ 13᠎ ᠤ ᠡᠲᠦᠷ ᠪᠣᠯᠣᠭᠰᠠᠨ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠠ ᠤ ᠬᠤᠷᠠᠯ ᠤᠨ ᠪᠦᠬᠦ ᠨᠠᠮ ᠳᠤ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠦᠷᠨᠢᠭᠦᠯᠬᠦ ᠲᠤᠬᠠᠢ ᠬᠤᠯᠪᠤᠭᠲᠠᠯ ᠪᠦᠬᠦᠢ ᠵᠤᠷᠢᠭ ᠰᠠᠨᠠᠭ᠎ᠠ ᠶᠢ ᠤᠯᠠᠮᠵᠢᠯᠠᠠ ᠰᠤᠷᠤᠯᠴᠠᠵᠦ᠂ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠠ ᠤ ᠡᠷᠬᠢᠯᠡᠭᠴᠢ ᠯᠢ ᠵᠢᠢ ᠡᡁᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠶᠠᠠ ᠤ ᠭᠠᠵᠠᠷ ᠤᠨ ᠲᠡᠰ ᠠᠴᠠ ᠲᠡᠭᠡᠭᠰᠢᠬᠢ ᠤᠲᠤᠷᠢᠳᠬᠤ ᠺᠠᠳ᠋ᠷ ᠢᠶᠠᠷ ᠭᠤᠤᠯᠲᠠᠯᠭ᠎ᠠ ᠪᠤᠯᠭᠠᠠ᠂ ᠪᠦᠬᠦ ᠨᠠᠮ ᠳᠤ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠦᠷᠨᠢᠭᠦᠯᠬᠦ ᠪᠤᠯ ᠰᠢ ᠶᠢᠨ ᠫᠢᠩ ᠨᠦᠬᠦᠷ ᠎ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠠᠴᠠ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠲᠦ ᠶᠢ ᠶᠡᠷᠦᠩᠭᠡᠶᠢᠯᠡᠨ ᠪᠤᠳᠤᠯᠬᠢᠯᠠᠵᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠤᠯᠤᠨ᠎ᠠ᠃ ᠪᠦᠬᠦ ᠤᠷᠤᠨ ᠤ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠪᠤᠯᠤᠨ ᠦᠷᠭᠡᠡ ᠤᠯᠠᠠ ᠨᠠᠮ ᠤᠨ ᠭᠡᠰᠢᠭᠦᠨ ᠺᠠᠳ᠋ᠷ ︽ᠲᠦᠷᠪᠡᠡ ᠤᠬᠠᠮᠰᠠᠷ︾᠎ ᠢᠶᠠᠨ ᠴᠢᠩᠭᠠᠳᠬᠠᠵᠦ ︽ᠲᠦᠷᠪᠡᠡ ᠢᠲᠡᠭᠡᠯ︾᠎ ᠢᠶᠠᠨ ᠪᠠᠲᠤᠳᠬᠠᠠ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ︽ᠤᠭ ᠰᠠᠨᠠᠭ᠎ᠠ ᠪᠠᠨ ᠦᠯᠦ ᠮᠠᠷᠲᠠᠵᠥ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠦᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠤᠭᠲᠠᠯ ᠢ ᠬᠦᠨᠵᠡᠭᠡᠢ ᠲᠠᠨᠢᠵᠦ᠂ ᠨᠠᠮ ᠤᠨ ᠲᠦᠪ ᠬᠤᠷᠢᠶᠠᠠ ᠤ ᠪᠠᠶᠢᠷᠢᠯᠠᠭᠤᠯᠤᠯᠲᠠ ᠱᠠᠭᠠᠷᠲᠠᠯᠭ᠎ᠠ ᠶᠤᠰᠤᠭᠠᠷ᠂ ᠡᠨᠡ ᠤᠲᠠᠭ᠎ᠠ ᠶᠢᠨ ᠭᠤᠤᠯ ᠰᠡᠲᠦᠪᠲᠦ ᠬᠦᠮᠦᠵᠢᠯ ᠢ ᠨᠠᠷᠢᠨ ᠬᠢᠨᠠᠮᠠᠭᠠᠢ ᠤᠬᠠᠭᠠᠯᠠᠠ ᠯᠠᠪᠲᠠᠭᠤᠨ ᠪᠠᠲᠤᠲᠠᠢ ᠵᠤᠬᠢᠶᠠᠠ ᠪᠠᠶᠢᠭᠤᠯᠤᠨ ᠦᠷᠨᠢᠭᠦᠯᠵᠦ᠂ ᠤᠨᠤᠯ ᠤᠨ ᠰᠤᠷᠤᠯᠴᠠᠯᠭ᠎ᠠ ᠳᠤ ᠪᠠᠨ ᠤᠯᠤᠯᠲᠠ ᠲᠠᠢ᠂ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠬᠦᠮᠦᠵᠢᠯ ᠬᠦᠷᠲᠡᠵᠤ᠂ ᠠᠵᠢᠯ ᠬᠢᠵᠦ ᠦᠢᠯᠡᠰ ᠪᠤᠰᠬᠠᠬᠤ ᠲᠠᠯ᠎ᠠ ᠪᠠᠷ ᠵᠤᠷᠢᠠᠠᠲᠠᠢ ᠪᠠᠷ ᠬᠠᠷᠢᠭᠤᠴᠠᠯᠭ᠎ᠠ ᠡᠬᠦᠷᠭᠡᠯᠡᠨ᠂ ᠠᠷᠠᠳ ᠲᠦᠮᠡᠡ ᠳᠤ ᠦᠢᠯᠡᠴᠢᠯᠡᠨ ᠬᠦᠴᠢᠷ ᠠᠰᠠᠭᠤᠲᠠᠯ ᠎ ᠢ ᠨᠢ ᠰᠢᠢᠳᠪᠦᠷᠢᠯᠡᠵᠤ᠂ ᠠᠷᠢᠭᠤᠨ ᠴᠢᠭᠡᠴᠢ ᠪᠠᠶᠢᠬᠤ ᠲᠠᠯ᠎ᠠ ᠪᠠᠷ ᠦᠯᠢᠭᠡᠷ ᠲᠠᠭᠤᠷᠢᠶᠠᠯ ᠪᠤᠯᠬᠤ ᠬᠠᠷᠠᠯᠲᠠ ᠳᠤ ᠬᠦᠷᠬᠦ ᠶᠢ ᠪᠠᠲᠤᠯᠠᠬᠤ ᠭᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠠ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠪᠤᠯᠤᠨ ᠦᠷᠭᠡᠡ ᠤᠯᠠᠠ ᠨᠠᠮ ᠤᠨ ᠭᠡᠰᠢᠭᠦᠨ ᠺᠠᠳ᠋ᠷ ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠠ ᠤ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠭᠤᠤᠯ ᠰᠡᠲᠦᠪᠲᠦ ᠬᠦᠮᠦᠵᠢᠯ ᠤᠨ ᠲᠤᠬᠠᠢ ᠲᠦᠪ ᠤᠨ ᠪᠠᠶᠢᠷᠢᠯᠠᠭᠤᠯᠤᠯᠲᠠ ᠱᠠᠭᠠᠷᠲᠠᠯᠭ᠎ᠠ ᠶᠢ ᠵᠦᠪ ᠤᠨᠤᠪᠴᠢᠲᠠᠢ ᠤᠢᠢᠯᠠᠭᠠᠵᠦ᠂ ᠤᠨᠴᠠᠭᠠᠢᠢᠯᠠᠨ ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠎ ᠶᠢ ᠬᠦᠨᠵᠡᠭᠡᠢ ᠰᠤᠷᠤᠯᠴᠠᠠ ᠲᠤᠭᠤᠰᠢᠯᠠᠭᠤᠯᠵᠤ᠂ ᠦᠨᠡᠨᠴᠢ ᠰᠢᠳᠤᠷᠭᠤ ᠠᠷᠢᠭᠤᠨ ᠴᠢᠭᠡᠴᠢ ᠡᠬᠦᠷᠭᠡᠯᠡᠯ ᠲᠠᠢ ᠤᠯᠤᠰ ᠲᠦᠷᠦ ᠶᠢᠨ ᠬᠡᠪ ᠴᠢᠨᠠᠷ ᠢ ᠲᠠᠪᠳᠠᠨ ᠪᠤᠯᠪᠠᠰᠤᠷᠠᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠤᠨ ᠳᠠᠭᠠᠭᠤᠯᠵᠤ ᠠᠭᠤᠤ ᠶᠡᠭᠡ ᠬᠦᠰᠡᠯ ᠵᠡᠬᠦᠳᠤ ᠶᠢ ᠪᠡᠶᠡᠯᠡᠬᠦᠯᠬᠦ ᠪᠠᠷ ᠬᠠᠮᠳᠤ ᠪᠠᠷ ᠲᠡᠮᠡᠴᠡᠬᠦ︾ ᠦᠨᠳᠦᠰᠦᠨ ᠡᠬᠦᠷᠭᠡ ᠶᠢ ᠪᠠᠳᠤ ᠡᠵᠡᠮᠳᠡᠵᠤ᠂ ︽ᠤᠭ ᠰᠠᠨᠠᠭ᠎ᠠ ᠪᠠᠨ ᠪᠠᠳᠤ ᠪᠠᠷᠢᠮᠳᠠᠯᠠᠵᠤ᠂ ᠬᠠᠷᠢᠭᠤᠴᠠᠯᠭ᠎ᠠ ᠡᠭᠦᠷᠭᠡᠯᠡᠨ᠂ ᠵᠦᠷᠢᠶ᠎ᠡ ᠪᠠᠨ ᠡᠷᠢᠵᠤ᠂ ᠨᠠᠶᠢᠳᠠᠪᠤᠷᠢᠵᠢᠭᠤᠯᠤᠯᠳᠠ ᠶᠢ ᠠᠳᠬᠤᠬᠤ︾ ᠶᠡᠷᠤᠩᠭᠡᠢ ᠱᠠᠭᠠᠷᠳᠠᠯᠭ᠎ᠠ ᠶᠢ ᠪᠠᠳᠤ ᠡᠵᠡᠮᠳᠡᠵᠦ᠂ ︽ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠢᠩᠭ᠎ᠠ ᠴᠡᠭᠡᠷᠯᠡᠬᠦ ᠶᠢ ᠭᠤᠤᠯ ᠰᠡᠳᠦᠪᠳᠤ ᠬᠦᠮᠦᠵᠢᠯ ᠤᠨ ᠴᠢᠬᠤᠯᠠ ᠠᠭᠤᠯᠭ᠎ᠠ ᠪᠠᠨ ᠪᠤᠯᠭᠠᠵᠤ᠂ ᠨᠠᠮ ᠤᠨ ᠭᠡᠰᠢᠬᠦᠨ ᠺᠠᠳ᠋ᠷ ᠢ ᠬᠦᠮᠦᠵᠢᠬᠦᠯᠤᠨ ᠵᠢᠯᠤᠭᠤᠳᠴᠤ ᠪᠠᠶᠢᠭᠠᠳ ᠨᠠᠮ ᠤᠨ ᠵᠤᠷᠢᠯᠳᠠ ᠶᠢ ᠪᠠᠳᠤ ᠴᠡᠭᠡᠵᠢᠯᠡᠭᠦᠯᠵᠦ᠂ ᠦᠨᠡᠨ ᠠᠴᠠ ᠵᠦᠪ ᠢ ᠡᠷᠢᠬᠦ ᠦᠵᠡᠯ ᠰᠠᠨᠠᠭᠠᠨ ᠤ ᠱᠤᠭᠤᠮ ᠢ ᠪᠠᠷᠢᠮᠳᠠᠯᠠᠨ᠂ ᠵᠦᠪ ᠠᠵᠢᠯ ᠤᠨ ᠪᠦᠲᠦᠮᠵᠢ ᠶᠢᠨ ᠦᠵᠡᠯᠳᠠ ᠶᠢ ᠪᠤᠢ ᠪᠤᠯᠭᠠᠵᠤ᠂ ᠦᠨᠡᠨ ᠬᠦ ᠠᠳᠬᠤᠨ ᠪᠤᠳᠠᠳᠠᠢ ᠠᠵᠢᠯᠯᠠᠵᠤ᠂ ᠰᠤᠷᠳᠠᠯ ᠢᠶᠠᠨ ᠬᠤᠪᠢᠷᠠᠭᠤᠯᠬᠤ︾ ᠪᠠ ︽ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠳᠠ᠂ ᠠᠰᠠᠭᠤᠳᠠᠯ ᠢᠶᠠᠨ ᠪᠠᠶᠢᠴᠠᠭᠠᠨ ᠡᠷᠢᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠤᠭᠤᠰᠢᠯᠠᠭᠤᠯᠬᠤ︾ ᠵᠡᠷᠭᠡ ᠴᠢᠬᠤᠯᠠ ᠱᠠᠭᠠᠷᠳᠠᠯᠭ᠎ᠠ ᠶᠢ ᠪᠠᠳᠤ ᠡᠵᠡᠮᠳᠡᠵᠦ᠂ ᠰᠤᠷᠤᠯᠴᠠᠯᠭ᠎ᠠ ᠬᠦᠮᠦᠵᠢᠯ ᠤᠨ ᠬᠤᠯᠪᠤᠬᠳᠠᠯ ᠪᠦᠬᠦᠢ ᠠᠵᠢᠯ ᠢ ᠪᠤᠳᠠᠳᠠᠢ ᠲᠠᠢ ᠪᠠᠨ ᠤᠶᠠᠯᠳᠤᠭᠤᠯᠵᠤ ᠤᠷᠢᠳᠴᠢᠯᠡᠨ ᠨᠠᠷᠢᠨ ᠬᠢᠨᠠᠮᠠᠭᠠᠢ ᠲᠦᠯᠦᠪᠵᠢᠬᠦᠯᠵᠤ᠂ ᠭᠤᠤᠯ ᠰᠡᠳᠦᠪᠳᠤ ᠬᠦᠮᠦᠵᠢᠯ ᠦᠷᠨᠢᠬᠦᠯᠬᠦ ᠳᠤ ᠬᠦᠢᠴᠡᠳ ᠪᠡᠯᠡᠳᠭᠡᠯ ᠬᠢᠬᠦ ᠭᠡᠷᠡᠭᠳᠠᠢ᠃ ᠡᠯ᠎ᠡ ᠱᠠᠳᠤᠨ ᠤ ᠤᠳᠤᠷᠢᠳᠬᠤ ᠺᠠᠳ᠋ᠷᠴᠤᠳ ᠦᠵᠡᠯ ᠰᠠᠨᠠᠭ᠎ᠠ ᠤᠨᠤᠯ ᠢᠶᠠᠷ ᠵᠠᠪᠰᠡᠭᠯᠡᠬᠦ ᠪᠠᠨ ᠬᠦᠴᠦᠯᠠᠨ ᠴᠢᠩᠭᠠᠳᠬᠠᠵᠤ᠂ ︽ᠦᠵᠡᠯ ᠰᠠᠨᠠᠭ᠎ᠠ ᠪᠠᠨ ᠲᠠᠬᠢᠨᠳᠠ ᠴᠢᠯᠦᠭᠡᠯᠡᠨ ᠰᠢᠨ᠎ᠡ ᠬᠦᠭᠵᠢᠯᠳᠠ ᠶᠢᠨ ᠣᠨᠣᠯᠵᠢᠬᠤᠨ ᠢ ᠪᠠᠳᠤᠳᠠᠢ ᠦᠢᠯᠡᠳᠦᠯᠭᠡᠵᠢᠬᠦᠯᠵᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠦᠷᠨᠢᠬᠦᠯᠬᠦ ᠲᠠᠢ ᠤᠶᠠᠯᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠲᠤᠬᠠᠢ ᠴᠢᠬᠤᠯᠠ ᠶᠠᠷᠢᠶ᠎ᠡ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠤ᠂ ᠤᠢᠢᠯᠠᠭᠠᠯᠳᠠ ᠲᠠᠨᠢᠯᠳᠠ ᠪᠠᠨ ᠬᠦᠨᠵᠡᠭᠡᠶᠢᠷᠠᠬᠦᠯᠤᠨ᠂ ᠵᠠᠩᠭᠢᠯᠠᠭ᠎ᠠ ᠶᠢ ᠨᠢ ᠠᠳᠬᠤᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠳᠤ ᠴᠢᠨᠠᠷ ᠪᠤᠯᠤᠨ ᠡᠷᠡᠰ ᠪᠠᠳᠤ ᠴᠢᠨᠠᠷ ᠢᠶᠠᠨ ᠲᠠᠰᠤᠷᠠᠯᠳᠠ ᠦᠭᠡᠢ ᠴᠢᠩᠭᠠᠳᠬᠠᠨ᠂ ᠭᠤᠤᠯ ᠰᠡᠳᠦᠪᠳᠤ ᠬᠦᠮᠦᠵᠢᠯ ᠢ ᠡᠬᠢᠯᠡᠬᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠵᠤ᠂ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠭᠡᠷᠡᠭᠳᠠᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号