5 ᠳ᠋ᠤᠭᠠᠷ ᠰᠠᠷ᠎ᠡ ᠶᠢᠨ 19 ᠤ ᠡᠳᠦᠷ ᠪᠤᠯ ᠬᠤᠷᠢ ᠶᠢᠰᠦᠳᠡᠬᠢ ᠪᠦᠬᠦ ᠤᠯᠤᠰ ᠤᠨ ᠵᠡᠮᠳᠡᠭᠴᠤᠳ ᠢ | ᠲᠤᠰᠠᠯᠠᠬᠤ ᠡᠳᠦᠷ ᠪᠤᠯᠤᠨ᠎ᠡ᠃ ᠲᠤᠰ ᠡᠳᠦᠷ ᠤᠨ ᠦᠳᠠ ᠶᠢᠨ ᠡᠮᠤᠨ᠎ᠡ᠂ ᠦᠪᠤᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠵᠡᠮᠳᠡᠭᠴᠤᠳ ᠤᠨ ᠠᠵᠢᠯ ᠤᠨ ᠵᠦᠪᠯᠡᠯ᠂ ᠬᠦᠭᠡᠬᠤᠳᠠ ᠶᠢᠨ ᠵᠡᠮᠳᠡᠭᠴᠤᠳ ᠤᠨ ᠠᠵᠢᠯ ᠤᠨ | ᠵᠦᠪᠯᠡᠯ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠮᠳᠡᠭᠴᠤᠳ ᠤᠨ ᠠᠰᠠᠷᠠᠮᠵᠢ ᠶᠢᠨ ᠰᠠᠭᠤᠷᠢ | ᠮᠦᠡᠭᠭᠦᠨ ᠤ ᠨᠡᠶᠢᠭᠡᠮᠯᠢᠭ ᠠᠴᠠ ᠭᠤᠤᠯᠯᠠᠨ ᠡᠷᠬᠢᠯᠡᠵᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠨᠤᠮ ᠤᠨ ᠰᠠᠩ᠂ ᠬᠦᠭᠡᠬᠤᠳᠠ ᠶᠢᠨ ᠵᠡᠮᠳᠡᠭᠴᠤᠳ ᠤᠨ ᠬᠤᠯᠪᠤᠭ᠎ᠠ ᠠᠴᠠ ᠲᠠᠭᠠᠭᠠᠴᠢᠯᠠᠨ ᠡᠷᠬᠢᠯᠡᠭᠰᠡᠨ ᠬᠤᠷᠢ | ᠶᠢᠰᠦᠳᠡᠬᠢ ᠪᠦᠬᠦ ᠤᠯᠤᠰ ᠤᠨ ᠵᠡᠮᠳᠡᠭᠴᠤᠳ ᠢ ᠲᠤᠰᠠᠯᠠᠬᠤ ᠡᠳᠦᠷ ᠤᠨ ᠦᠪᠤᠷ ᠮᠤᠩᠭᠤᠯ ᠤᠨ ᠵᠡᠮᠳᠡᠭᠴᠤᠳ ᠢ | ᠲᠡᠳᠬᠦᠵᠤ ᠵᠡᠮᠳᠡᠭᠴᠤᠳ ᠢ ᠲᠤᠰᠠᠯᠠᠬᠤ ᠰᠢᠷᠢᠰ ᠠᠵᠢᠯᠯᠠᠭ᠎ᠠ ᠬᠦᠭᠡᠬᠤᠳᠠ ᠳᠤ ᠡᠬᠢᠯᠡᠪᠡ᠃ | ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠬᠦᠯᠡᠭᠴᠢ᠂ ᠦᠪᠡᠷᠳᠡᠭᠡᠨ ᠵᠠᠰᠬᠠᠤ ᠤᠷᠤᠨ ᠤ ᠵᠡᠮᠳᠡᠭᠴᠤᠳ ᠢ | ᠲᠤᠰᠠᠯᠠᠬᠤ ᠠᠵᠢᠯ ᠤᠨ ᠵᠦᠪᠯᠡᠯ ᠤᠨ ᠡᠷᠬᠢᠯᠡᠭᠴᠢ ᠡᠸᠤ ᠶᠠᠩ ᠰᠢᠶᠤᠤ ᠬᠤᠢ ᠠᠵᠢᠯᠯᠠᠭ᠎ᠠ ᠳᠤ ᠤᠷᠤᠯᠴᠠᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 7 ᠬᠠᠶᠢᠷ᠎ᠡ ᠬᠠᠯᠠᠮᠵᠢᠳᠤ ᠠᠵᠤ ᠠᠬᠤᠢᠢᠯᠡᠯ ᠦᠪᠡᠷᠳᠡᠭᠡᠨ | ᠵᠠᠰᠬᠠᠤ ᠤᠷᠤᠨ ᠤ ᠵᠡᠮᠳᠡᠭᠴᠤᠳ ᠤᠨ ᠠᠰᠠᠷᠠᠮᠵᠢ ᠶᠢᠨ ᠰᠠᠭᠤᠷᠢ ᠮᠦᠡᠭᠭᠦᠨ ᠤ ᠨᠠᠶᠢᠭᠡᠮᠯᠢᠭ ᠲᠤ ᠨᠡᠶᠢᠳᠠ 36.1 | ᠲᠦᠮᠡᠨ ᠲᠦᠬᠦᠷᠢᠭ ᠤᠨ ᠡᠳ᠋ ᠪᠤᠳᠠᠰ ᠵᠤᠭᠤᠰ ᠮᠦᠡᠭᠭᠦ ᠬᠠᠨᠳᠢᠪᠯᠠᠪᠠ︔ 11 ᠠᠵᠤ ᠠᠬᠤᠢᠢᠯᠡᠯ ᠠᠬᠤᠢ | ᠲᠠᠯᠠᠪᠠᠢ ᠳᠤ ᠠᠵᠢᠯᠳᠠᠨ ᠡᠯᠰᠡᠵᠤ᠂ ᠵᠡᠮᠳᠡᠭᠴᠤᠳ ᠲᠤ ᠠᠵᠢᠯ ᠤᠯᠭᠤᠬᠤ ᠠᠵᠢᠯ ᠤᠨ ᠪᠠᠶᠢᠷᠢ ᠬᠠᠨᠭ᠍ᠭᠠᠪᠠ︔ | ᠦᠪᠡᠷᠳᠡᠭᠡᠨ ᠵᠠᠰᠠᠬᠤ ᠤᠷᠤᠨ ᠤ ᠵᠠᠮᠳᠡᠭᠴᠤᠳ ᠤᠨ ᠬᠤᠯᠪᠤᠭ᠎ᠠ᠂ ᠬᠦᠭᠡᠬᠤᠳᠠ ᠶᠢᠨ ᠵᠡᠮᠳᠡᠭᠴᠤᠳ ᠤᠨ ᠬᠤᠯᠪᠤᠭ᠎ᠠ | ᠬᠦᠭᠡᠬᠤᠳᠠ ᠤᠷᠤᠨ ᠤ ᠵᠡᠮᠳᠡᠭᠴᠤᠳ ᠲᠤ ᠠᠮᠢᠳᠤᠷᠠᠯ ᠤᠨ ᠲᠤᠰᠠᠯᠠᠮᠵᠢ ᠶᠢᠨ ᠪᠠᠭᠠᠵᠢ ᠬᠡᠷᠡᠭᠰᠡᠯ ᠣᠯᠭᠤᠪᠠ︔ | ︽ᠰᠤᠶᠤᠯ ᠢᠶᠠᠷ ᠵᠡᠮᠳᠡᠭᠴᠤᠳ ᠢ ᠲᠤᠰᠠᠯᠠᠵᠤ ᠪᠠᠶᠠᠷ ᠪᠠᠭ᠋ᠠᠳᠤᠯ ᠢ ᠬᠠᠮᠳᠤ ᠪᠠᠷ ᠡᠳ᠋ᠯᠡᠬᠦ︾ ᠬᠠᠷᠠᠭ᠎ᠠ ᠪᠠᠨ | ᠠᠯᠳᠠᠬᠰᠡᠳ ᠲᠤ ᠵᠠᠭᠤᠨ ᠲᠠᠯᠠᠪᠠᠢ ᠺᠢᠨᠣ᠋ ᠲᠠᠶᠢᠯᠪᠤᠷᠢᠯᠡᠬᠤ ᠰᠢᠷᠢᠰ ᠠᠵᠢᠯᠯᠠᠭ᠎ᠠ ᠪᠠᠰᠠ ᠵᠢᠩᠭᠢᠨᠢ ᠪᠠᠷ ᠡᠬᠢᠯᠡᠵᠦ᠂ | ᠲᠤᠬᠠᠢ ᠶᠢᠨ ᠲᠠᠯᠠᠪᠠᠢ ᠳᠤ ᠬᠠᠷᠠᠭ᠎ᠠ ᠪᠠᠨ ᠠᠯᠳᠠᠬᠰᠡᠳ ᠲᠤ ᠠᠩᠬᠠᠳᠤᠭᠠᠷ ᠲᠠᠯᠠᠪᠠᠢ ᠶᠢᠨ ᠺᠢᠨᠣ᠋ ᠶᠢ ᠲᠠᠶᠢᠯᠪᠤᠷᠢᠯᠠᠵᠤ | ᠥᠭᠪᠡ᠃ | ᠤᠢᠢᠯᠠᠭᠠᠬᠰᠡᠨ ᠢᠶᠠᠷ᠂ ᠵᠢᠯ ᠪᠤᠯᠭᠠᠨ ᠤ 5 ᠳ᠋ᠤᠭᠠᠷ ᠰᠠᠷ᠎ᠡ ᠶᠢᠨ 3 ᠳ᠋ᠤᠭᠠᠷ ᠭᠠᠷᠠᠭ ᠤᠨ ᠡᠳᠦᠷ ᠪᠤᠯ ᠪᠦᠬᠦ | ᠤᠯᠤᠰ ᠤᠨ ᠵᠡᠮᠳᠡᠭᠴᠤᠳ ᠢ ᠲᠤᠰᠠᠯᠠᠬᠤ ᠡᠳᠦᠷ ᠪᠤᠯᠤᠨ᠎ᠡ᠂ ᠡᠨᠡ ᠵᠢᠯ ᠤᠨ ᠭᠤᠤᠯ ᠰᠡᠳᠦᠪ ᠪᠤᠯ ︽ᠦᠪᠡᠷ ᠤᠨ | ᠬᠦᠴᠤ ᠪᠠᠷ ᠢᠶᠠᠨ ᠶᠠᠳᠠᠭᠤ ᠠᠴᠠ ᠠᠩᠭᠢᠵᠢᠷᠠᠵᠤ ᠵᠡᠮᠳᠡᠭᠴᠤᠳ ᠢ ᠲᠤᠰᠠᠯᠠᠵᠤ ᠬᠠᠮᠳᠤ ᠪᠠᠷ ᠬᠦᠷᠲᠡᠬᠦ︾ ᠪᠤᠯᠤᠨ᠎ᠡ᠃ | ᠪᠦᠬᠦ ᠤᠷᠤᠨ ᠤ ᠡᠯ᠎ᠡ ᠠᠶᠢᠮᠠᠭ ᠬᠤᠳᠠ ᠡᠯ᠎ᠡ ᠬᠤᠰᠢᠭᠤ ᠰᠢᠶᠠᠨ ᠪᠠᠰᠠ ᠵᠡᠮᠳᠡᠭᠴᠤᠳ ᠢ ᠲᠤᠰᠠᠯᠠᠬᠤ ᠡᠳᠦᠷ ᠤᠨ | ᠬᠤᠭᠤᠴᠠᠭᠠᠨ ᠳᠤ ᠵᠡᠷᠭᠡ ᠪᠠᠷ ᠰᠢᠷᠢᠰ ᠠᠵᠢᠯᠯᠠᠭ᠎ᠠ ᠦᠷᠨᠢᠬᠦᠯᠬᠦ ᠪᠤᠯᠤᠨ᠎ᠡ᠃ |