5 ᠳ᠋ᠤᠭᠠᠷ ᠰᠠᠷ᠎ᠠ ᠶᠢᠨ 17 ᠠᠴᠠ 18 ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ | ᠲᠦᠩᠯᠢᠶᠤᠤ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ᠂ ᠰᠢᠶᠠᠩ ᠪᠠᠯᠭᠠᠰᠤ ᠵᠡᠭᠡᠯᠢ | ᠭᠤᠳᠤᠮᠵᠢ ᠵᠢᠴᠢ ᠰᠠᠭᠤᠭᠠᠯᠢ ᠠᠷᠠᠳ ᠤᠨ ᠨᠡᠶᠢᠭᠡᠮ ᠲᠤᠭᠤᠷᠢᠭ ᠲᠤ ᠬᠦᠨᠵᠡᠭᠡᠶᠢᠷᠡᠵᠦ᠂ ᠶᠡᠭᠡ ᠰᠤᠷᠤᠯᠴᠠᠯᠭ᠎ᠠ ᠶᠡᠭᠡ | ᠶᠠᠷᠢᠯᠴᠠᠭ᠎ᠠ ᠶᠢᠨ ᠠᠵᠢᠯᠯᠠᠭ᠎ᠠ ᠦᠷᠨᠢᠬᠦᠯᠵᠦ᠂ ︽ᠨᠡᠶᠢᠭᠡᠮ ᠤᠨ ᠵᠠᠰᠠᠯᠳᠠ ᠶᠢᠨ ᠪᠠᠶᠢᠭᠤᠯᠤᠮᠵᠢ ᠶᠢᠨ ᠰᠢᠨ᠎ᠠ ᠶᠢ | ᠡᠬᠦᠳᠴᠦ᠂ ᠠᠮᠤᠷ ᠠᠮᠤᠭᠤᠯᠠᠩ ᠥᠪᠦᠷ ᠮᠤᠩᠭᠤᠯ ᠤᠨ ᠪᠠᠶᠢᠭᠤᠯᠤᠯᠳᠠ ᠶᠢ ᠠᠬᠢᠭᠤᠯᠵᠦ᠂ ᠡᠭᠡ ᠤᠯᠤᠰ ᠤᠨ | ᠤᠮᠠᠷᠠᠳᠦ ᠶᠢᠨ ᠠᠮᠤᠷ ᠲᠤᠭᠳᠠᠭᠤᠨ ᠤ ᠬᠠᠯᠬᠠᠪᠴᠢ ᠶᠢ ᠪᠠᠬᠢᠵᠢᠬᠦᠯᠬᠦ︾ ᠲᠤᠬᠠᠢ ᠲᠤᠰᠬᠠᠢ ᠰᠡᠳᠦᠪᠳᠦ ᠪᠠᠶᠢᠴᠠᠭᠠᠨ | ᠰᠤᠳᠤᠯᠤᠯᠳᠠ ᠬᠢᠵᠠᠢ᠃ | ᠯᠢᠨ ᠱᠤᠤ ᠴᠦᠨ ᠤᠷᠢᠳ ᠬᠤᠵᠢᠳ ᠲᠦᠩᠯᠢᠶᠤᠤ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ | ᠬᠤᠷᠢᠶ᠎ᠠ᠂ ᠬᠤᠳᠠ ᠶᠢᠨ ᠳᠤᠳᠤᠭᠠᠳᠦ ᠶᠢ ᠬᠠᠮᠠᠭᠠᠯᠠᠬᠤ ᠲᠤᠪᠴᠢᠶ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠤᠨ ᠠᠵᠢᠯᠯᠠᠭᠠᠨ ᠤ ᠰᠠᠯᠪᠤᠷᠢ ᠠᠩᠬᠢ᠂ ᠬᠤᠷᠴᠢᠨ ᠲᠤᠭᠤᠷᠢᠭ ᠤᠨ ᠬᠤᠤᠯᠢᠨ | ᠲᠤᠮᠢᠯᠠᠬᠰᠠᠨ ᠰᠠᠯᠪᠤᠷᠢ᠂ ᠯᠠᠯᠤ ᠶᠢᠨ ᠵᠡᠭᠡᠯᠢ ᠭᠤᠳᠤᠮᠵᠢ ᠶᠢᠨ ᠪᠸᠢ ᠶᠤᠸᠠᠨ ᠨᠡᠶᠢᠭᠡᠮ ᠲᠤᠭᠤᠷᠢᠭ᠂ ᠠᠵᠤ | ᠠᠬᠤᠢ ᠶᠢᠨ ᠨᠡᠭᠡᠭᠡᠯᠳᠠ ᠶᠢᠨ ᠲᠤᠭᠤᠷᠢᠭ ᠤᠨ ᠯᠢᠶᠤᠤ ᠾᠧ ᠪᠠᠯᠭᠠᠰᠤ ᠶᠢᠨ ᠬᠠᠤᠯᠢ ᠴᠠᠭᠠᠵᠠ ᠶᠢᠨ ᠭᠠᠵᠠᠷ᠂ | ᠬᠤᠳᠠ ᠶᠢᠨ ᠪᠠᠶᠢᠴᠠᠭᠠᠬᠤ ᠬᠤᠷᠢᠶᠠᠨ ᠤ ︽ᠲᠤᠯᠠᠭᠠᠨ · ᠨᠠᠰᠤᠨ ᠳᠤ ᠦᠯᠦ ᠬᠦᠷᠦᠭᠰᠡᠳ ᠤᠨ ᠪᠠᠶᠢᠴᠠᠭᠠᠯᠳᠠ︾ | ᠶᠡᠷᠦᠩᠭᠡᠢ ᠠᠵᠢᠯᠯᠠᠭᠠᠨ ᠤ ᠪᠠᠶᠢᠭᠤᠯᠤᠮᠵᠢ ᠵᠡᠷᠭᠡ ᠭᠠᠵᠠᠷ ᠢᠶᠠᠷ ᠬᠦᠷᠴᠦ᠂ ᠦᠨᠳᠦᠰᠦᠨ ᠱᠠᠳᠤᠨ ᠤ ᠤᠯᠤᠰ ᠲᠦᠷᠦ | ᠬᠠᠤᠯᠢ ᠴᠠᠭᠠᠵᠠ ᠶᠢᠨ ᠺᠠᠳ᠋ᠷ ᠴᠠᠭᠳᠠᠭ᠎ᠠ᠂ ᠲᠤᠬᠠᠢ ᠶᠢᠨ ᠭᠠᠵᠠᠷ ᠤᠨ ᠤᠯᠠᠨ ᠲᠦᠮᠡᠨ ᠲᠠᠢ ᠰᠠᠨᠠᠯ ᠢᠶᠠᠨ ᠬᠦᠨᠵᠡᠭᠡᠢ | ᠰᠤᠯᠢᠯᠴᠠᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ᠂ ᠦᠨᠳᠦᠰᠦᠨ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠴᠤᠬᠴᠠᠯᠠᠯᠳᠠ᠂ ᠵᠦᠷᠢᠴᠡᠯ ᠵᠢᠭᠤᠷᠠᠭᠠᠨ ᠢ ᠰᠢᠭᠰᠢᠨ ᠪᠠᠶᠢᠴᠠᠭᠠᠵᠦ ᠨᠠᠮᠳᠠᠭᠠᠨ ᠰᠢᠢᠳᠪᠤᠷᠢᠯᠡᠬᠦ᠂ | ᠨᠡᠶᠢᠭᠡᠮ ᠲᠤᠭᠤᠷᠢᠭ ᠤᠨ ᠵᠠᠯᠠᠷᠠᠭᠤᠯᠤᠯᠳᠠ᠂ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ | ᠠᠵᠢᠯ ᠢ ᠪᠤᠳᠠᠳᠠᠢ ᠭᠠᠵᠠᠷ ᠲᠤ ᠨᠢ ᠪᠠᠶᠢᠴᠠᠭᠠᠨ ᠰᠤᠳᠤᠯᠪᠠ᠃ ᠯᠢᠨ ᠱᠤᠤ ᠴᠦᠨ ᠵᠢᠭᠠᠵᠤ ᠭᠠᠷᠭᠠᠭᠰᠠᠨ ᠨᠢ᠂ | ᠲᠦᠩᠯᠢᠶᠤᠤ ᠬᠤᠳᠠ ᠶᠢᠨ ᠬᠢᠨ ᠶᠡᠷᠦᠩᠭᠡᠢ ᠱᠦᠵᠢ ᠰᠢ ᠶᠢᠨ ᠫᠢᠩ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠦᠷᠨᠢᠬᠦᠯᠬᠦ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠥᠪᠦᠷ ᠮᠤᠩᠭᠤᠯ | ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠦ᠂ ᠤᠯᠠᠨ | ᠲᠦᠮᠡᠨ ᠤ ᠠᠰᠢᠬ ᠲᠤᠰᠠ ᠳᠤ ᠬᠤᠯᠪᠤᠭᠳᠠᠭᠰᠠᠨ᠂ ᠨᠡᠶᠢᠭᠡᠮ ᠤᠨ ᠠᠮᠤᠷ ᠲᠦᠪᠰᠢᠨ ᠲᠤᠭᠳᠠᠭᠤᠨ ᠢ ᠨᠦᠯᠦᠭᠡᠯᠡᠵᠦ | ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠂ ᠲᠤᠪᠤᠶᠢᠮ᠎ᠠ ᠠᠰᠠᠭᠤᠳᠠᠯ ᠤᠨ ᠲᠤᠭᠤᠷᠢᠨ ᠳᠤ᠂ ᠨᠡᠶᠢᠭᠡᠮ | ᠤᠨ ᠵᠠᠰᠠᠯᠳᠠ ᠶᠢᠨ ᠠᠷᠭ᠎ᠠ ᠭᠡᠯᠪᠡᠷᠢ ᠪᠠ ᠪᠠᠶᠢᠭᠤᠯᠤᠮᠵᠢ ᠶᠢᠨ ᠰᠢᠨ᠎ᠠ ᠶᠢ ᠡᠬᠦᠳᠦᠨ ᠳᠡᠬᠦᠯᠳᠡᠷᠵᠢᠬᠦᠯᠵᠦ᠂ ᠡᠯ᠎ᠠ ᠵᠦᠢᠯ | ᠤᠨ ᠬᠠᠷ᠎ᠠ ᠪᠦᠯᠦᠭᠳᠡᠨ ᠬᠠᠷᠬᠢᠰ ᠬᠦᠴᠦᠨ ᠤ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ | ᠦᠭᠴᠦ᠂ ᠦᠷ᠎ᠠ ᠪᠦᠳᠦᠮᠵᠢ ᠶᠢ ᠬᠦᠢᠴᠡᠳ ᠨᠤᠳᠠᠯᠠᠭᠤᠰᠢᠳᠠᠢ ᠪᠠᠶᠢᠨ᠎ᠠ ᠭᠡᠪᠠ᠃ | ᠯᠢᠨ ᠱᠤᠤ ᠴᠦᠨ ᠴᠢᠬᠤᠯᠠᠴᠢᠯᠠᠭᠰᠠᠨ ᠨᠢ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠤᠨ ᠱᠠᠳᠤᠴᠢ ᠴᠢᠨᠠᠷᠳᠠᠢ ᠬᠠᠷᠠᠯᠳᠠ ᠶᠢ ᠤᠨᠤᠪᠴᠢᠳᠠᠢ ᠡᠵᠡᠮᠳᠡᠵᠦ᠂ ᠬᠦᠴᠦᠯᠡᠴᠡ ᠪᠠᠭᠤᠷᠠᠬᠤ ᠦᠭᠡᠢ᠂ | ᠡᠷᠴᠢᠮ ᠰᠤᠯᠠᠷᠠᠬᠤ ᠦᠭᠡᠢ᠂ ᠰᠦᠪᠡᠭᠴᠢ ᠪᠦᠬᠦᠨ ᠢ ᠳᠤᠳᠤᠯᠠᠬᠤ ᠶᠢ ᠪᠡᠶᠡᠯᠡᠬᠦᠯᠵᠦ᠂ ︽ᠲᠤᠤᠷ ᠢ ᠠᠷᠢᠯᠭᠠᠨ | ᠬᠠᠮᠠᠭᠠᠯᠠᠬᠴᠢ ᠶᠢ ᠡᠪᠳᠡᠬᠦ︾ ᠪᠠ ︽ᠤᠯᠵᠠ ᠶᠢ ᠨᠢ ᠬᠠᠭᠠᠵᠦ ᠬᠦᠴᠦᠨ ᠢ ᠨᠢ ᠰᠦᠢᠷᠡᠬᠦᠯᠬᠦ︾ ᠲᠠᠯ᠎ᠠ ᠪᠠᠷ | ᠦᠷᠬᠦᠯᠵᠢᠯᠡᠨ ᠪᠤᠭᠤᠮᠳᠠ ᠰᠢᠪᠳᠤᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠵᠢᠴᠢ ᠲᠡᠬᠦᠨ ᠤ ︽ᠬᠠᠮᠠᠭᠠᠯᠠᠬᠴᠢ︾ | ᠶᠢ ᠦᠨᠳᠦᠰᠦ ᠠᠴᠠ ᠨᠢ ᠠᠷᠢᠯᠭᠠᠬᠤ ᠭᠡᠷᠡᠭᠲᠡᠢ︔ ᠪᠤᠳᠠᠳᠤ ᠶᠠᠪᠤᠳᠠᠯ ᠢᠶᠠᠷ ᠦᠨᠳᠦᠰᠦᠯᠡᠯ ᠪᠤᠯᠭᠠᠬᠤ᠂ ᠬᠠᠤᠯᠢ | ᠴᠠᠭᠠᠵᠠ ᠪᠠᠷ ᠪᠠᠷᠢᠮᠵᠢᠶ᠎ᠠ ᠪᠤᠯᠭᠠᠬᠤ ᠶᠢ ᠪᠠᠷᠢᠮᠳᠠᠯᠠᠵᠦ᠂ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠭᠡᠷᠡᠭ ᠰᠢᠢᠳᠭᠡᠵᠦ᠂ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠭᠰᠠᠨ ᠦᠷ᠎ᠠ ᠪᠦᠳᠦᠮᠵᠢ ᠴᠠᠭ ᠬᠤᠭᠤᠴᠠᠭ᠎ᠠ ᠪᠠ ᠲᠡᠦᠭᠡ ᠶᠢᠨ | ᠰᠢᠯᠭᠠᠯᠳᠠ ᠶᠢ ᠳᠠᠭᠠᠭᠠᠵᠦ ᠴᠢᠳᠠᠬᠤ ᠶᠢ ᠪᠡᠳᠤᠯᠠᠬᠤ ᠭᠡᠷᠡᠭᠲᠡᠢ︔ ᠰᠢᠨ᠎ᠠ ᠴᠠᠭ ᠦᠶ᠎ᠠ ᠶᠢᠨ ︽ᠹᠧᠩ ᠴᠢᠶᠤᠤ ᠶᠢᠨ | ᠲᠤᠷᠰᠢᠯᠭ᠎ᠠ︾ ᠶᠢᠨ ᠰᠢᠨ᠎ᠠ ᠶᠢ ᠡᠬᠦᠳᠦᠨ ᠬᠦᠭᠵᠢᠬᠦᠯᠵᠦ᠂ ᠵᠦᠷᠢᠴᠡᠯ ᠵᠢᠭᠤᠷᠠᠭᠠᠨ ᠢ ᠤᠯᠠᠨ ᠡᠰᠢᠴᠢᠯᠡᠨ ᠨᠠᠮᠳᠠᠭᠠᠨ | ᠰᠢᠢᠳᠪᠤᠷᠢᠯᠡᠬᠦ ᠲᠤᠭᠳᠠᠴᠠ ᠶᠢ ᠳᠡᠬᠦᠯᠳᠡᠷᠵᠢᠬᠦᠯᠵᠦ᠂ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠪᠠ ᠨᠠᠮ ᠤᠨ | ᠤᠯᠠᠨ ᠲᠦᠮᠡᠨ ᠤ ᠠᠵᠢᠯ ᠤᠨ ᠠᠷᠭ᠎ᠠ ᠶᠢ ᠰᠠᠶᠢᠳᠤᠷ ᠠᠰᠢᠬᠯᠠᠵᠦ᠂ ᠤᠯᠠᠨ ᠲᠦᠮᠡᠨ ᠢ ᠬᠦᠢᠴᠡᠳ ᠢᠳᠡᠭᠡᠵᠦ᠂ | ᠤᠯᠠᠨ ᠲᠦᠮᠡᠨ ᠢ ᠦᠷᠭᠡᠨ ᠢᠶᠠᠷ ᠲᠠᠶᠢᠴᠢᠯᠠᠵᠦ᠂ ᠤᠯᠠᠨ ᠲᠦᠮᠡᠨ ᠳᠤ ᠴᠢᠩᠭ᠎ᠠ ᠲᠦᠰᠢᠭᠯᠡᠵᠦ᠂ ᠦᠨᠳᠦᠰᠦᠨ | ᠱᠠᠳᠤᠨ ᠤ ᠡᠯ᠎ᠠ ᠵᠦᠢᠯ ᠤᠨ ᠵᠦᠷᠢᠴᠡᠯ ᠲᠠᠢ ᠠᠰᠠᠭᠤᠳᠠᠯ ᠢ ᠲᠤᠬᠢᠳᠠᠢ ᠰᠢᠢᠳᠪᠤᠷᠢᠯᠡᠬᠦ ᠭᠡᠷᠡᠭᠲᠡᠢ︔ ᠬᠤᠳᠠ | ᠬᠦᠳᠡᠭᠡ ᠶᠢᠨ ᠵᠠᠰᠠᠯᠳᠠ ᠶᠢᠨ ᠡᠬᠢ ᠪᠠᠶᠠᠯᠢᠭ ᠢ ᠨᠢᠭᠡᠳᠦᠯᠳᠠᠢ ᠲᠦᠯᠦᠪᠵᠢᠬᠦᠯᠵᠦ᠂ ᠡᠯ᠎ᠠ ᠰᠠᠯᠠᠭ᠎ᠠ ᠮᠦᠴᠢᠷ ᠤᠨ | ᠨᠡᠶᠢᠭᠡᠮ ᠤᠨ ᠵᠠᠰᠠᠯᠳᠠ ᠳᠤᠮᠳᠠᠬᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠦᠨᠳᠦᠰᠦᠨ ᠱᠠᠳᠤᠨ ᠤ ᠠᠰᠠᠭᠤᠳᠠᠯ | ᠢ ᠠᠰᠠᠭᠤᠬᠤ ᠬᠦᠮᠦᠨ ᠲᠠᠢ᠂ ᠬᠠᠮᠢᠶᠠᠷᠬᠤ ᠬᠦᠮᠦᠨ ᠲᠠᠢ ᠪᠠᠶᠢᠬᠤ ᠶᠢ ᠪᠠᠳᠤᠯᠠᠵᠦ᠂ ᠬᠠᠮᠳᠤ ᠪᠠᠷ ᠪᠠᠶᠢᠭᠤᠯᠵᠦ | ᠬᠠᠮᠳᠤ ᠪᠠᠷ ᠵᠠᠰᠠᠬᠤ ᠬᠠᠮᠳᠤᠷᠠᠯ ᠬᠦᠴᠦ ᠶᠢ ᠪᠦᠷᠢᠯᠳᠦᠬᠦᠯᠵᠦ᠂ ᠨᠡᠩ ᠦᠨᠳᠦᠷ ᠭᠠᠷᠤᠭ᠎ᠠ ᠠᠴᠠ ᠠᠮᠤᠷ ᠠᠮᠤᠭᠤᠯᠠᠩ | ᠥᠪᠦᠷ ᠮᠤᠩᠭᠤᠯ ᠤᠨ ᠪᠠᠶᠢᠭᠤᠯᠤᠯᠳᠠ ᠶᠢ ᠠᠬᠢᠭᠤᠯᠵᠦ᠂ ᠡᠭᠡ ᠤᠯᠤᠰ ᠤᠨ ᠤᠮᠠᠷᠠᠳᠦ ᠶᠢᠨ ᠠᠮᠤᠷ ᠲᠦᠪᠰᠢᠨ | ᠲᠤᠭᠳᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠪᠠᠬᠢᠵᠢᠬᠦᠯᠬᠦ ᠭᠡᠷᠡᠭᠲᠡᠢ ᠭᠡᠵᠠᠢ᠃ |