ᠥᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠪᠤᠯᠤᠨ ᠲᠠᠢ ᠺᠠᠩ ᠳᠠᠭᠠᠳᠬᠠᠯ ᠤᠨ ᠪᠦᠯᠦᠭᠯᠡᠯ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠲᠦᠭᠦᠪᠴᠢ ᠵᠦᠪᠯᠡᠯᠴᠡᠭᠡᠷ ᠳᠤᠬᠢᠷᠠᠯᠴᠠᠪᠠ  ᠪᠦ᠋ ᠰᠢᠶᠤᠤ ᠯᠢᠨ ᠴᠧᠨ ᠳ᠋ᠦᠩ ᠱᠧᠩ ᠭᠠᠷ ᠤᠨ ᠦᠰᠦᠭ ᠵᠢᠷᠤᠭᠰᠠᠨ ᠢ ᠬᠡᠷᠡᠴᠢᠯᠡᠵᠠᠢ
ᠨᠡᠶᠢᠲᠡᠯᠡᠭᠰᠡᠨ ᠴᠠᠭ᠄
2019/5/21
     5 ᠳ᠋ᠤᠭᠠᠷ ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠲᠠᠢ ᠺᠠᠩ ᠳᠠᠭᠠᠳᠬᠠᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠦᠭᠡᠳ ᠠᠬᠠᠯᠠᠭᠴᠢ ᠭᠦᠢᠴᠡᠳᠬᠡᠭᠴᠢ ᠳᠠᠷᠤᠭ᠎ᠠ ᠴᠧᠨ ᠳ᠋ᠦᠩ ᠱᠧᠩ ᠲᠠᠢ ᠬᠦᠬᠡᠬᠤᠲᠠ ᠳᠤ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠴᠢᠨᠠᠬᠰᠢᠲᠠ ᠭᠦᠨᠵᠡᠭᠡᠶᠢᠷᠡᠭᠦᠯᠬᠦ ᠲᠤᠬᠠᠢ ᠵᠥᠪᠳᠡᠯᠴᠡᠬᠦ ᠶᠢᠨ ᠬᠠᠮᠲᠤ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠪᠤᠯᠤᠨ ᠲᠠᠢ ᠺᠠᠩ ᠳᠠᠭᠠᠳᠬᠠᠯ ᠤᠨ ᠪᠦᠯᠦᠭᠯᠡᠯ ᠤᠨ ᠪᠠᠶᠢᠯᠳᠤᠬᠤ ᠪᠤᠳᠤᠯᠭ᠎ᠠ ᠶᠢᠨ ᠪᠦᠲᠦᠭᠦᠪᠴᠢ ᠵᠦᠪᠯᠡᠯᠴᠡᠭᠡᠷ ᠲᠣᠭᠲᠠᠭᠰᠠᠨ ᠢ ᠭᠡᠷᠡᠴᠢᠯᠡᠪᠠ᠃      ᠪᠦ᠋ ᠰᠢᠶᠤᠤ ᠯᠢᠨ᠂ ᠲᠠᠢ ᠺᠠᠩ ᠳᠠᠭᠠᠳᠬᠠᠯ ᠤᠨ ᠪᠦᠯᠦᠭᠯᠡᠯ ᠤᠨ ᠬᠢᠨ ᠦᠪᠦᠷ ᠮᠤᠩᠭᠤᠯ ᠤᠨ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠲᠡ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠶᠢ ᠳᠡᠮᠵᠢᠵᠦ᠂ ᠦᠪᠦᠷ ᠮᠤᠩᠭᠤᠯ ᠤᠨ ᠴᠢᠨᠠᠷ ᠰᠠᠶᠢᠲᠠᠢ ᠬᠦᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠤ ᠪᠠᠶᠢᠨ᠎ᠠ︔ ᠲᠤᠬᠠᠶᠢᠯᠠᠬᠰᠠᠨ ᠠᠵᠢᠯ ᠤᠨ ᠳᠠᠪᠠᠭᠤᠯᠢᠬ ᠢᠶᠠᠨ ᠭᠦᠢᠴᠡᠳ ᠪᠠᠳᠠᠷᠠᠭᠤᠯᠵᠤ᠂ ᠡᠷᠡᠭᠦᠯ ᠡᠩᠬᠡ ᠦᠪᠦᠷ ᠮᠤᠩᠭᠤᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢ ᠬᠦᠰᠡᠵᠤ ᠪᠠᠶᠢᠨ᠎ᠠ︔ ᠦᠪᠡᠷᠲᠡᠭᠡᠨ ᠵᠠᠰᠠᠬᠤ ᠤᠷᠤᠨ ᠤ ᠠᠵᠤ ᠦᠢᠯᠡᠰ ᠢᠶᠠᠷ ᠶᠠᠳᠠᠭᠤ ᠶᠢ ᠳᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ ᠳᠤ ᠦᠷᠬᠦᠯᠵᠢᠯᠡᠨ ᠤᠷᠤᠯᠴᠠᠵᠤ᠂ ᠦᠪᠦᠷ ᠮᠤᠩᠭᠤᠯ ᠤᠨ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠳᠤᠷ ᠬᠢᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃      ᠴᠧᠨ ᠳ᠋ᠦᠩ ᠱᠧᠩ᠂ ᠮᠠᠨ ᠤ ᠪᠦᠯᠦᠭᠯᠡᠯ ᠤᠨ ᠬᠢᠨ ᠦᠪᠦᠷ ᠮᠤᠩᠭᠤᠯ ᠢ ᠴᠢᠬᠤᠯᠠ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠪᠠ ᠲᠤᠬᠠᠶᠢᠯᠠᠬᠰᠠᠨ ᠠᠵᠢᠯ ᠤᠨ ᠬᠦᠭᠵᠢᠯᠲᠡ ᠶᠢᠨ ᠭᠤᠤᠯᠳᠠᠯᠭ᠎ᠠ ᠲᠠᠢ ᠳᠡᠮᠵᠢᠬᠦ ᠬᠦᠷᠢᠶ᠎ᠡ ᠪᠤᠯᠭᠠᠵᠤ᠂ ᠳᠤᠷᠠᠲᠠᠶ᠎ᠠ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠪᠦᠬᠦ ᠲᠠᠯ᠎ᠠ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠬᠤ ᠶᠢᠨ ᠬᠠᠮᠲᠤ ᠪᠦᠬᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠦ ᠢᠯᠡᠳᠬᠡᠵᠠᠢ᠃      ᠦᠪᠡᠷᠲᠡᠭᠡᠨ ᠵᠠᠰᠠᠬᠤ ᠤᠷᠤᠨ ᠤ ᠤᠷᠤᠨ ᠨᠤᠲᠤᠬ ᠤᠨ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠪᠤᠯᠤᠨ ᠲᠠᠢ ᠺᠠᠩ ᠳᠠᠭᠠᠳᠬᠠᠯ ᠤᠨ ᠪᠦᠯᠦᠭᠯᠡᠯ ᠤᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠤ ᠲᠦᠯᠦᠭᠡᠯᠡᠭᠴᠢ ᠬᠤᠶᠠᠷ ᠲᠠᠯ᠎ᠠ ᠪᠠᠨ ᠲᠦᠯᠦᠭᠡᠯᠡᠨ ᠭᠠᠷ ᠤᠨ ᠦᠰᠦᠭ ᠵᠢᠷᠤᠪᠠ᠃ ᠵᠦᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠤᠷᠲᠤ ᠬᠤᠭᠤᠴᠠᠭᠠᠨ ᠤ᠂ ᠲᠤᠬᠲᠠᠭᠤᠨ᠂ ᠬᠠᠮᠲᠤ ᠪᠠᠷ ᠠᠰᠢᠬ ᠬᠦᠷᠲᠡᠬᠦ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠤᠲᠠᠲᠤ ᠪᠠᠶᠢᠳᠠᠯ ᠲᠠᠢ ᠤᠶᠠᠯᠳᠤᠭᠤᠯᠤᠨ ᠤᠯᠠᠨ ᠶᠠᠩᠵᠤ ᠶᠢᠨ ᠬᠠᠮᠲᠤᠷᠠᠯᠴᠠᠭᠠᠨ ᠤ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠳᠠᠭᠠᠳᠬᠠᠯ᠂ ᠡᠮ ᠡᠮᠨᠡᠯᠭᠡ ᠨᠠᠰᠤᠵᠢᠯ ᠤᠨ ᠠᠰᠠᠷᠠᠮᠵᠢ᠂ ᠳᠠᠭᠠᠳᠬᠠᠯ ᠤᠨ ᠪᠡᠯᠡ ᠮᠦᠩᠭᠦ ᠶᠢᠨ ᠪᠡᠯᠡ ᠤᠷᠤᠭᠤᠯᠤᠯᠲᠠ ᠪᠠ ᠪᠡᠯᠡ ᠬᠤᠷᠠᠮᠳᠤᠭᠤᠯᠭ᠎ᠠ᠂ ᠡᠷᠡᠭᠦᠯ ᠮᠡᠨᠳᠦ ᠪᠠᠷ ᠶᠠᠳᠠᠭᠤ ᠶᠢ ᠳᠡᠳᠬᠦᠬᠦ᠂ ᠢᠨᠲ᠋ᠧᠷ ᠰᠦᠯᠵᠢᠶᠡᠨ ᠤ ᠠᠵᠤ ᠦᠢᠯᠡᠰ ᠵᠡᠷᠭᠡ ᠬᠦᠷᠢᠶᠡᠨ ᠳᠤ ᠬᠠᠮᠲᠤᠷᠠᠯᠴᠠᠭ᠎ᠠ ᠦᠷᠨᠢᠭᠦᠯᠤᠨ᠎ᠠ᠃ ᠡᠭᠦᠨ ᠤ ᠬᠠᠮᠲᠤ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠤᠷᠳᠤ ᠬᠤᠭᠤᠴᠠᠭ᠎ᠠ ᠶᠢᠨ ᠪᠦᠲᠦᠮᠵᠢᠳᠠᠢ ᠬᠠᠮᠲᠤᠷᠠᠯᠴᠠᠭᠠᠨ ᠤ ᠲᠤᠬᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠡᠳᠬᠡᠨ ᠭᠦᠨᠵᠡᠭᠡᠶᠢᠷᠡᠭᠦᠯᠵᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭ ᠬᠦᠷᠳᠡᠵᠦ᠂ ᠬᠠᠮᠲᠤ ᠪᠠᠷ ᠬᠦᠭᠵᠢᠬᠦ ᠪᠤᠯᠤᠨ᠎ᠠ᠃      ᠦᠪᠡᠷᠲᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠵᠥᠪᠳᠡᠯᠴᠡᠭᠡᠷ ᠵᠢᠴᠢ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号