ᠯᠢ ᠵᠢᠢ ᠡᡁᠧᠩ ᠳᠤᠮᠳᠠᠳᠤ ᠤᠯᠤᠰ ᠲᠤ ᠰᠠᠭᠤᠭ᠎ᠠ ᠢᠰᠷᠧᠯ ᠤᠨ ᠡᠯᠴᠢᠨ ᠰᠠᠶᠢᠳ ᠡᡁᠧ ᠽᠧ ᠸᠧᠢ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2019/5/21
    5 ᠳ᠋ᠤᠭᠠᠷ ᠰᠠᠷ᠎ᠠ ᠶᠢᠨ 20᠎ ᠤ ᠡᠳᠤᠷ ᠤᠨ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠬᠦᠬᠡᠬᠤᠳᠠ ᠳᠤ ᠳᠤᠮᠳᠠᠳᠤ ᠤᠯᠤᠰ ᠲᠤ ᠰᠠᠭᠤᠭ᠎ᠠ ᠢᠰᠷᠧᠯ ᠤᠨ ᠡᠯᠴᠢᠨ ᠰᠠᠶᠢᠳ ᠡᡁᠧ ᠽᠧ ᠸᠧᠢ ᠲᠠᠢ ᠠᠭᠤᠯᠵᠠᠪᠠ᠃      5 ᠳ᠋ᠤᠭᠠᠷ ᠰᠠᠷ᠎ᠠ ᠶᠢᠨ 20᠎ ᠤ ᠡᠳᠤᠷ ᠤᠨ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠱᠦᠵᠢ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠡᡁᠧᠩ ᠬᠦᠬᠡᠬᠤᠳᠠ ᠳᠤ ᠳᠤᠮᠳᠠᠳᠤ ᠤᠯᠤᠰ ᠲᠤ ᠰᠠᠭᠤᠭ᠎ᠠ ᠢᠰᠷᠧᠯ ᠤᠨ ᠡᠯᠴᠢᠨ ᠰᠠᠶᠢᠳ ᠡᡁᠧ ᠽᠧ ᠸᠧᠢ ᠲᠠᠢ ᠠᠭᠤᠯᠵᠠᠪᠠ᠃      ᠯᠢ ᠵᠢᠢ ᠡᡁᠧᠩ ᠡᠩ ᠲᠠᠷᠢᠬᠦᠨ ᠳᠤ ᠡᡁᠧ ᠽᠧ ᠸᠧᠢ ᠨᠠᠷ ᠤᠨ ᠦᠪᠤᠷ ᠮᠤᠩᠭᠤᠯ ᠳᠤ ᠠᠶᠢᠯᠴᠢᠯᠠᠬᠤ ᠪᠠᠷ ᠢᠷᠡᠭᠰᠡᠨ ᠢ ᠪᠠᠶᠠᠷᠯᠠᠨ ᠤᠬᠳᠤᠵᠤ᠂ ᠦᠪᠡᠷᠳᠡᠬᠡᠨ ᠵᠠᠰᠠᠬᠤ ᠤᠷᠤᠨ ᠤ ᠦᠨᠳᠤᠰᠤᠨ ᠪᠠᠶᠢᠳᠠᠯ ᠪᠤᠯᠤᠨ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠪᠠᠶᠢᠳᠠᠯ ᠢ ᠲᠦᠬᠦᠮ ᠲᠡᠨᠢᠯᠴᠠᠭᠤᠯᠪᠠ᠃ ᠲᠡᠷᠡ᠂ ᠢᠰᠷᠧᠯ ᠢ ᠪᠠᠭᠳᠠᠭᠠᠬᠰᠠᠨ ︽ᠨᠢᠬᠡ ᠪᠦᠰᠠ ᠨᠢᠬᠡ ᠵᠠᠮ︾ ᠲᠠᠭᠠᠤ ᠶᠢᠨ ᠤᠯᠤᠰ ᠪᠤᠯᠤᠨ ᠭᠠᠵᠠᠷ ᠤᠷᠤᠨ ᠯᠤᠭ᠎ᠠ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠬᠤ ᠪᠤᠯ ᠦᠪᠤᠷ ᠮᠤᠩᠭᠤᠯ ᠤᠨ ᠭᠠᠳᠠᠭᠠᠳᠤ ᠨᠡᠭᠡᠭᠡᠯᠳᠡ ᠶᠢᠨ ᠰᠢᠨ᠎ᠠ ᠪᠠᠶᠢᠷᠢᠰᠢᠯ ᠎ ᠤᠨ ᠴᠢᠬᠤᠯᠠ ᠪᠦᠷᠢᠯᠳᠤᠬᠦᠨ ᠭᠡᠰᠡᠭ ᠪᠤᠯᠤᠨ᠎ᠠ᠃ ᠪᠢᠳᠠ ᠲᠤᠷᠠᠳᠠᠶ᠎ᠠ ᠢᠰᠷᠧᠯ ᠤᠨ ᠲᠠᠯ᠎ᠠ ᠶᠢᠨ ᠬᠢᠨ ᠲᠠᠢ ᠬᠠᠮᠳᠤ ᠪᠠᠷ ᠴᠢᠷᠮᠠᠶᠢᠨ ᠳᠤᠮᠳᠠᠳᠤ ᠢᠰᠷᠧᠯ ᠬᠤᠶᠠᠷ ᠤᠯᠤᠰ ᠤᠨ ᠤᠳᠤᠷᠢᠳᠬᠤ ᠬᠦᠮᠤᠨ ᠤ ᠲᠤᠬᠢᠷᠠᠯᠴᠠᠬᠰᠠᠨ ᠴᠢᠬᠤᠯᠠ ᠬᠠᠮᠳᠤ ᠶᠢᠨ ᠲᠠᠨᠢᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠬᠡ ᠪᠦᠰᠠ ᠨᠢᠬᠡ ᠵᠠᠮ︾᠎ ᠢ ᠬᠠᠮᠳᠤ ᠪᠠᠷ ᠪᠦᠳᠤᠬᠡᠨ ᠪᠠᠶᠢᠭᠤᠯᠬᠤ ᠲᠡᠤᠬᠡᠨ ᠠᠵᠠ ᠲᠤᠬᠢᠶᠠᠯ ᠢ ᠰᠠᠶᠢᠳᠤᠷ ᠡᠵᠡᠮᠳᠡᠵᠦ ᠰᠠᠶᠢᠳᠦᠷ ᠠᠰᠢᠬᠯᠠᠵᠤ᠂ ᠰᠤᠶᠤᠯ ᠢᠷᠬᠡᠨᠰᠢᠯ ᠤᠨ ᠰᠤᠯᠢᠯᠴᠠᠭ᠎ᠠ ᠪᠠᠨ ᠴᠢᠨᠠᠬᠰᠢᠳᠠ ᠨᠢᠬᠳᠠᠷᠠᠭᠤᠯᠤᠨ᠂ ᠮᠠᠯ ᠠᠵᠤ ᠠᠬᠤᠢ ᠲᠠᠷᠢᠶᠠᠯᠠᠩ᠂ ᠰᠢᠨ᠎ᠠ ᠡᠨᠧᠷᠬᠢ᠂ ᠵᠢᠭᠤᠯᠴᠢᠯᠠᠯ᠂ ᠰᠤᠷᠭᠠᠨ ᠬᠦᠮᠤᠵᠢᠯ᠂ ᠡᠮ ᠡᠮᠨᠡᠯᠬᠡ ᠵᠡᠷᠬᠡ ᠲᠠᠯ᠎ᠠ ᠶᠢᠨ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠲᠠᠪᠠᠭᠤᠯᠢᠬ ᠢᠶᠠᠨ ᠬᠠᠷᠢᠯᠴᠠᠨ ᠨᠦᠬᠦᠪᠤᠷᠢᠯᠠᠬᠦ᠂ ᠬᠠᠷᠢᠯᠴᠠᠨ ᠠᠰᠢᠬᠳᠠᠢ ᠬᠠᠮᠳᠤ ᠪᠠᠷ ᠠᠰᠢᠬ ᠬᠦᠷᠳᠡᠬᠦ ᠶᠢ ᠪᠡᠶᠡᠯᠡᠬᠦᠯᠬᠦ ᠶᠢ ᠠᠬᠢᠭᠤᠯᠤᠨ᠎ᠠ᠃ ᠡᠯᠴᠢᠨ ᠰᠠᠶᠢᠳ ᠠᠪᠤᠭᠠᠢ ᠪᠤᠯᠤᠨ ᠳᠤᠮᠳᠠᠳᠤ ᠤᠯᠤᠰ ᠲᠤ ᠰᠠᠭᠤᠭ᠎ᠠ ᠢᠰᠷᠧᠯ ᠤᠨ ᠡᠯᠴᠢᠨ ᠰᠠᠶᠢᠳ ᠤᠨ ᠶᠠᠮᠤᠨ ᠤ ᠬᠢᠨ ᠢᠳᠡᠪᠬᠢᠳᠠᠢ ᠪᠠᠷ ᠬᠦᠬᠦᠷᠭᠡ ᠬᠤᠯᠪᠤᠭᠠᠰᠤ ᠪᠤᠯᠵᠤ᠂ ᠦᠪᠤᠷ ᠮᠤᠩᠭᠤᠯ ᠪᠤᠯᠤᠨ ᠢᠰᠷᠧᠯ ᠤᠨ ᠡᠯ᠎ᠠ ᠬᠦᠷᠢᠶᠠᠨ ᠤ ᠰᠤᠯᠢᠯᠴᠠᠭ᠎ᠠ ᠬᠠᠮᠳᠤᠷᠠᠯᠴᠠᠭ᠎ᠠ ᠎ ᠶᠢ ᠬᠦᠨᠵᠡᠬᠡᠶᠢᠷᠡᠬᠦᠯᠤᠨ ᠠᠬᠢᠭᠤᠯᠬᠤ ᠶᠢ ᠬᠦᠰᠡᠵᠤ ᠪᠠᠶᠢᠨ᠎ᠠ ᠬᠡᠪᠡ᠃      ᠡᡁᠧ ᠽᠧ ᠸᠧᠢ ᠦᠪᠤᠷ ᠮᠤᠩᠭᠤᠯ ᠤᠨ ᠬᠢᠨ ᠤ ᠬᠠᠯᠠᠭᠤᠨ ᠢᠶᠠᠷ ᠤᠭᠳᠤᠵᠤ ᠵᠤᠴᠢᠯᠠᠬᠰᠠᠨ ᠳᠤ ᠲᠠᠯᠠᠷᠬᠠᠪᠠ᠃ ᠲᠡᠷᠡ᠂ ᠦᠪᠤᠷ ᠮᠤᠩᠭᠤᠯ ᠳᠤ ᠠᠩᠬ᠎ᠠ ᠤᠳᠠᠭ᠎ᠠ ᠠᠯᠪᠠᠨ ᠶᠤᠰᠤᠨ ᠤ ᠠᠶᠢᠯᠴᠢᠯᠠᠯᠳᠠ ᠬᠢᠵᠤ ᠮᠠᠰᠢ ᠰᠠᠶᠢᠨ ᠲᠦᠷᠦᠭᠳᠡᠯ ᠪᠣᠯᠪᠠ᠃ ᠢᠰᠷᠧᠯ ᠳᠤᠮᠳᠠᠳᠤ ᠬᠤᠶᠠᠷ ᠤᠯᠤᠰ ᠤᠨ ᠬᠤᠭᠤᠷᠤᠨᠳᠤ ᠮᠠᠰᠢ ᠤᠯᠠᠨ ᠠᠳᠠᠯᠢᠪᠳᠤᠷ ᠭᠠᠵᠠᠷ ᠪᠠᠶᠢᠨ᠎ᠠ᠂ ᠬᠤᠶᠠᠷ ᠤᠯᠤᠰ ᠤᠨ ᠵᠠᠰᠠᠬ ᠤᠨ ᠤᠷᠳᠤᠨ᠂ ᠠᠵᠤ ᠠᠬᠤᠢᠢᠯᠠᠯ᠂ ᠠᠷᠠᠳ ᠤᠨ ᠬᠤᠭᠤᠷᠤᠨᠳᠤᠬᠢ ᠡᠯ᠎ᠠ ᠲᠠᠪᠬᠤᠷᠭ᠎ᠠ ᠳᠤ ᠴᠦᠮ ᠦᠷᠬᠡᠨ ᠲᠡᠯᠬᠡᠷ ᠰᠤᠯᠢᠯᠴᠠᠭ᠎ᠠ ᠦᠷᠨᠢᠬᠦᠯᠵᠤ᠂ ᠮᠠᠰᠢ ᠰᠠᠶᠢᠨ ᠠᠮᠵᠢᠯᠳᠠ ᠪᠦᠳᠤᠮᠵᠢ ᠤᠯᠵᠠᠢ ᠬᠡᠪᠡ᠃ ᠲᠡᠷᠡ᠂ ᠢᠰᠷᠧᠯ ᠳᠤᠮᠳᠠᠳᠤ ᠬᠤᠶᠠᠷ ᠤᠯᠤᠰ ᠰᠢᠨ᠎ᠠ ᠶᠢ ᠡᠬᠦᠳᠬᠦ ᠪᠦᠬᠦ ᠲᠠᠯ᠎ᠠ ᠶᠢᠨ ᠬᠠᠨᠢᠳᠠᠨ ᠤ ᠬᠠᠷᠢᠯᠴᠠᠭ᠎ᠠ ᠪᠠᠶᠢᠭᠤᠯᠵᠤ᠂ ᠬᠤᠶᠠᠷ ᠲᠠᠯ᠎ᠠ ᠶᠢᠨ ᠬᠠᠮᠳᠤᠷᠠᠯᠴᠠᠭᠠᠨ ᠤ ᠲᠠᠯᠳᠠ ᠬᠦᠴᠤᠨ ᠯᠤᠳᠤ ᠶᠡᠭᠡ ᠪᠠᠶᠢᠨ᠎ᠠ᠃ ᠦᠪᠤᠷ ᠮᠤᠩᠭᠤᠯ ᠯᠤᠭ᠎ᠠ ᠶᠢᠨ ᠰᠤᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠨᠡᠩ ᠤᠯᠠᠨ ᠬᠦᠷᠢᠶᠠᠨ ᠤ ᠬᠠᠮᠳᠤᠷᠠᠯᠴᠠᠭ᠎ᠠ ᠪᠠᠨ ᠦᠷᠬᠡᠳᠬᠡᠬᠦ ᠪᠡ ᠬᠦᠨᠵᠡᠬᠡᠶᠢᠷᠡᠬᠦᠯᠵᠤ᠂ ᠪᠤᠳᠠᠳᠠᠢ ᠶᠢ ᠡᠷᠬᠢᠮᠯᠡᠭᠰᠡᠨ ᠦᠷ᠎ᠠ ᠪᠦᠳᠤᠮᠵᠢ ᠤᠯᠬᠤ ᠎ ᠶᠢ ᠬᠦᠰᠡᠵᠤ ᠪᠠᠶᠢᠨ᠎ᠠ ᠬᠡᠪᠡ᠃ ᠬᠤᠶᠠᠷ ᠲᠠᠯ᠎ᠠ ᠪᠠᠷ ᠢᠶᠠᠨ ᠪᠠᠰᠠ ᠪᠦᠳᠤᠮᠵᠢᠳᠠᠢ ᠪᠠᠷ ᠨᠡᠪᠲᠡᠷᠡᠯᠴᠡᠨ ᠵᠤᠯᠭᠠᠯᠴᠠᠬᠤ ᠲᠤᠭᠳᠠᠴᠠ ᠶᠢ ᠪᠠᠶᠢᠭᠤᠯᠵᠤ᠂ ᠲᠦᠷᠤᠯ ᠵᠦᠢᠯ ᠤᠨ ᠬᠠᠮᠳᠤᠷᠠᠯᠴᠠᠭᠠᠨ ᠤ ᠯᠠᠪᠳᠠᠭᠤᠨ ᠢᠶᠠᠷ ᠠᠬᠢᠬᠤ ᠶᠢ ᠪᠠᠳᠤᠯᠠᠬᠤ ᠲᠤᠭᠤᠷᠢᠨ ᠳᠤ ᠰᠠᠨᠠᠯ ᠢᠶᠠᠨ ᠰᠤᠯᠢᠯᠴᠠᠪᠠ᠃      ᠦᠪᠡᠷᠳᠡᠬᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠭᠤᠯᠵᠠᠯᠳᠠ‌‍ᠳᠥ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号