5 ᠡᠳᠤᠷ ᠦᠷᠭᠦᠯᠵᠢᠯᠡᠭᠰᠡᠨ ᠠᠷᠪᠠᠨ ᠳᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ︵ᠱᠧᠨᠵᠧᠨ︶ | ᠤᠨ ᠤᠯᠠᠨ ᠤᠯᠤᠰ ᠤᠨ ᠰᠤᠶᠤᠯ ᠤᠨ ᠠᠵᠤ ᠦᠢᠯᠡᠰ ᠤᠨ ᠦᠵᠡᠰᠭᠦᠯᠡᠩ ᠤᠨ ᠠᠷᠠᠯᠵᠢᠶᠠᠨ ᠤ ᠴᠤᠭᠯᠠᠭᠠᠨ 5 | ᠳ᠋ᠤᠭᠠᠷ ᠰᠠᠷ᠎ᠠ ᠶᠢᠨ 20 ᠤ ᠡᠳᠤᠷ ᠠᠮᠵᠢᠯᠳᠠ ᠲᠠᠢ ᠦᠨᠳᠦᠷᠯᠡᠪᠡ᠃ ᠮᠠᠨ ᠤ ᠤᠷᠤᠨ ᠤ 50 ᠭᠠᠷᠤᠢ ᠠᠵᠤ | ᠠᠬᠤᠢᠢᠯᠠᠯ ᠴᠤᠭᠯᠠᠭᠠᠨ ᠳᠤ ᠤᠷᠤᠯᠴᠠᠵᠤ ᠳᠠᠯ᠎ᠠ ᠨᠤᠳᠤᠭ ᠤᠨ ᠰᠤᠶᠤᠯ ᠢ ᠳᠡᠯᠡᠭᠡᠢ ᠳᠤ ᠳᠠᠨᠢᠭᠤᠯᠵᠤ᠂ ᠨᠡᠶᠢᠳᠡ | 9100 ᠭᠠᠷᠤᠢ ᠲᠦᠮᠡᠨ ᠲᠦᠭᠦᠷᠢᠭ ᠤᠨ 75 ᠲᠦᠷᠦᠯ ᠵᠦᠢᠯ ᠳᠤ ᠰᠠᠨᠠᠮᠵᠢ ᠶᠢᠨ ᠴᠢᠨᠠᠷᠳᠠᠢ ᠬᠠᠮᠳᠤᠷᠠᠯᠴᠠᠭ᠎ᠠ | ᠲᠤᠭᠳᠠᠵᠤ ᠭᠠᠨᠵᠤᠭ᠎ᠠ ᠲᠦᠭᠦᠷᠡᠩ ᠪᠤᠴᠠᠬᠤ ᠪᠤᠯᠤᠯ᠎ᠠ᠃ | ᠲᠤᠰ ᠤᠳᠠᠭ᠎ᠠ ᠶᠢᠨ ᠴᠤᠭᠯᠠᠭᠠᠨ ᠳᠤ ᠮᠠᠨ ᠤ ᠤᠷᠤᠨ ᠤ ᠠᠵᠤ ᠠᠬᠤᠢᠢᠯᠠᠯ ᠤᠳ ᠳᠠᠯ᠎ᠠ ᠨᠤᠳᠤᠭ ᠤᠨ | ᠰᠤᠶᠤᠯ ᠤᠨ ᠡᠯᠪᠡᠭ ᠠᠭᠤᠯᠬᠤᠨ ᠬᠢᠬᠡᠳ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠤ ᠦᠢᠯᠡᠰ ᠤᠨ | ᠦᠷ᠎ᠡ ᠪᠦᠳᠦᠮᠵᠢ ᠶᠢ ᠳᠡᠯᠭᠡᠨ ᠦᠵᠡᠭᠦᠯᠦᠭᠰᠡᠨ ᠪᠠᠶᠢᠨ᠎ᠠ᠃ ᠮᠠᠨ ᠤ ᠤᠷᠤᠨ ᠤ ᠡᠯ᠎ᠡ ᠠᠶᠢᠮᠠᠭ ᠬᠤᠳᠠ ᠶᠢᠨ ᠬᠢᠨ | ᠰᠤᠶᠤᠯ ᠤᠨ ᠡᠬᠢ ᠰᠤᠷᠪᠤᠯᠵᠢ᠂ ᠵᠢᠭᠤᠯᠴᠢᠯᠠᠯ ᠤᠨ ᠡᠬᠢ ᠰᠤᠷᠪᠤᠯᠵᠢ ᠵᠢᠴᠢ ᠤᠷᠤᠨ ᠨᠤᠳᠤᠭ ᠤᠨ ᠤᠨᠴᠠᠯᠢᠭ ᠪᠠ | ᠦᠨᠳᠦᠰᠦᠲᠡᠨ ᠤ ᠤᠨᠴᠠᠯᠢᠭ ᠲᠠᠢ ᠰᠤᠶᠤᠯ ᠤᠨ ᠪᠦᠳᠦᠭᠡᠭᠳᠡᠭᠦᠨ ᠢᠶᠠᠨ ᠳᠡᠯᠭᠡᠨ ᠦᠵᠡᠭᠦᠯᠵᠠᠢ᠃ ᠠᠯᠠᠱᠠ ᠠᠶᠢᠮᠠᠭ | ᠤᠨ ᠪᠦᠳᠦᠭᠡᠯᠴᠢ ᠰᠤᠶᠤᠯ ᠤᠨ ᠲᠦᠯᠦᠭᠡᠯᠡᠭᠴᠢ ᠶᠢᠨ ᠪᠦᠯᠬᠦᠮ ᠤᠨ ︽ᠬᠠᠨ ᠳᠡᠭᠷᠢ ᠶᠢᠨ ᠪᠡᠯᠡᠭ︾ ᠭᠤᠤᠯ | ᠰᠡᠳᠦᠪᠳᠤ ᠰᠤᠶᠤᠯ ᠤᠨ ᠪᠦᠳᠦᠭᠡᠭᠳᠡᠭᠦᠨ ᠨᠢ ᠤᠯᠤᠰ ᠤᠨ ᠳᠤᠳᠤᠭᠠᠳᠤ ᠭᠠᠳᠠᠭᠠᠳᠤ ᠶᠢᠨ ᠵᠤᠴᠢᠳ ᠤᠨ ᠠᠩᠬᠠᠷᠤᠯ ᠢ | ᠳᠠᠳᠠᠯ᠎ᠠ︔ ᠤᠷᠳᠤᠰ ᠬᠤᠳᠠ ᠶᠢᠨ ᠲᠦᠯᠦᠭᠡᠯᠡᠭᠴᠢ ᠶᠢᠨ ᠪᠦᠯᠬᠦᠮ ᠨᠢ ᠺᠢᠨᠣ᠋ ᠺᠠᠷᠲ᠋ᠤᠨ · ᠤᠶᠤᠨᠴᠢ ᠷᠠᠳᠢᠣ᠋ ᠲᠧᠯᠸᠢᠰ | ᠤᠨ ᠤᠷᠳᠤᠨ ᠳᠤ ᠳᠤᠰᠬᠠᠢ ᠦᠵᠡᠭᠦᠯᠭᠡ ᠶᠢᠨ ᠲᠢᠩᠬᠢᠮ ᠭᠠᠷᠭᠠᠵᠤ᠂ ᠤᠷᠳᠤᠰ ᠬᠤᠳᠠ ᠶᠢᠨ 26 ᠭᠤᠤᠯᠳᠠᠯᠭᠠᠳᠤ | ᠵᠢᠭᠤᠯᠴᠢᠯᠠᠯ ᠤᠨ ᠠᠵᠤ ᠠᠬᠤᠢᠢᠯᠠᠯ ᠬᠢᠬᠡᠳ ᠵᠢᠭᠤᠯᠴᠢᠯᠠᠯ ᠤᠨ ᠳᠠᠸᠠᠷ ᠤᠨ ᠺᠤᠮᠫᠠᠨᠢ ᠬᠠᠮᠳᠤᠷᠠᠨ ᠳᠠᠯ᠎ᠠ ᠨᠤᠳᠤᠭ ᠤᠨ | ᠠᠮᠳᠠᠳᠤ ᠢᠳᠡᠭᠡᠨ᠂ ᠭᠠᠷ ᠤᠷᠠᠯᠠᠯ ᠤᠨ ᠪᠦᠳᠦᠭᠡᠭᠳᠡᠭᠦᠨ᠂ ᠠᠷᠠᠰᠤᠨ ᠵᠢᠷᠤᠭ᠂ ᠮᠤᠩᠭᠤᠯ ᠳᠡᠷᠯᠢᠭ᠂ ᠮᠤᠩᠭᠤᠯ | ᠬᠠᠳᠬᠤᠮᠠᠯ ᠵᠡᠷᠭᠡ ᠰᠤᠶᠤᠯ ᠵᠢᠭᠤᠯᠴᠢᠯᠠᠯ ᠤᠨ ᠪᠠᠷᠠᠭ᠎ᠠ ᠨᠤᠭᠤᠳ ᠢ ᠳᠡᠯᠭᠡᠨ ᠦᠵᠡᠭᠦᠯᠵᠤ᠂ ᠤᠷᠳᠤᠰ ᠬᠤᠳᠠ ᠶᠢᠨ | ᠰᠤᠶᠤᠯ ᠵᠢᠭᠤᠯᠴᠢᠯᠠᠯ ᠤᠨ ᠰᠢᠨ᠎ᠡ ᠲᠦᠷᠢ ᠲᠦᠷᠬᠦ ᠶᠢ ᠭᠠᠶᠢᠬᠠᠭᠤᠯᠵᠠᠢ︔ ᠲᠦᠩᠯᠢᠶᠤᠤ ᠬᠤᠳᠠ ᠶᠢᠨ ᠬᠢᠨ | ᠪᠦᠳᠦᠭᠡᠯᠴᠢ ᠰᠤᠶᠤᠯ ᠤᠨ ᠪᠦᠳᠦᠭᠡᠭᠳᠡᠭᠦᠨ ᠠᠴᠠ ᠭᠠᠳᠠᠨ᠎ᠠ ᠪᠠᠰᠠ ᠶᠤᠸᠠᠨ ᠤᠯᠤᠰ ᠤᠨ ᠦᠶ᠎ᠡ ᠪᠠ ᠰᠦᠩ ᠤᠯᠤᠰ | ᠤᠨ ᠦᠶ᠎ᠡ ᠶᠢᠨ ᠳᠡᠦᠭᠡᠨ ᠲᠤᠷᠠᠰᠬᠠᠯᠳᠤ ᠵᠦᠢᠯᠡᠰ ᠢ ᠴᠤᠭᠯᠠᠭᠠᠨ ᠳᠤ ᠠᠪᠴᠢᠷᠠᠵᠤ᠂ ᠬᠦᠬᠡ ᠬᠤᠸᠠᠷᠳᠦ ᠱᠠᠭᠠᠵᠠᠩ᠂ | ᠷᠦ᠋ ᠼᠢ ᠱᠠᠭᠠᠵᠠᠩ ᠵᠡᠷᠭᠡ ᠨᠢ ᠲᠤᠰᠬᠠᠢ ᠮᠡᠷᠭᠡᠵᠢᠯᠳᠡᠳ ᠤᠨ ᠠᠩᠬᠠᠷᠤᠯ ᠢ ᠳᠠᠳᠠᠭᠰᠠᠨ ᠪᠠᠶᠢᠨ᠎ᠠ᠃ |